ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠠᠷᠪᠠᠨ ᠨᠢᠭᠡᠳᠦᠭᠡᠷ ᠤᠳᠠᠭ᠎ᠠ ᠵᠢᠨ ᠠᠯᠳᠠᠨ ᠲᠣᠭᠣᠰᠬ᠎ᠠ ᠤᠯᠤᠰ᠎ᠤᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ ᠵᠢᠴᠢ ᠬᠠᠮᠢᠶ᠎ᠠ ᠪᠦᠬᠦᠢ ᠠᠵᠢᠯᠯᠠᠭ᠎ᠠ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-04-21

      4 ᠰᠠᠷ᠎ᠠ ᠵᠢᠨ 3᠎ᠤ ᠡᠳᠦᠷ᠂ ᠠᠷᠪᠠᠨ ᠨᠢᠭᠡᠳᠦᠭᠡᠷ ᠤᠳᠠᠭ᠎ᠠ ᠵᠢᠨ ᠠᠯᠳᠠᠨ ᠲᠣᠭᠣᠰᠬ᠎ᠠ ᠤᠯᠤᠰ᠎ᠤᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ ᠪᠷᠠᠽᠢᠯ᠎ᠤᠨ ᠪᠷᠠᠽᠢᠯᠢᠶ᠎ᠠ᠎ᠳᠤ ᠬᠤᠷᠠᠯᠳᠤᠪᠠ᠃ ᠬᠤᠷᠠᠯ᠎ᠠᠴᠠ 《ᠠᠯᠳᠠᠨ ᠲᠣᠭᠣᠰᠬ᠎ᠠ ᠤᠯᠤᠰ᠎ᠤᠳ᠎ᠤᠨ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠪᠣᠯᠣᠨ ᠪᠦᠬᠦ ᠠᠷᠠᠳ᠎ᠤᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ》 ᠪᠣᠯᠣᠨ 《ᠠᠭᠤᠷ ᠠᠮᠢᠰᠬᠤᠯ᠎ᠤᠨ ᠬᠠᠮᠲᠤ ᠵᠢᠨ ᠤᠳᠤᠷᠢᠳᠬᠤ ᠬᠦᠴᠦᠨ ᠪᠣᠯᠣᠨ 2030 ᠣᠨ᠎ᠤ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠵᠥᠪᠯᠡᠬᠦ ᠵᠦᠢ᠍ᠯ》 ᠭᠡᠬᠦ ᠬᠣᠶᠠᠷ ᠭᠣᠣᠯ ᠰᠡᠳᠦᠪ᠎ᠤᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠵᠡᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠬᠤᠷᠠᠯ᠎ᠳᠤ ᠣᠷᠣᠯᠴᠠᠭᠰᠠᠨ ᠪᠥᠭᠡᠳ ᠭᠣᠣᠯ ᠰᠡᠳᠦᠪᠲᠦ ᠶᠠᠷᠢᠶ᠎ᠠ ᠲᠠᠯᠪᠢᠵᠠᠢ᠃ ᠬᠤᠷᠠᠯ᠎ᠢ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠢ᠌ᠳ ᠮᠠᠯᠢᠨᠠ·ᠰᠢᠷᠸᠠ ᠡᠷᠬᠢᠯᠡᠪᠡ᠃ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠣᠷᠣ ᠲᠥᠰᠥᠪ᠎ᠤᠨ ᠨᠡᠶ᠋ᠢᠲᠡ ᠵᠢᠨ ᠭᠡᠷ᠎ᠡ ᠵᠢᠨ ᠭᠤᠴᠢᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠲᠡᠷᠢᠭᠦᠯᠡᠭᠴᠢ ᠠᠨᠳᠥᠯᠢᠢᠸ᠋ · ᠺᠥ᠋ᠯᠸᠢᠢ᠍ᠶᠠ · ᠳ᠋ᠤᠯᠠᠭ᠌ᠸ᠋᠂ ᠢᠷᠡᠨ᠎ᠤ ᠳᠡᠳ᠋ ᠶᠡᠷᠦᠩᠬᠡᠢ᠌ᠯᠡᠭᠴᠢ ᠪᠥᠭᠡᠳ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠰᠢᠨᠤ·ᠠᠨᠰᠠᠷᠢ᠂ ᠡᠸᠽᠢᠤᠫᠢᠶ᠎ᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶᠠᠨ᠎ᠤ ᠳᠠᠷᠤᠭ᠎ᠠ ᠯᠠᠢ᠍ᠢ᠍ᠯᠢᠰ · ᠨᠣᠮ · ᠰᠣᠯᠢ᠂ ᠡᠮᠦᠨᠡᠲᠦ ᠠᠹᠷᠢᠺᠠ ᠵᠢᠨ ᠤᠢ ᠰᠢᠭᠤᠢ᠂ ᠵᠢᠭ᠋ᠠᠰᠤᠨ ᠠᠵᠤ ᠠᠬᠤᠢ ᠪᠣᠯᠣᠨ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠪᠥ᠋ᠨᠨᠢᠰ · ᠱ᠌ᠢᠸᠠᠼ᠂ ᠠᠷᠠᠪ᠎ᠤᠨ ᠬᠣᠯᠪᠣᠭ᠋ᠠᠲᠤ ᠠᠬᠠᠮᠠᠳᠲᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢ᠌ᠳ ᠠᠢ᠍ᠢ᠍ᠷ·ᠨᠦᠢ᠍ᠮᠢ ᠵᠢᠴᠢ ᠡᠨᠡᠳᠬᠡᠭ᠂ ᠶᠧᠵᠢᠫᠲ᠂ ᠤᠷᠤᠰ᠎ᠤᠨ ᠶᠠᠮᠤᠨ᠎ᠤ ᠰᠠᠢ᠌ᠳ᠎ᠤᠨ ᠲᠥᠯᠥᠭᠡᠯᠡᠭᠴᠢ ᠨᠠᠷ ᠬᠤᠷᠠᠯ᠎ᠳᠤ ᠣᠷᠣᠯᠴᠠᠪᠠ᠃
      ᠬᠤᠸᠠᠩ ᠷᠦᠨ ᠴᠢᠦ᠂ ᠠᠯᠲᠠᠨ ᠲᠣᠭᠣᠰᠬ᠎ᠠ ᠤᠯᠤᠰ᠎ᠤᠳ᠎ᠤᠨ ᠬᠠᠮᠲᠤᠷᠠᠯᠴᠠᠭ᠋ᠠᠨ᠎ᠤ ᠲᠤᠯᠭ᠋ᠠᠭᠤᠷᠢ ᠬᠦᠴᠦᠨ᠂ 《ᠪᠥᠬᠥ ᠪᠥᠮᠪᠥᠷᠴᠡᠭ᠎ᠤᠨ ᠡᠮᠦᠨᠡᠲᠦ ᠣᠷᠣᠨ》᠎ᠤ ᠭᠣᠣᠯᠯᠠᠭᠴᠢ ᠪᠦᠷᠢᠯᠳᠦᠭᠦᠨ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠲᠣᠰ ᠪᠡᠶ᠎ᠡ ᠵᠢᠨ ᠠᠵᠢᠯᠯᠠᠭ᠎ᠠ᠎ᠪᠠᠷ ᠵᠶ᠋ᠠᠨ ᠠᠯᠲᠠᠨ ᠲᠣᠭᠣᠰᠬ᠎ᠠ ᠤᠯᠤᠰ᠎ᠤᠳ᠎ᠤᠨ ᠣᠷᠴᠢᠨ ᠲᠣᠭᠣᠷᠢᠨ᠎ᠤ ᠬᠠᠮᠲᠤᠷᠠᠯᠴᠠᠭ᠎ᠠ ᠪᠠ ᠪᠥᠬᠥ ᠪᠥᠮᠪᠥᠷᠴᠡᠭ᠎ᠤᠨ ᠦᠷᠭᠦᠯᠵᠢᠯᠡᠬᠦ ᠬᠥᠭᠵᠢᠯᠲᠡ ᠵᠢᠨ ᠠᠬᠢᠴᠠ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ᠎ᠡ᠃ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠵᠢ ᠨᠠᠢ᠌ᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠤᠷᠬᠢᠯ᠎ᠳᠤ ᠬᠦᠷᠬᠦ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠯ᠎ᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ᠂ ᠵᠠᠷᠢᠮ ᠤᠯᠤᠰ᠎ᠤᠨ ᠭᠤᠢ᠌ᠪᠢᠯᠵᠠᠬᠤ ᠠᠭᠤᠷ ᠠᠮᠢᠰᠬᠤᠯ᠎ᠤᠨ ᠲᠦᠷᠦ ᠵᠢᠨ ᠪᠣᠳᠣᠯᠭ᠎ᠠ᠎ᠲᠠᠢ ᠬᠠᠷᠢᠴᠠᠭᠤᠯᠪᠠᠯ᠂ ᠳᠤᠮᠳᠠᠳᠤ ᠤᠯᠤᠰ ᠢᠮᠠᠭᠲᠠ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠣᠳᠠᠲᠠᠢ ᠠᠵᠢᠯᠯᠠᠭᠴᠢ ᠪᠠ ᠦᠢ᠍ᠯᠡᠳᠦᠯᠭᠡᠵᠢᠭᠦᠯᠦᠭᠴᠢ ᠪᠣᠯᠣᠭᠰᠠᠭ᠋ᠠᠷ ᠢᠷᠡᠪᠡ᠃ ᠥᠩᠭᠡᠷᠡᠭᠰᠡᠨ 10 ᠵᠢᠯ᠎ᠳᠤ ᠳᠤᠮᠳᠠᠳᠤ ᠤᠯᠤᠰ ᠵᠢᠯ ᠳᠤᠮᠳᠠᠴᠢ᠎ᠪᠠᠷ 3%᠎ᠤᠨ ᠡᠨᠧᠷᠭᠢ ᠵᠢᠨ ᠬᠡᠷᠡᠭᠯᠡᠭᠡᠨ᠎ᠤ ᠨᠡᠮᠡᠭᠳᠡᠯ᠎ᠤᠨ ᠬᠤᠷᠳᠤᠴᠠ᠎ᠪᠠᠷ ᠵᠢᠯ ᠳᠤᠮᠳᠠᠴᠢ᠎ᠪᠠᠷ 6%᠎ᠢ ᠳᠠᠪᠠᠭᠰᠠᠨ ᠠᠵᠤ ᠠᠬᠤᠢ ᠵᠢᠨ ᠨᠡᠮᠡᠭᠳᠡᠯ᠎ᠢ ᠲᠤᠯᠭ᠋ᠠᠭᠤᠷᠢᠯᠠᠵᠤ᠂ ᠪᠦᠬᠦ ᠪᠥᠮᠪᠥᠷᠴᠡᠭ᠎ᠤᠨ ᠬᠡᠪᠴᠢᠶ᠎ᠡ᠎ᠪᠠᠷ ᠬᠠᠮᠤᠭ᠎ᠤᠨ ᠶᠡᠬᠡ ᠴᠡᠪᠡᠷ ᠴᠠᠬᠢᠯᠭ᠋ᠠᠨ ᠬᠦᠴᠦ᠂ ᠴᠡᠪᠡᠷ ᠪᠣᠯᠣᠳ ᠲᠡᠮᠦᠷ᠎ᠤᠨ ᠦᠢ᠍ᠯᠡᠳᠪᠦᠷᠢᠯᠡᠯ᠎ᠤᠨ ᠰᠢᠰᠲ᠋ᠧᠮ ᠪᠣᠯᠣᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠵᠤ᠂ ᠪᠦᠬᠦ ᠳᠡᠯᠡᠬᠡᠢ᠎ᠳᠤ 60%᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠲᠥᠬᠦᠭᠡᠷᠦᠮᠵᠢ᠂ 70%᠎ᠤᠨ ᠭᠡᠷᠡᠯ ᠴᠡᠨᠡᠭ᠎ᠤᠨ ᠲᠤᠨᠤᠭ ᠲᠥᠬᠦᠭᠡᠷᠦᠮᠵᠢ ᠵᠢ ᠬᠠᠩᠭ᠋ᠠᠵᠤ᠂ ᠪᠦᠬᠦ ᠪᠥᠮᠪᠥᠷᠴᠡᠭ᠎ᠤᠨ ᠰᠠᠯᠬᠢᠨ ᠬᠦᠴᠦᠨ᠎ᠤ ᠴᠠᠬᠢᠯᠭ᠋ᠠᠨ ᠪᠣᠯᠣᠨ ᠭᠡᠷᠡᠯ ᠴᠡᠨᠡᠭ᠎ᠤᠨ ᠴᠠᠬᠢᠯᠭ᠋ᠠᠨ ᠭᠠᠷᠭ᠋ᠠᠯᠲᠠ ᠵᠢᠨ ᠥᠪᠡᠷ᠎ᠤᠨ ᠦᠷᠳᠡᠭ᠎ᠢ ᠲᠤᠰ ᠲᠤᠰ 60% ᠪᠠ 80%᠎ᠤᠨ ᠪᠠᠭᠤᠷᠠᠯᠲᠠ ᠵᠢ ᠠᠬᠢᠭᠤᠯᠵᠠᠢ᠃ ᠪᠦᠬᠦ ᠪᠥᠮᠪᠥᠷᠴᠡᠭ᠎ᠤᠨ ᠬᠡᠪᠴᠢᠶ᠎ᠡ᠎ᠪᠠᠷ ᠬᠠᠮᠤᠭ᠎ᠤᠨ ᠶᠡᠬᠡ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠶ᠋ᠢᠭᠤᠯᠬᠤ ᠵᠢᠨ ᠬᠠᠮᠲᠤ ᠬᠦᠷᠢᠶ᠎ᠡ ᠬᠡᠪᠴᠢᠶ᠎ᠡ ᠵᠢ ᠥᠷᠭᠡᠳᠬᠡᠵᠦ᠂ ᠪᠦᠬᠦ ᠤᠯᠤᠰ᠎ᠤᠨ ᠬᠦᠯᠡᠮᠵᠢ ᠵᠢᠨ ᠬᠡᠢ ᠪᠡᠶᠡᠲᠦ ᠵᠢᠨ ᠰᠠᠢ᠌ᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ 《ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠤᠯᠤᠰ᠎ᠤᠨ ᠪᠠᠢ᠌ᠯᠳᠤᠬᠤ ᠪᠣᠳᠣᠯᠭ᠎ᠠ 2035》 ᠵᠢ ᠲᠣᠭᠲᠠᠭ᠋ᠠᠨ ᠬᠡᠷᠡᠭᠵᠢᠭᠦᠯᠵᠦ᠂ ᠠᠭᠤᠷ ᠠᠮᠢᠰᠬᠤᠯ᠎ᠳᠤ ᠵᠣᠬᠢᠴᠠᠬᠤ ᠬᠡᠯᠪᠡᠷᠢ ᠵᠢᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢ ᠥᠷᠨᠢᠭᠦᠯᠵᠡᠢ ᠭᠡᠵᠦ ᠢᠯᠡᠷᠬᠡᠢ᠌ᠯᠡᠪᠡ᠃
      ᠬᠤᠸᠠᠩ ᠷᠦᠨ ᠴᠢᠦ᠂ ᠳᠤᠮᠳᠠᠳᠤ ᠤᠯᠤᠰ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠵᠢᠨ᠎ᠬᠢᠨ᠎ᠲᠠᠢ ᠬᠠᠮᠲᠤᠪᠠᠷ 《ᠫᠠᠷᠢᠰ᠎ᠤᠨ ᠬᠡᠯᠡᠯᠴᠡᠭᠡᠷ》 ᠲᠣᠬᠢᠷᠠᠯᠴᠠᠬᠤ᠂ ᠭᠠᠷ᠎ᠤᠨ ᠦᠰᠦᠭ ᠵᠢᠷᠤᠬᠤ᠂ ᠬᠦᠴᠦᠨ᠎ᠲᠠᠢ ᠪᠣᠯᠬᠤ ᠪᠠ ᠬᠡᠷᠡᠭᠵᠢᠭᠦᠯᠬᠦ ᠵᠢ ᠠᠬᠢᠭᠤᠯᠵᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠳ᠋ᠦᠪᠠᠢ ᠵᠢᠨ ᠶᠡᠬᠡ ᠬᠤᠷᠠᠯ᠎ᠳᠤ 《ᠠᠷᠠᠪ᠎ᠤᠨ ᠬᠣᠯᠪᠣᠭ᠋ᠠᠲᠤ ᠠᠬᠠᠮᠠᠳᠲᠤ ᠤᠯᠤᠰ᠎ᠤᠨ ᠬᠠᠮᠲᠤ ᠵᠢᠨ ᠲᠠᠨᠢᠯᠲᠠ》ᠲᠣᠬᠢᠷᠠᠯᠴᠠᠬᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠠᠺᠦ᠋ ᠵᠢᠨ ᠶᠡᠬᠡ ᠬᠤᠷᠠᠯ᠎ᠳᠤ 《ᠪᠠᠺᠦ᠋ ᠵᠢᠨ ᠠᠭᠤᠷ ᠠᠮᠢᠰᠬᠤᠯ᠎ᠤᠨ ᠪᠦᠯᠬᠦᠮᠳᠡᠯ᠎ᠤᠨ ᠭᠡᠷ᠎ᠡ》 ᠲᠣᠬᠢᠷᠠᠯᠴᠠᠬᠤ ᠵᠢ ᠠᠬᠢᠭᠤᠯᠪᠠ; ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠬᠠᠮᠵᠢᠯᠴᠠᠨ ᠠᠬᠢᠭᠤᠯᠵᠤ᠂ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ 《ᠺᠦᠨᠮᠢᠩ — ᠮᠣᠨᠲᠷᠧᠶᠠᠯ᠎ᠤᠨ ᠪᠥᠬᠥ ᠪᠥᠮᠪᠥᠷᠴᠡᠭ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠪᠣᠷᠣ ᠲᠥᠯᠥᠪ》 (ᠳᠣᠷᠣᠭᠰᠢ 《ᠺᠦᠨᠮᠢᠩ ᠮᠣᠨᠲᠷᠧᠶᠠᠯ᠎ᠤᠨ ᠪᠣᠷᠣ ᠲᠥᠯᠥᠪ》 ᠭᠡᠵᠦ ᠲᠣᠪᠴᠢᠯᠠᠨ᠎ᠠ) ᠲᠣᠬᠢᠷᠠᠯᠴᠠᠬᠤ ᠵᠢ ᠠᠬᠢᠭᠤᠯᠵᠤ᠂ 《ᠺᠦᠨᠮᠢᠩ ᠮᠣᠨᠲᠷᠧᠶᠠᠯ᠎ᠤᠨ ᠪᠣᠷᠣ ᠲᠥᠯᠥᠪ》᠎ᠢ ᠬᠡᠷᠡᠭᠵᠢᠭᠦᠯᠬᠦ ᠰᠠᠨᠠᠭ᠋ᠠᠴᠢᠯᠠᠭ᠎ᠠ ᠵᠢ ᠪᠣᠶ ᠪᠣᠯᠭ᠋ᠠᠪᠠ᠃ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠡᠮᠤᠨᠡᠳᠤᠬᠢ᠎ᠨᠢ ᠡᠮᠤᠨᠡᠳᠤᠬᠢ᠎ᠲᠠᠢ᠎ᠪᠠᠨ ᠬᠠᠮᠲᠤᠷᠠᠯᠴᠠᠬᠤ ᠵᠢ ᠴᠢᠩᠭ᠋ᠠᠳᠬᠠᠵᠤ᠂ ᠪᠤᠰᠤᠳ ᠬᠥᠭᠵᠢᠵᠦ ᠪᠠᠢ᠌ᠭ᠎ᠠ ᠤᠯᠤᠰ᠎ᠤᠳ᠎ᠢ ᠬᠠᠪᠰᠤᠷᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠵᠦ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠣᠷᠴᠢᠨ ᠲᠣᠭᠣᠷᠢᠨ᠎ᠢ ᠬᠠᠮᠠᠭ᠋ᠠᠯᠠᠬᠤ ᠲᠡᠷᠢᠭᠦᠨ᠎ᠤ ᠮᠡᠷᠭᠡᠵᠢᠯ ᠪᠣᠯᠣᠨ ᠲᠤᠷᠰᠢᠯᠭ᠎ᠠ ᠵᠢ ᠢᠳᠡᠪᠬᠢᠲᠡᠢ᠎ᠪᠠᠷ ᠬᠤᠪᠢᠶᠠᠯᠴᠠᠪᠠ᠃ ᠳᠤᠮᠳᠠᠳᠤ ᠤᠯᠤᠰ ᠬᠢᠭᠡᠳ 40 ᠭᠠᠷᠤᠢ ᠤᠯᠤᠰ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠬᠠᠮᠲᠤᠷᠠᠯᠴᠠᠭ᠎ᠠ ᠪᠠ ᠲᠤᠰᠠᠯᠠᠮᠵᠢ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠵᠤ᠂ 2016 ᠣᠨ᠎ᠠᠴᠠ ᠨᠠᠭ᠋ᠠᠰᠢ 1770 ᠳ᠋ᠦᠩᠰᠢᠭᠤᠷ ᠭᠠᠷᠤᠢ ᠲᠥᠭᠥᠷᠢᠭ᠎ᠤᠨ ᠠᠷᠠᠳ᠎ᠤᠨ ᠵᠣᠭᠣᠰ᠎ᠢ ᠬᠠᠩᠭ᠋ᠠᠭᠰᠠᠨ ᠪᠥᠭᠡᠳ ᠲᠠᠢ᠍ᠢ᠍ᠴᠢᠯᠠᠵᠦ ᠪᠠᠢ᠌ᠭ᠋ᠠᠳ ᠬᠥᠭᠵᠢᠵᠦ ᠪᠠᠢ᠌ᠭ᠎ᠠ ᠤᠯᠤᠰ᠎ᠤᠳ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢ ᠳᠡᠮᠵᠢᠵᠡᠢ ᠭᠡᠵᠦ ᠵᠢᠭ᠋ᠠᠵᠤ ᠭᠠᠷᠭ᠋ᠠᠪᠠ᠃
