ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠶ ᠣᠷᠴᠢᠨ ᠲᠣᠭᠤᠷᠢᠨ᠎ᠤ ᠶᠠᠮᠤᠨ ᠶᠠᠮᠤᠨ᠎ᠤ ᠪᠠᠢᠩᠭᠤ᠎ᠶ᠋ᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-07-22

    7 ᠰᠠᠷ᠎ᠠ᠎ᠶ᠋ᠢᠨ 2 ᠎ᠤᠨ ᠡᠳᠦᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠶᠠᠮᠤᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠵᠢᠱ᠌ᠢᠶ᠎ᠡ ᠦᠵᠡᠭᠦᠯᠦᠨ ᠡᠭᠦᠳᠦᠨ ᠪᠠᠢᠭᠤᠯᠬᠤ ᠬᠠᠮᠢᠶᠠᠷᠤᠯᠲᠠ᠎ᠶ᠋ᠢᠨ ᠲᠦᠷᠢᠮ ᠪᠣᠯᠤᠨ ᠪᠦᠳᠦᠭᠡᠨ ᠪᠠᠢᠭᠤᠯᠤᠯᠲᠠ᠎ᠶ᠋ᠢᠨ ᠭᠦᠢᠴᠡᠳᠭᠡᠯ ᠲᠤᠭ᠎ᠠ᠎ᠶ᠋ᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ 《2025 ᠣᠨ᠎ᠤ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠣᠯᠤᠨ 〈ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ〉 ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ᠎ᠢ ᠱᠢᠯᠢᠨ ᠰᠣᠩᠭᠤᠵᠤ ᠲᠠᠬᠢᠨ ᠬᠢᠨᠠᠬᠤ ᠠᠵᠢᠯ᠎ᠤᠨ ᠲᠥᠰᠦᠯ》᠂ 《ᠬᠤᠳᠠ ᠪᠠᠯᠭᠠᠰᠤᠨ᠎ᠤ ᠪᠣᠬᠢᠷ ᠤᠰᠤ ᠱᠢᠢᠳᠪᠦᠷᠢᠯᠡᠬᠦ᠌ ᠦᠢᠯᠡᠳᠪᠦᠷᠢ᠎ᠶ᠋ᠢᠨ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠪᠠᠷᠢᠮᠵᠢᠶ᠎ᠠ》 ᠎ᠳᠤ ᠵᠠᠰᠠᠪᠤᠷᠢ ᠣᠷᠣᠭᠤᠯᠬᠤ ᠬᠠᠭᠤᠳᠠᠰᠤ ᠵᠡᠷᠭᠡ 4 ᠵᠦᠢᠯ᠎ᠤᠨ ᠠᠮᠢ ᠠᠬᠤᠢ ᠣᠷᠴᠢᠨ ᠲᠣᠭᠤᠷᠢᠨ᠎ᠤ ᠪᠠᠷᠢᠮᠵᠢᠶ᠎ᠠ᠎ᠶ᠋ᠢ ᠬᠢᠨᠠᠨ ᠵᠥᠪᠯᠡᠬᠦ᠌᠎ᠶ᠋ᠢᠨ ᠬᠠᠮᠲᠤ ᠵᠠᠷᠴᠢᠮ ᠳᠡᠭᠡᠷ᠎ᠡ᠎ᠪᠠᠨ ᠪᠠᠳᠤᠯᠠᠪᠠ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠰᠦᠨ᠎ᠶ᠋ᠢᠨ ᠯᠦᠩ ᠬᠤᠷᠠᠯ᠎ᠳᠤ ᠣᠷᠣᠯᠴᠠᠪᠠ᠃
