ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ ( 8.10 ︱ 8.16 )
ᠨᠡᠶ᠋ᠢᠲᠡᠯᠡᠭᠰᠡᠨ ᠴᠠᠭ᠄ 2025-10-22

      1. ᠰᠦᠨ ᠵᠢᠨ ᠯᠦᠩ ᠱᠦᠵᠢ 《 ᠰᠢ᠎ᠶᠢᠨ ᠫᠢᠩ᠎ᠤᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠲᠤᠬᠠᠶ ᠰᠢᠷᠢᠰ ᠲᠠᠶ᠋ᠢᠯᠤᠮᠵᠢ 》 ᠄ ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠶ ᠠᠯᠳᠠ ᠮᠥᠩᠭᠥᠨ ᠠᠭᠤᠯᠠ ᠮᠥᠨ ᠭᠡᠬᠦ ᠲᠥᠪ ᠲᠧᠯᠸᠢᠰ᠎ᠦᠨ ᠲᠤᠰᠬᠠᠶ ᠰᠡᠳᠦᠪᠲᠦ ᠫᠷᠤᠭ᠌ᠷᠠᠮ᠎ᠳᠦ ᠵᠣᠴᠢᠨ ᠪᠣᠯᠵᠤ ᠰᠠᠭᠠᠳᠠᠪᠠ
      ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ ᠲᠥᠪ᠎ᠤᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠵ᠎ᠠ 《 ᠬᠣᠶᠠᠷ ᠠᠭᠤᠯᠠ᠎ᠶᠢᠨ ᠤᠨᠤᠯ 》᠎ᠢ ᠳᠤᠷᠠᠳᠤᠭᠰᠠᠨ 20 ᠵᠢᠯ᠎ᠦᠨ ᠤᠢ᠎ᠶᠢᠨ ᠲᠠᠰᠢᠷᠠᠮ᠎ᠢᠶᠠᠷ᠂ ᠠᠷᠪᠠᠨ ᠪᠦᠯᠦᠭᠲᠦ ᠲᠤᠮᠤ ᠬᠡᠯᠪᠡᠷᠢ᠎ᠶᠢᠨ ᠲᠤᠰᠬᠠᠢ ᠰᠡᠳᠦᠪᠲᠦ ᠫᠷᠤᠭ᠌ᠷᠠᠮ 《 ᠰᠢ ᠵᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠰᠢᠷᠢᠰ ᠲᠠᠢᠯᠤᠮᠵᠢ 》 ᠵᠢ ᠨᠡᠶ᠋ᠢᠲᠡᠯᠡᠪᠡ᠃ 8 ᠰᠠᠷ᠎ᠠ᠎ᠶᠢᠨ 16᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠨᠢᠭᠡᠳᠦᠭᠡᠷ ᠪᠦᠯᠦᠭ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ 》 ᠎ᠳᠤ ᠵᠣᠴᠢᠨ ᠪᠣᠯᠵᠤ ᠰᠠᠭᠠᠳᠠᠪᠠ᠃
      2. ᠵᠧᠵᠢᠶᠠᠩ ᠮᠤᠵᠢ᠎ᠶᠢᠨ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ 》 ᠭᠡᠬᠦ ᠣᠶ᠋ᠢᠯᠠᠭᠠᠭᠳᠠᠬᠤᠨ᠎ᠢ ᠦᠢᠯᠡᠳᠦᠯᠭᠡᠵᠢᠭᠦᠯᠦᠭᠰᠡᠨ 20 ᠵᠢᠯ᠎ᠦᠨ ᠤᠢ᠎ᠶᠢᠨ ᠶᠠᠷᠢᠯᠴᠠᠬᠤ ᠬᠤᠷᠠᠯ ᠠᠨ ᠵᠢᠶ᠎ᠳᠦ ᠬᠤᠷᠠᠯᠳᠤᠪᠠ
