ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (5.11 — 5.17)
ᠨᠡᠶ᠋ᠢᠲᠡᠯᠡᠭᠰᠡᠨ ᠴᠠᠭ᠄ 2025-06-23

      1. ᠳᠤᠮᠳᠠᠳᠤ ᠡᠣᠯᠣᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠳᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠦᠷᠢᠮ》 ᠵᠢ ᠲᠠᠷᠤᠮᠠᠯᠯᠠᠨ ᠲᠠᠷᠬᠠᠭ᠋ᠠᠪᠠ᠃
      ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠦᠷᠢᠮ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠢᠨᠠᠮᠠᠭ᠋ᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃
      2. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠬᠤᠷᠠᠯ ᠬᠤᠷᠠᠯᠳᠤᠭᠤᠯᠪᠠ
      5 ᠰᠠᠷ᠎ᠠ ᠵᠢᠨ 16᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠳᠤᠮᠳᠠᠳᠤ ᠤᠯᠤᠰ – ᠯᠠᠲ᠋ᠢᠨ ᠠᠮᠧᠷᠢᠺᠠ ᠲᠢᠪ ᠪᠣᠯᠤᠨ ᠺᠠᠷᠢᠪ᠎ᠤᠨ ᠤᠯᠤᠰ᠎ᠤᠨ ᠬᠠᠮᠲᠤ ᠵᠢᠨ ᠴᠣᠭᠴᠠ ᠵᠢᠨ ᠶᠠᠷᠢᠶᠠᠨ᠎ᠤ ᠲᠠᠪᠴᠠᠩ᠎ᠤᠨ ᠳᠥᠷᠪᠡᠳᠦᠭᠡᠷ ᠬᠤᠭᠤᠴᠠᠭ᠋ᠠᠨ᠎ᠤ ᠰᠠᠶ᠋ᠢᠳ᠎ᠤᠨ ᠳᠡᠰ᠎ᠤᠨ ᠬᠤᠷᠠᠯ᠎ᠤᠨ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 《〈ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠦᠷᠢᠮ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》᠎ᠢ ᠤᠯᠠᠮᠵᠢᠯᠠᠨ ᠰᠤᠷᠤᠯᠴᠠᠵᠤ᠂ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠦᠷᠢᠮ》᠎ᠢ ᠰᠤᠷᠤᠯᠴᠠᠵᠤ ᠤᠬᠠᠭᠤᠯᠤᠨ ᠲᠤᠭᠤᠰᠢᠯᠠᠭᠤᠯᠤᠭᠰᠠᠨ ᠬᠣᠯᠪᠣᠭᠳᠠᠯ ᠪᠥᠬᠥᠶ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ
      3. ᠠᠮᠢ ᠠᠬᠤᠶ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠶ᠋ᠢᠩᠭᠤ ᠵᠢᠨ ᠬᠤᠷᠠᠯ ᠬᠤᠷᠠᠯᠳᠤᠭᠤᠯᠪᠠ
      5 ᠰᠠᠷ᠎ᠠ ᠵᠢᠨ 16᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠶᠠᠮᠤᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠎ᠲᠠᠢ ᠫᠢᠩ ᠯᠢᠩ᠎ᠤᠨ ᠴᠥᠮ᠎ᠡ ᠵᠢᠨ ᠴᠠᠬᠢᠯᠭ᠋ᠠᠨ᠎ᠤ ᠦᠢᠯᠡᠳᠪᠦᠷᠢ ᠵᠢᠨ 3᠂ 4 ᠳ᠋ᠦ᠍ᠭᠡᠷ ᠮᠠᠰᠢᠨ ᠴᠣᠭᠴᠠᠯᠠᠪᠤᠷᠢ ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ (ᠪᠠᠶ᠋ᠢᠭᠤᠯᠬᠤ ᠱᠠᠲᠤ) ᠪᠣᠯᠤᠨ ᠪᠠᠶ᠋ᠢᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠭᠤᠶᠤᠴᠢᠯᠠᠯ᠎ᠢ ᠬᠢᠨᠠᠨ ᠦᠨᠡᠯᠡᠵᠦ ᠬᠢᠨᠠᠯᠲᠠ ᠲᠠᠯᠪᠢᠭᠰᠠᠨ ᠪᠠᠶ᠋ᠢᠳᠠᠯ᠂ 《ᠹᠣᠰᠹᠣᠷ ᠵᠤᠭ᠋ᠠᠩ᠎ᠢ ᠠᠰᠢᠭᠯᠠᠬᠤ ᠪᠠ ᠬᠣᠥᠷ ᠥᠬᠡᠶ ᠪᠣᠯᠭ᠋ᠠᠨ ᠬᠠᠳᠠᠭ᠋ᠠᠯᠠᠬᠤ ᠵᠢ ᠬᠢᠵᠠᠭ᠋ᠠᠷᠯᠠᠬᠤ ᠮᠡᠷᠭᠡᠵᠢᠯ᠎ᠤᠨ ᠵᠢᠷᠤᠮᠵᠢᠯ》᠂ 《ᠴᠥᠮ᠎ᠡ ᠵᠢᠨ ᠮᠡᠷᠭᠡᠵᠢᠯ ᠵᠶ᠋ᠡᠷ ᠰᠠᠴᠤᠷᠠᠭ ᠢᠳᠡᠪᠬᠢ ᠬᠠᠶᠠᠭᠳᠠᠮᠠᠯ ᠪᠣᠳᠠᠰ᠎ᠤᠨ ᠬᠥᠮᠥᠷᠭᠡ ᠵᠢ ᠠᠰᠢᠭᠯᠠᠬᠤ ᠠᠵᠢᠯᠯᠠᠭ᠋ᠠᠨ᠎ᠤ ᠬᠠᠮᠢᠶᠠᠷᠤᠯᠲᠠ ᠵᠢᠨ ᠮᠡᠷᠭᠡᠵᠢᠯ᠎ᠤᠨ ᠵᠢᠷᠤᠮᠵᠢᠯ》᠎ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ᠎ᠪᠠᠨ ᠪᠠᠲᠤᠯᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠬᠤᠷᠠᠯ᠎ᠳᠤ ᠣᠷᠣᠯᠴᠠᠪᠠ᠃
      4. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠪᠷᠠᠽᠢᠯ᠎ᠤᠨ ᠣᠷᠴᠢᠨ ᠲᠣᠭᠣᠷᠢᠨ ᠪᠣᠯᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠶ᠋ᠢᠳ ᠰᠢᠷᠸᠠ ᠎ᠲᠠᠢ ᠠᠭᠤᠯᠵᠠᠪᠠ
      5 ᠰᠠᠷ᠎ᠠ ᠵᠢᠨ 12᠎ᠤᠨ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠪᠡᠭᠡᠵᠢᠩ᠎ᠳᠤ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠶ᠋ᠢᠳ ᠰᠢᠷᠸᠠ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠳᠤᠮᠳᠠᠳᠤ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠬᠤᠪᠢᠶᠠᠷᠢ ᠵᠥᠪᠯᠡᠯ᠎ᠤᠨ ᠬᠣᠶ᠋ᠢᠰᠢᠳᠠ ᠵᠢᠨ ᠠᠵᠢᠯ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠸᠢᠢ᠍ᠯᠦᠢ᠌ᠨ᠎ᠤ ᠶᠡᠬᠡ ᠬᠤᠷᠠᠯ (COP30)᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠤᠯᠠᠨ ᠲᠠᠯ᠎ᠠ ᠵᠢᠨ ᠠᠬᠢᠴᠠ ᠵᠡᠷᠭᠡ ᠵᠥᠪᠯᠡᠬᠦ ᠵᠦᠢ᠍ᠯ᠎ᠤᠨ ᠲᠤᠬᠠᠢ ᠭᠦᠨᠵᠡᠭᠡᠢ ᠰᠣᠯᠢᠯᠴᠠᠪᠠ᠃
      5. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠰᠠᠦᠢ᠍ᠳ᠋᠎ᠤᠨ ᠠᠷᠠᠪ᠎ᠤᠨ ᠣᠷᠴᠢᠨ ᠲᠣᠭᠣᠷᠢᠨ ᠤᠰᠤᠨ ᠠᠰᠢᠭᠯᠠᠯᠲᠠ ᠲᠠᠷᠢᠶᠠᠯᠠᠩ᠎ᠤᠨ ᠶᠠᠮᠤᠨ᠎ᠤ ᠰᠠᠶ᠋ᠢᠳ ᠹᠠᠳᠦᠢ᠌ᠷᠢ᠎ᠲᠠᠢ ᠠᠭᠤᠯᠵᠠᠪᠠ
      5 ᠰᠠᠷ᠎ᠠ ᠵᠢᠨ 13᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠪᠡᠭᠡᠵᠢᠩ᠎ᠳᠤ ᠰᠠᠦᠢ᠍ᠳ᠋᠎ᠤᠨ ᠠᠷᠠᠪ᠎ᠤᠨ ᠣᠷᠴᠢᠨ ᠲᠣᠭᠣᠷᠢᠨ ᠤᠰᠤᠨ ᠠᠰᠢᠭᠯᠠᠯᠲᠠ ᠲᠠᠷᠢᠶᠠᠯᠠᠩ᠎ᠤᠨ ᠶᠠᠮᠤᠨ᠎ᠤ ᠰᠠᠶ᠋ᠢᠳ ᠠᠪᠦᠢ᠌ᠳᠦ᠋ᠷᠠᠾᠮᠠᠨ · ᠹᠠᠳᠦ᠋ᠷᠢ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠪᠣᠬᠢᠷᠲᠤᠯ ᠦᠭᠡᠢ᠎ᠪᠠᠷ ᠬᠡᠯᠪᠡᠷᠢ ᠵᠢ ᠬᠤᠪᠢᠷᠠᠭᠤᠯᠬᠤ᠂ ᠴᠦᠯᠯᠡᠷᠬᠡᠭᠵᠢᠯ᠎ᠢ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ᠂ ᠲᠠᠯᠠᠢ ᠲᠠᠩᠭᠢᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠵᠥᠪᠯᠡᠬᠦ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠪᠠ᠃
      6. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠰᠤᠷᠭ᠋ᠠᠭᠤᠯᠢ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠶᠣᠰᠣᠯᠠᠯ ᠶᠠᠪᠤᠭᠤᠯᠪᠠ
      5 ᠰᠠᠷ᠎ᠠ ᠵᠢᠨ 14᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠰᠤᠷᠭ᠋ᠠᠭᠤᠯᠢ ᠵᠢᠨ 2025 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠭᠠᠵᠠᠷ᠎ᠤᠨ ᠲᠠᠰ᠎ᠤᠨ ᠺᠠᠳ᠋ᠷ᠎ᠤᠨ ᠳᠠᠪᠲᠠᠨ ᠪᠣᠯᠪᠠᠰᠤᠷᠠᠭᠤᠯᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠪᠡᠭᠡᠵᠢᠩ᠎ᠳᠤ ᠶᠠᠪᠤᠭᠳᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠢᠦᠢ ᠬᠤᠢ ᠸᠧᠨ ᠨᠥᠬᠥᠷ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ᠂ ᠰᠤᠷᠤᠯᠭ᠎ᠠ ᠡᠬᠢᠯᠡᠬᠦ ᠲᠠᠢ᠍ᠢ᠍ᠴᠢᠯᠠᠯᠳᠠ ᠬᠢᠭᠰᠡᠨ ᠪᠥᠭᠡᠳ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠣᠭᠣᠷᠢᠨ᠎ᠳᠤ᠂ ᠰᠢᠯᠢᠳᠡᠭ ᠰᠠᠢ᠍ᠢ᠍ᠨ ᠵᠣᠬᠢᠶᠠᠯ᠎ᠤᠨ ᠰᠤᠷᠲᠠᠯ᠎ᠢ ᠲᠦᠷᠦᠭᠦᠯᠡᠨ ᠪᠤᠢ ᠪᠣᠯᠭ᠋ᠠᠵᠤ᠂ ᠰᠤᠷᠤᠭᠴᠢᠳ᠎ᠲᠤ ᠨᠠᠮ᠎ᠤᠨ ᠬᠢᠴᠢᠶᠡᠯ ᠵᠢᠭ᠋ᠠᠪᠠ᠃
      7. 2025 ᠣᠨ᠎ᠤ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
