ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤᠨ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (4.6 —4.12)
ᠨᠡᠶ᠋ᠢᠲᠡᠯᠡᠭᠰᠡᠨ ᠴᠠᠭ᠄ 2025-05-09

      1. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠬᠤᠪᠧᠢ ᠮᠤᠵᠢ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ
      4 ᠰᠠᠷ᠎ᠠ ᠵᠢᠨ 9᠎ᠤ ᠡᠳᠦᠷ᠎ᠠᠴᠠ 11᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠬᠤᠪᠧᠢ ᠮᠤᠵᠢ ᠵᠢᠨ ᠦᠬᠠᠨ ᠬᠤᠳᠠ᠂ ᠰᠦᠢ ᠵᠧᠦ ᠬᠤᠳᠠ᠂ ᠰᠢᠶᠠᠩᠶᠠᠩ ᠬᠤᠳᠠ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠵᠠᠢ᠃
      2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠠᠷᠪᠠᠨ ᠨᠢᠭᠡᠳᠦᠭᠡᠷ ᠤᠳᠠᠭ᠋ᠠᠨ᠎ᠤ ᠠᠯᠲᠠᠨ ᠲᠣᠭᠣᠰᠬ᠎ᠠ ᠤᠯᠤᠰ᠎ᠤᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯᠳᠤᠭ᠋ᠠᠨ ᠵᠢᠴᠢ ᠬᠣᠯᠪᠣᠭᠳᠠᠯ ᠪᠦᠬᠦᠢ ᠠᠵᠢᠯᠯᠠᠭ᠎ᠠ᠎ᠳᠤ ᠣᠷᠣᠯᠴᠠᠪᠠ
      4 ᠰᠠᠷ᠎ᠠ ᠵᠢᠨ 3᠎ᠤ ᠡᠳᠦᠷ᠂ ᠠᠷᠪᠠᠨ ᠨᠢᠭᠡᠳᠦᠭᠡᠷ ᠤᠳᠠᠭ᠎ᠠ ᠵᠢᠨ ᠠᠯᠳᠠᠨ ᠲᠣᠭᠣᠰᠬ᠎ᠠ ᠤᠯᠤᠰ᠎ᠤᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠨᠠᠷ᠎ᠤᠨ ᠬᠤᠷᠠᠯ ᠪᠷᠠᠽᠢᠯ᠎ᠤᠨ ᠪᠷᠠᠽᠢᠯᠢᠶ᠎ᠠ᠎ᠳᠤ ᠬᠤᠷᠠᠯᠳᠤᠪᠠ᠃ ᠬᠤᠷᠠᠯ᠎ᠠᠴᠠ 《ᠠᠯᠳᠠᠨ ᠲᠣᠭᠣᠰᠬ᠎ᠠ ᠤᠯᠤᠰ᠎ᠤᠳ᠎ᠤᠨ ᠣᠷᠴᠢᠨ ᠲᠣᠭᠣᠷᠢᠨ᠎ᠤ ᠬᠠᠮᠲᠤᠷᠠᠯᠴᠠᠭ᠎ᠠ ᠵᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠪᠣᠯᠣᠨ ᠪᠦᠬᠦ ᠠᠷᠠᠳ᠎ᠤᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ》 ᠪᠣᠯᠣᠨ 《ᠠᠭᠤᠷ ᠠᠮᠢᠰᠬᠤᠯ᠎ᠤᠨ ᠬᠠᠮᠲᠤ ᠵᠢᠨ ᠤᠳᠤᠷᠢᠳᠬᠤ ᠬᠦᠴᠦᠨ ᠪᠣᠯᠣᠨ 2030 ᠣᠨ᠎ᠤ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ ᠵᠥᠪᠯᠡᠬᠦ ᠵᠦᠢ᠍ᠯ》 ᠭᠡᠬᠦ ᠬᠣᠶᠠᠷ ᠭᠣᠣᠯ ᠰᠡᠳᠦᠪ᠎ᠤᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠵᠡᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠬᠤᠷᠠᠯ᠎ᠳᠤ ᠣᠷᠣᠯᠴᠠᠭᠰᠠᠨ ᠪᠥᠭᠡᠳ ᠭᠣᠣᠯ ᠰᠡᠳᠦᠪᠲᠦ ᠶᠠᠷᠢᠶ᠎ᠠ ᠲᠠᠯᠪᠢᠵᠠᠢ᠃