      8 ᠰᠠᠷ᠎ᠠ᠎ᠶᠢᠨ 11᠎ᠦ ᠦᠳᠡ᠎ᠶᠢᠨ ᠡᠮᠦᠨ᠎ᠡ᠂ ᠵᠧᠵᠢᠶᠠᠩ᠎ᠤᠨ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ 》 ᠭᠡᠬᠦ ᠣᠶ᠋ᠢᠯᠠᠭᠠᠭᠳᠠᠬᠤᠨ᠎ᠢ ᠦᠢᠯᠡᠳᠦᠯᠭᠡᠵᠢᠭᠦᠯᠦᠭᠰᠡᠨ 20 ᠵᠢᠯ᠎ᠦᠨ ᠤᠢ᠎ᠶᠢᠨ ᠶᠠᠷᠢᠯᠴᠠᠬᠤ ᠬᠤᠷᠠᠯ ᠠᠨ ᠵᠢᠢ ᠰᠢᠶᠠᠨ᠎ᠳᠤ ᠬᠤᠷᠠᠯᠳᠤᠪᠠ᠃ 20 ᠵᠢᠯ᠎ᠦᠨ ᠲᠤᠷᠰᠢ ᠣᠯᠤᠭᠰᠠᠨ ᠡᠯᠪᠡᠭ ᠪᠠᠶᠠᠯᠢᠭ᠋ ᠦᠢᠯᠡᠳᠦᠯᠭᠡ᠎ᠶᠢᠨ ᠦᠷ᠎ᠡ ᠪᠦᠲᠦᠭᠡᠯ᠂ ᠪᠠᠶ᠋ᠢᠭᠤᠯᠤᠯ᠎ᠤᠨ ᠦᠷ᠎ᠡ ᠪᠦᠲᠦᠭᠡᠯ ᠪᠠ ᠤᠨᠤᠯ᠎ᠤᠨ ᠦᠷ᠎ᠡ ᠪᠦᠲᠦᠭᠡᠯ᠎ᠢ ᠳ᠋ᠦᠩᠨᠡᠨ ᠡᠷᠭᠢᠴᠡᠭᠦᠯᠵᠦ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠦᠨᠡᠨ ᠶᠣᠰᠣᠨ᠎ᠤ ᠬᠦᠴᠦᠨ ᠴᠢᠳᠠᠯ ᠪᠠ ᠦᠢᠯᠡᠳᠦᠯᠭᠡ᠎ᠶᠢᠨ ᠠᠤᠭ᠎ᠠ ᠬᠦᠴᠦᠨ᠎ᠢ ᠭᠦᠨᠵᠡᠭᠡᠢ ᠣᠶ᠋ᠢᠯᠠᠭᠠᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠶ᠋ᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠬᠥᠭᠵᠢᠯᠲᠡ᠎ᠶᠢ ᠴᠢᠨᠠᠭᠰᠢᠳᠠ ᠲᠦᠷᠭᠡᠳᠬᠡᠵᠦ᠂ ᠬᠥᠮᠦᠨ ᠪᠣᠯᠤᠨ ᠪᠠᠶ᠋ᠢᠭᠠᠯᠢ᠎ᠶᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠎ᠶᠢ ᠠᠬᠢᠭᠤᠯᠵᠤ᠂ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠰᠢᠨ᠎ᠡ ᠠᠬᠤᠢ ᠪᠠᠶ᠋ᠢᠳᠠᠯ᠎ᠢ ᠨᠡᠭᠡᠭᠡᠬᠦ᠎ᠶᠢ ᠠᠬᠢᠭᠤᠯᠪᠠ᠃ ᠵᠧᠵᠢᠶᠠᠩ ᠮᠤᠵᠢ᠎ᠶᠢᠨ ᠨᠠᠮ᠎ᠤᠨ ᠬᠣᠷᠢᠶᠠᠨ᠎ᠤ ᠱᠦᠵᠢ ᠸᠠᠩ ᠬᠤᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠶᠠᠷᠢᠯᠴᠠᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      3. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠵᠧᠵᠢᠶᠠᠩ ᠮᠤᠵᠢ᠎ᠳᠤ ᠬᠦᠷᠴᠦ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠶ᠋ᠢᠴᠠᠭᠠᠨ ᠰᠤᠳᠤᠯᠪᠠ