    ᠬᠤᠷᠠᠯ᠎ᠠᠴᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠣᠯᠤᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ》 ᠎ᠶ᠋ᠢᠨ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ (ᠳᠣᠷᠣᠭ᠍ᠰᠢ ᠵᠢᠱ᠌ᠢᠶ᠎ᠡ ᠦᠵᠡᠭᠦᠯᠬᠦ᠌ ᠣᠷᠣᠨ ᠪᠠ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠭᠡᠵᠦ᠍ ᠳᠥᠭᠦᠮᠴᠢᠯᠡᠨ᠎ᠡ) ᠪᠣᠯ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ》 ᠎ᠶ᠋ᠢ ᠬᠤᠪᠢᠷᠠᠭᠤᠯᠬᠤ ᠠᠷᠭ᠎ᠠ ᠵᠠᠮ᠎ᠢ ᠰᠦᠪᠡᠭ᠌ᠴᠢᠯᠡᠬᠦ᠂ ᠬᠥᠮᠦᠨ ᠪᠠᠢᠭᠠᠯᠢ᠎ᠶ᠋ᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠲᠠᠪᠴᠠᠩ᠎ᠤᠨ ᠠᠴᠢᠶᠠᠯᠠᠪᠤᠷᠢ ᠮᠥᠨ᠃ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠭᠤᠣᠯᠳᠠᠯᠭ᠎ᠠ᠎ᠲᠠᠢ ᠡᠭᠦᠷᠭᠡ᠂ ᠬᠦᠳᠦᠯᠦᠨ ᠳᠠᠭᠠᠭᠤᠯᠬᠤ ᠴᠢᠨᠠᠷᠲᠠᠢ ᠠᠵᠢᠯ᠂ ᠵᠠᠩᠭᠢᠯᠠᠭ᠎ᠠ᠎ᠶ᠋ᠢᠨ ᠬᠢᠨᠠᠨ ᠱᠢᠯᠭᠠᠬᠤ ᠭᠦᠢᠴᠡᠳᠭᠡᠯ ᠲᠤᠭ᠎ᠠ ᠵᠡᠷᠭᠡ᠎ᠶ᠋ᠢ ᠵᠢᠱ᠌ᠢᠶ᠎ᠡ ᠦᠵᠡᠭᠦᠯᠵᠦ᠍ ᠡᠭᠦᠳᠦᠨ ᠪᠠᠢᠭᠤᠯᠬᠤ᠎ᠯᠤᠭ᠎ᠠ ᠭᠦᠨᠵᠡᠭᠡᠢ ᠠᠭᠤᠰᠤᠯᠴᠠᠭᠤᠯᠵᠤ᠂ ᠬᠠᠮᠵᠢᠯᠴᠠᠨ ᠠᠬᠢᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠎ᠪᠠᠷ ᠵᠢᠱ᠌ᠢᠶ᠎ᠡ ᠦᠵᠡᠭᠦᠯᠵᠦ᠍ ᠡᠭᠦᠳᠦᠨ ᠪᠠᠢᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠌ ᠬᠡᠷᠡᠭ᠌ᠲᠡᠢ᠃ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠪᠠ ᠪᠣᠯᠪᠠᠰᠤᠷᠠᠯ᠎ᠢ ᠴᠢᠩᠭᠠᠳᠭᠠᠵᠤ᠂ ᠣᠷᠣᠨ ᠨᠤᠲᠤᠭ᠎ᠢ ᠵᠢᠯᠣᠭᠤᠳᠤᠨ 2025 ᠣᠨ᠎ᠤ ᠵᠢᠱ᠌ᠢᠶ᠎ᠡ ᠦᠵᠡᠭᠦᠯᠬᠦ᠌ ᠣᠷᠣᠨ ᠪᠠ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ᠎ᠢ ᠱᠢᠯᠢᠨ ᠰᠣᠩᠭᠤᠬᠤ ᠠᠵᠢᠯ᠎ᠢ ᠰᠠᠢᠲᠤᠷ ᠬᠢᠵᠦ᠍᠂ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠮᠡᠷᠭᠡᠵᠢᠯ᠎ᠤᠨ ᠵᠦᠭ᠌ᠯᠡᠭᠦᠷ ᠵᠡᠷᠭᠡ ᠢᠵᠢ ᠪᠥᠷᠢᠳᠦᠭ᠌ᠰᠡᠨ ᠪᠢᠴᠢᠭ ᠮᠠᠲ᠋ᠧᠷᠢᠶᠠᠯ ᠲᠣᠭ᠍ᠲᠠᠭᠠᠬᠤ᠎ᠶ᠋ᠢ ᠲᠦᠷᠭᠡᠳᠭᠡᠨ ᠠᠬᠢᠭᠤᠯᠵᠤ᠂ ᠡᠮᠦᠨᠡᠬᠢ ᠭᠤᠷᠪᠠᠨ ᠪᠦᠯᠦᠭ᠎ᠤᠨ ᠵᠢᠱ᠌ᠢᠶ᠎ᠡ ᠦᠵᠡᠭᠦᠯᠬᠦ᠌ ᠣᠷᠣᠨ ᠪᠠ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ᠎ᠲᠤ ᠳᠠᠬᠢᠨ ᠬᠢᠨᠠᠵᠤ ᠦᠨᠡᠯᠡᠨ ᠵᠢᠱ᠌ᠢᠬᠦ᠌ ᠠᠵᠢᠯ᠎ᠢ ᠵᠣᠬᠢᠶᠠᠨ ᠪᠠᠢᠭᠤᠯᠬᠤ ᠬᠡᠷᠡᠭ᠌ᠲᠡᠶ᠃ ᠡᠨᠡ ᠵᠢᠯ ᠪᠣᠯ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ》 ᠭᠡᠬᠦ᠌ ᠤᠢ᠍ᠢᠯᠠᠭᠠᠭ᠍ᠳᠠᠬᠤᠨ᠎ᠢ ᠳᠤᠷᠠᠳᠤᠭ᠍ᠰᠠᠨ 20 ᠵᠢᠯ᠎ᠤᠨ ᠤᠢ ᠪᠣᠯᠤᠨ᠎ᠠ᠂ ᠠᠮᠢ ᠠᠬᠤᠢ᠎ᠶ᠋ᠢᠨ ᠪᠣᠯᠪᠠᠰᠤᠨ᠎ᠤ ᠵᠢᠱ᠌ᠢᠶ᠎ᠡ ᠦᠵᠡᠭᠦᠯᠵᠦ᠍ ᠡᠭᠦᠳᠦᠨ ᠪᠠᠢᠭᠤᠯᠤᠭ᠍ᠰᠠᠨ ᠦᠷ᠎ᠡ ᠪᠦᠲᠦᠮᠵᠢ᠎ᠶ᠋ᠢ ᠱᠢᠰᠲ᠋ᠧᠮ᠎ᠲᠠᠢ ᠳ᠋ᠦᠩᠨᠡᠵᠦ᠍᠂ ᠤᠯᠤᠰ᠎ᠤᠨ ᠳᠣᠲᠣᠭᠠᠳᠤ᠎ᠶ᠋ᠢᠨ ᠤᠬᠠᠭᠤᠯᠭ᠎ᠠ ᠪᠣᠯᠤᠨ ᠳᠡᠯᠡᠬᠡᠢ᠎ᠶ᠋ᠢᠨ ᠳᠠᠮᠵᠢᠭᠤᠯᠭ᠎ᠠ᠎ᠶ᠋ᠢᠨ ᠡᠷᠴᠢᠮ᠎ᠢ ᠴᠢᠩᠭᠠᠷᠠᠭᠤᠯᠵᠤ᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠲᠤᠭᠤᠱᠢᠯᠠᠭᠤᠯᠤᠭ᠍ᠰᠠᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠳᠤᠮᠳᠠᠳᠤ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠯᠢᠭᠡᠷ᠎ᠢ ᠦᠷᠭᠦᠯᠵᠢᠯᠡᠨ ᠰᠠᠢᠲᠤᠷ ᠶᠠᠷᠢᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
    ᠬᠤᠷᠠᠯ᠎ᠠᠴᠠ᠂ 《ᠬᠤᠲᠠ ᠪᠠᠯᠭᠠᠰᠤ᠎ᠶ᠋ᠢᠨ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ᠎ᠶ᠋ᠢᠨ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠪᠠᠷᠢᠮᠵᠢᠶ᠎ᠠ》 ᠎ᠳᠤ ᠵᠠᠰᠠᠪᠤᠷᠢ ᠣᠷᠣᠭᠤᠯᠬᠤ ᠬᠠᠭᠤᠳᠠᠰᠤ᠂ 《ᠢᠳᠡᠭᠡᠨ ᠡᠳ᠋ᠱᠢᠭᠦᠯᠦᠨ ᠦᠶ᠋ᠯᠡᠳᠬᠦ᠌ ᠦᠶ᠋ᠯᠡᠰ᠎ᠤᠨ ᠤᠰᠤᠨ᠎ᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠪᠠᠷᠢᠮᠵᠢᠶ᠎ᠠ》᠂ 《ᠠᠯᠠᠵᠤ ᠨᠢᠲᠤᠯᠬᠤ ᠵᠢᠴᠢ ᠮᠢᠬᠠᠨ᠎ᠤ ᠲᠥᠷᠥᠯ᠎ᠢ ᠪᠣᠯᠪᠠᠰᠤᠷᠠᠭᠤᠯᠬᠤ ᠠᠵᠤ ᠦᠶ᠋ᠯᠡᠳᠪᠦᠷᠢ᠎ᠶ᠋ᠢᠨ ᠤᠰᠤᠨ᠎ᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠪᠠᠷᠢᠮᠵᠢᠶ᠎ᠠ》᠂ 《ᠠᠷᠢᠬᠢᠨ᠎ᠤ ᠵᠦᠶ᠋ᠯ᠎ᠢ ᠦᠶ᠋ᠯᠡᠳᠬᠦ᠌ ᠦᠶ᠋ᠯᠡᠰ᠎ᠤᠨ ᠤᠰᠤᠨ᠎ᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠪᠠᠷᠢᠮᠵᠢᠶ᠎ᠠ》 ᠵᠡᠷᠭᠡ 4 ᠵᠦᠶ᠋ᠯ᠎ᠤᠨ ᠭᠠᠳᠠᠭ᠍ᠰᠢᠯᠠᠭᠤᠯᠬᠤ ᠪᠠᠷᠢᠮᠵᠢᠶ᠎ᠠ᠎ᠶ᠋ᠢ ᠲᠣᠭ᠍ᠲᠠᠭᠠᠨ ᠬᠡᠷᠡᠭ᠌ᠵᠢᠬᠦᠯᠦᠭ᠌ᠰᠡᠨ᠎ᠨᠢ ᠤᠨᠢᠨ ᠳᠡᠭᠡᠷ᠎ᠡ᠎ᠨᠢ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠠᠵᠢᠯ᠎ᠤᠨ ᠴᠢᠭ᠌ᠯᠡᠯᠲᠡ᠎ᠶ᠋ᠢ ᠨᠠᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠂ ᠡᠨᠡ᠎ᠨᠢ ᠤᠰᠤᠨ᠎ᠤ ᠪᠣᠬᠢᠷᠲᠤᠯ ᠪᠣᠳᠠᠰ᠎ᠢ ᠭᠠᠳᠠᠭ᠍ᠰᠢᠯᠠᠭᠤᠯᠬᠤ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠬᠤᠯᠪᠣᠭ᠍ᠳᠠᠯ ᠪᠦᠬᠦᠢ ᠠᠵᠢᠯ ᠲᠦᠷᠦᠯ᠎ᠤᠨ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠵᠤ᠂ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠬᠠᠮᠵᠢᠯᠴᠠᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ᠎ᠳᠤ ᠠᠱᠢᠭ᠍ᠲᠠᠢ ᠶᠤᠮ᠃ ᠪᠠᠷᠢᠮᠵᠢᠶ᠎ᠠ᠎ᠶ᠋ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠰᠠᠢᠲᠤᠷ ᠠᠳᠭᠤᠵᠤ᠂ ᠠᠵᠢᠯ ᠲᠦᠷᠦᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠮᠡᠷᠭᠡᠵᠢᠯ᠎ᠤᠨ ᠲᠠᠪᠱᠢᠯᠳᠠ᠎ᠶ᠋ᠢ ᠬᠦᠳᠦᠯᠦᠨ ᠵᠢᠯᠣᠭᠤᠳᠴᠤ᠌᠂ ᠪᠣᠬᠢᠷᠲᠤᠯ᠎ᠢ ᠵᠠᠰᠠᠬᠤ ᠲᠥᠬᠦᠭᠡᠷᠦᠮᠵᠢ᠎ᠶ᠋ᠢ ᠥᠭᠡᠷᠡᠴᠢᠯᠡᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠣᠷᠴᠢᠨ ᠲᠣᠭᠤᠷᠢᠨ᠎ᠤ ᠵᠠᠰᠠᠯᠲᠠ᠎ᠶ᠋ᠢᠨ ᠲᠦᠪᠱᠢᠨ᠎ᠢ ᠳᠠᠰᠤᠷᠠᠯᠳᠠ ᠦᠬᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠠᠮᠢ ᠠᠬᠤᠢ ᠣᠷᠴᠢᠨ ᠲᠣᠭᠤᠷᠢᠨ᠎ᠤ ᠪᠠᠷᠢᠮᠵᠢᠶ᠎ᠠ᠎ᠶ᠋ᠢᠨ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠴᠢᠬᠤᠯᠠ ᠪᠠᠷᠢᠮᠵᠢᠶ᠎ᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠮᠥᠷᠳᠡᠨ ᠦᠨᠡᠯᠡᠬᠦ᠌ ᠠᠵᠢᠯ᠎ᠢ ᠰᠠᠢᠲᠤᠷ ᠬᠢᠵᠦ᠍᠂ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
    ᠬᠤᠷᠠᠯ᠎ᠠᠴᠠ ᠪᠠᠰᠠ ᠪᠤᠰᠤᠳ ᠵᠦᠢᠯ᠎ᠢ ᠰᠤᠳᠤᠯᠵᠠᠢ᠃
    ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠳᠡᠳ᠋ ᠰᠠᠢᠳ ᠭᠦᠸᠧ ᠹᠠᠩ᠂ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠯᠢᠶᠣᠤ ᠰᠢ ᠶᠤᠸᠠᠨ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠳᠡᠳ᠋ ᠰᠠᠢᠳ ᠳ᠋ᠦᠩ ᠪᠦᠦ ᠲᠦᠩ᠂ ᠯᠢ ᠭᠤᠤ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠶᠡᠷᠦᠩᠬᠡᠢ ᠢᠨᠵᠧᠨᠧᠷ ᠷᠧᠨ ᠶᠦᠩ ᠬᠤᠷᠠᠯ᠎ᠳᠤ ᠣᠷᠣᠯᠴᠠᠪᠠ᠃
    ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤᠴᠠᠯᠭᠠᠲᠠᠨ᠂ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠪᠠᠴᠢᠮ ᠪᠠᠢᠳᠠᠯ᠎ᠢ ᠠᠷᠭᠠᠴᠠᠬᠤ ᠲᠥᠪ᠂ ᠪᠠᠢᠭᠤᠯᠭ᠎ᠠ᠎ᠶ᠋ᠢᠨ ᠦᠶ᠋ᠯᠡᠴᠢᠯᠡᠭᠡᠨ᠎ᠤ ᠲᠥᠪ᠂ ᠮᠡᠳᠡᠭᠡ ᠵᠠᠩᠭᠢ᠎ᠶ᠋ᠢᠨ ᠲᠥᠪ᠎ᠤᠨ ᠭᠤᠥᠯ ᠬᠠᠷᠢᠭᠤᠴᠠᠯᠭᠠᠲᠠᠨ ᠬᠤᠷᠠᠯ᠎ᠳᠤ ᠰᠤᠯᠠ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号