      ᠬᠤᠸᠠᠩ ᠷᠦᠨ ᠴᠢᠦ᠂ ᠣᠨᠴᠠ ᠵᠠᠷᠢᠮ ᠤᠯᠤᠰ ᠭᠡᠷ᠎ᠡ ᠵᠢ ᠡᠪᠳᠡᠵᠦ ᠴᠤᠭᠯᠠᠷᠠᠯ᠎ᠠᠴᠠ ᠭᠠᠷᠬᠤ᠂ ᠨᠡᠭᠦᠷᠡᠰᠦᠲᠥ᠋ᠷᠥᠭᠴᠢ ᠵᠢᠨ ᠬᠢᠯᠢ ᠬᠢᠵᠠᠭ᠋ᠠᠷ᠎ᠢ ᠵᠣᠬᠢᠴᠠᠭᠤᠯᠬᠤ ᠲᠣᠭᠲᠠᠴᠠ ᠵᠢ ᠬᠡᠷᠡᠭᠵᠢᠭᠦᠯᠬᠦ᠂ ᠰᠢᠨ᠎ᠡ ᠡᠨᠧᠷᠭᠢ ᠵᠢᠨ ᠦᠢ᠍ᠯᠡᠳᠬᠦᠨ᠎ᠠᠴᠠ ᠪᠣᠭᠣᠮᠲᠠ ᠵᠢᠨ ᠭᠠᠢ᠌ᠯᠢ ᠨᠡᠮᠡᠵᠦ ᠲᠠᠲᠠᠪᠤᠷᠢᠯᠠᠬᠤ ᠵᠡᠷᠭᠡ ᠭᠠᠭᠴᠠ ᠲᠠᠯ᠎ᠠ ᠵᠢᠨ ᠠᠷᠠᠯᠵᠢᠶᠠᠨ᠎ᠤ ᠠᠷᠭ᠎ᠠ ᠬᠡᠮᠵᠢᠶ᠎ᠡ ᠠᠪᠬᠤ᠎ᠨᠢ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠴᠢᠷᠮᠠᠢ᠌ᠯᠭ᠎ᠠ ᠵᠢ ᠬᠣᠬᠢᠷᠠᠭᠤᠯᠵᠤ᠂ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ᠎ᠳᠤ ᠠᠰᠢᠭ ᠦᠭᠡᠢ ᠶᠤᠮ᠃ ᠤᠯᠠᠨ ᠲᠠᠯ᠎ᠠ ᠵᠢᠨ ᠠᠬᠢᠴᠠ᠎ᠳᠤ ᠨᠡᠩ ᠶᠡᠬᠡ ᠥᠷᠢᠰᠦᠯᠳᠦᠭᠡᠨ ᠪᠠ ᠲᠣᠭᠲᠠᠭ᠋ᠠᠯᠲᠤ ᠪᠤᠰᠤ ᠴᠢᠨᠠᠷ ᠲᠤᠯᠭ᠋ᠠᠷᠠᠵᠤ ᠪᠠᠢ᠌ᠭ᠎ᠠ ᠪᠠᠢ᠌ᠳᠠᠯ ᠳᠣᠣᠷ᠎ᠠ᠂ ᠠᠯᠳᠠᠨ ᠲᠣᠭᠣᠰᠬ᠎ᠠ ᠤᠯᠤᠰ᠎ᠤᠳ ᠪᠦᠯᠬᠦᠮᠳᠡᠯ ᠵᠶ᠋ᠡᠨ ᠴᠢᠩᠭ᠋ᠠᠳᠬᠠᠵᠤ᠂ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠡᠶ᠋ᠢᠲᠡ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》᠎ᠢ ᠬᠠᠮᠠᠭ᠋ᠠᠯᠠᠨ ᠨᠠᠢ᠌ᠳᠠᠪᠤᠷᠢᠵᠢᠭᠤᠯᠵᠤ᠂ ᠪᠦᠬᠦ ᠪᠥᠮᠪᠥᠷᠴᠡᠭ᠎ᠤᠨ ᠬᠠᠮᠲᠤᠷᠠᠯᠴᠠᠭ᠎ᠠ᠎ᠪᠠᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠪᠠ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠵᠢ ᠢᠳᠡᠪᠬᠢᠲᠡᠢ ᠰᠠᠨᠠᠭ᠋ᠠᠴᠢᠯᠠᠪᠠᠯ ᠵᠣᠬᠢᠨ᠎ᠠ᠃ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠪᠣᠯᠣᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠤᠯᠠᠨ ᠲᠠᠯ᠎ᠠ ᠵᠢᠨ ᠠᠬᠢᠴᠠ᠎ᠳᠤ ᠠᠯᠳᠠᠨ ᠲᠣᠭᠣᠰᠬ᠎ᠠ ᠤᠯᠤᠰ᠎ᠤᠳ᠎ᠤᠨ ᠨᠥᠯᠥᠭᠡᠯᠡᠬᠦ ᠬᠦᠴᠦᠨ᠎ᠢ ᠪᠠᠳᠠᠷᠠᠭᠤᠯᠵᠤ᠂ ᠲᠥᠪ ᠭᠣᠣᠯᠴᠢ ᠵᠦᠢ ᠵᠣᠬᠢᠰᠲᠠᠢ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠪᠦᠬᠦ ᠪᠥᠮᠪᠥᠷᠴᠡᠭ᠎ᠤᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠵᠠᠰᠠᠯᠲᠠ ᠵᠢᠨ ᠰᠢᠰᠲ᠋ᠧᠮ᠎ᠢ ᠬᠠᠮᠲᠤᠪᠠᠷ ᠪᠠᠢ᠌ᠭᠤᠯᠬᠤ ᠬᠡᠷᠡᠭᠲᠡᠢ᠃ ᠡᠷᠬᠡ ᠲᠡᠭᠰᠢ ᠲᠥᠪ ᠭᠣᠣᠯᠴᠢ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠠᠷᠠᠯᠵᠢᠶᠠᠨ᠎ᠤ ᠰᠢᠰᠲ᠋ᠧᠮ᠎ᠢ ᠬᠠᠮᠠᠭ᠋ᠠᠯᠠᠵᠤ᠂ 《ᠬᠠᠷᠢᠴᠠᠭ᠎ᠠ᠎ᠪᠠᠨ ᠲᠠᠰᠤᠯᠬᠤ》 ᠪᠠ ᠠᠷᠠᠯᠵᠢᠶᠠᠨ᠎ᠤ ᠬᠠᠮᠠᠭ᠋ᠠᠯᠠᠬᠤ ᠦᠵᠡᠯ᠎ᠢ ᠡᠰᠡᠷᠭᠦᠴᠡᠵᠦ᠂ ᠪᠦᠬᠦ ᠠᠷᠠᠳ᠎ᠤᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠪᠡᠶᠡᠯᠡᠭᠦᠯᠬᠦ ᠪᠦᠲᠦᠮᠵᠢᠲᠡᠢ ᠠᠷᠭ᠎ᠠ ᠵᠠᠮ᠎ᠢ ᠬᠠᠮᠲᠤᠪᠠᠷ ᠡᠷᠢᠯᠬᠢᠯᠡᠬᠦ ᠬᠡᠷᠡᠭᠲᠡᠢ᠃ ᠤᠯᠠᠨ ᠲᠡᠰ ᠳᠠᠪᠬᠤᠷᠭ᠎ᠠ᠂ ᠤᠯᠠᠨ ᠬᠦᠷᠢᠶᠡᠨ᠎ᠤ ᠬᠠᠮᠲᠤᠷᠠᠯᠴᠠᠭ᠋ᠠᠨ᠎ᠤ ᠵᠠᠭᠪᠤᠷ᠎ᠢ ᠡᠭᠦᠳᠴᠦ᠂ ᠠᠯᠳᠠᠨ ᠲᠣᠭᠣᠰᠬ᠎ᠠ ᠤᠯᠤᠰ᠎ᠤᠳ᠎ᠤᠨ ᠪᠣᠬᠢᠷᠲᠤᠯ ᠦᠭᠡᠢ ᠮᠡᠷᠭᠡᠵᠢᠯ᠎ᠢ ᠬᠠᠮᠲᠤᠪᠠᠷ ᠡᠳ᠋ᠯᠡᠬᠦ ᠰᠣᠯᠢᠯᠴᠠᠭ᠎ᠠ ᠪᠠ ᠳᠡᠯᠭᠡᠷᠡᠭᠦᠯᠦᠨ ᠬᠡᠷᠡᠭᠯᠡᠬᠦ ᠵᠢ ᠭᠦᠨᠵᠡᠭᠡᠢ᠌ᠷᠡᠭᠦᠯᠵᠦ᠂ ᠡᠯ᠎ᠡ ᠤᠯᠤᠰ᠎ᠤᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠢ ᠠᠬᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ᠂ ᠤᠯᠠᠨ ᠵᠶ᠋ᠠᠷ ᠵᠶ᠋ᠠᠨ ᠭᠣᠣᠯ ᠰᠡᠳᠦᠪ᠎ᠤᠨ ᠲᠣᠭᠣᠷᠢᠨ᠎ᠳᠤ ᠭᠦᠨᠵᠡᠭᠡᠢ ᠶᠠᠷᠢᠯᠴᠠᠵᠤ᠂ ᠠᠯᠳᠠᠨ ᠲᠣᠭᠣᠰᠬ᠎ᠠ ᠤᠯᠤᠰ᠎ᠤᠳ᠎ᠤᠨ ᠠᠭᠤᠷ ᠠᠮᠢᠰᠬᠤᠯ᠎ᠤᠨ ᠬᠤᠪᠢᠷᠠᠯᠲᠠ ᠪᠣᠯᠣᠨ ᠦᠷᠭᠦᠯᠵᠢᠯᠡᠬᠦ ᠬᠥᠭᠵᠢᠯᠲᠡ ᠵᠢᠨ ᠬᠣᠯᠪᠣᠭ᠎ᠠ ᠠᠪᠬᠤ ᠳᠤᠭᠤᠢ᠌ᠯᠠᠩ᠎ᠤᠨ ᠬᠤᠷᠠᠯ᠎ᠤᠨ ᠪᠠᠢ᠌ᠳᠠᠯ᠎ᠢ ᠰᠣᠨᠣᠰᠤᠭᠰᠠᠨ ᠪᠥᠭᠡᠳ 《ᠠᠷᠪᠠᠨ ᠨᠢᠭᠡᠳᠦᠭᠡᠷ ᠤᠳᠠᠭ᠎ᠠ ᠵᠢᠨ ᠠᠯᠳᠠᠨ ᠲᠣᠭᠣᠰᠬ᠎ᠠ ᠤᠯᠤᠰ᠎ᠤᠳ᠎ᠤᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ᠎ᠤᠨ ᠬᠠᠮᠲᠤᠷᠠᠭᠰᠠᠨ ᠢᠯᠡᠷᠬᠡᠢ᠌ᠯᠡᠯᠲᠡ》 ᠪᠣᠯᠣᠨ 《ᠠᠯᠳᠠᠨ ᠲᠣᠭᠣᠰᠬ᠎ᠠ ᠤᠯᠤᠰ᠎ᠤᠳ᠎ᠤᠨ ᠣᠷᠴᠢᠨ ᠲᠣᠭᠣᠷᠢᠨ᠎ᠤ ᠠᠵᠢᠯ᠎ᠤᠨ ᠳᠤᠭᠤᠢ᠌ᠯᠠᠩ᠎ᠤᠨ 2025 ᠣᠨ᠎ᠤ ᠠᠵᠢᠯ᠎ᠤᠨ ᠲᠥᠯᠥᠪᠯᠡᠭᠡ》 ᠵᠢ ᠬᠢᠨᠠᠨ ᠵᠥᠪᠯᠡᠵᠦ ᠪᠠᠲᠤᠯᠠᠪᠠ᠃
      ᠬᠤᠷᠠᠯ᠎ᠤᠨ ᠬᠤᠭᠤᠴᠠᠭ᠋ᠠᠨ᠎ᠳᠤ᠂ ᠬᠤᠸᠠᠩ ᠷᠦᠨ ᠴᠢᠦ ᠢᠷᠡᠨ᠂ ᠡᠸᠽᠢᠤᠫᠢᠶ᠎ᠠ ᠵᠢᠨ ᠲᠥᠯᠥᠭᠡᠯᠡᠭᠴᠢᠳ᠎ᠤᠨ ᠪᠦᠯᠬᠦᠮ᠎ᠤᠨ ᠳᠠᠷᠤᠭ᠎ᠠ ᠨᠠᠷ᠎ᠲᠠᠢ ᠠᠵᠢᠯ᠎ᠤᠨ ᠬᠡᠯᠡᠯᠴᠡᠭᠡ ᠬᠢᠵᠦ᠂ ᠬᠠᠮᠲᠤᠪᠠᠷ ᠠᠩᠬᠠᠷᠴᠤ ᠪᠠᠢ᠌ᠭ᠎ᠠ ᠣᠷᠴᠢᠨ ᠲᠣᠭᠣᠷᠢᠨ᠎ᠤ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃
      4 ᠰᠠᠷ᠎ᠠ ᠵᠢᠨ 2᠎ᠤᠨ ᠡᠳᠦᠷ᠂ ᠬᠤᠸᠠᠩ ᠷᠦᠨ ᠴᠢᠦ ᠪᠣᠯᠣᠨ ᠮᠠᠯᠢᠨᠠ·ᠰᠢᠷᠸᠠ ᠬᠠᠮᠲᠤᠪᠠᠷ ᠲᠠᠪᠤᠳᠤᠭ᠋ᠠᠷ ᠤᠳᠠᠭ᠎ᠠ ᠵᠢᠨ ᠳᠤᠮᠳᠠᠳᠤ ᠫᠠᠺᠢᠰᠲ᠋ᠠᠨ᠎ᠤ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠤᠪᠢᠶᠠᠷᠢ ᠵᠥᠪᠯᠡᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠡᠷᠭᠡ ᠵᠥᠪᠯᠡᠬᠦ ᠰᠡᠳᠦᠪ᠎ᠤᠨ ᠲᠤᠬᠠᠢ ᠰᠠᠨᠠᠯ ᠵᠶ᠋ᠠᠨ ᠰᠣᠯᠢᠯᠴᠠᠭᠰᠠᠨ ᠪᠥᠭᠡᠳ 《ᠳᠤᠮᠳᠠᠳᠤ ᠤᠯᠤᠰ — ᠪᠷᠠᠽᠢᠯ᠎ᠤᠨ ᠳᠡᠭᠡᠳᠦ ᠳᠠᠪᠬᠤᠷᠭ᠎ᠠ ᠵᠢᠨ ᠵᠣᠬᠢᠴᠠᠭᠤᠯᠭ᠎ᠠ ᠪᠣᠯᠣᠨ ᠬᠠᠮᠲᠤᠷᠠᠯᠴᠠᠭ᠋ᠠᠨ᠎ᠤ ᠵᠥᠪᠯᠡᠯ᠎ᠤᠨ ᠣᠷᠴᠢᠨ ᠲᠣᠭᠣᠷᠢᠨ ᠪᠣᠯᠣᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠤᠪᠢᠶᠠᠷᠢ ᠵᠥᠪᠯᠡᠯ᠎ᠤᠨ ᠠᠵᠢᠯ᠎ᠤᠨ ᠲᠥᠯᠥᠪᠯᠡᠭᠡ (2025 — 2029)》᠎ᠳᠤ ᠭᠠᠷ᠎ᠤᠨ ᠦᠰᠦᠭ ᠵᠢᠷᠤᠪᠠ᠃
      4 ᠰᠠᠷ᠎ᠠ ᠵᠢᠨ 4᠎ᠤ ᠡᠳᠦᠷ᠂ ᠬᠤᠸᠠᠩ ᠷᠦᠨ ᠴᠢᠦ ᠠᠯᠳᠠᠨ ᠲᠣᠭᠣᠰᠬ᠎ᠠ ᠤᠯᠤᠰ᠎ᠤᠳ᠎ᠤᠨ ᠵᠠᠯᠠᠭᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨᠲᠠᠨ᠎ᠤ ᠶᠠᠷᠢᠶᠠᠨ᠎ᠤ ᠲᠠᠪᠴᠠᠩ᠎ᠳᠤ ᠣᠷᠤᠯᠴᠠᠬᠤ ᠵᠢᠨ ᠬᠠᠮᠲᠤ ᠦᠭᠡ ᠬᠡᠯᠡᠪᠡ᠃ ᠬᠤᠸᠠᠩ ᠷᠦᠨ ᠴᠢᠦ᠂ ᠠᠯᠳᠠᠨ ᠲᠣᠭᠣᠰᠬ᠎ᠠ ᠤᠯᠤᠰ᠎ᠤᠳ᠎ᠤᠨ ᠵᠠᠯᠠᠭᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨᠲᠠᠨ᠎ᠤ ᠶᠠᠷᠢᠶᠠᠨ᠎ᠤ ᠲᠠᠪᠴᠠᠩ᠎ᠨᠢ ᠵᠠᠯᠠᠭᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠤᠯᠤᠰ ᠠᠯᠤᠰᠯᠠᠭᠰᠠᠨ ᠬᠠᠮᠲᠤᠷᠠᠯᠴᠠᠭ᠎ᠠ ᠰᠣᠯᠢᠯᠴᠠᠭ᠎ᠠ ᠵᠢ ᠠᠬᠢᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠮᠡᠷᠭᠡᠵᠢᠯ᠎ᠤᠨ ᠲᠠᠪᠰᠢᠯᠳᠠ ᠵᠢ ᠠᠬᠢᠭᠤᠯᠬᠤ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠵᠦ᠂ ᠠᠯᠳᠠᠨ ᠲᠣᠭᠣᠰᠬ᠎ᠠ ᠤᠯᠤᠰ᠎ᠤᠳ᠎ᠤᠨ ᠵᠠᠯᠠᠭᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨᠲᠠᠳ᠎ᠤᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠴᠢᠬᠤᠯᠠ ᠲᠠᠪᠴᠠᠩ ᠪᠣᠯᠵᠤ ᠬᠥᠭᠵᠢᠪᠡ᠃ ᠠᠯᠳᠠᠨ ᠲᠣᠭᠣᠰᠬ᠎ᠠ ᠤᠯᠤᠰ᠎ᠤᠳ᠎ᠤᠨ ᠵᠠᠯᠠᠭᠤ ᠰᠢᠨᠵᠢᠯᠡᠬᠦ ᠤᠬᠠᠭ᠋ᠠᠨᠲᠠᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠣᠯᠢᠯᠴᠠᠭ᠎ᠠ᠎ᠪᠠᠨ ᠴᠢᠩᠭ᠋ᠠᠳᠬᠠᠵᠤ᠂ ᠤᠯᠠᠨ ᠲᠡᠰ ᠳᠠᠪᠬᠤᠷᠭ᠎ᠠ᠂ ᠤᠯᠠᠨ ᠬᠦᠷᠢᠶ᠎ᠡ᠂ ᠤᠯᠤᠰ ᠠᠯᠤᠰᠯᠠᠭᠰᠠᠨ ᠬᠠᠮᠲᠤᠷᠠᠯᠴᠠᠭ᠎ᠠ ᠵᠢ ᠥᠷᠨᠢᠭᠦᠯᠵᠦ᠂ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠪᠣᠯᠣᠨ ᠵᠣᠬᠢᠶᠠᠮᠠᠯ ᠤᠶᠤᠨ ᠴᠢᠳᠠᠪᠤᠷᠢ ᠵᠡᠷᠭᠡ ᠬᠣᠰᠢᠭᠤᠷᠠᠯ ᠰᠢᠨᠵᠢᠯᠡᠬᠦ ᠤᠬᠠᠭ᠋ᠠᠨ ᠮᠡᠷᠭᠡᠵᠢᠯ᠎ᠢ ᠭᠦᠨᠵᠡᠭᠡᠢ ᠠᠭᠤᠰᠤᠯᠴᠠᠭᠤᠯᠵᠤ᠂ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠪᠠᠯ ᠵᠣᠬᠢᠨ᠎ᠠ᠃ ᠠᠯᠳᠠᠨ ᠲᠣᠭᠣᠰᠬ᠎ᠠ ᠤᠯᠤᠰ᠎ᠤᠳ ᠲᠤᠯᠭ᠋ᠠᠭᠤᠷᠢᠯᠠᠯ ᠪᠠᠲᠤᠯᠠᠭ᠎ᠠ᠎ᠪᠠᠨ ᠴᠢᠩᠭ᠋ᠠᠳᠬᠠᠵᠤ᠂ ᠵᠠᠯᠠᠭᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨᠲᠠᠳ᠎ᠤᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ᠂ ᠬᠠᠮᠲᠤᠷᠠᠭᠰᠠᠨ ᠰᠤᠳᠤᠯᠭ᠋ᠠᠨ ᠥᠷᠨᠢᠭᠦᠯᠬᠦ᠂ ᠦᠷ᠎ᠡ ᠪᠦᠲᠦᠭᠡᠯ᠎ᠤᠨ ᠬᠡᠷᠡᠭᠯᠡᠯᠲᠡ ᠵᠢ ᠪᠡᠶᠡᠯᠡᠭᠦᠯᠬᠦ᠎ᠳᠤ ᠢᠳᠡᠪᠬᠢᠲᠡᠢ᠎ᠪᠠᠷ ᠳᠡᠮᠵᠢᠯᠭᠡ ᠬᠠᠩᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠠᠬᠤᠢ᠌ᠯᠠᠯ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠡᠷᠭᠡ ᠨᠡᠢ᠌ᠭᠡᠮ᠎ᠤᠨ ᠬᠥᠷᠥᠩᠭᠡ ᠵᠢᠨ ᠣᠷᠣᠯᠴᠠᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ᠂ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠬᠦ᠎ᠳᠤ ᠰᠢᠨ᠎ᠡ ᠰᠡᠳᠬᠢᠴᠡ᠂ ᠰᠢᠨ᠎ᠡ ᠠᠷᠭ᠎ᠠ ᠵᠢ ᠬᠠᠩᠭ᠋ᠠᠬᠤ ᠬᠡᠷᠡᠭᠲᠡᠢ ᠭᠡᠵᠦ ᠢᠯᠡᠷᠬᠡᠢ᠌ᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤᠨ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (4.6 —4.12)
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠪᠸᠢᠢ᠍ᠯᠦᠢ᠌ᠨ᠎ᠤ ᠶᠡᠬᠡ ᠬᠤᠷᠠᠯ᠎ᠤᠨ ᠲᠡᠷᠢᠭᠦᠯᠡᠭᠴᠢ᠂ ᠪᠷᠠᠽᠢᠯ᠎ᠤᠨ ᠶᠡᠷᠦᠩᠬᠡᠢ᠌ᠯᠡᠭᠴᠢ ᠵᠢᠨ ᠣᠷᠳᠣᠨ᠎ᠤ ᠢᠷᠭᠡᠨ᠎ᠤ ᠬᠡᠷᠡᠭ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠠᠨᠳᠧᠯᠢ᠎ᠲᠠᠢ ᠠᠭᠤᠯᠵᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (4.13 — 4.19)
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (4.27 — 5.3)
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (5.4 — 5.10)
 
             蒙ICP备05000248号