1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
9 ᠰᠠᠷ᠎ᠠ᠎ᠶᠢᠨ 19᠎ᠦ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠲᠥᠪ᠎ᠦᠨ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠠᠵᠢᠯᠯᠠᠭ᠎ᠠ᠎ᠶᠢᠨ ᠳ᠋ᠦᠩᠨᠡᠯᠲᠡ᠎ᠶᠢᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠠᠯᠳᠠᠨ ᠲᠣᠭᠣᠰᠬ᠎ᠠ ᠤᠯᠤᠰ᠎ᠤᠳ᠎ᠤᠨ ᠤᠳᠤᠷᠢᠳᠬᠤ ᠬᠥᠮᠥᠰ᠎ᠦᠨ ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ ᠳᠡᠭᠡᠷᠡᠬᠢ ᠴᠢᠬᠤᠯᠠ ᠶᠠᠷᠢᠶ᠎ᠠ᠂ 2025 ᠣᠨ᠎ᠤ ᠳᠡᠯᠡᠬᠡᠢ᠎ᠶᠢᠨ ᠣᠶᠤᠨᠲᠤ ᠠᠵᠤ ᠦᠢᠯᠡᠰ᠎ᠦᠨ ᠦᠵᠡᠰᠬᠦᠯᠡᠩ᠎ᠦᠨ ᠴᠤᠭᠯᠠᠭᠠᠨ᠎ᠳᠤ ᠥᠭᠭᠦᠭᠰᠡᠨ ᠴᠢᠬᠤᠯᠠ ᠪᠠᠶᠠᠷ᠎ᠤᠨ ᠵᠠᠬᠢᠳᠠᠯ᠂ ᠬᠣᠷᠢᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠪᠡᠯᠡ ᠣᠷᠣᠭᠤᠯᠤᠯᠲᠠ ᠠᠷᠠᠯᠵᠢᠶᠠᠨ᠎ᠤ ᠵᠥᠪᠳᠡᠨ ᠶᠠᠷᠢᠯᠴᠠᠬᠤ ᠬᠤᠷᠠᠯ᠎ᠳᠤ ᠥᠭᠭᠦᠭᠰᠡᠨ ᠴᠢᠬᠤᠯᠠ ᠪᠠᠶᠠᠷ᠎ᠤᠨ ᠵᠠᠬᠢᠳᠠᠯ᠂ 2025 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠦᠢᠯᠡᠴᠢᠯᠡᠭᠡᠨ᠎ᠦ ᠠᠷᠠᠯᠵᠢᠶᠠᠨ᠎ᠤ ᠴᠤᠭᠯᠠᠭᠠᠨ᠎ᠳᠤ ᠥᠭᠭᠦᠭᠰᠡᠨ ᠴᠢᠬᠤᠯᠠ ᠪᠠᠶᠠᠷ᠎ᠤᠨ ᠵᠠᠬᠢᠳᠠᠯ᠂ ᠪᠦᠬᠦ ᠤᠯᠤᠰ᠎ᠤᠨ ᠣᠨᠴᠠᠭᠠᠢ ᠠᠵᠢᠯ᠎ᠤᠨ ᠪᠠᠢᠷᠢ᠎ᠶᠢᠨ ᠪᠠᠭ᠍ᠰᠢ᠎ᠶᠢᠨ ᠲᠥᠯᠥᠭᠡᠯᠡᠭᠴᠢᠳ᠎ᠲᠦ ᠥᠭᠭᠦᠭᠰᠡᠨ ᠴᠢᠬᠤᠯᠠ ᠬᠠᠷᠢᠭᠤ ᠵᠠᠬᠢᠳᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠪᠠ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠦᠨ ᠪᠠᠢᠭᠤᠯᠤᠯᠲᠠ᠎ᠶᠢ ᠠᠬᠢᠭᠤᠯᠬᠤ ᠤᠳᠤᠷᠢᠳᠬᠤ ᠳᠤᠭᠤᠢᠯᠠᠩ᠎ᠤᠨ ᠨᠠᠢ᠍ᠮᠠᠳᠤᠭᠠᠷ ᠤᠳᠠᠭ᠎ᠠ᠎ᠶᠢᠨ ᠬᠤᠷᠠᠯ ᠬᠤᠷᠠᠯᠳᠤᠭᠤᠯᠪᠠ
9 ᠰᠠᠷ᠎ᠠ᠎ᠶᠢᠨ 19᠎ᠦ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠦᠨ ᠪᠠᠢᠭᠤᠯᠤᠯᠲᠠ᠎ᠶᠢ ᠠᠬᠢᠭᠤᠯᠬᠤ ᠤᠳᠤᠷᠢᠳᠬᠤ ᠳᠤᠭᠤᠢᠯᠠᠩ᠎ᠤᠨ ᠨᠠᠢ᠍ᠮᠠᠳᠤᠭᠠᠷ ᠤᠳᠠᠭ᠎ᠠ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠂ ᠰᠢ᠎ᠶᠢᠨ ᠫᠢᠩ᠎ᠦᠨ ᠠᠮᠢ ᠠᠬᠤᠢ᠎ᠶᠢᠨ ᠪᠣᠯᠪᠠᠰᠤᠨᠦ ᠦᠵᠡᠯ ᠰᠠᠨᠠᠭ᠎ᠠ᠎ᠶᠢᠨ ᠰᠤᠳᠤᠯᠭᠠᠨ᠎ᠦ ᠲᠥᠪ᠎ᠦᠨ 2025 ᠣᠨ᠎ᠦ ᠠᠵᠢᠯ᠎ᠦᠨ ᠠᠬᠢᠴᠠ᠎ᠶᠢᠨ ᠪᠠᠢᠳᠠᠯ ᠪᠣᠯᠣᠨ ᠳᠠᠷᠠᠭᠠᠴᠢ᠎ᠶᠢᠨ ᠠᠯᠬᠤᠮ᠎ᠤᠨ ᠲᠥᠯᠥᠪᠯᠡᠭᠡ᠂ ᠰᠢ᠎ᠶᠢᠨ ᠫᠢᠩ᠎ᠦᠨ ᠠᠮᠢ ᠠᠬᠤᠢ᠎ᠶᠢᠨ ᠪᠣᠯᠪᠠᠰᠤᠨᠦ ᠦᠵᠡᠯ ᠰᠠᠨᠠᠭ᠎ᠠ᠎ᠶᠢᠨ ᠦᠢᠯᠡᠳᠦᠯᠭᠡ᠎ᠶᠢᠨ ᠵᠢᠱ᠌ᠢᠶ᠎ᠡ᠎ᠶᠢᠨ ᠬᠥᠮᠥᠷᠭᠡ᠎ᠶᠢᠨ ᠪᠠᠢᠭᠤᠯᠤᠯᠲᠠ᠎ᠶᠢᠨ ᠠᠵᠢᠯ᠎ᠦᠨ ᠲᠥᠰᠥᠯ ( 2025 ︱ 2027 ᠣᠨ )᠎ᠢ ᠬᠢᠨᠠᠨ ᠵᠥᠪᠯᠡᠬᠦ᠎ᠶᠢᠨ ᠬᠠᠮᠲᠤ ᠵᠠᠷᠴᠢᠮ ᠳᠡᠭᠡᠷ᠎ᠡ᠎ᠪᠡᠨ ᠪᠠᠲᠤᠯᠠᠵᠤ᠂ 2025 ᠣᠨ᠎ᠦ ᠰᠢ᠎ᠶᠢᠨ ᠫᠢᠩ᠎ᠦᠨ ᠠᠮᠢ ᠠᠬᠤᠢ᠎ᠶᠢᠨ ᠪᠣᠯᠪᠠᠰᠤᠨᠦ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ᠎ᠦᠨ ᠬᠣᠯᠪᠣᠭᠳᠠᠯ ᠪᠦᠬᠦᠢ ᠠᠵᠢᠯ᠎ᠢ ᠰᠤᠳᠤᠯᠪᠠ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ 《 〈 ᠠᠷᠪᠠᠨ ᠳᠥᠷᠪᠡᠳᠦᠭᠡᠷ ᠲᠠᠪᠤᠨ ᠵᠢᠯ 〉᠎ᠦᠨ ᠲᠥᠯᠦᠪᠵᠢᠭᠦᠯᠭᠡ᠎ᠶᠢ ᠴᠢᠨᠠᠷ ᠰᠠᠢᠲᠠᠢ ᠪᠡᠶᠡᠯᠡᠭᠦᠯᠦᠶ᠎ᠡ 》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ᠎ᠳᠤ ᠣᠷᠣᠯᠴᠠᠵᠤ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
