1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠬᠠᠷᠠᠮᠥ᠋ᠷᠡᠨ ᠮᠤᠵᠢ᠂ ᠭᠢᠷᠢᠨ ᠮᠤᠵᠢ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠢᠴᠠᠭᠠᠨ ᠰᠤᠳᠤᠯᠪᠠ
9 ᠰᠠᠷ᠎ᠠ᠎ᠶᠢᠨ 9᠎ᠦ ᠡᠳᠦᠷ᠎ᠡᠴᠡ 12᠎ᠤᠨ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠬᠠᠷᠠᠮᠥ᠋ᠷᠡᠨ ᠮᠤᠵᠢ᠎ᠶᠢᠨ ᠬᠠᠷᠪᠢᠨ ᠬᠤᠳᠠ᠂ ᠳ᠋ᠠᠴᠢᠩ ᠬᠤᠳᠠ᠂ ᠬᠢᠷᠢᠨ ᠮᠤᠵᠢ᠎ᠶᠢᠨ ᠰᠦᠩᠶᠤᠸᠠᠨ ᠬᠤᠳᠠ᠂ ᠴᠠᠩᠴᠦ᠋ᠨ ᠬᠤᠳᠠ᠂ ᠰᠧ ᠫᠢᠩ ᠬᠤᠳᠠ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠪᠠᠢᠴᠠᠭᠠᠨ ᠰᠤᠳᠤᠯᠵᠠᠢ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ 《 ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠣᠷᠭᠢᠯ ᠬᠡᠮᠵᠢᠭᠳᠡᠯ᠎ᠳᠦ ᠬᠦᠷᠭᠡᠬᠦ ᠪᠠ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠰᠠᠭᠠᠷᠮᠠᠭᠵᠢᠭᠤᠯᠬᠤ ᠠᠵᠢᠯ᠎ᠤᠨ ᠪᠠᠢᠳᠠᠯ᠎ᠤᠨ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠮᠡᠳᠡᠭᠦᠯᠦᠯᠲᠡ 》 ᠬᠢᠪᠡ
9 ᠰᠠᠷ᠎ᠠ᠎ᠶᠢᠨ 10᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠣᠯᠣᠳᠤᠭᠠᠷ ᠬᠤᠷᠠᠯᠳᠤᠭᠠᠨ ᠳᠡᠭᠡᠷ᠎ᠡ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠨᠠᠶ᠋ᠢᠳᠠᠯᠭ᠎ᠠ᠎ᠪᠠᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠪᠠ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠣᠷᠭᠢᠯ ᠬᠡᠮᠵᠢᠭᠳᠡᠯ᠎ᠳᠦ ᠬᠦᠷᠭᠡᠬᠦ ᠪᠠ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠰᠠᠭᠠᠷᠮᠠᠭᠵᠢᠭᠤᠯᠬᠤ ᠠᠵᠢᠯ᠎ᠤᠨ ᠪᠠᠢᠳᠠᠯ᠎ᠤᠨ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠮᠡᠳᠡᠭᠦᠯᠦᠯᠲᠡ ᠬᠢᠪᠡ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠫᠣᠷᠲ᠋ᠦ᠋ᠭᠠᠯ᠎ᠤᠨ ᠣᠷᠴᠢᠨ ᠲᠣᠭᠣᠷᠢᠨ ᠪᠣᠯᠣᠨ ᠡᠨᠧᠷᠭᠢ᠎ᠶᠢᠨ ᠰᠤᠷᠪᠤᠯᠵᠢ᠎ᠶᠢᠨ ᠶᠠᠮᠤᠨ᠎ᠤ ᠰᠠᠢᠳ ᠺᠠᠸᠠᠯᠢᠤᠸᠠᠢᠲᠠᠢ ᠠᠭᠤᠯᠵᠠᠪᠠ
