4 ᠰᠠᠷ᠎ᠠ ᠵᠢᠨ 15᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢ᠌ᠳ ᠬᠤᠸᠠᠩ ᠷᠦᠨ ᠴᠢᠦ ᠪᠡᠭᠡᠵᠢᠩ᠎ᠳᠤ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠸᠢᠢ᠍ᠯᠦᠢ᠌ᠨ᠎ᠤ ᠶᠡᠬᠡ ᠬᠤᠷᠠᠯ᠎ᠤᠨ ᠲᠡᠷᠢᠭᠦᠯᠡᠭᠴᠢ᠂ ᠪᠷᠠᠽᠢᠯ᠎ᠤᠨ ᠶᠡᠷᠦᠩᠬᠡᠢ᠌ᠯᠡᠭᠴᠢ ᠵᠢᠨ ᠣᠷᠳᠣᠨ᠎ᠤ ᠢᠷᠭᠡᠨ᠎ᠤ ᠬᠡᠷᠡᠭ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠠᠨᠳᠧᠯᠢ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠤᠯᠠᠨ ᠲᠠᠯ᠎ᠠ ᠵᠢᠨ ᠠᠬᠢᠴᠠ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠸᠢᠢ᠍ᠯᠦᠢ᠌ᠨ᠎ᠤ ᠶᠡᠬᠡ ᠬᠤᠷᠠᠯ ᠵᠡᠷᠭᠡ ᠵᠥᠪᠯᠡᠬᠦ ᠵᠦᠢ᠍ᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
ᠬᠤᠸᠠᠩ ᠷᠦᠨ ᠴᠢᠦ ᠳᠤᠮᠳᠠᠳᠤ ᠤᠯᠤᠰ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠵᠢ ᠠᠬᠢᠭᠤᠯᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠡᠷᠭᠡ ᠲᠠᠯ᠎ᠠ᠎ᠪᠠᠷ᠎ᠬᠢ ᠲᠥᠷᠥ ᠵᠢᠨ ᠪᠣᠳᠣᠯᠭ᠎ᠠ᠂ ᠠᠵᠢᠯᠯᠠᠭ᠎ᠠ ᠪᠣᠯᠣᠨ ᠣᠯᠣᠭᠰᠠᠨ ᠦᠷ᠎ᠡ ᠪᠦᠲᠦᠮᠵᠢ ᠵᠢ ᠲᠠᠨᠢᠯᠴᠠᠭᠤᠯᠵᠤ᠂ ᠳᠤᠮᠳᠠᠳᠤ ᠤᠯᠤᠰ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠭᠤᠢ᠌ᠪᠢᠰᠢ ᠦᠭᠡᠢ ᠪᠠᠷᠢᠮᠲᠠᠯᠠᠵᠤ᠂ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠡᠶ᠋ᠢᠲᠡ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》᠎ᠤᠨ ᠬᠠᠷᠠᠯᠲᠠ ᠪᠣᠯᠣᠨ ᠵᠠᠷᠴᠢᠮ᠎ᠢ ᠭᠤᠢ᠌ᠪᠢᠰᠢ ᠦᠭᠡᠢ ᠪᠠᠷᠢᠮᠲᠠᠯᠠᠵᠤ᠂ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠤᠷᠬᠢᠯ᠎ᠳᠤ ᠬᠦᠷᠬᠦ ᠵᠢ ᠪᠡᠶᠡᠯᠡᠭᠦᠯᠬᠦ ᠵᠢ ᠪᠠᠷᠢᠮᠲᠠᠯᠠᠵᠤ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠯ᠎ᠢ ᠪᠡᠶᠡᠯᠡᠭᠦᠯᠬᠦ ᠬᠠᠷᠠᠯᠲᠠ ᠵᠢ ᠭᠤᠢ᠌ᠪᠢᠰᠢ ᠦᠭᠡᠢ ᠪᠡᠶᠡᠯᠡᠭᠦᠯᠬᠦ᠎ᠪᠠᠷ ᠴᠢᠷᠮᠠᠢ᠌ᠵᠤ᠂ ᠪᠣᠳᠠᠲᠤ ᠠᠵᠢᠯᠯᠠᠭ᠎ᠠ ᠪᠣᠯᠣᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠷ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠤᠯᠠᠨ ᠲᠠᠯᠠᠲᠤ ᠠᠬᠢᠴᠠ ᠵᠢ ᠠᠬᠢᠭᠤᠯᠤᠨ᠎ᠠ ᠭᠡᠵᠦ ᠢᠯᠡᠳᠬᠡᠪᠡ᠃ ᠬᠤᠸᠠᠩ ᠷᠦᠨ ᠴᠢᠦ᠂ ᠣᠳᠣᠬᠠᠨ᠎ᠳᠤ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ᠎ᠳᠤ ᠨᠡᠩ ᠶᠡᠬᠡ ᠥᠷᠢᠰᠦᠯᠳᠦᠭᠡᠨ ᠪᠠ ᠲᠣᠭᠲᠠᠪᠤᠷᠢ ᠦᠭᠡᠢ ᠴᠢᠨᠠᠷ ᠲᠤᠯᠭ᠋ᠠᠷᠠᠵᠤ ᠪᠠᠢ᠌ᠨ᠎ᠠ᠂ ᠤᠯᠠᠨ ᠲᠠᠯᠠᠲᠤ ᠦᠵᠡᠯ᠎ᠢ ᠡᠷᠡᠰ ᠬᠠᠮᠠᠭ᠋ᠠᠯᠠᠵᠤ᠂ 《ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠬᠠᠷᠢᠭᠤᠴᠠᠯᠭ᠎ᠠ》᠂ ᠡᠷᠬᠡ ᠲᠡᠭᠰᠢ ᠵᠢᠴᠢ ᠲᠤᠰ ᠲᠤᠰ᠎ᠤᠨ ᠴᠢᠳᠠᠪᠤᠷᠢ ᠵᠢᠨ ᠵᠠᠷᠴᠢᠮ᠎ᠢ ᠪᠠᠷᠢᠮᠲᠠᠯᠠᠵᠤ᠂ ᠬᠥᠭᠵᠢᠭᠰᠡᠨ ᠤᠯᠤᠰ᠎ᠤᠨ ᠪᠡᠯᠡ ᠮᠥᠩᠭᠥ ᠭᠠᠷᠭ᠋ᠠᠬᠤ ᠡᠭᠦᠷᠭᠡ ᠵᠢ ᠨᠠᠢ᠌ᠳᠠᠪᠤᠷᠢᠵᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠦᠬᠦ ᠪᠥᠮᠪᠥᠷᠴᠡᠭ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠥᠭᠵᠢᠵᠦ ᠪᠠᠢ᠌ᠭ᠎ᠠ ᠤᠯᠤᠰ᠎ᠤᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠪᠷᠠᠽᠢᠯ᠎ᠤᠨ ᠲᠠᠯ᠎ᠠ ᠵᠢᠨ᠎ᠬᠢᠨ᠎ᠲᠠᠢ ᠦᠷᠭᠦᠯᠵᠢᠯᠡᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠷᠠᠽᠢᠯ᠎ᠤᠨ ᠲᠠᠯ᠎ᠠ ᠵᠢᠨ᠎ᠬᠢᠨ᠎ᠤ ᠨᠢᠭᠡ ᠬᠤᠭᠤᠴᠠᠭ᠋ᠠᠨ᠎ᠤ ᠠᠮᠵᠢᠯᠲᠠ᠎ᠲᠠᠢ ᠭᠡᠷᠡᠲᠦ ᠲᠠᠯ᠎ᠠ ᠵᠢᠨ᠎ᠬᠢᠨ᠎ᠤ ᠶᠡᠬᠡ ᠬᠤᠷᠠᠯ ᠡᠷᠬᠢᠯᠡᠬᠦ ᠵᠢ ᠪᠦᠬᠦ ᠬᠦᠴᠦᠨ ᠵᠶ᠋ᠡᠷ ᠵᠶ᠋ᠡᠨ ᠲᠡᠮᠵᠢᠨ᠎ᠡ ᠭᠡᠵᠦ ᠴᠢᠬᠤᠯᠠᠴᠢᠯᠠᠪᠠ᠃
ᠠᠨᠳᠧᠯᠢ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠬᠦᠷᠢᠶᠡᠨ᠎ᠳᠤ ᠣᠯᠣᠭᠰᠠᠨ ᠢᠯᠡᠳᠲᠡ ᠦᠷ᠎ᠡ ᠪᠦᠲᠦᠮᠵᠢ ᠵᠢ ᠳᠡᠭᠡᠳᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ᠂ ᠳᠤᠮᠳᠠᠳᠤ ᠵᠢᠨ ᠲᠠᠯ᠎ᠠ ᠵᠢᠨ᠎ᠬᠢᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠳᠠᠭ᠋ᠠᠭᠤᠯᠤᠭᠴᠢ ᠵᠢᠨ ᠦᠢ᠍ᠯᠡᠳᠦᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠪᠤᠰᠤᠳ ᠤᠯᠤᠰ᠎ᠲᠠᠢ ᠬᠠᠮᠲᠤ᠎ᠪᠠᠷ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠸᠢᠢ᠍ᠯᠦᠢ᠌ᠨ᠎ᠤ ᠶᠡᠬᠡ ᠬᠤᠷᠠᠯ᠎ᠤᠨ ᠢᠳᠡᠪᠬᠢᠲᠡᠢ ᠦᠷ᠎ᠡ ᠪᠦᠲᠦᠭᠡᠯ ᠣᠯᠬᠤ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠤᠯᠠᠨ ᠲᠠᠯ᠎ᠠ ᠵᠢᠨ ᠠᠬᠢᠴᠠ᠎ᠳᠤ ᠨᠡᠩ ᠤᠯᠠᠨ ᠲᠣᠭᠲᠠᠭ᠋ᠠᠯᠲᠤ ᠴᠢᠨᠠᠷ ᠪᠠ ᠤᠷᠤᠭᠰᠢᠯᠠᠯᠲᠠ ᠵᠢᠨ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠰᠡᠵᠦ ᠪᠠᠢ᠌ᠨ᠎ᠠ ᠭᠡᠪᠡ᠃