2025 ᠣᠨ᠎ᠤ 9 ᠰᠠᠷ᠎ᠠ᠎ᠶᠢᠨ 19᠎ᠦ ᠡᠳᠦᠷ ( ᠭᠠᠷᠠᠭ᠎ᠤᠨ ᠲᠠᠪᠤᠨ )᠎ᠤᠨ ᠦᠳᠡ᠎ᠶᠢᠨ ᠡᠮᠦᠨᠡᠬᠢ 10 ᠴᠠᠭ 30 ᠮᠢᠨᠦ᠋ᠲ᠎ᠲᠦ ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ 《 〈 ᠠᠷᠪᠠᠨ ᠳᠥᠷᠪᠡᠳᠦᠭᠡᠷ ᠲᠠᠪᠤᠨ ᠵᠢᠯ 〉᠎ᠤᠨ ᠲᠥᠯᠦᠪᠵᠢᠭᠦᠯᠭᠡ᠎ᠶᠢ ᠴᠢᠨᠠᠷ ᠰᠠᠢᠲᠠᠢ ᠪᠡᠶᠡᠯᠡᠭᠦᠯᠦᠶ᠎ᠡ 》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠢᠦᠢ ᠬᠤᠢ ᠸᠧᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠭᠦᠸᠧ ᠹᠠᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠤᠤ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠦ ᠬᠠᠮᠠᠭᠠᠯᠠᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠭᠰᠠᠨ ᠪᠠᠢᠳᠠᠯ᠎ᠢ ᠲᠠᠨᠢᠯᠴᠠᠭᠤᠯᠬᠤ᠎ᠶᠢᠨ ᠬᠠᠮᠲᠤ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
4. ᠫᠠᠫᠦᠢᠶᠠ ᠰᠢᠨ᠎ᠡ ᠭᠢᠨᠧᠶᠠ᠎ᠳᠤ ᠳᠤᠮᠳᠠᠳᠤ ᠤᠯᠤᠰ ᠫᠠᠫᠦᠢᠶᠠ ᠰᠢᠨ᠎ᠡ ᠭᠢᠨᠧᠶᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠡᠮᠦᠨᠡᠲᠦ ᠡᠮᠦᠨᠡᠲᠦ᠎ᠶᠢᠨ ᠬᠠᠮᠲᠤᠷᠠᠯᠴᠠᠭᠠᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠣᠷᠣᠨ᠎ᠤ ᠭᠡᠷᠡᠯ ᠨᠥᠭᠡᠴᠡ᠎ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯᠡᠰ᠎ᠢ ᠬᠡᠷᠡᠭᠵᠢᠭᠦᠯᠬᠦ ᠬᠡᠯᠡᠯᠴᠡᠭᠡᠷ᠎ᠲᠦ ᠭᠠᠷᠤᠨ ᠦᠰᠦᠭ ᠵᠢᠷᠤᠪᠠ
