ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ ( 8.24 ︱ 8.30 )
ᠨᠡᠶ᠋ᠢᠲᠡᠯᠡᠭᠰᠡᠨ ᠴᠠᠭ᠄ 2025-09-03

      1. ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ ᠪᠥᠬᠥ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠰᠠᠨᠠᠯ
      ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ ᠪᠣᠯ ᠵᠠᠬ᠎ᠠ ᠳᠡᠯᠭᠡᠭᠦᠷ᠎ᠦᠨ ᠲᠣᠭᠲᠠᠴᠠ᠎ᠶᠢ ᠠᠰᠢᠭ᠍ᠯᠠᠨ ᠠᠭᠤᠷ ᠠᠮᠢᠰᠬᠤᠯ᠎ᠤᠨ ᠬᠤᠪᠢᠷᠠᠯᠲᠠ᠎ᠶᠢ ᠢᠳᠡᠪᠬᠢᠲᠡᠢ ᠠᠷᠭᠠᠴᠠᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠬᠦ ᠴᠢᠬᠤᠯᠠ ᠲᠦᠷᠦ᠎ᠶᠢᠨ ᠪᠣᠳᠣᠯᠭ᠎ᠠ᠎ᠶᠢᠨ ᠪᠠᠭᠠᠵᠢ ᠪᠣᠯᠣᠨ᠎ᠠ᠃ ᠣᠳᠣᠬᠠᠨ᠎ᠳᠤ᠂ ᠮᠠᠨ᠎ᠤ ᠤᠯᠤᠰ ᠨᠢᠭᠡᠨᠲᠡ ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ᠎ᠶᠢᠨ ᠠᠯᠪᠠᠳᠠᠯᠭ᠎ᠠ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠬᠠᠷᠢᠭᠤᠴᠠᠯᠭ᠎ᠠ᠎ᠶᠢ ᠭᠦᠢᠴᠡᠳᠬᠡᠬᠦ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ ᠪᠠ ᠨᠡᠢᠭᠡᠮ᠎ᠦᠨ ᠪᠡᠶ᠎ᠡ᠎ᠪᠡᠨ ᠳᠠᠭᠠᠭᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠶᠢ ᠤᠷᠮᠠᠰᠢᠭᠤᠯᠤᠨ ᠵᠣᠷᠢᠭ᠍ᠵᠢᠭᠤᠯᠬᠤ ᠪᠦᠬᠦ ᠤᠯᠤᠰ᠎ᠤᠨ ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠠᠬ᠎ᠠ ᠳᠡᠯᠭᠡᠭᠦᠷ᠎ᠢ ᠪᠠᠢᠭᠤᠯᠵᠠᠢ ᠃ ᠨᠠᠩ ᠪᠦᠲᠦᠮᠵᠢᠲᠡᠶ ᠂ ᠨᠠᠩ ᠠᠮᠢᠵᠢᠷᠠᠯ᠎ᠤᠨ ᠬᠦᠴᠦᠨ᠎ᠲᠠᠢ ᠂ ᠨᠠᠩ ᠢᠯᠡᠭᠦᠦ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠲᠠᠢ ᠪᠥᠬᠥ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠶ᠋ᠢᠭᠤᠯᠬᠤ᠎ᠶᠢ ᠠᠬᠢᠭᠤᠯᠬᠤ᠎ᠶᠢᠨ ᠲᠥᠯᠥᠭᠡ ᠂ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
      2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
      8 ᠰᠠᠷ᠎ᠠ᠎ᠶᠢᠨ 29᠎ᠦ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
