ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠶ᠋ᠢᠳ ᠰᠢᠷᠸᠠ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-06-24

      5 ᠰᠠᠷ᠎ᠠ ᠵᠢᠨ 12᠎ᠤᠨ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠪᠡᠭᠡᠵᠢᠩ᠎ᠳᠤ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠮᠤᠨ᠎ᠤ ᠰᠠᠶ᠋ᠢᠳ ᠰᠢᠷᠸᠠ᠎ᠲᠠᠢ ᠠᠭᠤᠯᠵᠠᠪᠠ᠃ ᠬᠣᠶᠠᠷ ᠲᠠᠯ᠎ᠠ᠎ᠪᠠᠷ ᠵᠶ᠋ᠠᠨ ᠳᠤᠮᠳᠠᠳᠤ ᠪᠷᠠᠽᠢᠯ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠬᠤᠪᠢᠶᠠᠷᠢ ᠵᠥᠪᠯᠡᠯ᠎ᠤᠨ ᠬᠣᠶ᠋ᠢᠰᠢᠳᠠ ᠵᠢᠨ ᠠᠵᠢᠯ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠸᠢᠢ᠍ᠯᠦᠢ᠌ᠨ᠎ᠤ ᠶᠡᠬᠡ ᠬᠤᠷᠠᠯ (COP30)᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠤᠯᠠᠨ ᠲᠠᠯ᠎ᠠ ᠵᠢᠨ ᠠᠬᠢᠴᠠ ᠵᠡᠷᠭᠡ ᠵᠥᠪᠯᠡᠬᠦ ᠵᠦᠢ᠍ᠯ᠎ᠤᠨ ᠲᠤᠬᠠᠢ ᠭᠦᠨᠵᠡᠭᠡᠢ ᠰᠣᠯᠢᠯᠴᠠᠪᠠ᠃
      ᠬᠤᠸᠠᠩ ᠷᠦᠨ ᠴᠢᠦ ᠳᠤᠮᠳᠠᠳᠤ ᠪᠷᠠᠽᠢᠯ ᠬᠣᠶᠠᠷ ᠤᠯᠤᠰ᠎ᠤᠨ ᠣᠷᠴᠢᠨ ᠲᠣᠭᠣᠷᠢᠨ ᠪᠣᠯᠤᠨ ᠠᠭᠤᠷ ᠠᠮᠢᠰᠬᠤᠯ᠎ᠤᠨ ᠬᠦᠷᠢᠶᠡᠨ᠎ᠳᠤ ᠥᠷᠨᠢᠭᠦᠯᠦᠭᠰᠡᠨ ᠰᠠᠢ᠍ᠢ᠍ᠨ ᠰᠠᠶ᠋ᠢᠬᠠᠨ ᠬᠠᠮᠲᠤᠷᠠᠯᠴᠠᠭ᠎ᠠ ᠵᠢ ᠡᠷᠭᠢᠴᠡᠭᠦᠯᠵᠦ᠂ ᠳᠤᠮᠳᠠᠳᠤ ᠵᠢᠨ ᠲᠠᠯ᠎ᠠ ᠵᠢᠨ᠎ᠬᠢᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠲᠠᠯ᠎ᠠ᠎ᠪᠠᠷ ᠣᠯᠤᠭᠰᠠᠨ ᠠᠬᠢᠴᠠ ᠪᠣᠯᠤᠨ ᠦᠷ᠎ᠡ ᠪᠦᠲᠦᠮᠵᠢ ᠵᠢ ᠲᠠᠨᠢᠯᠴᠠᠭᠤᠯᠪᠠ᠃ ᠲᠡᠷᠡ᠂ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ ᠵᠢᠨ ᠡᠳᠦᠷ ᠠᠭᠤᠷ ᠠᠮᠢᠰᠬᠤᠯ ᠪᠣᠯᠤᠨ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ ᠤᠳᠤᠷᠢᠳᠬᠤ ᠬᠥᠮᠦᠰ᠎ᠤᠨ ᠸᠢᠳᠢᠣ᠋ ᠲᠦᠷᠦᠭᠦᠴᠦᠳ᠎ᠤᠨ ᠬᠤᠷᠠᠯ᠎ᠳᠤ ᠴᠢᠬᠤᠯᠠ ᠪᠠᠶᠠᠷ᠎ᠤᠨ ᠦᠭᠡ ᠬᠡᠯᠡᠵᠦ᠂ ᠳᠤᠮᠳᠠᠳᠤ ᠤᠯᠤᠰ᠎ᠤᠨ ᠣᠶ᠋ᠢᠯᠠᠭ᠋ᠠᠭᠳᠠᠬᠤᠨ ᠪᠣᠯᠤᠨ ᠵᠣᠷᠢᠯᠲᠠ ᠵᠢ ᠳᠤᠷᠠᠳᠴᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠤᠯᠠᠨ ᠲᠠᠯ᠎ᠠ ᠵᠢᠨ ᠠᠬᠢᠴᠠ᠎ᠳᠤ ᠨᠡᠩ ᠶᠡᠬᠡ ᠥᠷᠢᠰᠥᠯᠳᠦᠭᠡᠨ ᠪᠠ ᠲᠣᠭᠲᠠᠭ᠋ᠠᠯᠲᠤ ᠪᠤᠰᠤ ᠴᠢᠨᠠᠷ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠳᠣᠣᠷ᠎ᠠ᠂ ᠳᠤᠮᠳᠠᠳᠤ ᠵᠢᠨ ᠲᠠᠯ᠎ᠠ ᠵᠢᠨ᠎ᠬᠢᠨ ᠤᠯᠠᠨ ᠲᠠᠯᠠᠲᠤ ᠦᠵᠡᠯ᠎ᠢ ᠡᠷᠡᠰ ᠬᠠᠮᠠᠭ᠋ᠠᠯᠠᠵᠤ᠂ 《ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠡᠶ᠋ᠢᠲᠡ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》᠎ᠤᠨ ᠬᠠᠷᠠᠯᠲᠠ ᠪᠠ ᠵᠠᠷᠴᠢᠮ᠎ᠢ ᠪᠠᠷᠢᠮᠲᠠᠯᠠᠵᠤ᠂ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠲᠥᠪ ᠭᠣᠣᠯᠴᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦ ᠨᠡᠮᠡᠷᠢᠯᠡᠵᠦ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠤᠨ᠎ᠠ᠃ ᠳᠤᠮᠳᠠᠳᠤ ᠵᠢᠨ ᠲᠠᠯ᠎ᠠ ᠵᠢᠨ᠎ᠬᠢᠨ ᠬᠣᠶᠠᠷ ᠤᠯᠤᠰ᠎ᠤᠨ ᠤᠳᠤᠷᠢᠳᠬᠤ ᠬᠥᠮᠦᠰ᠎ᠤᠨ ᠬᠠᠮᠲᠤ ᠵᠢᠨ ᠲᠠᠨᠢᠯᠲᠠ ᠵᠢ ᠢᠳᠡᠪᠬᠢᠲᠡᠢ ᠨᠠᠶ᠋ᠢᠳᠠᠪᠤᠷᠢᠵᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠤᠢ᠍ᠢ᠍ᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠪᠷᠠᠽᠢᠯ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠶ᠋ᠢᠷᠡᠭᠦᠯᠵᠦ᠂ ᠳᠤᠮᠳᠠᠳᠤ ᠪᠷᠠᠽᠢᠯ᠎ᠤᠨ ᠣᠷᠴᠢᠨ ᠲᠣᠭᠣᠷᠢᠨ ᠪᠣᠯᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠤᠪᠢᠶᠠᠷᠢ ᠵᠥᠪᠯᠡᠯ᠎ᠤᠨ ᠠᠵᠢᠯ᠎ᠤᠨ ᠲᠥᠯᠥᠪᠯᠡᠭᠡ (2025-2029) ᠵᠢ ᠬᠡᠷᠡᠭᠵᠢᠭᠦᠯᠵᠦ᠂ ᠪᠷᠠᠽᠢᠯ᠎ᠤᠨ ᠲᠠᠯ᠎ᠠ ᠵᠢᠨ᠎ᠬᠢᠨ᠎ᠤ COP30 ᠵᠢ ᠠᠮᠵᠢᠯᠲᠠ᠎ᠲᠠᠢ ᠡᠷᠬᠢᠯᠡᠬᠦ ᠵᠢ ᠪᠦᠬᠦ ᠬᠦᠴᠦᠨ ᠵᠶ᠋ᠡᠷ ᠵᠶ᠋ᠡᠨ ᠳᠡᠮᠵᠢᠵᠦ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠥᠷᠢᠰᠥᠯᠳᠦᠭᠡᠨ᠎ᠢ ᠬᠠᠮᠳᠤ᠎ᠪᠠᠷ ᠠᠷᠭ᠋ᠠᠴᠠᠨ᠎ᠠ ᠭᠡᠵᠦ ᠢᠯᠡᠷᠬᠡᠢ᠌ᠯᠡᠪᠡ᠃
