1. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠬᠤᠷᠠᠯ ᠬᠤᠷᠠᠯᠳᠤᠭᠤᠯᠪᠠ
5 ᠰᠠᠷ᠎ᠠ ᠵᠢᠨ 9᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠬᠡᠰᠡᠭ ᠮᠤᠵᠢ ᠣᠷᠣᠨ ᠬᠤᠳᠠ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠭᠦᠢ᠍ᠵᠧᠦ ᠵᠢᠨ ᠪᠢ ᠵᠢᠶᠧ ᠬᠤᠳᠠ ᠵᠢᠨ ᠴᠢᠶᠠᠨᠰᠢ ᠬᠤᠳᠠ ᠵᠢᠨ ᠨᠢᠭᠡᠨ ᠦᠵᠡᠮᠵᠢ ᠵᠢᠨ ᠣᠷᠣᠨ᠎ᠳᠤ ᠵᠤᠭ᠋ᠠᠴᠠᠯ᠎ᠤᠨ ᠣᠩᠭᠣᠴᠠ ᠬᠥᠷᠪᠡᠭᠰᠡᠨ ᠡ᠊ᠨᠳᠡᠯ᠎ᠤᠨ ᠲᠤᠬᠠᠶ ᠭᠠᠷᠭ᠋ᠠᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠢᠶᠧ ᠢ ᠲᠧ ᠪᠠᠭ᠎ᠠ ᠰᠤᠷᠭ᠋ᠠᠭᠤᠯᠢ ᠵᠢᠨ ᠬᠢᠯᠢ ᠬᠢᠵᠠᠭ᠋ᠠᠷ᠎ᠢ ᠰᠠᠬᠢᠨ ᠬᠠᠮᠠᠭ᠋ᠠᠯᠠᠵᠤ ᠰᠤᠷᠭ᠋ᠠᠨ ᠬᠥᠮᠦᠵᠢᠯ᠎ᠢ ᠳᠡᠮᠵᠢᠬᠦ ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠥᠯᠥᠪᠯᠡᠭᠡ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠴᠢ ᠵᠢᠨ ᠦᠢ᠍ᠯᠡᠴᠢᠯᠡᠭᠡᠨ᠎ᠤ ᠠᠨᠭ᠌ᠬᠢ ᠵᠢᠨ ᠭᠡᠰᠢᠭᠦᠳ᠎ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
2. ᠠᠮᠢ ᠠᠬᠤᠶ ᠣᠷᠴᠢᠨ ᠲᠣᠭᠣᠷᠢᠨ᠎ᠤ ᠶᠠᠮᠤᠨ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠵᠠᠯᠠᠭᠤᠴᠤᠳ᠎ᠤᠨ ᠠᠵᠢᠯᠯᠠᠭ᠎ᠠ》 ᠭᠡᠬᠦ ᠵᠠᠯᠠᠭᠤᠴᠤᠳ᠎ᠤᠨ ᠠᠩᠭ᠍ᠯᠢ ᠬᠡᠯᠡᠨ᠎ᠤ ᠶᠠᠷᠢᠶᠠᠨ᠎ᠤ ᠰᠢᠢᠳᠪᠦᠷᠢᠲᠦ ᠤᠷᠤᠯᠳᠤᠭ᠋ᠠᠨ ᠵᠢᠴᠢ ᠲᠠᠪᠤᠨ ᠰᠠᠷ᠎ᠠ ᠵᠢᠨ ᠳᠥᠷᠪᠡᠨ᠎ᠤ ᠵᠠᠯᠠᠭᠤᠴᠤᠳ᠎ᠤᠨ ᠪᠠᠶᠠᠷ᠎ᠢ ᠳᠤᠷᠠᠰᠬᠠᠨ ᠬᠥᠬᠢᠭᠦᠯᠬᠦ ᠠᠵᠢᠯᠯᠠᠭ᠎ᠠ ᠡᠷᠭᠢᠯᠡᠪᠡ
5 ᠰᠠᠷ᠎ᠠ ᠵᠢᠨ 7᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠥᠲᠥᠭᠡᠨ ᠪᠠᠶ᠋ᠢᠭᠤᠯᠬᠤ ᠵᠠᠯᠠᠭᠤᠴᠤᠳ᠎ᠤᠨ ᠠᠵᠢᠯᠯᠠᠭ᠎ᠠ》 ᠭᠡᠬᠦ ᠵᠠᠯᠠᠭᠤᠴᠤᠳ᠎ᠤᠨ ᠠᠩᠭ᠍ᠯᠢ ᠬᠡᠯᠡᠨ᠎ᠤ ᠶᠠᠷᠢᠶᠠᠨ᠎ᠤ ᠰᠢᠢᠳᠪᠦᠷᠢᠲᠦ ᠤᠷᠤᠯᠳᠤᠭ᠋ᠠᠨ ᠵᠢᠴᠢ ᠲᠠᠪᠤᠨ ᠰᠠᠷ᠎ᠠ ᠵᠢᠨ ᠳᠥᠷᠪᠡᠨ᠎ᠤ ᠵᠠᠯᠠᠭᠤᠴᠤᠳ᠎ᠤᠨ ᠪᠠᠶᠠᠷ᠎ᠢ ᠳᠤᠷᠠᠰᠬᠠᠵᠤ ᠬᠥᠬᠢᠭᠦᠯᠦᠨ ᠰᠠᠶ᠋ᠢᠰᠢᠶᠠᠬᠤ ᠠᠵᠢᠯᠯᠠᠭ᠎ᠠ ᠡᠷᠭᠢᠯᠡᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠠᠵᠢᠯᠯᠠᠭ᠎ᠠ᠎ᠳᠤ ᠣᠷᠣᠯᠴᠠᠪᠠ᠃
3. ᠠᠮᠢ ᠠᠬᠤᠶ ᠣᠷᠴᠢᠨ ᠲᠣᠭᠣᠷᠢᠨ᠎ᠤ ᠶᠠᠮᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠬᠤ ᠬᠤᠷᠠᠯ ᠬᠤᠷᠠᠯᠳᠤᠭᠤᠯᠪᠠ
5 ᠰᠠᠷ᠎ᠠ ᠵᠢᠨ 9᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠭᠣᠣᠯᠳᠠᠯᠭ᠎ᠠ᠎ᠲᠠᠢ ᠠᠵᠢᠯ᠎ᠤᠨ ᠲᠤᠬᠢᠷᠠᠭᠤᠯᠭ᠎ᠠ ᠵᠢᠨ ᠬᠤᠷᠠᠯ ᠬᠤᠷᠠᠯᠳᠤᠭᠤᠯᠵᠤ᠂ 2024 ᠣᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠪᠠᠶ᠋ᠢᠳᠠᠯ᠎ᠢ ᠮᠡᠳᠡᠭᠳᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠤᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠴᠢᠨᠠᠭᠰᠢᠳᠠ ᠪᠠᠶ᠋ᠢᠷᠢᠯᠠᠭᠤᠯᠤᠨ ᠠᠬᠢᠭᠤᠯᠵᠠᠢ᠃
4. ᠠᠮᠢ ᠠᠬᠤᠶ ᠣᠷᠴᠢᠨ ᠲᠣᠭᠣᠷᠢᠨ᠎ᠤ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠮᠠᠰᠢᠨᠲᠤ ᠲᠡᠷᠭᠡᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠳᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
5 ᠰᠠᠷ᠎ᠠ ᠵᠢᠨ 8᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠬᠣᠷᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠵᠠᠮ ᠲᠡᠭᠡᠭᠡᠪᠦᠷᠢ ᠵᠢᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠲᠠᠢ ᠬᠠᠮᠲᠤᠷᠠᠨ ᠮᠠᠰᠢᠨᠲᠤ ᠲᠡᠷᠭᠡᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ ᠮᠠᠰᠢᠨᠲᠤ ᠲᠡᠷᠭᠡᠨ᠎ᠤ ᠭᠠᠳᠠᠭᠰᠢᠯᠠᠭᠤᠯᠤᠯᠲᠠ ᠵᠢ ᠰᠢᠯᠭ᠋ᠠᠨ ᠪᠠᠶ᠋ᠢᠴᠠᠭ᠋ᠠᠬᠤ ᠬᠦᠷᠢᠶᠡᠨ᠎ᠳᠠᠬᠢ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠵᠢᠨ ᠲᠤᠰᠬᠠᠶ ᠴᠡᠭᠴᠡᠯᠡᠨ ᠵᠠᠰᠠᠬᠤ ᠠᠵᠢᠯ᠎ᠤᠨ ᠠᠬᠢᠴᠠ ᠵᠢ ᠳ᠋ᠦᠩᠨᠡᠵᠦ᠂ ᠮᠠᠰᠢᠨᠲᠤ ᠲᠡᠷᠭᠡᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠪᠠ᠃
5. 2025 ᠣᠨ᠎ᠤ ᠠᠮᠢ ᠠᠬᠤᠶ ᠣᠷᠴᠢᠨ ᠲᠣᠭᠣᠷᠢᠨ᠎ᠢ ᠬᠢᠨᠠᠨ ᠬᠡᠮᠵᠢᠬᠦ ᠠᠵᠢᠯ᠎ᠤᠨ ᠬᠤᠷᠠᠯ ᠬᠤᠷᠠᠯᠳᠤᠪᠠ
5 ᠰᠠᠷ᠎ᠠ ᠵᠢᠨ 7᠎ᠤ ᠡᠳᠦᠷ᠂ 2025 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠬᠤᠷᠠᠯ ᠵᠧᠵᠢᠶᠠᠩ ᠮᠤᠵᠢ ᠵᠢᠨ ᠬᠠᠩᠵᠧᠦ᠎ᠳᠤ ᠬᠤᠷᠠᠯᠳᠤᠵᠤ᠂ 2024 ᠣᠨ᠎ᠠᠴᠠ ᠨᠠᠭ᠋ᠠᠰᠢᠬᠢ ᠠᠵᠢᠯ᠎ᠤᠨ ᠠᠬᠢᠴᠠ ᠵᠢ ᠳ᠋ᠦᠩᠨᠡᠵᠦ᠂ 2025 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠭᠣᠣᠯᠳᠠᠯᠭ᠎ᠠ᠎ᠲᠠᠢ ᠠᠵᠢᠯ᠎ᠢ ᠨᠠᠶ᠋ᠢᠳᠠᠪᠤᠷᠢᠵᠢᠭᠤᠯᠬᠤ ᠵᠢ ᠠᠬᠢᠭᠤᠯᠪᠠ᠃
6. ᠠᠮᠢ ᠠᠬᠤᠶ ᠣᠷᠴᠢᠨ ᠲᠣᠭᠣᠷᠢᠨ᠎ᠤ ᠶᠠᠮᠤᠨ ᠵᠡᠷᠭᠡ ᠶᠢᠰᠦᠨ ᠰᠠᠯᠠᠭ᠎ᠠ ᠮᠥᠴᠢᠷ 《ᠮᠠᠰᠢᠨᠲᠤ ᠲᠡᠷᠭᠡᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠰᠢᠨᠲᠤ ᠲᠡᠷᠭᠡᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢ ᠰᠠᠶ᠋ᠢᠵᠢᠷᠠᠭᠤᠯᠤᠨ ᠰᠢᠯᠢᠳᠡᠭᠵᠢᠭᠦᠯᠵᠦ᠂ ᠭᠣᠥᠯᠴᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠂ ᠬᠠᠥᠯᠢ ᠵᠢ ᠰᠠᠬᠢᠭᠴᠢ ᠵᠢᠨ ᠠᠰᠢᠭ ᠲᠤᠰᠠ ᠵᠢ ᠬᠠᠮᠠᠭ᠋ᠠᠯᠠᠵᠤ᠂ ᠮᠠᠰᠢᠨᠲᠤ ᠲᠡᠷᠭᠡᠨ᠎ᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠦᠲᠦᠮᠵᠢᠲᠡᠶ ᠪᠠᠭ᠋ᠠᠰᠬᠠᠨ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠬᠤ ᠵᠢᠨ ᠲᠤᠰᠠᠳᠠ᠂ ᠡᠳᠦᠭᠡ ᠳᠣᠥᠷᠠᠬᠢ ᠮᠡᠲᠦ ᠰᠠᠨᠠᠯ᠎ᠢ ᠳᠤᠷᠠᠳᠪᠠ᠃