9 ᠰᠠᠷ᠎ᠠ᠎ᠶᠢᠨ 10᠎ᠤ ᠡᠳᠦᠷ ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠫᠣᠷᠲ᠋ᠦ᠋ᠭᠠᠯ᠎ᠤᠨ ᠣᠷᠴᠢᠨ ᠲᠣᠭᠣᠷᠢᠨ ᠬᠢᠭᠡᠳ ᠡᠨᠧᠷᠭᠢ᠎ᠶᠢᠨ ᠰᠤᠷᠪᠤᠯᠵᠢ᠎ᠶᠢᠨ ᠶᠠᠮᠤᠨ᠎ᠤ ᠰᠠᠢᠳ ᠺᠠᠸᠠᠯᠢᠶᠤᠸᠠᠢ ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠠᠮᠢ ᠠᠬᠤᠢ ᠣᠷᠴᠢᠨ ᠲᠣᠭᠣᠷᠢᠨ᠎ᠤ ᠬᠠᠮᠲᠤᠷᠠᠯᠴᠠᠭ᠎ᠠ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠬᠤ ᠵᠡᠷᠭᠡ ᠬᠠᠮᠲᠤ᠎ᠪᠠᠷ ᠠᠩᠬᠠᠷᠴᠤ ᠪᠠᠢᠭ᠎ᠠ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃
4. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠲᠤᠬᠠᠢ ᠪᠧᠢᠯᠦᠨᠤ ᠶᠡᠬᠡ ᠬᠤᠷᠠᠯ᠎ᠤᠨ ᠭᠦᠢᠴᠡᠳᠭᠡᠭᠴᠢ ᠡᠷᠬᠢᠯᠡᠭᠴᠢ ᠠᠨᠨᠠ·ᠲᠤᠨᠢ᠎ᠲᠠᠢ ᠠᠭᠤᠯᠵᠠᠪᠠ
9 ᠰᠠᠷ᠎ᠠ᠎ᠶᠢᠨ 12᠎ᠤᠨ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠡᠭᠡᠵᠢᠩ᠎ᠳᠦ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢᠨ ᠪᠧᠢᠯᠦᠨᠤ ᠶᠡᠬᠡ ᠬᠤᠷᠠᠯ ( COP30 )᠎ᠤᠨ ᠭᠦᠢᠴᠡᠳᠭᠡᠭᠴᠢ ᠡᠷᠬᠢᠯᠡᠭᠴᠢ ᠠᠨᠨᠠ·ᠳᠤᠨᠢ ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠪᠦᠬᠦ ᠪᠥᠮᠪᠥᠷᠴᠡᠭ᠎ᠦᠨ ᠠᠭᠤᠷ ᠠᠮᠢᠰᠬᠤᠯ᠎ᠤᠨ ᠵᠠᠰᠠᠯᠲᠠ᠎ᠶᠢᠨ ᠤᠯᠠᠨ ᠲᠠᠯ᠎ᠠ᠎ᠶᠢᠨ ᠠᠬᠢᠴᠠ᠂ COP30 ᠵᠢᠨ ᠦᠷ᠎ᠡ ᠪᠦᠲᠦᠭᠡᠯ ᠵᠡᠷᠭᠡ ᠬᠠᠮᠲᠤ᠎ᠪᠠᠷ ᠠᠩᠬᠠᠷᠴᠤ ᠪᠠᠢᠭ᠎ᠠ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃
5. ᠭᠤᠷᠪᠠᠳᠤᠭᠠᠷ ᠬᠤᠭᠤᠴᠠᠭᠠᠨ᠎ᠤ ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠬᠠᠢ ᠰᠤᠳᠤᠯᠤᠨ ᠶᠠᠷᠢᠯᠴᠠᠬᠤ ᠬᠤᠷᠠᠯ ᠱᠠᠩᠬᠠᠢ᠎ᠳᠤ ᠠᠮᠵᠢᠯᠲᠠ᠎ᠲᠠᠢ᠎ᠪᠠᠷ ᠶᠠᠪᠤᠭᠳᠠᠪᠠ
9 ᠰᠠᠷ᠎ᠠ᠎ᠶᠢᠨ 13᠎ᠤ ᠡᠳᠦᠷ᠂ ᠭᠤᠷᠪᠠᠳᠤᠭᠠᠷ ᠬᠤᠭᠤᠴᠠᠭᠠᠨ᠎ᠤ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠤᠳᠤᠯᠤᠨ ᠶᠠᠷᠢᠯᠴᠠᠬᠤ ᠬᠤᠷᠠᠯ ᠱᠠᠩᠬᠠᠢ᠎ᠳᠤ ᠠᠮᠵᠢᠯᠲᠠ᠎ᠲᠠᠢ ᠬᠤᠷᠠᠯᠳᠤᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠯᠢ ᠭᠤᠤ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃
6. ᠭᠤᠷᠪᠠᠳᠤᠭᠠᠷ ᠡᠭᠡᠯᠵᠢ᠎ᠶᠢᠨ ᠳᠥᠷᠪᠡᠳᠦᠭᠡᠷ ᠪᠦᠯᠦᠭ᠎ᠦᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠯᠲᠠ ᠨᠢ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠬᠠᠬᠤ ᠠᠵᠢᠯ᠎ᠢ ᠳᠠᠭᠤᠰᠬᠠᠪᠠ
ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ ᠂ 2025 ᠣᠨ᠎ᠤ 9 ᠰᠠᠷ᠎ᠠ᠎ᠶᠢᠨ 11᠎ᠦ ᠡᠳᠦᠷ᠎ᠡᠴᠡ 13᠎ᠤ ᠡᠳᠦᠷ ᠪᠣᠯᠲᠠᠯ᠎ᠠ ᠂ ᠭᠤᠷᠪᠠᠳᠤᠭᠠᠷ ᠡᠭᠡᠯᠵᠢ᠎ᠶᠢᠨ ᠳᠥᠷᠪᠡᠳᠦᠭᠡᠷ ᠪᠦᠯᠦᠭ᠎ᠦᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠲᠣᠰ ᠲᠣᠰ ᠱᠠᠨ ᠰᠢ᠂ ᠥᠪᠥᠷ ᠮᠣᠩᠭᠣᠯ᠂ ᠱᠠᠨᠳᠦ᠋ᠩ᠂ ᠱᠠᠨᠰᠢ ᠂ ᠨᠢᠩᠰᠢᠶᠠ ᠵᠡᠷᠭᠡ 5 ᠮᠤᠵᠢ ( ᠣᠷᠣᠨ ) ᠵᠢᠴᠢ ᠳᠤᠮᠳᠠᠳᠤ ᠤᠯᠤᠰ᠎ᠤᠨ ᠬᠤᠸᠠ ᠨᠧᠩ ᠪᠦᠯᠦᠭᠯᠡᠯ᠎ᠦᠨ ᠬᠢᠵᠠᠭᠠᠷᠲᠤ ᠺᠣᠮᠫᠠᠨᠢ ᠂ ᠳᠤᠮᠳᠠᠳᠤ ᠤᠯᠤᠰ᠎ᠤᠨ ᠳᠠ ᠲᠠᠩ ᠪᠦᠯᠦᠭᠯᠡᠯ᠎ᠦᠨ ᠬᠢᠵᠠᠭᠠᠷᠲᠤ ᠺᠣᠮᠫᠠᠨᠢ᠂ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ ᠵᠡᠷᠭᠡ 3 ᠲᠥᠪ᠎ᠦᠨ ᠠᠵᠤ ᠠᠬᠤᠢᠯᠠᠯ᠎ᠳᠤ ᠱᠠᠯᠠᠪᠳᠠᠭᠤᠯᠤᠨ ᠪᠠᠢᠴᠠᠭᠠᠭᠰᠠᠨ ᠪᠠᠢᠳᠠᠯ᠎ᠢᠶᠠᠨ ᠬᠠᠷᠢᠭᠤ ᠲᠤᠰᠬᠠᠪᠠ ᠃ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠱᠠᠯᠠᠪᠳᠠᠭᠤᠯᠤᠨ ᠪᠠᠢᠴᠠᠭᠠᠭᠰᠠᠨ ᠮᠡᠳᠡᠭᠦᠯᠦᠯᠲᠡ᠎ᠶᠢ ᠤᠩᠰᠢᠨ ᠨᠡᠢᠲᠡᠯᠡᠵᠦ᠂ ᠮᠤᠵᠢ ( ᠥᠪᠡᠷᠲᠡᠭᠡᠨ ᠵᠠᠰᠠᠬᠤ ᠣᠷᠣᠨ ) ᠵᠢᠨ ᠨᠠᠮ᠎ᠤᠨ ᠬᠣᠷᠢᠶ᠎ᠠ᠎ᠶᠢᠨ ᠱᠦᠵᠢ ᠪᠤᠶᠤ ᠪᠦᠯᠦᠭᠯᠡᠯ ᠺᠣᠮᠫᠠᠨᠢ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠣᠪᠣᠷ᠎ᠢᠶᠠᠨ ᠢᠯᠡᠳᠬᠡᠬᠦ ᠶᠠᠷᠢᠶ᠎ᠠ ᠲᠠᠯᠪᠢᠪᠠ᠃ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠳᠡᠳ᠋ ᠳᠠᠷᠤᠭ᠎ᠠ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠠᠮᠢᠶ᠎ᠠ ᠪᠦᠬᠦᠢ ᠬᠥᠮᠥᠰ᠂ ᠱᠠᠯᠠᠪᠳᠠᠭᠤᠯᠤᠨ ᠪᠠᠢᠴᠠᠭᠠᠭᠳᠠᠬᠤ ᠡᠲᠡᠭᠡᠳ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃
7. ᠬᠣᠶᠠᠳᠤᠭᠠᠷ ᠪᠦᠯᠦᠭ᠎ᠦᠨ ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠲᠤ ᠭᠡᠨᠡᠳᠲᠡ ᠡᠭᠦᠰᠦᠭᠰᠡᠨ ᠤᠰᠤᠨ᠎ᠤ ᠪᠣᠬᠢᠷᠲᠤᠯ᠎ᠤᠨ ᠬᠡᠷᠡᠭ᠎ᠦᠨ ᠣᠷᠴᠢᠨ ᠲᠣᠭᠣᠷᠢᠨ᠎ᠤ ᠪᠠᠴᠢᠮ ᠪᠠᠢᠳᠠᠯ᠎ᠢ ᠠᠷᠭᠠᠴᠠᠬᠤ ᠭᠤᠷᠪᠠᠨ ᠱᠠᠲᠤᠨ᠎ᠤ ᠰᠡᠷᠭᠡᠢᠯᠡᠨ ᠡᠵᠡᠮᠳᠡᠬᠦ ᠰᠢᠰᠲᠧᠮ᠎ᠦᠨ ᠪᠠᠢᠭᠤᠯᠤᠯᠲᠠ ᠵᠢᠴᠢ 《 ᠨᠢᠭᠡ ᠬᠦᠷᠢᠶᠡᠯᠡᠩ᠎ᠳᠦ ᠨᠢᠭᠡ ᠪᠣᠳᠣᠯᠭ᠎ᠠ ᠨᠢᠭᠡ ᠵᠢᠷᠤᠭ 》᠎ᠤᠨ ᠲᠤᠷᠰᠢᠯᠲᠠ᠎ᠶᠢᠨ ᠠᠵᠢᠯ᠎ᠢ ᠡᠬᠢᠯᠡᠭᠦᠯᠪᠡ
ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠭᠡᠨᠡᠳᠲᠡ ᠡᠭᠦᠰᠦᠭᠰᠡᠨ ᠤᠰᠤᠨ᠎ᠤ ᠪᠣᠬᠢᠷᠲᠤᠯ᠎ᠤᠨ ᠬᠡᠷᠡᠭ᠎ᠦᠨ ᠣᠷᠴᠢᠨ ᠲᠣᠭᠣᠷᠢᠨ᠎ᠤ ᠪᠠᠴᠢᠮ ᠪᠠᠢᠳᠠᠯ᠎ᠢ ᠠᠷᠭᠠᠴᠠᠬᠤ ᠭᠤᠷᠪᠠᠨ ᠱᠠᠲᠤᠨ᠎ᠤ ᠰᠡᠷᠭᠡᠢᠯᠡᠨ ᠡᠵᠡᠮᠳᠡᠬᠦ ᠰᠢᠰᠲᠧᠮ᠎ᠦᠨ ᠪᠠᠢᠭᠤᠯᠤᠯᠲᠠ ᠵᠢᠴᠢ 〈 ᠨᠢᠭᠡ ᠬᠦᠷᠢᠶᠡᠯᠡᠩ ᠨᠢᠭᠡ ᠪᠣᠳᠣᠯᠭ᠎ᠠ ᠨᠢᠭᠡ ᠵᠢᠷᠤᠭ 〉᠎ᠤᠨ ᠲᠤᠷᠰᠢᠯᠲᠠ᠎ᠶᠢᠨ ᠬᠦᠷᠢᠶᠡᠯᠡᠩ ᠲᠣᠭᠣᠷᠢᠭ᠋ ( ᠬᠣᠶᠠᠳᠤᠭᠠᠷ ᠪᠦᠯᠦᠭ )᠎ᠤᠨ ᠨᠡᠷᠡᠰ᠎ᠢ ᠨᠡᠢᠲᠡᠯᠡᠬᠦ ᠲᠤᠬᠠᠢ ᠮᠡᠳᠡᠭᠳᠡᠯ 》᠎ᠢ ᠳᠠᠷᠤᠮᠠᠯᠯᠠᠨ ᠲᠠᠷᠬᠠᠭᠠᠵᠤ ᠂ ᠲᠢᠶᠠᠨᠵᠢᠨ᠎ᠤ ᠨᠠᠨᠭᠠᠩ ᠠᠵᠤ ᠦᠢᠯᠡᠳᠪᠦᠷᠢ᠎ᠶᠢᠨ ᠲᠣᠭᠣᠷᠢᠭ᠋ ᠵᠡᠷᠭᠡ 46 ᠬᠢᠮᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠢ ᠬᠣᠶᠠᠳᠤᠭᠠᠷ ᠪᠦᠯᠦᠭ᠎ᠦᠨ ᠲᠤᠷᠰᠢᠯᠲᠠ᠎ᠶᠢᠨ ᠬᠦᠷᠢᠶᠡᠯᠡᠩ ᠲᠣᠭᠣᠷᠢᠭ᠋᠎ᠢᠶᠠᠷ ᠲᠣᠭᠲᠠᠭᠠᠪᠠ᠃