      3. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠫᠧᠷᠦ᠋ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠺᠠᠰᠲᠷᠤ᠋᠎ᠲᠠᠢ ᠬᠣᠶᠠᠷ ᠲᠠᠯ᠎ᠠ ᠵᠢᠨ ᠬᠡᠯᠡᠯᠴᠡᠭᠡ ᠬᠢᠪᠡ
      ᠲᠤᠬᠠᠢ ᠵᠢᠨ ᠭᠠᠵᠠᠷ᠎ᠤᠨ ᠴᠠᠭ ᠵᠶ᠋ᠠᠷ 4 ᠰᠠᠷ᠎ᠠ ᠵᠢᠨ 6᠎ᠤ ᠡᠳᠦᠷ᠎ᠠᠴᠠ 7᠎ᠤ ᠡᠳᠦᠷ ᠪᠣᠯᠲᠠᠯ᠎ᠠ᠂ ᠫᠧᠷᠦ᠋ ᠵᠢᠨ ᠣᠷᠴᠢᠨ ᠲᠣᠭᠣᠷᠢᠨ᠎ᠤ ᠶᠠᠮᠤᠨ᠎ᠤ ᠤᠷᠢᠯᠭ᠎ᠠ᠎ᠪᠠᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠦᠯᠬᠦᠮ ᠳᠠᠭ᠋ᠠᠭᠤᠯᠤᠨ ᠫᠧᠷᠦ᠋᠎ᠳᠤ ᠠᠢ᠌ᠯᠴᠢᠯᠠᠪᠠ᠃ 4 ᠰᠠᠷ᠎ᠠ ᠵᠢᠨ 7᠎ᠤ ᠡᠳᠦᠷ᠂ ᠬᠤᠸᠠᠩ ᠷᠦᠨ ᠴᠢᠦ ᠯᠢᠮᠠ᠎ᠳᠤ ᠫᠧᠷᠦ᠋ ᠵᠢᠨ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠡᠾᠦ᠋ᠸᠠᠨ · ᠺᠠᠷᠯᠣᠰ · ᠺᠠᠰᠲᠷᠤ᠋᠎ᠲᠠᠢ ᠬᠡᠯᠡᠯᠴᠡᠭᠡ ᠬᠢᠵᠦ᠂ ᠬᠣᠶᠠᠷ ᠲᠠᠯ᠎ᠠ᠎ᠪᠠᠷ ᠵᠶ᠋ᠠᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠬᠣᠶᠠᠷ ᠲᠠᠯ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠡᠷᠭᠡ ᠵᠥᠪᠯᠡᠬᠦ ᠰᠡᠳᠦᠪ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
      4. ᠠᠮᠢ ᠠᠬᠤᠢ ᠣᠷᠴᠢᠨ ᠲᠣᠭᠣᠷᠢᠨ᠎ᠤ ᠶᠠᠮᠤᠨ 《ᠰᠢᠨᠵᠢᠯᠡᠬᠦ ᠤᠬᠠᠭ᠋ᠠᠨ · ᠰᠣᠶᠣᠯ · ᠬᠡᠪ ᠪᠣᠯᠪᠠᠰᠤᠷᠠᠯ》᠎ᠤᠨ ᠲᠠᠢ᠌ᠯᠤᠮᠵᠢ ᠬᠢᠪᠡ
      4 ᠰᠠᠷ᠎ᠠ ᠵᠢᠨ 11᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ ᠠᠩᠬᠠᠳᠤᠭ᠋ᠠᠷ ᠬᠤᠭᠤᠴᠠᠭ᠋ᠠᠨ᠎ᠤ 《ᠰᠢᠨᠵᠢᠯᠡᠬᠦ ᠤᠬᠠᠭ᠋ᠠᠨ · ᠰᠣᠶᠣᠯ · ᠬᠡᠪ ᠪᠣᠯᠪᠠᠰᠤᠷᠠᠯ》᠎ᠤᠨ ᠲᠠᠢ᠌ᠯᠤᠮᠵᠢ ᠬᠢᠪᠡ᠃ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠬᠢᠷᠭ᠎ᠠ ᠵᠢᠨ ᠳᠠᠷᠤᠭ᠎ᠠ ᠰᠢᠦᠢ ᠬᠤᠤ ᠭᠤᠸᠠᠩ ᠤᠷᠢᠯᠭ᠎ᠠ᠎ᠪᠠᠷ ᠲᠤᠰᠬᠠᠢ ᠰᠡᠳᠦᠪᠲᠦ ᠵᠢᠯᠣᠭᠣᠳᠬᠤ ᠢᠯᠡᠳᠬᠡᠯ ᠬᠢᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠲᠠᠢ᠌ᠯᠤᠮᠵᠢ᠎ᠳᠤ ᠣᠷᠣᠯᠴᠠᠪᠠ᠃
      5. ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ ᠰᠠᠨᠠᠯ ᠵᠥᠪᠯᠡᠯᠭᠡ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ ᠬᠤᠷᠠᠯᠳᠤᠭᠤᠯᠪᠠ
