ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (10.19︱10.25)
ᠨᠡᠶ᠋ᠢᠲᠡᠯᠡᠭᠰᠡᠨ ᠴᠠᠭ᠄ 2025-10-28

1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠵᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ

10 ᠰᠠᠷ᠎ᠠ᠎ᠶᠢᠨ 24᠎ᠦ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃

2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠺᠦᠨᠮᠢᠩ᠎ᠦᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠰᠠᠭᠤᠷᠢ ᠮᠥᠩᠭᠥᠨ᠎ᠦ ᠬᠡᠷᠡᠭ ᠡᠷᠬᠢᠯᠡᠭᠴᠢᠳ᠎ᠦᠨ ᠬᠤᠷᠠᠯ᠎ᠳᠤ ᠣᠷᠣᠯᠴᠠᠪᠠ

10 ᠰᠠᠷ᠎ᠠ᠎ᠶᠢᠨ 18᠎ᠤ ᠡᠳᠦᠷ ᠂ ᠺᠦᠨᠮᠢᠩ᠎ᠦᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠰᠠᠭᠤᠷᠢ ᠮᠥᠩᠭᠥᠨ᠎ᠦ ᠬᠡᠷᠡᠭ ᠡᠷᠬᠢᠯᠡᠭᠴᠢᠳ᠎ᠦᠨ ᠬᠤᠷᠠᠯ ᠶᠦᠨᠨᠠᠨ ᠮᠤᠵᠢ᠎ᠶᠢᠨ ᠺᠦᠨᠮᠢᠩ ᠬᠣᠲᠠ᠎ᠳᠤ ᠬᠤᠷᠠᠯᠳᠤᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠶᠢᠨ ᠭᠦᠢᠴᠡᠳᠭᠡᠭᠴᠢ ᠡᠷᠬᠢᠯᠡᠭᠴᠢ ᠠᠨᠳᠧᠷᠰᠧᠨ ᠬᠠᠮᠲᠤ᠎ᠪᠠᠷ ᠬᠤᠷᠠᠯ᠎ᠢ ᠡᠷᠬᠢᠯᠡᠭᠰᠡᠨ ᠪᠥᠭᠡᠳ ᠪᠠᠶᠠᠷ᠎ᠤᠨ ᠦᠭᠡ ᠬᠡᠯᠡᠵᠡᠢ᠃

3. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ 《 ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠤᠬᠠᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠪᠣᠷᠣ᠌ ᠲᠥᠰᠥᠪ᠎ᠦᠨ ᠨᠡᠶ᠋ᠢᠲᠡ᠎ᠶᠢᠨ ᠭᠡᠷ᠎ᠡ 》᠎ᠶᠢᠨ ᠨᠠᠷᠢᠨ ᠪᠢᠴᠢᠭ᠎ᠦᠨ ᠭᠠᠵᠠᠷ᠎ᠤᠨ ᠭᠦᠢᠴᠡᠳᠬᠡᠬᠦ ᠨᠠᠷᠢᠨ ᠪᠢᠴᠢᠭᠡᠴᠢ ᠰᠢᠮᠤᠨ᠂ ᠰᠲ᠋ᠢᠯ ᠲᠠᠢ ᠠᠭᠤᠯᠵᠠᠪᠠ᠃

10 ᠰᠠᠷ᠎ᠠ᠎ᠶᠢᠨ 23᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ 《 ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠣᠷᠣ᠌ ᠲᠥᠰᠥᠪ᠎ᠦᠨ ᠨᠡᠶ᠋ᠢᠲᠡ᠎ᠶᠢᠨ ᠭᠡᠷ᠎ᠡ 》 ᠵᠢᠨ ᠨᠠᠷᠢᠨ ᠪᠢᠴᠢᠭ᠎ᠦᠨ ᠭᠠᠵᠠᠷ᠎ᠤᠨ ᠭᠦᠢᠴᠡᠳᠬᠡᠬᠦ ᠨᠠᠷᠢᠨ ᠪᠢᠴᠢᠭᠡᠴᠢ ᠰᠢᠮᠤᠨ · ᠰᠲ᠋ᠢᠯ᠎ᠲᠠᠢ ᠠᠭᠤᠯᠵᠠᠪᠠ ᠃ ᠬᠣᠶᠠᠷ ᠲᠠᠯ᠎ᠠ᠎ᠪᠠᠷ᠎ᠢᠶᠠᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠸᠢᠢᠯᠦᠢᠨ᠎ᠤ ᠶᠡᠬᠡ ᠬᠤᠷᠠᠯ᠂ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠶᠢᠨ ᠤᠯᠠᠨ ᠲᠠᠯᠠᠲᠤ ᠠᠬᠢᠴᠠ᠎ᠶᠢ ᠠᠬᠢᠭᠤᠯᠬᠤ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃

4. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠳᠤᠮᠳᠠᠳᠤ ᠤᠯᠤᠰ᠎ᠤᠨ ᠣᠷᠴᠢᠨ ᠲᠣᠭᠣᠷᠢᠨ ᠪᠣᠯᠣᠨ ᠬᠥᠭᠵᠢᠯᠲᠡ᠎ᠶᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠭᠡᠰᠢᠭᠦᠨ ᠂ ᠡᠸᠦ᠋ᠷᠦᠫᠡ ᠲᠢᠪ᠎ᠦᠨ ᠠᠭᠤᠷ ᠠᠮᠢᠰᠬᠤᠯ᠎ᠤᠨ ᠰᠠᠭᠤᠷᠢ ᠮᠥᠩᠭᠥᠨ᠎ᠦ ᠨᠡᠢᠭᠡᠮᠯᠢᠭ᠎ᠦᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠲᠦᠪᠢᠶᠠᠨᠠ᠎ᠲᠠᠢ ᠠᠭᠤᠯᠵᠠᠪᠠ

10 ᠰᠠᠷ᠎ᠠ᠎ᠶᠢᠨ 23᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ᠎ᠶᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠭᠡᠰᠢᠭᠦᠨ ᠂ ᠡᠸᠦ᠋ᠷᠦᠫᠡ ᠲᠢᠪ᠎ᠦᠨ ᠠᠭᠤᠷ ᠠᠮᠢᠰᠬᠤᠯ᠎ᠤᠨ ᠰᠠᠭᠤᠷᠢ ᠮᠥᠩᠭᠥᠨ᠎ᠦ ᠨᠡᠢᠭᠡᠮᠯᠢᠭ᠎ᠦᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠲᠦᠪᠢᠶᠠᠨᠠ ᠲᠠᠢ ᠠᠭᠤᠯᠵᠠᠪᠠ ᠃ ᠬᠣᠶᠠᠷ ᠲᠠᠯ᠎ᠠ᠎ᠪᠠᠷ᠎ᠢᠶᠠᠨ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠂ ᠪᠣᠬᠢᠷᠲᠤᠯ ᠦᠭᠡᠢ ᠠᠷᠠᠯᠵᠢᠶ᠎ᠠ᠂ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠬᠠᠮᠲᠤᠷᠠᠯᠴᠠᠭ᠎ᠠ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃

5. ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ 2025 ᠣᠨ᠎ᠤ ᠪᠠᠢᠩᠭᠤ᠎ᠶᠢᠨ ᠲᠣᠭ᠎ᠠ ᠪᠦᠷᠢᠳᠬᠡᠯ᠎ᠦᠨ ᠱᠠᠯᠠᠪᠳᠠᠭᠤᠯᠤᠨ ᠪᠠᠢᠴᠠᠭᠠᠬᠤ 11 ᠳ᠋ᠦ᠍ᠭᠡᠷ ᠲᠣᠭ᠎ᠠ ᠪᠦᠷᠢᠳᠬᠡᠯ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠣᠷᠣᠵᠤ ᠰᠠᠭᠤᠵᠤ ᠲᠣᠭ᠎ᠠ ᠪᠦᠷᠢᠳᠬᠡᠯ᠎ᠦᠨ ᠱᠠᠯᠠᠪᠳᠠᠭᠤᠯᠤᠨ ᠪᠠᠢᠴᠠᠭᠠᠯᠲᠠ ᠬᠢᠪᠡ

