1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠬᠣᠶᠠᠷ ᠬᠤᠷᠠᠯ᠎ᠤᠨ 《ᠰᠠᠢ᠌ᠳ ᠨᠠᠷ᠎ᠤᠨ ᠵᠠᠮ》᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2025 ᠣᠨ᠎ᠤ 3 ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨ᠎ᠡ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢ᠌ᠲᠤ ᠶᠡᠬᠡ ᠲᠠᠩᠬᠢᠮ᠎ᠳᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠤ ᠬᠣᠶᠠᠳᠤᠭ᠋ᠠᠷ ᠲᠠᠯᠠᠪᠤᠷ 《ᠰᠠᠢ᠌ᠳ ᠨᠠᠷ᠎ᠤᠨ ᠵᠠᠮ》᠎ᠤᠨ ᠲᠥᠪᠯᠡᠷᠡᠭᠦᠯᠦᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠬᠤᠷᠠᠯ᠎ᠳᠤ ᠣᠷᠣᠯᠴᠠᠭᠰᠠᠨ ᠪᠥᠭᠡᠳ ᠵᠠᠭᠤᠴᠢᠯᠠᠭᠤᠷ᠎ᠤᠨ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠵᠠᠢ᠃
2. ᠠᠮᠢ ᠠᠬᠤᠢ ᠣᠷᠴᠢᠨ ᠲᠣᠭᠣᠷᠢᠨ᠎ᠤ ᠶᠠᠮᠤᠨ 《3.8》᠎ᠤ ᠳᠡᠯᠡᠬᠡᠢ ᠵᠢᠨ ᠡᠮᠡᠭᠲᠡᠶ᠋ᠢᠴᠦᠳ᠎ᠤᠨ ᠪᠠᠶᠠᠷ᠎ᠢ ᠳᠤᠷᠠᠰᠬᠠᠬᠤ ᠠᠵᠢᠯᠯᠠᠭ᠎ᠠ ᠶᠠᠪᠤᠭᠤᠯᠪᠠ
3 ᠰᠠᠷ᠎ᠠ ᠵᠢᠨ 6᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ 《3 · 8》᠎ᠤ ᠳᠡᠯᠡᠬᠡᠢ ᠵᠢᠨ ᠡᠮᠡᠭᠲᠡᠶ᠋ᠢᠴᠦᠳ᠎ᠤᠨ ᠪᠠᠶᠠᠷ᠎ᠢ ᠳᠤᠷᠠᠰᠬᠠᠬᠤ ᠠᠵᠢᠯᠯᠠᠭ᠎ᠠ ᠥᠷᠨᠢᠭᠦᠯᠵᠦ᠂ ᠶᠠᠮᠤᠨ᠎ᠤ ᠰᠢᠰᠲ᠋ᠧᠮ᠎ᠤᠨ ᠪᠥᠬᠥ ᠡᠮᠡᠭᠲᠡᠢ ᠺᠠᠳ᠋ᠷ ᠠᠵᠢᠯᠲᠠᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠰᠠᠶ᠋ᠢᠨ ᠰᠠᠢ᠌ᠬᠠᠨ ᠵᠥᠩᠨᠡᠯ ᠳᠡᠪᠰᠢᠭᠦᠯᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠰᠠᠢ᠌ᠳ ᠢᠦᠢ ᠬᠤᠢ ᠸᠸᠨ ᠠᠵᠢᠯᠯᠠᠭ᠎ᠠ᠎ᠳᠤ ᠣᠷᠣᠯᠴᠠᠵᠤ ᠶᠠᠷᠢᠶ᠎ᠠ ᠲᠠᠯᠪᠢᠵᠠᠢ᠃