      4 ᠰᠠᠷ᠎ᠠ ᠵᠢᠨ 8᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 2025 ᠣᠨ᠎ᠤ ᠰᠠᠨᠠᠯ ᠵᠥᠪᠯᠡᠯᠭᠡ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ᠂ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠵᠥᠪᠯᠡᠯᠭᠡ ᠵᠢ ᠲᠤᠰᠢᠶᠠᠨ ᠰᠢᠢ᠍ᠳᠪᠦᠷᠢᠯᠡᠭᠦᠯᠬᠦ ᠬᠤᠷᠠᠯ ᠪᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ᠂ 2024 ᠣᠨ᠎ᠤ ᠰᠠᠨᠠᠯ ᠵᠥᠪᠯᠡᠯᠭᠡ ᠵᠢ ᠰᠢᠢ᠍ᠳᠪᠦᠷᠢᠯᠡᠭᠰᠡᠨ ᠪᠠᠢ᠌ᠳᠠᠯ᠎ᠢ ᠵᠠᠷᠯᠠᠨ ᠮᠡᠳᠡᠭᠳᠡᠵᠦ᠂ 2025 ᠣᠨ᠎ᠤ ᠰᠠᠨᠠᠯ ᠵᠥᠪᠯᠡᠯᠭᠡ ᠵᠢ ᠰᠢᠢ᠍ᠳᠪᠦᠷᠢᠯᠡᠬᠦ ᠠᠵᠢᠯ᠎ᠢ ᠪᠠᠢ᠌ᠷᠢᠯᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠢᠦᠢ ᠬᠤᠢ ᠸᠧᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      6. ᠪᠦᠬᠦ ᠤᠯᠤᠰ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢᠶᠠᠩᠰᠢ᠎ᠳᠤ ᠶᠠᠪᠤᠭᠳᠠᠪᠠ
      ᠪᠦᠬᠦ ᠤᠯᠤᠰ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠲᠥᠷᠥ ᠵᠢᠨ ᠪᠣᠳᠣᠯᠭ᠎ᠠ ᠵᠢᠨ ᠬᠢᠷᠢ ᠲᠦᠪᠰᠢᠨ᠎ᠢ ᠲᠡᠭᠡᠭᠰᠢᠯᠡᠬᠦᠯᠵᠦ᠂ ᠬᠠᠲᠠᠭᠤ ᠳᠠᠢ᠌ᠯᠠᠯᠳᠤᠭ᠋ᠠᠨ ᠬᠢᠵᠦ ᠳᠡᠶ᠋ᠢᠯᠬᠦ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠲᠡᠮᠦᠷ ᠠᠷᠮᠢ ᠵᠢᠨ ᠡᠩᠨᠡᠭᠡ ᠵᠢ ᠬᠦᠴᠦᠯᠡᠨ ᠪᠠᠢ᠌ᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠥᠨᠳᠥᠷ ᠶᠠᠰᠤ ᠴᠢᠨᠠᠷ᠎ᠲᠠᠢ ᠲᠡᠭᠦᠰᠬᠡᠯ᠎ᠢ ᠬᠦᠴᠦᠲᠡᠢ ᠲᠤᠯᠭ᠋ᠠᠭᠤᠷᠢᠯᠠᠬᠤ ᠵᠢᠨ ᠲᠥᠯᠥᠭᠡ᠂ 2025 ᠣᠨ᠎ᠤ 4 ᠰᠠᠷ᠎ᠠ ᠵᠢᠨ 9᠎ᠤ ᠡᠳᠦᠷ᠎ᠠᠴᠠ 11᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠢᠶᠠᠩᠰᠢ ᠵᠢᠨ ᠺᠠᠳ᠋ᠷ᠎ᠤᠨ ᠳᠡᠭᠡᠳᠦ ᠰᠤᠷᠭ᠋ᠠᠭᠤᠯᠢ᠎ᠳᠤ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠠᠩᠭᠢ ᠵᠢ ᠡᠷᠬᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠢᠦᠢ ᠬᠤᠢ ᠸᠧᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
      7. ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ ᠸᠢᠳᠢᠤ᠋ ᠬᠤᠷᠠᠯ ᠬᠤᠷᠠᠯᠳᠤᠪᠠ