      8 ᠰᠠᠷ᠎ᠠ᠎ᠶᠢᠨ 11᠎ᠦ ᠡᠳᠦᠷ᠎ᠡᠴᠡ 14᠎ᠦ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠵᠧᠵᠢᠶᠠᠩ ᠮᠤᠵᠢ᠎ᠶᠢᠨ ᠬᠠᠩᠵᠧᠦ ᠬᠤᠳᠠ᠂ ᠯᠢᠱᠦ᠋ᠢ ᠬᠤᠳᠠ᠂ ᠵᠢᠨᠬᠤᠸᠠ ᠬᠤᠳᠠ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠶ᠋ᠢᠴᠠᠭᠠᠨ ᠰᠤᠳᠤᠯᠵᠠᠢ᠃
      4. ᠰᠦᠨ ᠵᠢᠨ ᠯᠦᠩ ᠱᠦᠵᠢ 《 ᠰᠢ᠎ᠶᠢᠨ ᠫᠢᠩ᠎ᠤᠨ ᠠᠵᠤ ᠠᠬᠤᠶ᠎ᠶᠢᠨ ᠦᠵᠡᠯ ᠰᠠᠨᠠᠭᠠᠨ᠎ᠤ ᠰᠤᠳᠤᠯᠤᠯ 》᠎ᠳᠤ 《 ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠶ ᠠᠯᠲᠠ ᠮᠥᠩᠭᠥᠨ ᠠᠭᠤᠯᠠ ᠮᠥᠨ ᠭᠡᠬᠦ ᠣᠶ᠋ᠢᠯᠠᠭᠠᠭᠳᠠᠬᠤᠨ᠎ᠢᠶᠠᠷ ᠬᠥᠮᠦᠨ ᠬᠢᠭᠡᠳ ᠪᠠᠶ᠋ᠢᠭᠠᠯᠢ᠎ᠶᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠶᠢ ᠪᠦᠬᠦ ᠲᠠᠯ᠎ᠠ᠎ᠪᠠᠷ ᠳᠥᠯᠭᠢᠨ ᠠᠬᠢᠭᠤᠯᠬᠤ ᠬᠡᠷᠡᠭᠲᠡᠶ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠪᠡ
      ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠢ ᠠᠯᠳᠠ ᠮᠥᠩᠭᠥᠨ ᠠᠭᠤᠯᠠ ᠮᠥᠨ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠪᠡᠯᠭᠡ ᠲᠡᠮᠳᠡᠭ᠎ᠦᠨ ᠴᠢᠨᠠᠷᠲᠠᠢ ᠦᠵᠡᠯᠲᠡ ᠪᠠ ᠲᠥᠯᠥᠭᠡᠯᠡᠬᠦ ᠴᠢᠨᠠᠷᠲᠠᠢ ᠨᠤᠲᠠᠯᠠᠯᠲᠠ ᠮᠥᠨ᠂ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠲᠤᠬᠠᠢ ᠭᠣᠣᠯᠯᠠᠬᠤ ᠣᠶ᠋ᠢᠯᠠᠭᠠᠭᠳᠠᠬᠤᠨ ᠮᠥᠨ᠂ ᠲᠡᠷᠡ ᠨᠢ ᠮᠠᠨ᠎ᠤ ᠨᠠᠮ᠎ᠤᠨ ᠠᠵᠤ ᠠᠬᠤᠢ᠎ᠶᠢᠨ ᠵᠢᠮ᠎ᠡ ᠶᠣᠰᠣ᠌᠂ ᠨᠡᠶ᠋ᠢᠭᠡᠮ᠎ᠦᠨ ᠵᠢᠮ᠎ᠡ ᠶᠣᠰᠣ᠌ ᠪᠠ ᠪᠠᠶ᠋ᠢᠭᠠᠯᠢ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠶᠢᠨ ᠳᠡᠭᠡᠭᠰᠢᠯᠡᠯᠲᠡ᠎ᠶᠢ ᠬᠠᠷᠠᠭᠤᠯᠵᠠᠢ᠃
      5. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ 《 ᠴᠢᠨᠠᠷ ᠰᠠᠶ᠋ᠢᠲᠠᠶ ᠬᠥᠭᠵᠢᠯᠲᠡ᠎ᠶᠢᠨ ᠦᠯᠢᠭᠡᠷ᠎ᠦᠨ ᠡᠮᠬᠢᠳᠬᠡᠯ 》᠎ᠳᠦ ᠵᠣᠴᠢᠨ ᠪᠣᠯᠵᠤ ᠰᠠᠭᠠᠲᠠᠪᠠ ᠄ 《 ᠪᠣᠬᠢᠷᠲᠤᠯ ᠦᠭᠡᠶ 》 ᠬᠦᠭᠵᠢᠯᠳᠡ᠎ᠶᠢ ᠬᠠᠮᠲᠤ᠎ᠪᠠᠷ ᠳᠥᠯᠭᠢᠨ ᠠᠬᠢᠭᠤᠯᠵᠤ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠪᠠᠭᠠᠰᠬᠠᠨ ᠪᠣᠬᠢᠷᠲᠤᠯ᠎ᠢ ᠪᠠᠭᠠᠰᠬᠠᠨ ᠪᠣᠬᠢᠷᠲᠤᠯ ᠦᠭᠡᠶ ᠨᠡᠮᠡᠭᠳᠡᠯ᠎ᠢ ᠥᠷᠭᠡᠳᠬᠡᠬᠦ᠎ᠶᠢ ᠬᠠᠮᠲᠤ᠎ᠪᠠᠷ ᠠᠬᠢᠭᠤᠯᠤᠨ᠎ᠠ
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠠᠷᠠᠳ᠎ᠤᠨ ᠡᠳᠦᠷ᠎ᠦᠨ ᠰᠣᠨᠢᠨ᠎ᠤ 《 ᠴᠢᠨᠠᠷ ᠰᠠᠶ᠋ᠢᠲᠠᠢ ᠬᠥᠭᠵᠢᠯᠲᠡ᠎ᠶᠢᠨ ᠦᠯᠢᠭᠡᠷ᠎ᠦᠨ ᠡᠮᠬᠢᠳᠬᠡᠯ 》ᠪᠤᠯᠤᠩ᠎ᠳᠤ ᠵᠣᠴᠢᠨ ᠪᠣᠯᠵᠤ ᠰᠠᠭᠠᠳᠠᠬᠤ᠎ᠳᠠᠭᠠᠨ᠂ ᠰᠢᠨ᠎ᠡ ᠠᠶᠠᠨ ᠵᠠᠮ᠎ᠳᠤ᠂ ᠪᠢᠳᠡ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠰᠢᠰᠲ᠋ᠧᠮ᠎ᠤᠨ ᠦᠵᠡᠯᠲᠡ᠎ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠡᠢ᠍ᠢᠳᠡ ᠳ᠋ᠦ᠍ᠨᠢ ᠬᠠᠷᠠᠭᠠᠯᠵᠠᠬᠤ᠎ᠶᠢ ᠴᠢᠩᠭᠠᠳᠬᠠᠵᠤ᠂ ᠭᠣᠣᠯ ᠵᠥᠷᠢᠴᠡᠯ᠎ᠢ ᠠᠳᠬᠤᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠰᠠᠶ᠋ᠢᠲᠤᠷ ᠠᠳᠬᠤᠵᠤ᠂ ᠠᠵᠤ ᠠᠬᠤᠢ᠎ᠶᠢᠨ ᠴᠢᠨᠠᠷ ᠰᠠᠶ᠋ᠢᠲᠠᠢ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠦ ᠬᠠᠮᠠᠭᠠᠯᠠᠯᠲᠠ᠎ᠶᠢ ᠬᠠᠮᠵᠢᠯᠴᠠᠨ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃
      6. ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ ᠰᠦᠯᠢᠶᠣᠣ᠎ᠶᠢᠨ ᠪᠣᠬᠢᠷᠲᠤᠯ᠎ᠤᠨ ᠲᠤᠬᠠᠶ ᠵᠠᠰᠠᠭ᠎ᠤᠨ ᠣᠷᠳᠣᠨ᠎ᠤ ᠬᠣᠭᠣᠷᠣᠨᠳᠣᠬᠢ ᠬᠡᠯᠡᠯᠴᠡᠭᠡ ᠬᠢᠬᠦ ᠺᠣᠮᠢᠰ᠎ᠤᠨ ᠲᠠᠪᠤᠳᠤᠭᠠᠷ ᠬᠤᠷᠠᠯᠳᠤᠭᠠᠨ᠎ᠤ ᠵᠠᠯᠭᠠᠮᠵᠢ ᠬᠤᠷᠠᠯ᠎ᠳᠤ ᠣᠷᠣᠯᠴᠠᠪᠠ
      2025 ᠣᠨ᠎ᠤ 8 ᠰᠠᠷ᠎ᠠ᠎ᠶᠢᠨ 5᠎ᠤ ᠡᠳᠦᠷ᠎ᠡᠴᠡ 15᠎ᠤ ᠡᠳᠦᠷ ᠪᠣᠯᠲᠠᠯ᠎ᠠ᠂ ᠰᠦᠯᠢᠶᠣᠣ᠎ᠶᠢᠨ ᠪᠣᠬᠢᠷᠲᠤᠯ᠎ᠤᠨ ᠲᠤᠬᠠᠶ ᠵᠠᠰᠠᠭ᠎ᠤᠨ ᠣᠷᠳᠣᠨ᠎ᠤ ᠬᠣᠭᠣᠷᠣᠨᠳᠣᠬᠢ ᠬᠡᠯᠡᠯᠴᠡᠭᠡ ᠬᠢᠬᠦ ᠺᠣᠮᠢᠰ᠎ᠤᠨ ᠲᠠᠪᠤᠳᠤᠭᠠᠷ ᠬᠤᠷᠠᠯᠳᠤᠭᠠᠨ᠎ᠤ ᠵᠠᠯᠭᠠᠮᠵᠢ ᠬᠤᠷᠠᠯ ( INC-5.2 ) ᠰᠸᠢᠰ᠎ᠦᠨ ᠵᠧᠨᠧᠸᠠ᠎ᠳᠤ ᠬᠤᠷᠠᠯᠳᠤᠪᠠ᠃ 183 ᠪᠦᠷᠢᠯᠳᠦᠬᠦᠨ ᠤᠯᠤᠰ ᠪᠣᠯᠤᠨ 400 ᠭᠠᠷᠤᠢ ᠠᠵᠢᠭᠯᠠᠭᠴᠢ᠎ᠶᠢᠨ ᠵᠣᠬᠢᠶᠠᠨ ᠪᠠᠶ᠋ᠢᠭᠤᠯᠤᠯᠲᠠ᠎ᠶᠢᠨ 2600 ᠭᠠᠷᠤᠢ ᠲᠥᠯᠥᠭᠡᠯᠡᠭᠴᠢ ᠬᠤᠷᠠᠯ᠎ᠳᠤ ᠣᠷᠣᠯᠴᠠᠪᠠ᠃ ᠬᠤᠷᠠᠯ᠎ᠤᠨ ᠬᠤᠭᠤᠴᠠᠭᠠᠨ᠎ᠳᠤ᠂ ᠤᠯᠠᠨ ᠤᠯᠤᠰ᠎ᠤᠨ ᠬᠣᠯᠪᠣᠭᠠᠲᠤ ᠪᠠᠶ᠋ᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠥᠪᠵᠢᠭᠦᠯᠭᠡ᠎ᠶᠢᠨ ᠵᠠᠬᠢᠷᠭ᠎ᠠ᠎ᠶᠢᠨ ᠭᠦᠢᠴᠡᠳᠬᠡᠭᠴᠢ ᠡᠷᠬᠢᠯᠡᠭᠴᠢ ᠠᠨᠳᠥᠷᠰᠥᠨ ᠰᠠᠶ᠋ᠢᠳ᠎ᠤᠨ ᠳᠡᠰ᠎ᠤᠨ ᠲᠣᠭᠣᠷᠢᠭ᠋ ᠰᠢᠷᠡᠭᠡᠨ᠎ᠦ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠠᠶ᠋ᠢᠳ᠎ᠤᠨ ᠳᠡᠰ᠎ᠤᠨ ᠵᠠᠭᠤ ᠭᠠᠷᠤᠢ ᠲᠥᠯᠥᠭᠡᠯᠡᠭᠴᠢ ᠣᠷᠣᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠯᠢ ᠭᠤᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠭᠠᠳᠠᠭᠠᠳᠤ ᠶᠠᠪᠤᠳᠠᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ᠎ᠶᠢᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ ᠰᠠᠯᠠᠭ᠎ᠠ ᠮᠥᠴᠢᠷ ᠪᠣᠯᠤᠨ ᠪᠤᠰᠤᠳ ᠨᠢᠭᠡᠴᠢ᠎ᠪᠡᠷ ᠪᠦᠷᠢᠯᠳᠦᠭᠰᠡᠨ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠬᠦᠮ᠎ᠢ ᠳᠠᠭᠠᠭᠤᠯᠤᠨ ᠬᠤᠷᠠᠯ᠎ᠳᠤ ᠣᠷᠣᠯᠴᠠᠪᠠ᠃
      7. ᠠᠷᠠᠳ᠎ᠤᠨ ᠳᠡᠭᠡᠳᠦ ᠪᠠᠶ᠋ᠢᠴᠠᠭᠠᠬᠤ ᠬᠣᠷᠢᠶᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠪᠠᠶ᠋ᠢᠴᠠᠭᠠᠬᠤ ᠲᠠᠩᠬᠢᠮ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠬᠠᠤᠯᠢ ᠲᠣᠭᠲᠠᠭᠠᠯ ᠪᠣᠯᠤᠨ ᠪᠠᠷᠢᠮᠵᠢᠶ᠎ᠠ᠎ᠶᠢᠨ ᠵᠤᠷᠭᠠᠨ᠎ᠤ ᠬᠠᠷᠢᠭᠤᠴᠠᠯᠭᠠᠲᠠᠨ ᠠᠮᠢ ᠠᠬᠤᠶ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ ᠪᠣᠯᠤᠨ ᠪᠠᠶ᠋ᠢᠴᠠᠭᠠᠬᠤ ᠠᠵᠢᠯ᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢ ᠵᠣᠯᠭᠠᠯᠳᠤᠭᠤᠯᠤᠭᠰᠠᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢᠨ ᠲᠤᠬᠠᠢ ᠰᠤᠷᠪᠤᠯᠵᠢᠯᠠᠭᠴᠢ᠎ᠶᠢᠨ ᠠᠰᠠᠭᠤᠯᠳᠠ᠎ᠶᠢ ᠬᠠᠷᠢᠭᠤᠯᠪᠠ
      ᠭᠤᠷᠪᠠᠳᠠᠬᠢ ᠪᠦᠬᠦ ᠤᠯᠤᠰ᠎ᠤᠨ ᠠᠮᠢ ᠠᠬᠤᠢ᠎ᠶᠢᠨ ᠡᠳᠦᠷ᠎ᠲᠦ᠂ ᠠᠷᠠᠳ᠎ᠤᠨ ᠳᠡᠭᠡᠳᠦ ᠪᠠᠶ᠋ᠢᠴᠠᠭᠠᠬᠤ ᠬᠣᠷᠢᠵ᠎ᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠠᠮᠲᠤᠷᠠᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ ᠪᠣᠯᠤᠨ ᠪᠠᠶ᠋ᠢᠴᠠᠭᠠᠬᠤ ᠠᠵᠢᠯ᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢ ᠵᠣᠯᠭᠠᠯᠳᠤᠭᠤᠯᠤᠭᠰᠠᠨ ᠨᠢᠭᠡ ᠪᠦᠯᠦᠭ ᠨᠡᠶ᠋ᠢᠲᠡᠯᠢᠭ ᠬᠡᠷᠡᠭ᠎ᠦᠨ ᠵᠢᠱ᠌ᠢᠵ᠎ᠡ᠎ᠶᠢ ᠨᠡᠶ᠋ᠢᠲᠡᠯᠡᠪᠡ᠃ ᠠᠷᠠᠳ᠎ᠤᠨ ᠳᠡᠭᠡᠳᠦ ᠪᠠᠶ᠋ᠢᠴᠠᠭᠠᠬᠤ ᠬᠣᠷᠢᠶᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠪᠠᠶ᠋ᠢᠴᠠᠭᠠᠬᠤ ᠲᠠᠩᠬᠢᠮ᠎ᠦᠨ ᠳᠠᠷᠤᠭ᠎ᠠ ᠰᠢᠤᠢ ᠰᠢᠶᠠᠩ ᠴᠦᠨ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠬᠠᠥᠯᠢ ᠲᠣᠭᠲᠠᠭᠠᠯ ᠬᠢᠭᠡᠳ ᠪᠠᠷᠢᠮᠵᠢᠶ᠎ᠠ᠎ᠶᠢᠨ ᠵᠤᠷᠭᠠᠨ᠎ᠤ ᠳᠠᠷᠤᠭ᠎ᠠ ᠵᠣᠣ ᠺᠧ ᠡᠲᠡᠭᠡᠷ ᠨᠡᠶ᠋ᠢᠲᠡᠯᠢᠭ ᠬᠡᠷᠡᠭ᠎ᠦᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ᠃
      8. 《 ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠂ ᠪᠢ ᠰᠠᠶ᠋ᠢᠨ ᠲᠤᠷᠠᠴᠤᠤᠯ 》 —— ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠶᠢᠰᠦᠨ ᠮᠤᠵᠢ ( ᠬᠣᠲᠠ )᠎ᠶᠢᠨ ᠠᠮᠢ ᠠᠬᠤᠶ ᠣᠷᠴᠢᠨ ᠲᠣᠭᠣᠷᠢᠨ᠎ᠤ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠬᠠᠮᠲᠤᠷᠠᠭᠰᠠᠨ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠵᠢᠴᠢ ᠠᠮᠢ ᠠᠬᠤᠶ ᠣᠷᠴᠢᠨ ᠲᠣᠭᠣᠷᠢᠨ᠎ᠤ ᠰᠠᠶ᠋ᠢᠨ ᠳᠤᠷ᠎ᠠ ᠎ᠶᠢᠨ ᠦᠢᠯᠡᠴᠢᠯᠡᠭᠡᠨ᠎ᠦ ᠰᠣᠯᠢᠯᠴᠠᠭ᠎ᠠ ᠪᠣᠯᠪᠠᠰᠤᠷᠠᠯ᠎ᠤᠨ ᠠᠵᠢᠯᠯᠠᠭ᠎ᠠ ᠬᠤᠪᠸᠢ ᠳ᠋ᠥ ᠶᠠᠪᠤᠭᠳᠠᠪᠠ