      ᠰᠢᠷᠸᠠ ᠳᠤᠮᠳᠠᠳᠤ ᠵᠢᠨ ᠲᠠᠯ᠎ᠠ ᠵᠢᠨ᠎ᠬᠢᠨ᠎ᠤ ᠪᠷᠠᠽᠢᠯ᠎ᠤᠨ᠎ᠬᠢᠨ᠎ᠤ COP30 ᠵᠡᠷᠭᠡ ᠲᠠᠯ᠎ᠠ᠎ᠪᠠᠷ᠎ᠬᠢ ᠬᠦᠴᠦᠲᠡᠢ ᠳᠡᠮᠵᠢᠯᠭᠡ᠎ᠳᠤ ᠲᠠᠯᠠᠷᠬᠠᠵᠤ᠂ ᠳᠤᠮᠳᠠᠳᠤ ᠵᠢᠨ ᠲᠠᠯ᠎ᠠ ᠵᠢᠨ᠎ᠬᠢᠨ᠎ᠤ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠠᠬᠢᠴᠠ᠎ᠳᠤ ᠦᠵᠡᠭᠦᠯᠦᠭᠰᠡᠨ ᠬᠦᠳᠦᠯᠦᠨ ᠳᠠᠭ᠋ᠠᠭᠤᠯᠬᠤ ᠴᠢᠨᠠᠷᠲᠠᠢ ᠦᠢ᠍ᠯᠡᠳᠦᠯ᠎ᠢ ᠳᠡᠭᠡᠳᠦ ᠬᠡᠮᠵᠢᠢ᠎ᠡ᠎ᠪᠠᠷ ᠮᠠᠭᠲᠠᠨ ᠰᠠᠶ᠋ᠢᠰᠢᠶᠠᠵᠤ᠂ ᠬᠣᠶᠠᠷ ᠤᠯᠤᠰ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ ᠵᠢᠨ ᠣᠯᠤᠭᠰᠠᠨ ᠦᠷ᠎ᠡ ᠪᠦᠲᠦᠭᠡᠯ᠎ᠢ ᠢᠳᠡᠪᠬᠢᠲᠡᠢ ᠦᠨᠡᠯᠡᠵᠦ᠂ ᠳᠤᠮᠳᠠᠳᠤ ᠵᠢᠨ ᠲᠠᠯ᠎ᠠ ᠵᠢᠨ᠎ᠬᠢᠨ᠎ᠲᠠᠢ ᠭᠠᠷ ᠬᠣᠯᠪᠣᠨ ᠪᠦᠬᠦ ᠪᠥᠮᠪᠥᠷᠴᠡᠭ᠎ᠤᠨ ᠣᠷᠴᠢᠨ ᠲᠣᠭᠣᠷᠢᠨ ᠬᠢᠭᠡᠳ ᠠᠭᠤᠷ ᠠᠮᠢᠰᠬᠤᠯ᠎ᠤᠨ ᠵᠠᠰᠠᠯᠲᠠ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠦᠷᠦ ᠵᠢᠨ ᠶᠠᠪᠤᠳᠠᠯ᠎ᠤᠨ ᠬᠣᠷᠢᠶ᠎ᠠ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠬᠡᠪᠯᠡᠭᠦᠯᠦᠨ ᠲᠠᠷᠬᠠᠭ᠋ᠠᠪᠠ
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠲᠤᠰᠬᠠᠢ ᠬᠤᠷᠠᠯ ᠬᠢᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠯᠠᠪᠯᠠᠨ ᠠᠰᠠᠭᠤᠪᠠ
ᠯᠢ ᠭᠠᠨ ᠵᠢᠶᠧ ᠰᠢᠨ᠎ᠡ ᠽᠢᠯᠡᠡᠳ᠋᠎ᠤᠨ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠯᠲᠡᠰ᠎ᠤᠨ ᠰᠠᠶ᠋ᠢᠳ᠎ᠲᠠᠢ ᠠᠭᠤᠯᠵᠠᠪᠠ
ᠠᠮᠢ ᠠᠬᠤᠶ ᠣᠷᠴᠢᠨ ᠲᠣᠭᠣᠷᠢᠨ᠎ᠤ ᠶᠠᠮᠤᠨ᠄ ᠪᠣᠬᠢᠷᠲᠤᠯ᠎ᠢ ᠵᠠᠰᠠᠬᠤ ᠨᠡᠷ᠎ᠡ᠎ᠪᠠᠷ ᠳᠤᠷ᠎ᠠ᠎ᠪᠠᠷ ᠵᠶ᠋ᠠᠨ ᠦᠢ᠍ᠯᠡᠳᠬᠦ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ
ᠶᠠᠮᠤᠨ᠎ᠤ ᠳᠠᠷᠤᠭ᠎ᠠ ᠯᠢ ᠭᠠᠨ ᠵᠢᠶᠧ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠨᠠᠷᠢᠨ ᠪᠢᠴᠢᠭ᠎ᠤᠨ ᠳᠡᠳ᠋ ᠳᠠᠷᠤᠭ᠎ᠠ ᠪᠥᠭᠡᠳ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠭᠦᠢ᠍ᠴᠡᠳᠬᠡᠭᠴᠢ ᠡᠷᠬᠢᠯᠡᠭᠴᠢ᠎ᠲᠠᠢ ᠠᠭᠤᠯᠵᠠᠪᠠ
 
             蒙ICP备05000248号