3. ᠠᠮᠢ ᠠᠬᠤᠢ ᠣᠷᠴᠢᠨ ᠲᠣᠭᠣᠷᠢᠨ᠎ᠤ ᠶᠠᠮᠤᠨ (ᠤᠯᠤᠰ᠎ᠤᠨ ᠴᠥᠮ᠎ᠡ ᠵᠢᠨ ᠠᠶᠤᠯᠭᠦᠢ ᠵᠢᠨ ᠲᠣᠪᠴᠢᠶ᠎ᠠ) ᠪᠣᠯᠣᠨ ᠳᠤᠮᠳᠠᠳᠤ ᠤᠯᠤᠰ᠎ᠤᠨ ᠴᠥᠮ᠎ᠡ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠴᠥᠮ᠎ᠡ ᠵᠢᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠣᠨ᠎ᠢ ᠶᠠᠷᠢᠯᠴᠠᠭ᠎ᠠ ᠵᠢᠨ ᠬᠤᠷᠠᠯ ᠬᠤᠷᠠᠯᠳᠤᠭᠤᠯᠪᠠ
2025 ᠣᠨ᠎ᠤ 3 ᠰᠠᠷ᠎ᠠ ᠵᠢᠨ 6᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ (ᠤᠯᠤᠰ᠎ᠤᠨ ᠴᠥᠮ᠎ᠡ ᠵᠢᠨ ᠠᠶᠤᠯᠭᠦᠢ ᠵᠢᠨ ᠲᠣᠪᠴᠢᠶ᠎ᠠ) ᠪᠣᠯᠣᠨ ᠳᠤᠮᠳᠠᠳᠤ ᠤᠯᠤᠰ᠎ᠤᠨ ᠴᠥᠮ᠎ᠡ ᠵᠢᠨ ᠠᠵᠤ ᠦᠢ᠍ᠯᠡᠳᠪᠦᠷᠢ ᠵᠢᠨ ᠪᠦᠯᠦᠭᠯᠡᠯ ᠴᠥᠮ᠎ᠡ ᠵᠢᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠣᠨ᠎ᠤ ᠶᠠᠷᠢᠯᠴᠠᠭ᠎ᠠ ᠵᠢᠨ ᠬᠤᠷᠠᠯ ᠬᠤᠷᠠᠯᠳᠤᠭᠤᠯᠵᠤ᠂ ᠭᠣᠣᠯᠳᠠᠯᠭ᠎ᠠ᠎ᠲᠠᠢ ᠠᠩᠬᠠᠷᠴᠤ ᠪᠠᠢ᠌ᠭ᠎ᠠ ᠴᠥᠮ᠎ᠡ ᠵᠢᠨ ᠠᠶᠤᠯᠭᠦᠢ ᠵᠢᠨ ᠠᠰᠠᠭᠤᠳᠠᠯ᠎ᠢ ᠬᠠᠷᠢᠭᠤ ᠲᠤᠰᠬᠠᠨ ᠰᠠᠨᠠᠯ ᠵᠶ᠋ᠠᠨ ᠰᠣᠯᠢᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ᠂ ᠤᠯᠤᠰ᠎ᠤᠨ ᠴᠥᠮ᠎ᠡ ᠵᠢᠨ ᠠᠶᠤᠯᠭᠦᠢ ᠵᠢᠨ ᠲᠣᠪᠴᠢᠶ᠎ᠠ ᠵᠢᠨ ᠳᠠᠷᠤᠭ᠎ᠠ ᠳ᠋ᠦᠩ ᠪᠦᠦ ᠲᠦᠩ ᠬᠤᠷᠠᠯ᠎ᠢ ᠡᠷᠬᠢᠯᠡᠵᠦ᠂ ᠳᠤᠮᠳᠠᠳᠤ ᠤᠯᠤᠰ᠎ᠤᠨ ᠴᠥᠮ᠎ᠡ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠶᠡᠷᠦᠩᠬᠡᠢ ᠳᠠᠭ᠋ᠠᠭ᠋ᠠᠮᠠᠯ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ ᠱᠧᠨ ᠶᠠᠨ ᠹᠧᠩ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠶᠡᠷᠦᠩᠬᠡᠢ ᠳᠠᠭ᠋ᠠᠭ᠋ᠠᠮᠠᠯ ᠵᠠᠩ ᠺᠠᠢ ᠨᠠᠷ ᠣᠷᠣᠯᠴᠠᠪᠠ᠃
4. ᠪᠦᠬᠦ ᠤᠯᠤᠰ᠎ᠤᠨ ᠬᠦᠯᠡᠮᠵᠢ ᠵᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ ᠵᠢ ᠰᠠᠶ᠋ᠢᠨ ᠳᠤᠷ᠎ᠠ᠎ᠠᠴᠠ᠎ᠪᠠᠨ ᠪᠠᠭ᠋ᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠲᠦᠷᠦᠭᠦᠦ ᠪᠦᠯᠦᠭ᠎ᠤᠨ ᠰᠠᠶ᠋ᠢᠨ ᠳᠤᠷ᠎ᠠ᠎ᠠᠴᠠ᠎ᠪᠠᠨ ᠭᠠᠳᠠᠭᠰᠢᠯᠠᠭᠤᠯᠤᠯᠲᠠ ᠵᠢ ᠪᠠᠭ᠋ᠠᠰᠬᠠᠭᠰᠠᠨ ᠬᠡᠮᠵᠢᠶ᠎ᠡ ᠵᠢ ᠬᠠᠷᠭᠤᠭᠤᠯᠤᠨ ᠭᠡᠷᠡᠴᠢᠯᠡᠵᠦ ᠲᠠᠩᠰᠠᠯᠠᠵᠤ ᠳᠠᠭᠤᠰᠬᠠᠪᠠ