2025 ᠣᠨ᠎ᠤ 9 ᠰᠠᠷ᠎ᠠ᠎ᠶᠢᠨ 15᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠫᠠᠫᠦ᠋ᠶᠠ ᠰᠢᠨ᠎ᠡ ᠭᠢᠨᠧᠶᠠ ᠵᠢᠨ ᠲᠤᠰᠠᠭᠠᠷ ᠤᠯᠤᠰ ( ᠳᠣᠷᠣᠭ᠍ᠰᠢ ᠫᠠᠫᠦ᠋ᠶᠠ ᠰᠢᠨ᠎ᠡ ᠭᠢᠨᠧᠶᠠ ᠭᠡᠵᠦ ᠳᠥᠭᠥᠮᠴᠢᠯᠡᠨ᠎ᠡ)᠎ᠤᠨ ᠣᠷᠴᠢᠨ ᠲᠣᠭᠣᠷᠢᠨ᠎ᠤ ᠬᠠᠮᠠᠭᠠᠯᠠᠯᠲᠠ ᠪᠠ ᠠᠭᠤᠷ ᠠᠮᠢᠰᠬᠤᠯ᠎ᠤᠨ ᠬᠤᠪᠢᠷᠠᠯᠲᠠ᠎ᠶᠢᠨ ᠶᠠᠮᠤᠨ᠎ᠤ ᠰᠠᠢᠳ ᠰᠢᠮᠤᠨ · ᠺᠢᠯᠥᠫᠠ ᠲᠠᠢ ᠫᠠᠫᠦ᠋ᠶᠠ ᠰᠢᠨ᠎ᠡ ᠬᠢᠨᠥᠶᠠ ᠵᠢᠨ ᠨᠡᠢᠰᠯᠡᠯ ᠮᠤᠷᠰᠪᠢ ᠭᠠᠷᠠᠮ᠎ᠳᠤ ᠠᠭᠤᠯᠵᠠᠯᠲᠠ ᠬᠢᠵᠡᠢ᠃ ᠬᠣᠶᠠᠷ ᠲᠠᠯ᠎ᠠ᠎ᠪᠠᠷ᠎ᠢᠶᠠᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠦᠷᠢᠶᠡᠨ᠎ᠳᠡᠬᠢ ᠤᠯᠤᠰ᠎ᠤᠨ ᠳᠣᠲᠣᠭᠠᠳᠤ᠎ᠶᠢᠨ ᠠᠵᠢᠯᠯᠠᠭ᠎ᠠ ᠪᠣᠯᠣᠨ ᠬᠣᠶᠠᠷ ᠲᠠᠯ᠎ᠠ᠎ᠶᠢᠨ ᠬᠠᠮᠲᠤᠷᠠᠯᠴᠠᠭ᠎ᠠ᠎ᠶᠢᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠭᠰᠠᠨ ᠪᠥᠭᠡᠳ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠡᠮᠦᠨᠡᠲᠦ ᠡᠮᠦᠨᠡᠲᠦ᠎ᠶᠢᠨ ᠬᠠᠮᠲᠤᠷᠠᠯᠴᠠᠭᠠᠨ᠎ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠣᠷᠣᠨ᠎ᠤ ᠭᠡᠷᠡᠯ ᠨᠥᠭᠡᠴᠡ᠎ᠶᠢ ᠨᠢᠭᠡ ᠴᠣᠭᠴᠠᠵᠢᠭᠤᠯᠤᠭᠰᠠᠨ ᠲᠦᠷᠦᠯ ᠵᠦᠢᠯ᠎ᠢ ᠬᠠᠮᠲᠤᠷᠠᠨ ᠪᠦᠲᠦᠭᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠵᠥᠪᠯᠡᠯᠴᠡᠭᠡᠷ᠎ᠲᠦ ᠬᠠᠮᠲᠤ᠎ᠪᠠᠷ ᠭᠠᠷᠤᠨ ᠦᠰᠦᠭ ᠵᠢᠷᠤᠪᠠ᠃
