ᠠᠮᠢ ᠠᠬᠤᠶ᠎ᠶ᠋ᠢᠨ ᠪᠣᠯᠪᠠᠰᠤᠨ᠎ᠤ ᠬᠠᠥᠯᠢ᠎ᠪᠠᠷ ᠵᠠᠰᠠᠬᠤ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢᠨ ᠬᠠᠥᠯᠢ᠎ᠪᠠᠷ ᠵᠠᠰᠠᠬᠤ ᠪᠠᠲᠤᠯᠠᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠶ᠎ᠠ
ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠰᠦᠨ᠎ᠶ᠋ᠢᠨ ᠯᠦᠩ
ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ
ᠬᠠᠤᠯᠢᠵᠢᠯ ᠬᠥᠭ᠌ᠵᠢᠪᠡᠯ ᠦᠨᠳᠦᠰᠦᠲᠡᠨ ᠮᠠᠨᠳᠤᠵᠤ᠂ ᠬᠠᠤᠯᠢᠵᠢᠯ ᠬᠦᠴᠦᠷᠬᠡᠭ᠌ᠵᠢᠪᠡᠯ ᠤᠯᠤᠰ ᠬᠦᠴᠦᠷᠬᠡᠭ᠌ᠵᠢᠨ᠎ᠡ᠃ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠᠴᠢᠯᠠᠬᠤ᠎ᠳᠠᠭᠠᠨ᠄ 《ᠬᠠᠥᠯᠢ ᠴᠠᠭᠠᠵᠠ ᠪᠣᠯ ᠤᠯᠤᠰ᠎ᠢ ᠵᠠᠰᠠᠬᠤ ᠴᠢᠬᠤᠯᠠ ᠵᠡᠪᠰᠡᠭ ᠮᠥᠨ᠂ ᠬᠠᠥᠯᠢ᠎ᠪᠠᠷ ᠵᠠᠰᠠᠬᠤ ᠪᠣᠯ ᠤᠯᠤᠰ᠎ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠴᠢᠬᠤᠯᠠ ᠲᠦᠱᠢᠭ ᠲᠤᠯᠭᠠᠭᠤᠷᠢ ᠮᠥᠨ》 ᠭᠡᠵᠡᠶ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠥᠬᠦᠳᠡ ᠬᠤᠷᠠᠯ᠎ᠠᠴᠠ ᠬᠢᠨᠠᠨ ᠶᠠᠷᠢᠯᠴᠠᠵᠤ ᠪᠠᠲᠤᠯᠠᠭ᠍ᠰᠠᠨ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭ᠍ᠲᠠᠭᠠᠯ》 (ᠳᠣᠷᠣᠭ᠍ᠰᠢ 《ᠲᠣᠭ᠍ᠲᠠᠭᠠᠯ》 ᠭᠡᠵᠦ᠍ ᠲᠣᠪᠴᠢᠯᠠᠨ᠎ᠠ) ᠳᠤ 《ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠪᠠᠷᠢᠮᠲᠠᠯᠠᠬᠤ》 ᠶ᠋ᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠎ᠶ᠋ᠢᠨ ᠴᠢᠬᠤᠯᠠ ᠶᠡᠭᠡ ᠵᠠᠷᠴᠢᠮ᠎ᠤᠨ ᠨᠢᠭᠡ ᠪᠣᠯᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠬᠦ᠌ ᠲᠤᠬᠠᠶ ᠴᠢᠬᠤᠯᠠ ᠶᠡᠭᠡ ᠪᠠᠢᠷᠢᠯᠠᠭᠤᠯᠤᠯᠲᠠ ᠬᠢᠬᠦ᠌᠎ᠪᠠᠷ ᠲᠣᠳᠣᠷᠬᠠᠶ ᠲᠣᠭ᠍ᠲᠠᠭᠠᠪᠠ᠃ ᠪᠢᠳᠠ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠬᠠᠤᠯᠢᠵᠢᠯ᠎ᠤᠨ ᠵᠠᠮ᠎ᠢᠶᠠᠷ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠰᠠᠢᠨ ᠬᠠᠤᠯᠢ᠎ᠪᠠᠷ ᠴᠢᠳᠠᠮᠠᠭᠠᠢ᠎ᠪᠠᠷ ᠵᠠᠰᠠᠬᠤ᠎ᠪᠠᠷ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠠᠬᠢᠭᠤᠯᠬᠤ ᠬᠡᠷᠡᠭ᠌ᠲᠡᠢ᠃
