1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
9 ᠰᠠᠷ᠎ᠠ᠎ᠶᠢᠨ 30᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠰᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ ᠦᠶ᠎ᠡ᠎ᠶᠢᠨ ᠴᠢᠬᠤᠯᠠ ᠶᠠᠷᠢᠶ᠎ᠠ ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠤᠬᠠᠢ ᠲᠦᠷᠦᠭᠦᠴᠦᠳ᠎ᠦᠨ ᠬᠤᠷᠠᠯ ᠳᠡᠭᠡᠷ᠎ᠡ ᠲᠠᠯᠪᠢᠭ᠍ᠰᠠᠨ ᠴᠢᠬᠤᠯᠠ ᠶᠠᠷᠢᠶ᠎ᠠ ᠂ ᠨᠠᠮ᠎ᠤᠨ ᠰᠤᠷᠭᠠᠭᠤᠯᠢ ( ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ )᠎ᠶᠢᠨ ᠠᠵᠢᠯ᠎ᠳᠤ ᠥᠭᠭᠦᠭᠰᠡᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ 《〈 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠳᠦᠷᠢᠮ 〉᠎ᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠮᠡᠳᠡᠭᠳᠡᠯ 》᠎ᠢ ᠤᠯᠠᠮᠵᠢᠯᠠᠨ ᠲᠤᠭᠤᠰᠢᠯᠠᠭᠤᠯᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠣᠨᠣᠯ ᠰᠤᠷᠤᠯᠴᠠᠬᠤ ᠭᠣᠣᠯ ᠳᠤᠭᠤᠢᠯᠠᠩ᠎ᠤᠨ ᠬᠠᠮᠲᠤ᠎ᠶᠢᠨ ᠰᠤᠷᠤᠯᠴᠠᠯᠭ᠎ᠠ ᠬᠢᠪᠡ
9 ᠰᠠᠷ᠎ᠠ᠎ᠶᠢᠨ 28᠎ᠤ ᠡᠳᠦᠷ᠎ᠡᠴᠡ 29᠎ᠦ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠬᠠᠮᠲᠤ᠎ᠶᠢᠨ ᠰᠤᠷᠤᠯᠴᠠᠯᠭ᠎ᠠ ᠬᠢᠵᠦ᠂ 《 ᠰᠢ᠎ᠵᠢᠨ᠎ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠵᠣᠬᠢᠶᠠᠯ᠎ᠤᠨ ᠲᠡᠭᠦᠪᠦᠷᠢ 》 ᠵᠢᠨ ᠨᠢᠭᠡᠳᠦᠭᠡᠷ ᠪᠣᠳᠢ᠎ᠶᠢ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠰᠤᠷᠤᠯᠴᠠᠯᠭ᠎ᠠ᠎ᠳᠤ ᠣᠷᠣᠯᠴᠠᠭᠰᠠᠨ ᠪᠥᠭᠡᠳ ᠰᠣᠯᠢᠯᠴᠠᠨ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠰᠤᠷᠤᠯᠴᠠᠯᠭ᠎ᠠ᠎ᠳᠤ ᠣᠷᠣᠯᠴᠠᠭᠰᠠᠨ ᠪᠥᠭᠡᠳ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠢᠩᠭᠤ᠎ᠶᠢᠨ ᠬᠤᠷᠠᠯ ᠬᠤᠷᠠᠯᠳᠤᠭᠤᠯᠪᠠ
9 ᠰᠠᠷ᠎ᠠ᠎ᠶᠢᠨ 30᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠂ 《 ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠣᠷᠣᠨ᠎ᠤ ᠵᠠᠭᠠᠭ ᠬᠠᠢᠬᠤ ᠮᠡᠷᠭᠡᠵᠢᠯ᠎ᠦᠨ ᠵᠦᠭᠯᠡᠭᠦᠷ 》 《 ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠮᠡᠷᠭᠡᠵᠢᠯ᠎ᠦᠨ ᠵᠢᠯᠤᠭᠣᠳᠬᠤ ᠳᠦᠷᠢᠮ ᠰᠤᠳᠤᠯᠭᠠᠨ᠎ᠤ ᠪᠥᠭᠡᠮ 》᠎ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ᠎ᠪᠡᠨ ᠪᠠᠲᠤᠯᠠᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠬᠤᠷᠠᠯ᠎ᠳᠤ ᠣᠷᠣᠯᠴᠠᠪᠠ᠃
4. ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠤᠳᠤᠷᠢᠳᠬᠤ ᠳᠤᠭᠤᠢᠯᠠᠩ᠎ᠤᠨ 2025 ᠣᠨ᠎ᠤ ᠬᠣᠶᠠᠳᠤᠭᠠᠷ ᠤᠳᠠᠭ᠎ᠠ᠎ᠶᠢᠨ ᠪᠦᠬᠦᠳᠡ ᠬᠤᠷᠠᠯ ( ᠥᠷᠭᠡᠳᠬᠡᠭᠰᠡᠨ ) ᠬᠤᠷᠠᠯᠳᠤᠭᠤᠯᠵᠠᠢ
9 ᠰᠠᠷ᠎ᠠ᠎ᠶᠢᠨ 30᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ᠂ ᠶᠠᠮᠤᠨ᠎ᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠤᠳᠤᠷᠢᠳᠬᠤ ᠳᠤᠭᠤᠢᠯᠠᠩ᠎ᠤᠨ ᠳᠠᠷᠤᠭ᠎ᠠ ᠬᠤᠸᠠᠩ ᠷᠦᠨ ᠴᠢᠦ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠤᠳᠤᠷᠢᠳᠬᠤ ᠳᠤᠭᠤᠢᠯᠠᠩ᠎ᠤᠨ 2025 ᠣᠨ᠎ᠤ ᠬᠣᠶᠠᠳᠤᠭᠠᠷ ᠤᠳᠠᠭ᠎ᠠ᠎ᠶᠢᠨ ᠪᠦᠬᠦᠳᠠ ᠬᠤᠷᠠᠯ ( ᠥᠷᠭᠡᠳᠬᠡᠭᠰᠡᠨ )᠎ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠎ᠤᠨ ᠠᠶᠤᠯᠭᠦᠢ ᠦᠢᠯᠡᠳᠪᠦᠷᠢᠯᠡᠯ ᠪᠣᠯᠣᠨ ᠨᠠᠮᠤᠷ ᠡᠪᠦᠯ᠎ᠦᠨ ᠤᠯᠠᠷᠢᠯ᠎ᠤᠨ ᠤᠢ ᠰᠢᠭᠤᠢ ᠨᠤᠲᠤᠭ ᠪᠡᠯᠴᠢᠭᠡᠷ᠎ᠦᠨ ᠭᠠᠯ ᠰᠡᠷᠭᠡᠢᠯᠡᠬᠦ ᠭᠠᠯ ᠤᠨᠲᠠᠷᠠᠭᠠᠬᠤ ᠸᠢᠳᠢᠤ᠋ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠪᠣᠯᠣᠨ ᠶᠠᠮᠤᠨ᠎ᠤ ᠰᠢᠰᠲᠧᠮ᠎ᠤᠨ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠪᠠᠢᠷᠢᠯᠠᠭᠤᠯᠵᠠᠢ᠃
5. ᠳᠤᠮᠳᠠᠳᠤ ᠶᠠᠫᠤᠨ ᠺᠣᠷᠢᠶᠠ᠎ᠶᠢᠨ ᠣᠷᠴᠢᠨ ᠲᠣᠭᠣᠷᠢᠨ᠎ᠤ ᠶᠠᠮᠤᠨ᠎ᠤ ᠰᠠᠢᠳ ᠨᠠᠷ᠎ᠤᠨ ᠬᠣᠷᠢᠨ ᠵᠢᠷᠭᠤᠳᠤᠭᠠᠷ ᠬᠤᠷᠠᠯᠳᠤᠭᠠᠨ ᠶᠠᠨᠲ᠋ᠠᠢ᠎ᠳᠤ ᠬᠤᠷᠠᠯᠳᠤᠪᠠ
9 ᠰᠠᠷ᠎ᠠ᠎ᠶᠢᠨ 27᠎ᠤ ᠡᠳᠦᠷ᠎ᠡᠴᠡ 28᠎ᠤ ᠡᠳᠦᠷ ᠪᠣᠯᠲᠠᠯ᠎ᠠ ᠂ ᠬᠣᠷᠢᠨ ᠵᠢᠷᠭᠤᠳᠤᠭᠠᠷ ᠤᠳᠠᠭᠠᠨ᠎ᠤ ᠳᠤᠮᠳᠠᠳᠤ ᠶᠠᠫᠤᠨ ᠺᠣᠷᠢᠶᠠ᠎ᠶᠢᠨ ᠣᠷᠴᠢᠨ ᠲᠣᠭᠣᠷᠢᠨ᠎ᠤ ᠶᠠᠮᠤᠨ᠎ᠤ ᠰᠠᠢᠳ ᠨᠠᠷ᠎ᠤᠨ ᠬᠤᠷᠠᠯᠳᠤᠭᠠᠨ ᠳᠤᠮᠳᠠᠳᠤ ᠤᠯᠤᠰ᠎ᠤᠨ ᠶᠠᠨᠲ᠋ᠠᠢ ᠳ᠋ᠤ᠌ ᠬᠤᠷᠠᠯᠳᠤᠪᠠ ᠂ ᠬᠤᠷᠠᠯᠳᠤᠭᠠᠨ᠎ᠢ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠂ ᠱᠠᠨᠳᠦ᠋ᠩ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠡᠷᠭᠢᠯᠡᠪᠡ ᠃ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ᠂ ᠶᠠᠫᠤᠨ᠎ᠤ ᠣᠷᠴᠢᠨ ᠲᠣᠭᠣᠷᠢᠨ᠎ᠤ ᠶᠠᠮᠤᠨ᠎ᠤ ᠰᠠᠢᠳ ᠠᠰᠠᠸᠺᠧᠢᠴᠢᠷᠤ᠋᠂ ᠺᠣᠷᠢᠶᠠ᠎ᠶᠢᠨ ᠣᠷᠴᠢᠨ ᠲᠣᠭᠣᠷᠢᠨ᠎ᠤ ᠶᠠᠮᠤᠨ᠎ᠤ ᠰᠠᠢᠳ᠎ᠶᠢᠨ ᠰᠢᠩ ᠬᠤᠸᠠᠨ ᠲᠤᠰ ᠲᠤᠰ ᠪᠦᠯᠬᠦᠮ ᠳᠠᠭᠠᠭᠤᠯᠤᠨ ᠬᠤᠷᠠᠯ᠎ᠳᠤ ᠣᠷᠣᠯᠴᠠᠵᠤ᠂ ᠲᠤᠰ ᠤᠯᠤᠰ᠎ᠤᠨ᠎ᠢᠶᠠᠨ ᠣᠷᠴᠢᠨ ᠲᠣᠭᠣᠷᠢᠨ᠎ᠤ ᠲᠦᠷᠦ᠎ᠶᠢᠨ ᠪᠣᠳᠣᠯᠭ᠎ᠠ ᠵᠢᠴᠢ ᠬᠠᠮᠤᠭ᠎ᠤᠨ ᠰᠢᠨ᠎ᠡ ᠠᠵᠢᠯ᠎ᠤᠨ ᠠᠬᠢᠴᠠ᠎ᠶᠢ ᠰᠣᠯᠢᠯᠴᠠᠬᠤ᠎ᠶᠢᠨ ᠬᠠᠮᠲᠤ ᠬᠠᠮᠲᠤ᠎ᠪᠠᠷ ᠠᠩᠬᠠᠷᠴᠤ ᠪᠠᠢᠭ᠎ᠠ ᠣᠷᠣᠨ ᠪᠦᠰᠡ ᠪᠣᠯᠣᠨ ᠪᠦᠬᠦ ᠪᠥᠮᠪᠥᠷᠴᠡᠭ᠎ᠦᠨ ᠣᠷᠴᠢᠨ ᠲᠣᠭᠣᠷᠢᠨ᠎ᠤ ᠵᠥᠪᠯᠡᠬᠦ ᠰᠡᠳᠦᠪ᠎ᠦᠨ ᠲᠤᠬᠠᠢ ᠰᠠᠨᠠᠯ᠎ᠢᠶᠠᠨ ᠰᠣᠯᠢᠯᠴᠠᠪᠠ᠃
6. ᠳᠥᠷᠪᠡᠳᠦᠭᠡᠷ ᠤᠳᠠᠭᠠᠨ᠎ᠤ ᠳᠤᠮᠳᠠᠳᠤ ᠶᠠᠫᠤᠨ᠎ᠤ ᠣᠷᠴᠢᠨ ᠲᠣᠭᠣᠷᠢᠨ᠎ᠤ ᠳᠡᠭᠡᠳᠦ ᠳᠡᠰ᠎ᠤᠨ ᠲᠣᠭᠣᠷᠢᠭ᠋ ᠰᠢᠷᠡᠭᠡᠨ᠎ᠦ ᠶᠠᠷᠢᠯᠴᠠᠭ᠎ᠠ᠎ᠶᠢᠨ ᠬᠤᠷᠠᠯ ᠶᠠᠨᠲ᠋ᠠᠢ᠎ᠳᠤ ᠶᠠᠪᠤᠭᠳᠠᠪᠠ
9 ᠰᠠᠷ᠎ᠠ᠎ᠶᠢᠨ 29᠎ᠦ ᠡᠳᠦᠷ ᠂ ᠳᠥᠷᠪᠡᠳᠦᠭᠡᠷ ᠤᠳᠠᠭᠠᠨ᠎ᠤ ᠳᠤᠮᠳᠠᠳᠤ ᠶᠠᠫᠤᠨ᠎ᠤ ᠣᠷᠴᠢᠨ ᠲᠣᠭᠣᠷᠢᠨ᠎ᠤ ᠳᠡᠭᠡᠳᠦ ᠲᠠᠰ᠎ᠤᠨ ᠲᠣᠭᠣᠷᠢᠭ᠋ ᠰᠢᠷᠡᠭᠡᠨ᠎ᠦ ᠶᠠᠷᠢᠯᠴᠠᠭ᠎ᠠ᠎ᠶᠢᠨ ᠬᠤᠷᠠᠯ ᠳᠤᠮᠳᠠᠳᠤ ᠤᠯᠤᠰ᠎ᠤᠨ ᠱᠠᠨᠳᠦ᠋ᠩ ᠮᠤᠵᠢ᠎ᠶᠢᠨ ᠶᠠᠨᠲ᠋ᠠᠢ ᠬᠣᠲᠠ᠎ᠳᠤ ᠶᠠᠪᠤᠭᠳᠠᠪᠠ ᠃ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠂ ᠶᠠᠫᠤᠨ᠎ᠤ ᠣᠷᠴᠢᠨ ᠲᠣᠭᠣᠷᠢᠨ᠎ᠤ ᠶᠠᠮᠤᠨ᠎ᠤ ᠰᠠᠢᠳ ᠠᠰᠠᠸᠺᠧᠢᠴᠢᠷᠤ᠋ ᠬᠤᠷᠠᠯ᠎ᠳᠤ ᠣᠷᠤᠯᠴᠠᠬᠤ᠎ᠶᠢᠨ ᠬᠠᠮᠲᠤ ᠶᠠᠷᠢᠶ᠎ᠠ ᠲᠠᠯᠪᠢᠵᠠᠢ᠃ ᠲᠤᠰ ᠤᠳᠠᠭ᠎ᠠ᠎ᠶᠢᠨ ᠶᠠᠷᠢᠯᠴᠠᠭᠠᠨ᠎ᠤ ᠬᠤᠷᠠᠯ ᠨᠢ ᠵᠢᠷᠭᠤᠳᠤᠭᠠᠷ ᠤᠳᠠᠭ᠎ᠠ᠎ᠶᠢᠨ ᠳᠤᠮᠳᠠᠳᠤ ᠶᠠᠫᠤᠨ᠎ᠤ ᠠᠵᠤ ᠠᠬᠤᠢ᠎ᠶᠢᠨ ᠳᠡᠭᠡᠳᠦ ᠳᠠᠪᠬᠤᠷᠭ᠎ᠠ᠎ᠶᠢᠨ ᠶᠠᠷᠢᠯᠴᠠᠭᠠᠨ᠎ᠤ ᠬᠠᠮᠲᠤ᠎ᠶᠢᠨ ᠲᠠᠨᠢᠯᠲᠠ᠎ᠶᠢ ᠨᠠᠢᠳᠠᠪᠤᠷᠢᠵᠢᠭᠤᠯᠵᠤ᠂ ᠬᠣᠶᠠᠷ ᠤᠯᠤᠰ᠎ᠤᠨ ᠣᠷᠴᠢᠨ ᠲᠣᠭᠣᠷᠢᠨ᠎ᠤ ᠬᠦᠷᠢᠶᠡᠨ᠎ᠦ ᠳᠡᠭᠡᠳᠦ ᠳᠡᠰ᠎ᠤᠨ ᠲᠣᠭᠲᠠᠮᠠᠯ ᠬᠤᠭᠤᠴᠠᠭᠠᠲᠤ ᠶᠠᠷᠢᠯᠴᠠᠭᠠᠨ᠎ᠤ ᠲᠠᠪᠴᠠᠩ ᠪᠣᠯᠣᠨ ᠲᠣᠭᠲᠠᠴᠠ᠎ᠶᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠳᠤᠮᠳᠠᠳᠤ ᠶᠠᠫᠤᠨ᠎ᠤ ᠪᠣᠬᠢᠷᠲᠤᠯ ᠦᠭᠡᠢ ᠬᠥᠭᠵᠢᠯᠲᠡ᠎ᠶᠢᠨ ᠬᠦᠷᠢᠶᠡᠨ᠎ᠳᠡᠬᠢ ᠲᠦᠷᠦ᠎ᠶᠢᠨ ᠪᠣᠳᠣᠯᠭ᠎ᠠ᠎ᠶᠢᠨ ᠰᠣᠯᠢᠯᠴᠠᠭ᠎ᠠ ᠪᠣᠯᠣᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠎ᠶᠢ ᠴᠢᠩᠭᠠᠳᠬᠠᠵᠤ᠂ ᠮᠡᠷᠭᠡᠵᠢᠯ ᠪᠣᠯᠣᠨ ᠠᠵᠤ ᠦᠢᠯᠡᠰ᠎ᠦᠨ ᠬᠠᠮᠲᠤᠷᠠᠯᠴᠠᠭ᠎ᠠ᠎ᠶᠢ ᠠᠬᠢᠭᠤᠯᠬᠤ᠎ᠪᠠᠷ ᠵᠣᠷᠢᠯᠲᠠ ᠪᠣᠯᠭᠠᠵᠠᠢ ᠃
7. ᠠᠮᠢ ᠠᠬᠤᠢ ᠣᠷᠴᠢᠨ ᠲᠣᠭᠣᠷᠢᠨ᠎ᠤ ᠶᠠᠮᠤᠨ 10 ᠳ᠋ᠤᠭᠠᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
2025 ᠣᠨ᠎ᠤ 9 ᠰᠠᠷ᠎ᠠ᠎ᠶᠢᠨ 30᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠬᠡ ᠲᠥᠪ᠎ᠦᠨ ᠴᠠᠭ ᠠᠭᠤᠷ᠎ᠤᠨ ᠦᠷᠳᠡᠬᠡ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠢᠲᠤ᠂ ᠡᠮᠦᠨᠡᠲᠦ ᠣᠷᠣᠨ᠂ ᠪᠠᠷᠠᠭᠤᠨ ᠡᠮᠦᠨᠡᠲᠦ᠂ ᠪᠠᠷᠠᠭᠤᠨ ᠬᠣᠢᠲᠤ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠣᠯᠣᠨ ᠪᠡᠭᠡᠵᠢᠩ ᠬᠤᠳᠡ᠎ᠶᠢᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠲᠥᠪ᠎ᠲᠠᠢ ᠬᠠᠮᠲᠤᠷᠠᠵᠤ᠂ 10 ᠳ᠋ᠤᠭᠠᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ (10 ᠰᠠᠷ᠎ᠠ᠎ᠶᠢᠨ 1 ︱ 15᠎ᠤ ᠡᠳᠦᠷ ) ᠵᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠵᠡᠢ᠃