ᠨᠠᠮ᠎ᠤᠨ ᠲᠥᠪ ᠬᠣᠷᠢᠶ᠎ᠠ ᠪᠠ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠡᠷᠬᠡ ᠣᠯᠭᠣᠯᠲᠠ᠎ᠶᠢ ᠦᠨᠳᠦᠰᠦᠯᠡᠨ ᠂ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ 2025 ᠣᠨ᠎ᠤ ᠪᠠᠢᠩᠭᠤ᠎ᠶᠢᠨ ᠲᠣᠭ᠎ᠠ ᠪᠦᠷᠢᠳᠬᠡᠯ᠎ᠦᠨ ᠱᠠᠯᠠᠪᠳᠠᠭᠤᠯᠤᠨ ᠪᠠᠢᠴᠠᠭᠠᠬᠤ 11 ᠳ᠋ᠦ᠍ᠭᠡᠷ ᠲᠣᠭ᠎ᠠ ᠪᠦᠷᠢᠳᠬᠡᠯ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠣᠢᠷ᠎ᠠ᠎ᠳᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠣᠷᠣᠵᠤ ᠰᠠᠭᠤᠵᠤ ᠲᠣᠭ᠎ᠠ ᠪᠦᠷᠢᠳᠬᠡᠯ᠎ᠦᠨ ᠱᠠᠯᠠᠪᠳᠠᠭᠤᠯᠤᠨ ᠪᠠᠢᠴᠠᠭᠠᠯᠲᠠ ᠥᠷᠨᠢᠭᠦᠯᠦᠭᠰᠡᠨ ᠪᠥᠭᠡᠳ 10 ᠰᠠᠷ᠎ᠠ᠎ᠶᠢᠨ 20᠎ᠤ ᠡᠳᠦᠷ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠲᠠᠢ ᠵᠣᠯᠭᠠᠭᠤᠯᠤᠨ ᠨᠡᠪᠲᠡᠷᠡᠯᠴᠡᠪᠡ ᠃ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠳᠠᠷᠤᠭ᠎ᠠ᠂ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠮᠣᠣ ᠱᠧᠩ ᠶᠦᠩ ᠲᠣᠭ᠎ᠠ ᠪᠦᠷᠢᠳᠬᠡᠯ᠎ᠦᠨ ᠱᠠᠯᠠᠪᠳᠠᠭᠤᠯᠤᠨ ᠪᠠᠢᠴᠠᠭᠠᠬᠤ ᠶᠠᠪᠤᠳᠠᠯ᠎ᠢ ᠮᠡᠳᠡᠭᠳᠡᠵᠦ᠂ ᠠᠵᠢᠯ᠎ᠤᠨ ᠱᠠᠭᠠᠷᠳᠠᠯᠭ᠎ᠠ ᠳᠤᠷᠠᠳᠴᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠯᠢ ᠭᠤᠤ ᠵᠣᠯᠭᠠᠭᠤᠯᠤᠨ ᠨᠡᠪᠲᠡᠷᠡᠯᠴᠡᠬᠦ ᠠᠵᠢᠯᠯᠠᠭ᠎ᠠ᠎ᠳᠦ ᠣᠷᠣᠯᠴᠠᠵᠤ ᠶᠠᠷᠢᠶ᠎ᠠ ᠲᠠᠯᠪᠢᠵᠠᠢ᠃

6. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 2024 ᠣᠨ᠎ᠤ ᠴᠠᠬᠢᠯᠭᠠᠨ ᠬᠦᠴᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠹᠠᠺᠲ᠋ᠤᠷ᠎ᠤᠨ ᠲᠣᠭ᠎ᠠ ᠪᠠᠷᠢᠮᠲᠠ᠎ᠶᠢ ᠨᠡᠢᠲᠡᠯᠡᠬᠦ ᠲᠤᠬᠠᠢ ᠠᠯᠪᠠᠨ ᠵᠠᠷᠯᠠᠯ 》᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ

ᠣᠢᠷ᠎ᠠ᠎ᠳᠤ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ ᠂ ᠤᠯᠤᠰ᠎ᠤᠨ ᠡᠨᠧᠷᠭᠢ᠎ᠶᠢᠨ ᠰᠤᠷᠪᠤᠯᠵᠢ᠎ᠶᠢᠨ ᠲᠣᠪᠴᠢᠶ᠎ᠠ᠎ᠲᠠᠢ ᠬᠠᠮᠲᠤᠷᠠᠨ 《 2024 ᠣᠨ᠎ᠤ ᠴᠠᠬᠢᠯᠭᠠᠨ ᠬᠦᠴᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠥᠷ᠎ᠦᠨ ᠹᠠᠺᠲ᠋ᠤᠷ᠎ᠤᠨ ᠲᠣᠭ᠎ᠠ ᠪᠠᠷᠢᠮᠲᠠ᠎ᠶᠢ ᠨᠡᠢᠲᠡᠯᠡᠬᠦ ᠲᠤᠬᠠᠢ ᠠᠯᠪᠠᠨ ᠵᠠᠷᠯᠠᠯ 》 ( ᠳᠣᠷᠣᠭ᠍ᠰᠢ 《 ᠠᠯᠪᠠᠨ ᠵᠠᠷᠯᠠᠯ 》 ᠭᠡᠵᠦ ᠲᠣᠪᠴᠢᠯᠠᠨ᠎ᠠ )᠎ᠢ ᠨᠡᠢᠲᠡᠯᠡᠪᠡ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠠᠷᠢᠭᠤᠴᠠᠯᠭᠠᠲᠠᠨ ᠨᠥᠬᠥᠳ 《 ᠠᠯᠪᠠᠨ ᠵᠠᠷᠯᠠᠯ 》᠎ᠤᠨ ᠬᠣᠯᠪᠣᠭᠳᠠᠯ ᠪᠦᠬᠦᠢ ᠪᠠᠢᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号