      4 ᠰᠠᠷ᠎ᠠ ᠵᠢᠨ 8᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠳᠦᠷᠢᠮ᠎ᠤᠨ ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ ᠸᠢᠳᠢᠤ᠋ ᠬᠤᠷᠠᠯ ᠬᠤᠷᠠᠯᠳᠤᠪᠠ᠃ ᠬᠤᠷᠠᠯ᠎ᠠᠴᠠ ᠠᠷᠪᠠᠨ ᠵᠢᠯ᠎ᠤᠨ ᠲᠤᠷᠰᠢᠬᠢ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠤᠨ ᠣᠯᠣᠭᠰᠠᠨ ᠠᠮᠵᠢᠯᠲᠠ ᠵᠢ ᠰᠢᠰᠲ᠋ᠧᠮ᠎ᠲᠠᠢ ᠳ᠋ᠦᠩᠨᠡᠵᠦ᠂ ᠠᠵᠢᠯ᠎ᠤᠨ ᠲᠤᠷᠰᠢᠯᠭ᠎ᠠ᠎ᠪᠠᠨ ᠰᠣᠯᠢᠯᠴᠠᠵᠤ᠂ ᠠᠵᠢᠯ᠎ᠤᠨ ᠴᠢᠨᠠᠷ ᠰᠠᠢ᠌ᠲᠠᠢ ᠥᠷᠨᠢᠬᠦ ᠵᠢ ᠴᠢᠨᠠᠭᠰᠢᠳᠠ ᠠᠬᠢᠭᠤᠯᠵᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠯᠢ ᠭᠤᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      8. ᠠᠮᠢ ᠠᠬᠤᠢ ᠣᠷᠴᠢᠨ ᠲᠣᠭᠣᠷᠢᠨ᠎ᠤ ᠶᠠᠮᠤᠨ ᠡᠯ᠎ᠡ ᠭᠠᠵᠠᠷ᠎ᠤᠨ᠎ᠬᠢᠨ᠎ᠢ ᠦᠶᠡᠷ᠎ᠤᠨ ᠬᠤᠭᠤᠴᠠᠭ᠋ᠠᠨ᠎ᠤ ᠤᠰᠤᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠵᠢ ᠱᠠᠭ᠋ᠠᠷᠳᠠᠪᠠ
      ᠣᠢ᠌ᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《2025 ᠣᠨ᠎ᠤ ᠦᠶᠡᠷ᠎ᠤᠨ ᠬᠤᠭᠤᠴᠠᠭ᠋ᠠᠨ᠎ᠤ ᠤᠰᠤᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ᠂ ᠡᠯ᠎ᠡ ᠭᠠᠵᠠᠷ᠎ᠤᠨ᠎ᠬᠢᠨ ᠦᠶᠡᠷ᠎ᠤᠨ ᠬᠤᠭᠤᠴᠠᠭ᠋ᠠᠨ᠎ᠤ ᠤᠰᠤᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠣᠯᠠᠨ ᠲᠦᠮᠡᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠦᠶᠡᠷ᠎ᠤᠨ ᠬᠤᠭᠤᠴᠠᠭ᠋ᠠᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ ᠮᠠᠭᠤᠳᠠᠬᠤ ᠵᠢᠴᠢ ᠬᠦᠨᠳᠦ ᠶᠡᠬᠡ ᠤᠰᠤᠨ᠎ᠤ ᠪᠣᠬᠢᠷᠲᠤᠯ᠎ᠤᠨ ᠬᠡᠷᠡᠭ ᠡᠭᠦᠰᠬᠦ᠎ᠠᠴᠠ ᠰᠡᠷᠭᠡᠢ᠌ᠯᠡᠬᠦ ᠬᠡᠷᠡᠭᠲᠡᠢ ᠭᠡᠵᠦ ᠱᠠᠭ᠋ᠠᠷᠳᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠬᠠᠢ ᠪᠸᠢᠢ᠍ᠯᠦᠢ᠌ᠨ᠎ᠤ ᠶᠡᠬᠡ ᠬᠤᠷᠠᠯ᠎ᠤᠨ ᠲᠡᠷᠢᠭᠦᠯᠡᠭᠴᠢ᠂ ᠪᠷᠠᠽᠢᠯ᠎ᠤᠨ ᠶᠡᠷᠦᠩᠬᠡᠢ᠌ᠯᠡᠭᠴᠢ ᠵᠢᠨ ᠣᠷᠳᠣᠨ᠎ᠤ ᠢᠷᠭᠡᠨ᠎ᠤ ᠬᠡᠷᠡᠭ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠠᠨᠳᠧᠯᠢ᠎ᠲᠠᠢ ᠠᠭᠤᠯᠵᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (4.13 — 4.19)
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (4.27 — 5.3)
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (5.4 — 5.10)
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (5.18 — 5.24)
 
             蒙ICP备05000248号