      5 ᠰᠠᠷ᠎ᠠ ᠵᠢᠨ 16᠎ᠤ ᠡᠳᠦᠷ᠂ 2025 ᠣᠨ᠎ᠤ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠠᠵᠢᠯ᠎ᠤᠨ ᠬᠤᠷᠠᠯ ᠰᠧᠴᠤᠸᠠᠨ᠎ᠤ ᠴᠧᠩᠳᠦ᠋᠎ᠳᠤ ᠬᠤᠷᠠᠯᠳᠤᠵᠤ᠂  《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢᠬᠢ ᠠᠵᠢᠯ᠎ᠤᠨ ᠠᠬᠢᠴᠠ ᠵᠢ ᠳ᠋ᠦᠩᠨᠡᠨ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠠᠵᠢᠯ᠎ᠤᠨ ᠰᠡᠳᠬᠢᠮᠵᠢ ᠵᠢ ᠰᠦᠪᠡᠭᠴᠢᠯᠡᠵᠦ᠂ 2025 ᠣᠨ᠎ᠤ ᠭᠣᠥᠯᠳᠠᠯᠭ᠎ᠠ᠎ᠲᠠᠢ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠳᠥᠯᠭᠢᠨ ᠠᠬᠢᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠢᠦᠢ ᠬᠤᠢ ᠸᠧᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      8. ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠣᠨᠴᠠ ᠤᠷᠢᠭᠰᠠᠨ ᠯᠧᠺᠲ᠋ᠣᠷ᠎ᠤᠨ ᠪᠦᠯᠬᠦᠮ᠎ᠤᠨ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ
      5 ᠰᠠᠷ᠎ᠠ ᠵᠢᠨ 15᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠪᠡᠭᠡᠵᠢᠩ᠎ᠳᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠣᠨᠴᠠ ᠤᠷᠢᠭᠰᠠᠨ ᠯᠧᠺᠲ᠋ᠣᠷ᠎ᠤᠨ ᠪᠦᠯᠬᠦᠮ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ᠎ᠠᠴᠠ ᠬᠣᠶᠠᠳᠤᠭ᠋ᠠᠷ ᠪᠦᠯᠦᠭ᠎ᠤᠨ ᠣᠨᠴᠠ ᠤᠷᠢᠭᠰᠠᠨ ᠯᠧᠺᠲ᠋ᠣᠷ᠎ᠤᠨ ᠨᠡᠷᠡᠰ᠎ᠢ ᠨᠡᠶ᠋ᠢᠲᠡᠯᠡᠵᠦ᠂ ᠲᠦᠷᠦᠭᠦᠦ ᠪᠦᠯᠦᠭ᠎ᠤᠨ ᠣᠨᠴᠠ ᠤᠷᠢᠭᠰᠠᠨ ᠯᠧᠺᠲ᠋ᠣᠷ ᠬᠤᠷᠠᠯ᠎ᠳᠤ ᠣᠷᠣᠯᠴᠠᠨ ᠲᠤᠷᠰᠢᠯᠭ᠎ᠠ᠎ᠪᠠᠨ ᠬᠤᠪᠢᠶᠠᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠭᠦᠸᠧ ᠹᠠᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠣᠶᠠᠳᠤᠭ᠋ᠠᠷ ᠪᠦᠯᠦᠭ᠎ᠤᠨ ᠣᠨᠴᠠ ᠤᠷᠢᠭᠰᠠᠨ ᠯᠧᠺᠲ᠋ᠣᠷ᠎ᠲᠤ ᠤᠷᠢᠯᠭ᠎ᠠ ᠵᠢᠨ ᠪᠢᠴᠢᠭ ᠭᠠᠷᠳᠠᠭᠤᠯᠵᠠᠢ᠃
      9. ᠰᠠᠴᠤᠷᠠᠭ᠎ᠤᠨ ᠡᠨᠳᠡᠯ᠎ᠤᠨ ᠲᠤᠷᠰᠢᠯᠭ᠎ᠠ ᠵᠢ ᠬᠠᠷᠢᠭᠤ ᠲᠤᠰᠬᠠᠬᠤ ᠬᠤᠷᠠᠯ ᠪᠡᠭᠡᠵᠢᠩ᠎ᠳᠤ ᠬᠤᠷᠠᠯᠳᠤᠪᠠ
      5 ᠰᠠᠷ᠎ᠠ ᠵᠢᠨ 15᠎ᠤ ᠡᠳᠦᠷ᠎ᠠᠴᠠ 16᠎ᠤ ᠡᠳᠦᠷ ᠪᠣᠯᠲᠠᠯ᠎ᠠ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠪᠡᠭᠡᠵᠢᠩ᠎ᠳᠤ ᠰᠠᠴᠤᠷᠠᠭ᠎ᠤᠨ ᠡᠨᠳᠡᠯ᠎ᠤᠨ ᠲᠤᠷᠰᠢᠯᠭ᠎ᠠ ᠵᠢ ᠬᠠᠷᠢᠭᠤ ᠲᠤᠰᠬᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠶ᠋ᠢᠳ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠤᠯᠤᠰ᠎ᠤᠨ ᠴᠥᠮ᠎ᠡ ᠵᠢᠨ ᠠᠮᠤᠷ ᠲᠦᠪᠰᠢᠨ᠎ᠤ ᠲᠣᠪᠴᠢᠶᠠᠨ᠎ᠤ ᠳᠠᠷᠤᠭ᠎ᠠ ᠳ᠋ᠦᠩ ᠪᠦᠦ ᠲᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      10. ᠠᠮᠢ ᠠᠬᠤᠶ ᠣᠷᠴᠢᠨ ᠲᠣᠭᠣᠷᠢᠨ᠎ᠤ ᠶᠠᠮᠤᠨ 5 ᠰᠠᠷ᠎ᠠ ᠵᠢᠨ ᠳᠣᠣᠷ᠎ᠠ ᠬᠠᠭ᠋ᠠᠰ ᠰᠠᠷ᠎ᠠ ᠵᠢᠨ ᠪᠦᠬᠦ ᠤᠯᠤᠰ᠎ᠤᠨ ᠠᠭ᠋ᠠᠷ᠎ᠤᠨ ᠴᠢᠨᠠᠷ ᠴᠢᠨᠰᠠᠭ᠎ᠠ ᠵᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠶ᠋ᠢᠲᠡᠯᠡᠪᠡ
      2025 ᠣᠨ᠎ᠤ 5 ᠰᠠᠷ᠎ᠠ ᠵᠢᠨ 15᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠦᠷᠳᠡᠬᠡ ᠲᠥᠪ᠎ᠤᠨ ᠴᠠᠭ ᠠᠭᠤᠷ᠎ᠤᠨ ᠦᠷᠳᠡᠬᠡ᠂ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠶ᠋ᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠶ᠋ᠢᠲᠤ ᠣᠷᠣᠨ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠣᠯᠤᠨ ᠪᠡᠭᠡᠵᠢᠩ ᠬᠤᠳᠡ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠲᠠᠢ ᠬᠠᠮᠲᠤᠷᠠᠵᠤ᠂ 5 ᠰᠠᠷ᠎ᠠ ᠵᠢᠨ ᠳᠣᠣᠷ᠎ᠠ ᠬᠠᠭ᠋ᠠᠰ ᠰᠠᠷ᠎ᠠ (5 ᠰᠠᠷ᠎ᠠ ᠵᠢᠨ 16 — 31᠎ᠤ ᠡᠳᠦᠷ) ᠵᠢᠨ ᠪᠦᠬᠦ ᠤᠯᠤᠰ᠎ᠤᠨ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ ᠵᠢ ᠥᠷᠨᠢᠭᠦᠯᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠶ᠋ᠢᠳ ᠰᠢᠷᠸᠠ᠎ᠲᠠᠢ ᠠᠭᠤᠯᠵᠠᠪᠠ
ᠲᠦᠷᠦ ᠵᠢᠨ ᠶᠠᠪᠤᠳᠠᠯ᠎ᠤᠨ ᠬᠣᠷᠢᠶ᠎ᠠ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠬᠡᠪᠯᠡᠭᠦᠯᠦᠨ ᠲᠠᠷᠬᠠᠭ᠋ᠠᠪᠠ
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠲᠤᠰᠬᠠᠢ ᠬᠤᠷᠠᠯ ᠬᠢᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠯᠠᠪᠯᠠᠨ ᠠᠰᠠᠭᠤᠪᠠ
ᠯᠢ ᠭᠠᠨ ᠵᠢᠶᠧ ᠰᠢᠨ᠎ᠡ ᠽᠢᠯᠡᠡᠳ᠋᠎ᠤᠨ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠯᠲᠡᠰ᠎ᠤᠨ ᠰᠠᠶ᠋ᠢᠳ᠎ᠲᠠᠢ ᠠᠭᠤᠯᠵᠠᠪᠠ
ᠠᠮᠢ ᠠᠬᠤᠶ ᠣᠷᠴᠢᠨ ᠲᠣᠭᠣᠷᠢᠨ᠎ᠤ ᠶᠠᠮᠤᠨ᠄ ᠪᠣᠬᠢᠷᠲᠤᠯ᠎ᠢ ᠵᠠᠰᠠᠬᠤ ᠨᠡᠷ᠎ᠡ᠎ᠪᠠᠷ ᠳᠤᠷ᠎ᠠ᠎ᠪᠠᠷ ᠵᠶ᠋ᠠᠨ ᠦᠢ᠍ᠯᠡᠳᠬᠦ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ
 
             蒙ICP备05000248号