      3. ᠳᠤᠮᠳᠠᠳᠤ ᠤᠯᠤᠰ ᠊ᠣᠠ ᠡᠪ ᠬᠠᠮᠲᠤ ᠨᠠᠮ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ 《 ᠠᠷᠠᠳ᠎ᠤᠨ ᠡᠳᠦᠷ᠎ᠦᠨ ᠰᠣᠨᠢᠨ 》᠎ᠳᠤ 《 〈 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠰᠣᠩᠭᠣᠮᠠᠯ ᠵᠣᠬᠢᠶᠠᠯ 〉᠎ᠢ ᠰᠠᠢᠲᠤᠷ ᠰᠤᠷᠤᠯᠴᠠᠨ ᠰᠠᠢᠲᠤᠷ ᠬᠡᠷᠡᠭᠯᠡᠵᠦ ᠬᠥᠮᠥᠨ ᠪᠠᠢᠭᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠶ᠎ᠠ 》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢᠲᠡᠯᠡᠪᠡ
      ᠡᠨᠡ ᠵᠢᠯ᠎ᠦᠨ 7 ᠰᠠᠷ᠎ᠠ᠎ᠳᠤ ᠬᠡᠪᠯᠡᠭᠳᠡᠭᠰᠡᠨ 《 ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠰᠣᠩᠭᠣᠮᠠᠯ ᠵᠣᠬᠢᠶᠠᠯ 》᠎ᠤᠨ ᠨᠢᠭᠡᠳᠦᠭᠡᠷ ᠪᠣᠳᠢ᠎ᠳᠤ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠪᠠᠶᠠᠯᠢᠭ᠋ ᠠᠭᠤᠯᠤᠭᠳᠠᠬᠤᠨ᠂ ᠰᠢᠨᠵᠢᠯᠡᠬᠦ ᠤᠬᠠᠭᠠᠨᠴᠢ ᠰᠢᠰᠲᠧᠮ ᠪᠣᠯᠣᠨ ᠠᠩᠬᠠᠨ᠎ᠤ ᠡᠭᠦᠳᠦᠯᠲᠡ᠎ᠶᠢᠨ ᠴᠢᠨᠠᠷᠲᠠᠢ ᠬᠤᠪᠢ ᠨᠡᠮᠡᠷᠢ᠎ᠶᠢ ᠰᠢᠰᠲᠧᠮ ᠲᠠᠢ ᠲᠤᠰᠬᠠᠵᠤ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ ᠡᠷᠬᠡ ᠰᠦᠷᠲᠦ ᠵᠢᠭᠠᠬᠤ ᠮᠠᠲᠧᠷᠢᠶᠠᠯ ᠬᠠᠩᠭᠠᠵᠠᠢ᠃
      4. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠶᠠᠪᠤᠳᠠᠯ᠎ᠤᠨ ᠬᠤᠷᠠᠯ ᠬᠤᠷᠠᠯᠳᠤᠭᠤᠯᠪᠠ
      8 ᠰᠠᠷ᠎ᠠ᠎ᠶᠢᠨ 27᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠶᠠᠪᠤᠳᠠᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠶᠢᠰᠦᠳᠦᠭᠡᠷ ᠤᠳᠠᠭ᠎ᠠ᠎ᠶᠢᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃
      5. ᠠᠮᠢ ᠠᠬᠤᠢ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠢᠩᠭᠤ᠎ᠶᠢᠨ ᠬᠤᠷᠠᠯ ᠬᠤᠷᠠᠯᠳᠤᠭᠤᠯᠪᠠ
      8 ᠰᠠᠷ᠎ᠠ᠎ᠶᠢᠨ 27᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠂ 《 ᠬᠠᠷ᠎ᠠ ᠲᠤᠭᠤᠯᠭ᠎ᠠ ᠂ ᠴᠠᠢᠷ᠎ᠤᠨ ᠠᠵᠤ ᠦᠢᠯᠡᠳᠪᠦᠷᠢ᠎ᠶᠢᠨ ᠠᠭᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ 》 《 ᠭᠠᠯ ᠳᠠᠭᠠᠭᠠᠮᠠᠭᠠᠢ ᠮᠠᠲᠧᠷᠢᠶᠠᠯ᠎ᠤᠨ ᠠᠵᠤ ᠦᠢᠯᠡᠳᠪᠦᠷᠢ᠎ᠶᠢᠨ ᠠᠭᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ 》 《 ᠪᠠᠷᠢᠯᠭ᠎ᠠ᠎ᠶᠢᠨ ᠠᠵᠢᠯ᠎ᠤᠨ ᠱᠤᠤᠭᠢᠶᠠᠨ᠎ᠢ ᠭᠠᠳᠠᠭᠰᠢᠯᠠᠭᠤᠯᠬᠤ ᠪᠠᠷᠢᠮᠵᠢᠶ᠎ᠠ 》 3 ᠵᠦᠢᠯ᠎ᠦᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ ᠂ 《 ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠢᠯᠭᠠᠨ ᠲᠣᠳᠣᠯᠠᠬᠤ ᠪᠠᠷᠢᠮᠵᠢᠶ᠎ᠠ᠎ᠶᠢᠨ ᠶᠡᠷᠦᠩᠬᠡᠢ ᠳᠦᠷᠢᠮ 》 ᠪᠠ 《 ᠮᠥᠬᠥᠯᠢᠭ ᠬᠤᠷᠳᠤᠳᠬᠠᠭᠤᠷ᠎ᠤᠨ ᠰᠠᠴᠤᠷᠠᠯᠲᠠ᠎ᠶᠢᠨ ᠠᠮᠤᠷ ᠲᠦᠪᠰᠢᠨ ᠬᠢᠭᠡᠳ ᠰᠡᠷᠭᠡᠢᠯᠡᠨ ᠬᠠᠮᠠᠭᠠᠯᠠᠬᠤ ᠲᠣᠭᠲᠠᠭᠠᠯ 》᠎ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ᠎ᠪᠡᠨ ᠪᠠᠲᠤᠯᠠᠪᠠ᠃
      6. ᠵᠢᠷᠭᠤᠳᠤᠭᠠᠷ ᠤᠳᠠᠭᠠᠨ᠎ᠤ ᠳᠤᠮᠳᠠᠳᠤ ᠰᠢᠩᠭᠠᠫᠤᠷ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠰᠠᠢᠳ᠎ᠤᠨ ᠳᠡᠰ᠎ᠤᠨ ᠶᠠᠷᠢᠯᠴᠠᠭ᠎ᠠ ᠪᠡᠭᠡᠵᠢᠩ᠎ᠳᠦ ᠬᠤᠷᠠᠯᠳᠤᠪᠠ
      8 ᠰᠠᠷ᠎ᠠ᠎ᠶᠢᠨ 29᠎ᠦ ᠡᠳᠦᠷ ᠂ ᠵᠢᠷᠭᠤᠳᠤᠭᠠᠷ ᠤᠳᠠᠭᠠᠨ᠎ᠤ ᠳᠤᠮᠳᠠᠳᠤ ᠰᠢᠩᠭᠠᠫᠤᠷ᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠰᠠᠢᠳ᠎ᠤᠨ ᠲᠠᠰ᠎ᠤᠨ ᠶᠠᠷᠢᠯᠴᠠᠭ᠎ᠠ ᠪᠡᠭᠡᠵᠢᠩ᠎ᠳᠦ ᠬᠤᠷᠠᠯᠳᠤᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠰᠢᠨ᠎ᠡ ᠽᠢᠯᠠᠨᠳ᠋᠎ᠤᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠶᠠᠮᠤᠨ᠎ᠤ ᠰᠠᠢᠳ ᠰᠢᠮᠤᠨ · ᠸᠤᠽ ᠲᠠᠢ ᠠᠭᠤᠷ ᠠᠮᠢᠰᠬᠤᠯ᠎ᠤᠨ ᠬᠦᠷᠢᠶᠡᠨ᠎ᠳᠡᠬᠢ ᠬᠣᠶᠠᠷ ᠲᠠᠯ᠎ᠠ᠎ᠶᠢᠨ ᠬᠠᠮᠲᠤᠷᠠᠯᠴᠠᠭ᠎ᠠ᠂ ᠲᠤᠰ ᠲᠤᠰ᠎ᠤᠨ ᠤᠯᠤᠰ᠎ᠤᠨ ᠳᠣᠲᠣᠭᠠᠳᠤ᠎ᠶᠢᠨ ᠠᠭᠤᠷ ᠠᠮᠢᠰᠬᠤᠯ᠎ᠤᠨ ᠲᠦᠷᠦ᠎ᠶᠢᠨ ᠪᠣᠳᠣᠯᠭ᠎ᠠ᠂ ᠠᠭᠤᠷ ᠠᠮᠢᠰᠬᠤᠯ᠎ᠤᠨ ᠤᠯᠠᠨ ᠲᠠᠯ᠎ᠠ᠎ᠶᠢᠨ ᠠᠬᠢᠴᠠ ᠵᠡᠷᠭᠡ ᠵᠥᠪᠯᠡᠬᠦ ᠰᠡᠳᠦᠪ᠎ᠦᠨ ᠲᠤᠬᠠᠢ ᠭᠦᠨᠵᠡᠭᠡᠢ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠤᠤ᠂ ᠰᠢᠨ᠎ᠡ ᠽᠢᠯᠠᠨᠳ᠋᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ ᠴᠢᠶᠣᠤ ᠸᠧᠨ ᠪᠥᠸᠧ ᠶᠠᠷᠢᠯᠴᠠᠭᠠᠨ᠎ᠤ ᠠᠵᠢᠯᠯᠠᠭ᠎ᠠ᠎ᠳᠤ ᠣᠷᠣᠯᠴᠠᠪᠠ᠃
