ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ (6.15 — 6.21)
ᠨᠡᠶ᠋ᠢᠲᠡᠯᠡᠭᠰᠡᠨ ᠴᠠᠭ᠄ 2025-07-15

    1. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠦᠯᠬᠦᠮ ᠳᠠᠭᠠᠭᠤᠯᠤᠨ ᠪᠧᠯᠬᠢ᠎ᠳᠤ ᠬᠦᠷᠴᠦ᠍ ᠠᠷᠪᠠᠳᠤᠭᠠᠷ ᠤᠳᠠᠭᠠᠨ᠎ᠤ ᠳᠤᠮᠳᠠᠳᠤ ᠧᠦ᠋ᠷᠣᠫᠠ᠎ᠶ᠋ᠢᠨ ᠣᠷᠴᠢᠨ ᠲᠣᠭᠤᠷᠢᠨ᠎ᠤ ᠲᠥᠷᠥ᠎ᠶ᠋ᠢᠨ ᠪᠣᠳᠣᠯᠭ᠎ᠠ᠎ᠶ᠋ᠢᠨ ᠶᠠᠮᠤᠨ᠎ᠤ ᠰᠠᠢᠳ ᠨᠠᠷ᠎ᠤᠨ ᠶᠠᠷᠢᠯᠴᠠᠭᠠᠨ᠎ᠤ ᠬᠤᠷᠠᠯ᠎ᠳᠤ ᠣᠷᠣᠯᠴᠠᠪᠠ
    ᠲᠤᠬᠠᠢ᠎ᠶ᠋ᠢᠨ ᠭᠠᠵᠠᠷ᠎ᠤᠨ ᠴᠠᠭ᠎ᠢᠶᠠᠷ 6 ᠰᠠᠷ᠎ᠠ᠎ᠶ᠋ᠢᠨ 13 ᠎ᠤ ᠡᠳᠦᠷ᠂ ᠠᠷᠪᠠᠳᠤᠭᠠᠷ ᠤᠳᠠᠭ᠎ᠠ᠎ᠶ᠋ᠢᠨ ᠳᠤᠮᠳᠠᠳᠤ ᠧᠦ᠋ᠷᠣᠫᠠ᠎ᠶ᠋ᠢᠨ ᠣᠷᠴᠢᠨ ᠲᠣᠭᠤᠷᠢᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠶᠠᠮᠤᠨ᠎ᠤ ᠰᠠᠢᠳ ᠨᠠᠷ᠎ᠤᠨ ᠶᠠᠷᠢᠯᠴᠠᠭᠠᠨ᠎ᠤ ᠬᠤᠷᠠᠯ ᠪᠧᠯᠬᠢ᠎ᠶ᠋ᠢᠨ ᠪᠷᠦ᠋ᠰᠰᠧᠯ᠎ᠳᠤ ᠬᠤᠷᠠᠯᠳᠤᠪᠠ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠣᠯᠤᠨ ᠧᠦ᠋ᠷᠣᠫᠠ ᠲᠢᠪ᠎ᠤᠨ ᠤᠯᠤᠰ᠎ᠤᠳ᠎ᠤᠨ ᠬᠤᠯᠪᠣᠭᠠᠨ᠎ᠤ ᠵᠥᠪᠯᠡᠯ᠎ᠤᠨ ᠣᠷᠴᠢᠨ ᠲᠣᠭᠤᠷᠢᠨ᠂ ᠤᠰᠤᠨ᠎ᠤ ᠡᠬᠢ ᠪᠠᠶᠠᠯᠢᠭ᠎ᠤᠨ ᠤᠶᠠᠨ ᠬᠠᠳᠠᠨ ᠴᠢᠨᠠᠷ ᠪᠣᠯᠤᠨ ᠦᠷᠢᠰᠦᠯᠳᠦᠬᠦ᠌ ᠬᠦᠴᠦᠨ᠎ᠤ ᠣᠷᠴᠢᠯ ᠠᠵᠤ ᠠᠬᠤᠢ᠎ᠶ᠋ᠢᠨ ᠭᠡᠱᠢᠭᠦᠨ ᠶᠥᠱᠢᠺᠠ · ᠷᠤᠰᠥᠸᠠᠷ᠎ᠲᠠᠢ ᠬᠠᠮᠳᠤ ᠶᠠᠷᠢᠯᠴᠠᠭᠠᠨ᠎ᠤ ᠬᠤᠷᠠᠯ᠎ᠢ ᠡᠷᠬᠢᠯᠡᠪᠡ᠃
    2. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠪᠦᠯᠬᠦᠮ ᠳᠠᠭᠠᠭᠤᠯᠤᠨ ᠠᠩᠭ᠌ᠯᠢ᠎ᠳᠤ ᠬᠦᠷᠴᠦ᠍ ᠠᠩᠬᠠᠳᠠᠭ᠍ᠴᠢ ᠤᠳᠠᠭᠠᠨ᠎ᠤ ᠳᠤᠮᠳᠠᠳᠤ ᠠᠩᠭ᠌ᠯᠢ᠎ᠶ᠋ᠢᠨ ᠠᠭᠤᠷ ᠠᠮᠢᠰᠭᠤᠯ᠎ᠤᠨ ᠶᠠᠮᠤᠨ᠎ᠤ ᠰᠠᠢᠳ ᠨᠠᠷ᠎ᠤᠨ ᠶᠠᠷᠢᠯᠴᠠᠭᠠᠨ᠎ᠤ ᠬᠤᠷᠠᠯ ᠪᠣᠯᠤᠨ ᠣᠷᠴᠢᠨ ᠲᠣᠭᠤᠷᠢᠨ᠎ᠤ ᠶᠠᠮᠤᠨ᠎ᠤ ᠰᠠᠢᠳ ᠨᠠᠷ᠎ᠤᠨ ᠶᠠᠷᠢᠯᠴᠠᠭᠠᠨ᠎ᠤ ᠬᠤᠷᠠᠯ᠎ᠳᠤ ᠣᠷᠣᠯᠴᠠᠪᠠ
    ᠲᠤᠬᠠᠶ᠎ᠶ᠋ᠢᠨ ᠭᠠᠵᠠᠷ᠎ᠤᠨ ᠴᠠᠭ᠎ᠢᠶᠠᠷ 6 ᠰᠠᠷ᠎ᠠ᠎ᠶ᠋ᠢᠨ 16 ᠎ᠤ ᠡᠳᠦᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠯᠤᠨᠳᠤᠨ᠎ᠳᠤ ᠠᠩᠭ᠌ᠯᠢ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ ᠪᠠ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠦᠭᠡᠶ ᠶᠠᠮᠤᠨ᠎ᠤ ᠰᠠᠢᠳ ᠮᠢᠯᠢᠪᠠᠨᠳ᠋᠎ᠲᠠᠢ ᠬᠠᠮᠲᠤ ᠠᠩᠬᠠᠳᠤᠭᠠᠷ ᠤᠳᠠᠭᠠᠨ᠎ᠤ ᠳᠤᠮᠳᠠᠳᠤ ᠠᠩᠭ᠌ᠯᠢ᠎ᠶ᠋ᠢᠨ ᠠᠭᠤᠷ ᠠᠮᠢᠰᠭᠤᠯ᠎ᠤᠨ ᠶᠠᠮᠤᠨ᠎ᠤ ᠰᠠᠢᠳ ᠨᠠᠷ᠎ᠤᠨ ᠶᠠᠷᠢᠯᠴᠠᠬᠤ ᠬᠤᠷᠠᠯ᠎ᠳᠤ ᠣᠷᠣᠯᠴᠠᠵᠤ᠂ ᠠᠩᠭ᠌ᠯᠢ᠎ᠶ᠋ᠢᠨ ᠣᠷᠴᠢᠨ ᠲᠣᠭᠤᠷᠢᠨ᠂ ᠢᠳᠡᠭᠡᠨ᠎ᠤ ᠵᠦᠢᠯ ᠪᠠ ᠬᠥᠳᠡᠭᠡ ᠲᠣᠰᠭᠤᠨ᠎ᠤ ᠶᠠᠪᠤᠳᠠᠯ᠎ᠤᠨ ᠰᠠᠢᠳ ᠯᠢᠳᠧ᠎ᠲᠠᠢ ᠬᠠᠮᠲᠤ ᠠᠩᠬᠠᠳᠤᠭᠠᠷ ᠤᠳᠠᠭᠠᠨ᠎ᠤ ᠳᠤᠮᠳᠠᠳᠤ ᠠᠩᠭ᠌ᠯᠢ᠎ᠶ᠋ᠢᠨ ᠣᠷᠴᠢᠨ ᠲᠣᠭᠤᠷᠢᠨ᠎ᠤ ᠶᠠᠮᠤᠨ᠎ᠤ ᠰᠠᠢᠳ ᠨᠠᠷ᠎ᠤᠨ ᠶᠠᠷᠢᠯᠴᠠᠬᠤ ᠬᠤᠷᠠᠯ᠎ᠳᠤ ᠣᠷᠣᠯᠴᠠᠪᠠ᠃
    3. ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠹᠷᠠᠨᠼᠢ᠎ᠶ᠋ᠢᠨ ᠠᠮᠢ ᠠᠬᠤᠶ᠎ᠶ᠋ᠢᠨ ᠬᠡᠯᠪᠡᠷᠢ᠎ᠶ᠋ᠢᠨ ᠬᠤᠪᠢᠷᠠᠭᠤᠯᠤᠯᠲᠠ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠂ ᠣᠶ ᠱᠢᠭᠤᠶ᠂ ᠳᠠᠯᠠᠶ ᠲᠠᠩᠭᠢᠰ ᠪᠠ ᠵᠢᠭᠠᠰᠤᠨ ᠠᠵᠤ ᠠᠬᠤᠶ᠎ᠶ᠋ᠢᠨ ᠶᠠᠮᠤᠨ᠎ᠤ ᠰᠠᠢᠳ ᠠᠨ᠌ᠧᠰ ᠫᠠᠨᠢᠶᠧ – ᠯᠢᠦᠨᠠᠱᠢᠶᠧ᠎ᠲᠠᠢ ᠠᠭᠤᠯᠵᠠᠪᠠ᠃