5. 《 ᠣᠽᠣᠨ᠎ᠤ ᠳᠠᠪᠬᠤᠷᠭ᠎ᠠ᠎ᠶᠢ ᠬᠠᠮᠠᠭᠠᠯᠠᠬᠤ ᠲᠤᠬᠠᠢ ᠸᠢᠶ᠋ᠸᠨᠠᠶᠢᠨ ᠨᠡᠶ᠋ᠢᠲᠡ᠎ᠶᠢᠨ ᠭᠡᠷ᠎ᠡ 》᠎ᠶᠢ ᠲᠣᠭᠲᠠᠭᠠᠭᠰᠠᠨ 40 ᠵᠢᠯ᠎ᠦᠨ ᠣᠢ᠎ᠶᠢ ᠳᠤᠷᠠᠰᠬᠠᠬᠤ ᠵᠢᠴᠢ 2025 ᠣᠨ᠎ᠤ ᠣᠯᠠᠨ ᠤᠯᠤᠰ᠎ᠤᠨ ᠣᠽᠣᠨ᠎ᠤ ᠳᠠᠪᠬᠤᠷᠭ᠎ᠠ᠎ᠶᠢ ᠬᠠᠮᠠᠭᠠᠯᠠᠬᠤ ᠡᠳᠦᠷ᠎ᠢ ᠳᠤᠷᠠᠰᠬᠠᠬᠤ ᠶᠡᠬᠡ ᠬᠤᠷᠠᠯ ᠠᠮᠵᠢᠯᠲᠠ᠎ᠲᠠᠢ ᠬᠤᠷᠠᠯᠳᠤᠪᠠ
9 ᠰᠠᠷ᠎ᠠ᠎ᠶᠢᠨ 16᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠣᠽᠣᠨ᠎ᠤ ᠳᠠᠪᠬᠤᠷᠭ᠎ᠠ᠎ᠶᠢ ᠬᠠᠮᠠᠭᠠᠯᠠᠬᠤ ᠸᠢᠶ᠋ᠸᠨᠠᠶᠢᠨ ᠨᠡᠶ᠋ᠢᠲᠡ᠎ᠶᠢᠨ ᠭᠡᠷ᠎ᠡ 》 ᠲᠣᠭᠲᠠᠭᠰᠠᠨ 40 ᠵᠢᠯ᠎ᠦᠨ ᠣᠶ᠎ᠶᠢ ᠳᠤᠷᠠᠰᠬᠠᠬᠤ ᠵᠢᠴᠢ 2025 ᠣᠨ᠎ᠤ ᠣᠯᠠᠨ ᠤᠯᠤᠰ᠎ᠤᠨ ᠣᠽᠣᠨ᠎ᠤ ᠳᠠᠪᠬᠤᠷᠭ᠎ᠠ᠎ᠶᠢ ᠬᠠᠮᠠᠭᠠᠯᠠᠬᠤ ᠡᠳᠦᠷ᠎ᠢ ᠳᠤᠷᠠᠰᠬᠠᠬᠤ ᠶᠡᠬᠡ ᠬᠤᠷᠠᠯ ᠬᠤᠷᠠᠯᠳᠤᠭᠤᠯᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠢᠦᠢ ᠬᠤᠢ ᠸᠧᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
6. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠴᠤᠷᠠᠭ ᠡᠭᠦᠰᠬᠡᠭᠴᠢ᠎ᠶᠢᠨ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠴᠥᠮ᠎ᠡ᠎ᠶᠢᠨ ᠮᠡᠷᠭᠡᠵᠢᠯ᠎ᠦᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯᠡᠰ᠎ᠦᠨ ᠴᠢᠬᠤᠯᠠ ᠶᠡᠬᠡ ᠬᠤᠪᠢᠷᠠᠯᠲᠠ᠎ᠶᠢᠨ ᠨᠠᠷᠢᠨ ᠳᠠᠩᠰᠠ ( ᠲᠤᠷᠰᠢᠨ ᠬᠡᠷᠡᠭᠵᠢᠭᠦᠯᠬᠦ ) 》᠎ᠶᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠳᠠ᠎ᠶᠢ ᠬᠠᠷᠢᠭᠤᠯᠪᠠ