      8 ᠰᠠᠷ᠎ᠠ᠎ᠶᠢᠨ 13᠎ᠤ ᠡᠳᠦᠷ᠎ᠡᠴᠡ 14᠎ᠦ ᠡᠳᠦᠷ ᠪᠣᠯᠲᠠᠯ᠎ᠠ᠂ 《 ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠂ ᠪᠢ ᠰᠠᠢ᠍ᠢᠨ ᠲᠤᠷᠠᠴᠤᠤᠯ 》︱ ᠡᠮᠦᠨᠡᠲᠦ᠎ᠶᠢᠨ ᠤᠰᠤ᠎ᠶᠢ ᠤᠮᠠᠷᠠᠰᠢ ᠲᠠᠲᠠᠬᠤ ᠶᠢᠰᠦᠨ ᠮᠤᠵᠢ ( ᠬᠤᠳᠠ ) ᠵᠢᠨ ᠠᠮᠢ ᠠᠬᠤᠢ ᠣᠷᠴᠢᠨ ᠲᠣᠭᠣᠷᠢᠨ᠎ᠤ ᠰᠠᠢ᠍ᠢᠨ ᠳᠤᠷ᠎ᠠ᠎ᠶᠢᠨ ᠦᠢᠯᠡᠴᠢᠯᠡᠭᠡᠨ᠎ᠦ ᠬᠠᠮᠲᠤᠷᠠᠭᠰᠠᠨ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠵᠢᠴᠢ ᠠᠮᠢ ᠠᠬᠤᠢ ᠣᠷᠴᠢᠨ ᠲᠣᠭᠣᠷᠢᠨ᠎ᠤ ᠰᠠᠢ᠍ᠢᠨ ᠳᠤᠷ᠎ᠠ᠎ᠶᠢᠨ ᠦᠢᠯᠡᠴᠢᠯᠡᠭᠡᠨ᠎ᠦ ᠰᠣᠯᠢᠯᠴᠠᠭ᠎ᠠ ᠪᠣᠯᠪᠠᠰᠤᠷᠠᠯ᠎ᠤᠨ ᠠᠵᠢᠯᠯᠠᠭ᠎ᠠ ᠬᠤᠪᠸᠢ ᠵᠢᠨ ᠱᠢ ᠶᠠᠨ᠎ᠤ ᠳ᠋ᠠᠨ ᠵᠢᠶᠠᠩ ᠺᠸᠤ ᠬᠤᠳᠠ᠎ᠳᠤ ᠶᠠᠪᠤᠭᠳᠠᠪᠠ᠃
      9. ᠠᠮᠢ ᠠᠬᠤᠶ ᠣᠷᠴᠢᠨ ᠲᠣᠭᠣᠷᠢᠨ᠎ᠤ ᠶᠠᠮᠤᠨ 8 ᠳ᠋ᠤᠭᠠᠷ ᠰᠠᠷ᠎ᠠ᠎ᠶᠢᠨ ᠳᠣᠣᠷ᠎ᠠ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠶ᠋ᠢᠲᠡᠯᠡᠪᠡ
      2025 ᠣᠨ᠎ᠤ 8 ᠰᠠᠷ᠎ᠠ᠎ᠶᠢᠨ 15᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠬᠡ ᠲᠥᠪ᠎ᠦᠨ ᠴᠠᠭ ᠠᠭᠤᠷ᠎ᠤᠨ ᠦᠷᠳᠡᠬᠡ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠶ᠋ᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠶ᠋ᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠶ᠋ᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠣᠯᠤᠨ ᠪᠡᠭᠡᠵᠢᠩ ᠬᠤᠳᠡ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠎ᠲᠠᠢ ᠬᠠᠮᠲᠤᠷᠠᠵᠤ᠂ 8 ᠳ᠋ᠤᠭᠠᠷ ᠰᠠᠷ᠎ᠠ᠎ᠶᠢᠨ ᠳᠣᠣᠷ᠎ᠠ ᠬᠠᠭᠠᠰ ᠰᠠᠷ᠎ᠠ ( 8 ᠰᠠᠷ᠎ᠠ᠎ᠶᠢᠨ 16 ︱ 31᠎ᠦ ᠡᠳᠦᠷ )᠎ᠶᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号