      7. ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠡᠮᠦᠨᠡᠲᠦ ᠡᠮᠦᠨᠡᠲᠦ᠎ᠶᠢᠨ ᠬᠠᠮᠲᠤᠷᠠᠯᠴᠠᠭᠠᠨ᠎ᠤ 《 ᠵᠣᠭᠰᠣᠯᠲᠠ ᠣᠶ᠋ᠢᠷᠠᠯᠴᠠᠭ᠎ᠠ ᠪᠠᠢᠭ᠎ᠠ ᠬᠥᠭᠵᠢᠵᠦ ᠪᠠᠢᠭ᠎ᠠ ᠤᠯᠤᠰ 》᠎ᠤᠨ ᠰᠤᠳᠤᠯᠤᠨ ᠶᠠᠷᠢᠯᠴᠠᠬᠤ ᠠᠩᠭᠢ ᠳᠤᠮᠳᠠᠳᠤ ᠤᠯᠤᠰ᠎ᠲᠤ ᠶᠠᠪᠤᠭᠳᠠᠪᠠ
      2025 ᠣᠨ᠎ᠤ 8 ᠰᠠᠷ᠎ᠠ᠎ᠶᠢᠨ 25᠎ᠤ ᠡᠳᠦᠷ᠎ᠡᠴᠡ 29᠎ᠦ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ 《 ᠭᠤᠷᠪᠠᠳᠤᠭᠠᠷ ᠶᠢᠷᠲᠢᠨᠴᠦ᠎ᠶᠢᠨ ᠰᠦᠯᠵᠢᠶ᠎ᠡ 》 ᠡᠴᠡ ᠬᠠᠮᠲᠤᠷᠠᠨ ᠡᠷᠬᠢᠯᠡᠭᠰᠡᠡ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠡᠮᠦᠨᠡᠲᠦ ᠡᠮᠦᠨᠡᠲᠦ᠎ᠶᠢᠨ ᠬᠠᠮᠲᠤᠷᠠᠯᠴᠠᠭᠠᠨ᠎ᠤ 《 ᠵᠣᠭᠰᠣᠯᠲᠠ ᠣᠢᠷᠠᠯᠴᠠᠭ᠎ᠠ ᠪᠠᠢᠭ᠎ᠠ ᠬᠥᠭᠵᠢᠵᠦ ᠪᠠᠢᠭ᠎ᠠ ᠤᠯᠤᠰ 》 ( LMDC )᠎ᠤᠨ ᠰᠤᠳᠤᠯᠤᠨ ᠶᠠᠷᠢᠯᠴᠠᠬᠤ ᠠᠩᠭᠢ ᠴᠦᠩᠴᠢᠩ ᠬᠤᠳᠠ᠎ᠳᠤ ᠬᠤᠷᠠᠯᠳᠤᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠤᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃
      8. ᠠᠮᠢ ᠠᠬᠤᠢ ᠣᠷᠴᠢᠨ ᠲᠣᠭᠣᠷᠢᠨ᠎ᠤ ᠶᠠᠮᠤᠨ 8 ᠳ᠋ᠤᠭᠠᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ
      8 ᠰᠠᠷ᠎ᠠ᠎ᠶᠢᠨ 26᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 8 ᠳ᠋ᠤᠭᠠᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠰᠤ ᠠᠮᠢ ᠠᠬᠤᠢ ᠣᠷᠴᠢᠨ ᠲᠣᠭᠣᠷᠢᠨ᠎ᠤ ᠵᠤᠷᠭᠠᠨ᠎ᠤ ᠳᠠᠷᠤᠭ᠎ᠠ ᠵᠢᠶᠠᠩ ᠾᠦᠸᠸ᠋ ᠬᠤᠸᠠ ᠰᠣᠨᠢᠨ ᠮᠡᠳᠡᠭᠡ ᠨᠡᠢᠲᠡᠯᠡᠬᠦ ᠬᠤᠷᠠᠯ᠎ᠳᠤ ᠣᠷᠣᠯᠴᠠᠵᠤ᠂ ᠴᠡᠩᠭᠡᠭ ᠤᠰᠤ᠎ᠶᠢ ᠬᠠᠮᠠᠭᠠᠯᠠᠬᠤ ᠳᠠᠢᠯᠠᠯᠳᠤᠭᠠᠨ᠂ ᠦᠵᠡᠰᠬᠦᠯᠡᠩᠲᠦ ᠰᠠᠢᠬᠠᠨ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠬᠤ ᠪᠠ ᠪᠦᠲᠦᠭᠡᠨ ᠪᠠᠶ᠋ᠢᠭᠤᠯᠬᠤ ᠠᠬᠢᠴᠠ᠎ᠶᠢᠨ ᠪᠠᠢᠳᠠᠯ᠎ᠢ ᠲᠠᠨᠢᠯᠴᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠣᠨᠢᠨ ᠮᠡᠳᠡᠭᠡᠨ᠎ᠦ ᠥᠭᠦᠯᠡᠭᠴᠢ ᠫᠧᠢ ᠰᠢᠶᠣᠣ ᠹᠧᠢ ᠰᠣᠨᠢᠨ ᠮᠡᠳᠡᠭᠡ ᠨᠡᠢᠲᠡᠯᠡᠬᠦ ᠬᠤᠷᠠᠯ᠎ᠢ ᠡᠷᠭᠢᠯᠡᠵᠦ ᠂ ᠣᠢᠷ᠎ᠠ᠎ᠶᠢᠨ ᠬᠤᠭᠤᠴᠠᠭᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠣᠣᠯᠳᠠᠯᠭ᠎ᠠ᠎ᠲᠠᠢ ᠠᠵᠢᠯ᠎ᠤᠨ ᠠᠬᠢᠴᠠ᠎ᠶᠢ ᠵᠠᠷᠯᠠᠨ ᠮᠡᠳᠡᠭᠳᠡᠭᠰᠡᠨ ᠪᠥᠭᠡᠳ ᠬᠠᠮᠲᠤ᠎ᠪᠠᠷ ᠰᠤᠷᠪᠤᠯᠵᠢᠯᠠᠭ᠍ᠴᠢ᠎ᠶᠢᠨ ᠠᠰᠠᠭᠤᠯᠳᠠ᠎ᠶᠢ ᠬᠠᠷᠢᠭᠤᠯᠪᠠ᠃
      9. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠠᠵᠤ ᠦᠢᠯᠡᠳᠪᠦᠷᠢ᠎ᠶᠢᠨ ᠬᠦᠷᠢᠶᠡᠨ᠎ᠳᠡᠬᠢ ᠠᠽᠣᠲ᠎ᠤᠨ ᠳᠤᠲᠠᠭᠤ ᠢᠰᠦᠯ᠎ᠦᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠵᠢᠯᠯᠠᠭᠠᠨ᠎ᠤ ᠲᠥᠰᠥᠯ 》᠎ᠦᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ
      ᠣᠢᠷ᠎ᠠ᠎ᠳᠤ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠲᠠᠢ ᠬᠠᠮᠲᠤᠷᠠᠨ 《 ᠠᠵᠤ ᠦᠢᠯᠡᠳᠪᠦᠷᠢ᠎ᠶᠢᠨ ᠬᠦᠷᠢᠶᠡᠨ᠎ᠳᠡᠬᠢ ᠠᠽᠣᠲ᠎ᠤᠨ ᠳᠤᠲᠠᠭᠤ ᠢᠰᠦᠯ᠎ᠦᠨ ᠭᠠᠳᠠᠭᠰᠢᠯᠠᠭᠤᠯᠤᠯᠲᠠ᠎ᠶᠢ ᠬᠢᠵᠠᠭᠠᠷᠯᠠᠬᠤ ᠠᠵᠢᠯᠯᠠᠭᠠᠨ᠎ᠤ ᠲᠥᠰᠥᠯ 》 ( ᠳᠣᠷᠣᠭ᠍ᠰᠢ 《 ᠲᠥᠰᠥᠯ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠪᠠ ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ 《 ᠲᠥᠰᠥᠯ 》᠎ᠤᠨ ᠬᠣᠯᠪᠣᠭᠳᠠᠯ ᠪᠦᠬᠦᠢ ᠪᠠᠢᠳᠠᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
      10. ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ 7 ᠳ᠋ᠤᠭᠠᠷ ᠰᠠᠷ᠎ᠠ᠎ᠶᠢᠨ ᠪᠦᠬᠦ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠨᠡᠢᠲᠡᠯᠡᠪᠡ
           ᠠᠮᠢ ᠠᠬᠤᠢ ᠣᠷᠴᠢᠨ ᠲᠣᠭᠣᠷᠢᠨ᠎ᠤ ᠶᠠᠮᠤᠨ 8 ᠰᠠᠷ᠎ᠠ᠎ᠶᠢᠨ 25᠎ᠤ ᠡᠳᠦᠷ ᠵᠠᠭᠤᠴᠢᠯᠠᠭᠤᠷ᠎ᠲᠤ 2025 ᠣᠨ᠎ᠤ 7 ᠳ᠋ᠤᠭᠠᠷ ᠰᠠᠷ᠎ᠠ᠎ᠶᠢᠨ ᠪᠦᠬᠦ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠢᠳᠠᠯ᠎ᠢ ᠨᠡᠢᠲᠡᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号