ᠣᠢᠷ᠎ᠠ᠎ᠳᠤ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠢᠷᠤᠮᠵᠢᠯ᠎ᠤᠨ ᠴᠢᠨᠠᠷᠲᠠᠢ ᠪᠢᠴᠢᠭ ᠮᠠᠲᠧᠷᠢᠶᠠᠯ 《 ᠴᠥᠮ᠎ᠡ᠎ᠶᠢᠨ ᠮᠡᠷᠭᠡᠵᠢᠯ᠎ᠦᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯᠡᠰ᠎ᠦᠨ ᠴᠢᠬᠤᠯᠠ ᠶᠡᠬᠡ ᠬᠤᠪᠢᠷᠠᠯᠲᠠ᠎ᠶᠢᠨ ᠨᠠᠷᠢᠨ ᠲᠠᠩᠰᠠ ( ᠲᠤᠷᠰᠢᠨ ᠬᠡᠷᠡᠭᠵᠢᠭᠦᠯᠬᠦ ) 》 ( ᠳᠣᠷᠣᠭ᠍ᠰᠢ 《 ᠨᠠᠷᠢᠨ ᠲᠠᠩᠰᠠ 》 ᠭᠡᠵᠦ ᠲᠣᠪᠴᠢᠯᠠᠨ᠎ᠠ )᠎ᠶᠢ ᠨᠡᠢᠲᠡᠯᠡᠪᠡ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠴᠤᠷᠠᠭ ᠡᠭᠦᠰᠬᠡᠭᠴᠢ᠎ᠶᠢᠨ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠨᠠᠷᠢᠨ ᠲᠠᠩᠰᠠ 》᠎ᠶᠢ ᠲᠣᠭᠲᠠᠭᠠᠭᠰᠠᠨ ᠠᠬᠤᠢ ᠪᠠᠢᠳᠠᠯ ᠂ ᠭᠣᠣᠯ ᠠᠭᠤᠯᠭ᠎ᠠ ᠂ ᠬᠡᠷᠡᠭᠵᠢᠭᠦᠯᠦᠭᠰᠡᠨ ᠦᠷ᠎ᠡ ᠠᠰᠢᠭ᠋ ᠵᠡᠷᠭᠡ᠎ᠶᠢᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ ᠃
7. ᠠᠮᠢ ᠠᠬᠤᠢ ᠣᠷᠴᠢᠨ ᠲᠣᠭᠣᠷᠢᠨ᠎ᠤ ᠶᠠᠮᠤᠨ 9 ᠳ᠋ᠦ᠍ᠭᠡᠷ ᠰᠠᠷ᠎ᠠ᠎ᠶᠢᠨ ᠳᠣᠣᠷ᠎ᠠ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
2025 ᠣᠨ᠎ᠤ 9 ᠰᠠᠷ᠎ᠠ᠎ᠶᠢᠨ 15᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠦᠷᠳᠡᠬᠡ ᠲᠥᠪ᠎ᠦᠨ ᠴᠠᠭ ᠠᠭᠤᠷ᠎ᠤᠨ ᠦᠷᠳᠡᠬᠡ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠣᠯᠣᠨ ᠪᠡᠭᠡᠵᠢᠩ ᠬᠤᠳᠡ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠎ᠲᠠᠢ ᠬᠠᠮᠲᠤᠷᠠᠵᠤ᠂ 9 ᠳ᠋ᠦ᠍ᠭᠡᠷ ᠰᠠᠷ᠎ᠠ᠎ᠶᠢᠨ ᠳᠣᠣᠷ᠎ᠠ ᠬᠠᠭᠠᠰ ᠰᠠᠷ᠎ᠠ ( 9 ᠰᠠᠷ᠎ᠠ᠎ᠶᠢᠨ 16 ︱ 30᠎ᠤ ᠡᠳᠦᠷ )᠎ᠶᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠵᠡᠢ᠃