3 ᠰᠠᠷ᠎ᠠ ᠵᠢᠨ 6᠎ᠤ ᠡᠳᠦᠷ᠂ ᠪᠥᠬᠥ ᠤᠯᠤᠰ᠎ᠤᠨ ᠬᠦᠯᠡᠮᠵᠢ ᠵᠢᠨ ᠬᠡᠢ ᠪᠡᠶᠡᠲᠦ ᠵᠢᠨ ᠰᠠᠶ᠋ᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ (ᠳᠣᠷᠣᠭᠰᠢ 《ᠰᠠᠶ᠋ᠢᠨ ᠳᠤᠷ᠎ᠠ ᠵᠢᠨ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ》 ᠭᠡᠵᠦ ᠲᠣᠪᠴᠢᠯᠠᠨ᠎ᠠ)᠎ᠤᠨ ᠲᠦᠷᠦᠭᠦᠸ᠋ ᠪᠦᠯᠦᠭ᠎ᠤᠨ ᠰᠠᠶ᠋ᠢᠨ ᠳᠤᠷ᠎ᠠ᠎ᠠᠴᠠ᠎ᠪᠠᠨ ᠭᠠᠳᠠᠭᠰᠢᠯᠠᠭᠤᠯᠤᠯᠲᠠ ᠵᠢ ᠪᠠᠭ᠋ᠠᠰᠬᠠᠭᠰᠠᠨ ᠬᠡᠮᠵᠢᠶ᠎ᠡ ᠵᠢ ᠬᠠᠷᠭᠤᠭᠤᠯᠤᠨ ᠭᠡᠷᠡᠴᠢᠯᠡᠵᠦ (CCER) ᠲᠠᠩᠰᠠᠯᠠᠵᠤ ᠳᠠᠭᠤᠰᠬᠠᠪᠠ᠃ ᠡᠨᠡ ᠪᠣᠯ ᠮᠠᠨ᠎ᠤ ᠤᠯᠤᠰ᠎ᠤᠨ ᠰᠠᠢ᠍ᠢ᠍ᠨ ᠳᠤᠷ᠎ᠠ ᠵᠢᠨ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠣᠯᠣᠭᠰᠠᠨ ᠴᠢᠬᠤᠯᠠ ᠮᠥᠨ ᠴᠢᠨᠠᠷ᠎ᠤᠨ ᠠᠬᠢᠴᠠ ᠪᠠᠢ᠌ᠵᠤ᠂ ᠮᠠᠨ᠎ᠤ ᠤᠯᠤᠰ᠎ᠤᠨ ᠨᠡᠩ ᠥᠷᠭᠡᠨ ᠳᠡᠯᠭᠡᠷ ᠠᠵᠢᠯ ᠳᠦᠷᠦᠯ᠎ᠤᠨ ᠠᠵᠤ ᠠᠬᠤᠢ᠌ᠯᠠᠯ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠳᠤ ᠣᠷᠣᠯᠴᠠᠬᠤ ᠵᠢ ᠠᠬᠢᠭᠤᠯᠬᠤ ᠪᠠ ᠵᠣᠷᠢᠭᠵᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
5. 《ᠠᠵᠤ ᠠᠬᠤᠢ᠌ᠯᠠᠯ᠎ᠤᠨ ᠬᠦᠯᠡᠮᠵᠢ ᠵᠢᠨ ᠬᠡᠢ ᠪᠡᠶᠡᠲᠦ ᠵᠢᠨ ᠮᠡᠳᠡᠭᠡ ᠵᠠᠩᠭᠢ ᠵᠢ ᠰᠠᠶ᠋ᠢᠨ ᠳᠤᠷ᠎ᠠ᠎ᠠᠴᠠ᠎ᠪᠠᠨ ᠨᠡᠢ᠌ᠲᠡᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠬᠦᠯᠡᠮᠵᠢ ᠵᠢᠨ ᠬᠡᠢ ᠪᠡᠶᠡᠲᠦ ᠵᠢᠨ ᠮᠡᠳᠡᠭᠡ ᠵᠠᠩᠭᠢ ᠵᠢ ᠰᠠᠢ᠍ᠢ᠍ᠨ ᠳᠤᠷ᠎ᠠ᠎ᠠᠴᠠ᠎ᠪᠠᠨ ᠨᠡᠢ᠌ᠲᠡᠯᠡᠬᠦ ᠪᠣᠯ ᠠᠵᠤ ᠠᠬᠤᠢ᠌ᠯᠠᠯ᠎ᠤᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠡᠵᠡᠮᠳᠡᠬᠦ ᠭᠣᠣᠯ ᠴᠣᠭᠴᠠ ᠵᠢᠨ ᠬᠠᠷᠢᠭᠤᠴᠠᠯᠭ᠎ᠠ ᠪᠠ ᠬᠦᠰᠡᠯ ᠡᠷᠡᠮᠡᠯᠵᠡᠯ᠎ᠢ ᠴᠢᠩᠭ᠋ᠠᠷᠠᠭᠤᠯᠵᠤ᠂ ᠠᠵᠤ ᠠᠬᠤᠢ᠌ᠯᠠᠯ᠎ᠤᠨ ᠠᠭᠤᠷ ᠠᠮᠢᠰᠬᠤᠯ᠎ᠤᠨ ᠠᠶᠤᠯ ᠲᠦᠭᠰᠢᠭᠦᠷᠢ ᠵᠢ ᠠᠷᠭ᠋ᠠᠴᠠᠬᠤ ᠴᠢᠳᠠᠪᠤᠷᠢ ᠪᠠ ᠢᠯᠡ ᠲᠣᠳᠣ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠠ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠣᠭᠲᠠᠴᠠ ᠵᠢ ᠪᠦᠷᠢᠨᠰᠢᠭᠦᠯᠬᠦ ᠴᠢᠬᠤᠯᠠ ᠠᠷᠭ᠎ᠠ ᠪᠣᠯᠣᠨ᠎ᠠ᠃ 《ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠭᠦᠷᠡᠰᠦᠲᠦ᠋ᠷᠦᠭᠴᠢ ᠵᠢ ᠣᠷᠭᠢᠯ ᠬᠡᠮᠵᠢᠭᠳᠡᠯ᠎ᠳᠤ ᠬᠦᠷᠭᠡᠵᠦ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ ᠠᠵᠢᠯ᠎ᠢ ᠰᠠᠶ᠋ᠢᠲᠤᠷ ᠬᠢᠬᠦ ᠲᠤᠬᠠᠢ ᠳᠤᠮᠳᠠᠳᠤ ᠡᠣᠯᠣᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠣᠯᠣᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠡᠣᠯᠣᠰ᠎ᠤᠨ ᠡᠪ ᠬᠠᠮᠳ᠋ᠪ᠊ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》 《ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢ᠌ᠰᠢ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠣᠯᠣᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 ᠵᠡᠷᠭᠡ ᠴᠢᠬᠤᠯᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠬᠦᠯᠡᠮᠵᠢ ᠵᠢᠨ ᠬᠡᠢ ᠪᠡᠶᠡᠲᠦ ᠵᠢᠨ ᠮᠡᠳᠡᠭᠡ ᠵᠠᠩᠭᠢ ᠵᠢ ᠰᠠᠶ᠋ᠢᠨ ᠳᠤᠷ᠎ᠠ᠎ᠠᠴᠠ᠎ᠪᠠᠨ ᠨᠡᠢ᠌ᠲᠡᠯᠡᠬᠦ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠠᠵᠤ ᠠᠬᠤᠢ᠌ᠯᠠᠯ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠪᠥᠬᠥ ᠲᠠᠯ᠎ᠠ᠎ᠪᠠᠷ ᠬᠤᠪᠢᠷᠠᠭᠤᠯᠤᠨ ᠬᠥᠭᠵᠢᠭᠦᠯᠬᠦ ᠵᠢ ᠪᠦᠲᠦᠮᠵᠢᠲᠡᠢ ᠠᠬᠢᠭᠤᠯᠬᠤ ᠵᠢᠨ ᠲᠥᠯᠥᠭᠡ᠂ ᠲᠣᠰ ᠰᠠᠨᠠᠯ᠎ᠢ ᠲᠣᠭᠲᠠᠭ᠋ᠠᠪᠠ᠃