    ᠲᠤᠬᠠᠢ᠎ᠶ᠋ᠢᠨ ᠭᠠᠵᠠᠷ᠎ᠤᠨ ᠴᠠᠭ᠎ᠢᠶᠠᠷ 6 ᠰᠠᠷ᠎ᠠ᠎ᠶ᠋ᠢᠨ 19 ᠎ᠤ ᠡᠳᠦᠷ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠫᠠᠷᠢᠰ᠎ᠲᠤ ᠹᠷᠠᠨᠼᠢ᠎ᠶ᠋ᠢᠨ ᠠᠮᠢ ᠠᠬᠤᠢ᠎ᠶ᠋ᠢᠨ ᠬᠡᠯᠪᠡᠷᠢ᠎ᠶ᠋ᠢᠨ ᠬᠤᠪᠢᠷᠠᠭᠤᠯᠤᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠂ ᠤᠢ ᠱᠢᠭᠤᠢ᠂ ᠲᠠᠯᠠᠢ ᠲᠠᠩᠭᠢᠰ ᠪᠠ ᠵᠢᠭᠠᠰᠤᠨ ᠠᠵᠤ ᠠᠬᠤᠢ᠎ᠶ᠋ᠢᠨ ᠶᠠᠮᠤᠨ᠎ᠤ ᠰᠠᠢᠳ ᠠᠨ᠌ᠧᠰ ᠫᠠᠨᠢᠶᠧ – ᠯᠢᠦᠨᠠᠱᠢᠶᠧ᠎ᠲᠠᠢ ᠠᠭᠤᠯᠵᠠᠪᠠ᠃ ᠬᠤᠶᠠᠷ ᠲᠠᠯ᠎ᠠ᠎ᠪᠠᠷ᠎ᠢᠶᠠᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠬᠤᠪᠠᠨᠴᠠᠷ᠎ᠤᠨ ᠪᠣᠬᠢᠷᠲᠤᠯ᠎ᠤᠨ ᠤᠯᠠᠨ ᠤᠯᠤᠰ᠎ᠤᠨ ᠪᠢᠴᠢᠭ ᠬᠠᠷ᠎ᠠ᠎ᠶ᠋ᠢᠨ ᠬᠡᠯᠡᠯᠴᠡᠭᠡ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ ᠵᠡᠷᠭᠡ ᠵᠥᠪᠯᠡᠬᠦ᠌ ᠰᠡᠳᠦᠪ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃
    4. ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠶ᠋ᠢᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠲᠦᠪᠯᠡᠷᠡᠬᠦᠯᠦᠨ ᠵᠠᠷᠯᠠᠨ ᠨᠡᠢᠳᠡᠯᠡᠪᠡ
    ᠭᠤᠷᠪᠠᠳᠤᠭᠠᠷ ᠡᠭᠡᠯᠵᠢ᠎ᠶ᠋ᠢᠨ ᠳᠥᠷᠪᠡᠳᠦᠭᠡᠷ ᠪᠦᠯᠦᠭ᠎ᠤᠨ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠳᠠ ᠪᠣᠯ 《ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ》 ᠎ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠭ᠌ᠰᠡᠨ᠎ᠤ ᠳᠠᠷᠠᠭᠠᠬᠢ ᠠᠩᠬᠠᠨ᠎ᠤ ᠪᠦᠯᠦᠭ᠎ᠤᠨ ᠱᠠᠯᠠᠪᠳᠠᠭᠤᠯᠤᠨ ᠪᠠᠢᠴᠠᠭᠠᠯᠳᠠ ᠪᠣᠯᠣᠨ᠎ᠠ᠃ ᠰᠡᠷᠡᠮᠵᠢᠯᠡᠭᠦᠯᠬᠦ᠌ ᠦᠢᠯᠡᠳᠦᠯ᠎ᠢ ᠪᠠᠳᠠᠷᠠᠭᠤᠯᠤᠨ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠲᠦᠯᠬᠢᠨ ᠠᠬᠢᠭᠤᠯᠬᠤ᠎ᠶ᠋ᠢᠨ ᠲᠥᠯᠥᠭᠡ᠂ ᠤᠳᠤ ᠬᠤᠶᠠᠳᠤᠭᠠᠷ ᠪᠦᠯᠦᠭ᠎ᠤᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠲᠥᠪᠯᠡᠷᠡᠭᠦᠯᠦᠨ ᠵᠠᠷᠯᠠᠨ ᠨᠡᠢᠳᠡᠯᠡᠨ᠎ᠡ᠃
    5. ᠠᠮᠢ ᠠᠬᠤᠶ ᠣᠷᠴᠢᠨ ᠲᠣᠭᠤᠷᠢᠨ᠎ᠤ ᠶᠠᠮᠤᠨ 6 ᠳ᠋ᠤᠭᠠᠷ ᠰᠠᠷ᠎ᠠ᠎ᠶ᠋ᠢᠨ ᠳᠣᠣᠷ᠎ᠠ ᠬᠠᠭᠠᠰ ᠰᠠᠷ᠎ᠠ᠎ᠶ᠋ᠢᠨ ᠪᠦᠬᠦ᠌ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶ᠋ᠢ ᠤᠷᠢᠳᠴᠢᠯᠠᠨ ᠮᠡᠳᠡᠭᠡᠯᠡᠵᠦ᠍ ᠵᠥᠪᠳᠡᠯᠴᠡᠭ᠌ᠰᠡᠨ ᠳ᠋ᠦᠩ᠎ᠢ ᠨᠡᠢᠲᠡᠯᠡᠪᠡ
    2025 ᠣᠨ᠎ᠤ 6 ᠰᠠᠷ᠎ᠠ᠎ᠶ᠋ᠢᠨ 16 ᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠤᠷᠢᠨ᠎ᠤ ᠬᠢᠨᠠᠨ ᠬᠡᠮᠵᠢᠯᠲᠡ᠎ᠶ᠋ᠢᠨ ᠶᠡᠷᠦᠩᠬᠡᠢ ᠦᠷᠳᠡᠭᠡ ᠲᠥᠪ᠎ᠤᠨ ᠴᠠᠭ ᠠᠭᠤᠷ᠎ᠤᠨ ᠦᠷᠳᠡᠭᠡ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠬᠠᠮᠲᠤᠷᠠᠭ᠍ᠰᠠᠨ ᠲᠥᠪ᠂ ᠵᠡᠭᠦᠨ ᠬᠤᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠤᠢᠲᠤ ᠣᠷᠣᠨ᠂ ᠬᠥᠬᠡᠮᠥ᠋ᠷᠡᠨ᠎ᠤ ᠭᠤᠷᠪᠠᠯᠵᠢᠨ ᠬᠤᠢᠭ᠎ᠤᠨ ᠣᠷᠣᠨ ᠪᠦᠰᠡ᠎ᠶ᠋ᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠲᠥᠰᠦᠭᠡᠯᠡᠵᠦ᠍ ᠤᠷᠢᠳᠴᠢᠯᠠᠨ ᠮᠡᠳᠡᠭᠡᠯᠡᠬᠦ᠌ ᠲᠥᠪ ᠪᠣᠯᠤᠨ ᠪᠡᠭᠡᠵᠢᠩ ᠬᠤᠳᠡ᠎ᠶ᠋ᠢᠨ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠯᠲᠡ᠎ᠶ᠋ᠢᠨ ᠲᠥᠪ᠎ᠲᠠᠢ ᠬᠠᠮᠲᠤᠷᠠᠵᠤ᠂ 6 ᠳ᠋ᠤᠭᠠᠷ ᠰᠠᠷ᠎ᠠ᠎ᠶ᠋ᠢᠨ ᠳᠣᠣᠷ᠎ᠠ ᠬᠠᠭᠠᠰ ᠰᠠᠷ᠎ᠠ (6 ᠰᠠᠷ᠎ᠠ᠎ᠶ᠋ᠢᠨ 17 ᠎ᠤ ᠡᠳᠦᠷ᠎ᠠᠴᠠ 30 ᠎ᠤ ᠡᠳᠦᠷ ᠪᠣᠯᠲᠠᠯ᠎ᠠ) ᠎ᠶ᠋ᠢᠨ ᠪᠦᠬᠦ᠌ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ᠌ ᠵᠥᠪᠳᠡᠯᠴᠡᠭᠡ᠎ᠶ᠋ᠢ ᠥᠷᠨᠢᠭᠦᠯᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号