ᠨᠢᠭᠡ᠂ ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠬᠠᠤᠯᠢᠵᠢᠯ᠎ᠤᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ
ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠬᠤ᠎ᠳᠤ ᠡᠷᠬᠡᠪᠰᠢ ᠲᠦᠷᠢᠮ᠎ᠳᠤ ᠲᠦᠱᠢᠭ᠌ᠯᠡᠵᠦ᠍᠂ ᠬᠠᠤᠯᠢ᠎ᠪᠠᠷ ᠵᠠᠰᠠᠬᠤ᠎ᠳᠤ ᠲᠦᠱᠢᠭ᠌ᠯᠡᠬᠦ᠌ ᠬᠡᠷᠡᠭ᠌ᠲᠡᠶ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳᠣᠣᠷ᠎ᠠ᠂ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠤᠯᠢᠵᠢᠯ᠎ᠤᠨ ᠪᠠᠢᠭᠤᠯᠤᠯᠲᠠ ᠬᠠᠤᠯᠢ ᠲᠣᠭ᠍ᠲᠠᠭᠠᠬᠤ ᠡᠷᠴᠢᠮ᠎ᠢᠶᠠᠷ ᠬᠠᠮᠤᠭ᠎ᠤᠨ ᠶᠡᠭᠡ᠂ ᠬᠢᠨᠠᠨ ᠬᠠᠮᠢᠶᠠᠷᠴᠤ᠌ ᠬᠠᠤᠯᠢ ᠬᠡᠷᠡᠭ᠌ᠵᠢᠭᠦᠯᠬᠦ᠌ ᠪᠠᠷᠢᠮᠵᠢᠶ᠎ᠠ᠎ᠪᠠᠷ ᠬᠠᠮᠤᠭ᠎ᠤᠨ ᠴᠢᠩᠭ᠎ᠠ᠂ ᠬᠠᠤᠯᠢ ᠴᠠᠭᠠᠵᠠ᠎ᠶ᠋ᠢᠨ ᠲᠦᠷᠢᠮ᠎ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ᠎ᠪᠠᠷ ᠬᠠᠮᠤᠭ᠎ᠤᠨ ᠢᠯᠡᠷᠬᠡᠢ ᠴᠠᠭ ᠦᠶ᠎ᠡ᠎ᠳᠤ ᠣᠷᠣᠵᠠᠢ᠃
ᠨᠢᠭᠡ᠎ᠳᠤ᠂ ᠠᠮᠢ ᠠᠬᠤᠢ ᠣᠷᠴᠢᠨ ᠲᠣᠭᠤᠷᠢᠨ᠎ᠤ ᠬᠠᠤᠯᠢ ᠴᠠᠭᠠᠵᠠ᠎ᠶ᠋ᠢᠨ ᠲᠤᠭ᠍ᠳᠠᠯᠴᠠᠭ᠎ᠠ᠎ᠶ᠋ᠢ ᠱᠢᠰᠲ᠋ᠧᠮ᠎ᠤᠨ ᠴᠢᠨᠠᠷᠲᠠᠢ᠎ᠪᠠᠷ ᠲᠠᠬᠢᠨ ᠴᠣᠭ᠍ᠴᠠᠯᠠᠪᠠ᠃ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠤᠯᠢ ᠲᠣᠭ᠍ᠲᠠᠭᠠᠯᠲᠠ᠎ᠳᠤ ᠲᠤᠭ᠎ᠠ ᠬᠡᠮᠵᠢᠶ᠎ᠡ᠎ᠠᠴᠠ ᠶᠠᠰᠤ ᠴᠢᠨᠠᠷ ᠬᠦᠷᠲᠡᠯᠡᠬᠢ ᠪᠦᠬᠦ᠌ ᠲᠠᠯ᠎ᠠ᠎ᠶ᠋ᠢᠨ ᠳᠡᠭᠡᠭ᠌ᠰᠢᠯᠡᠯᠲᠡ᠎ᠶ᠋ᠢ ᠪᠡᠶᠡᠯᠡᠭᠦᠯᠵᠦ᠍᠂ ᠠᠮᠢ ᠠᠬᠤᠢ᠎ᠶ᠋ᠢᠨ ᠪᠣᠯᠪᠠᠰᠤᠨ᠎ᠢ ᠦᠨᠳᠦᠰᠦᠨ ᠬᠠᠤᠯᠢ᠎ᠳᠤ ᠣᠷᠣᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠬᠠᠤᠯᠢ ᠴᠠᠭᠠᠵᠠ᠎ᠶ᠋ᠢ 30 ᠭᠠᠷᠤᠢ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠢ 100 ᠭᠠᠷᠤᠢ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ 1000 ᠭᠠᠷᠤᠢ ᠲᠤᠭ᠍ᠳᠠᠭᠠᠨ ᠵᠠᠰᠠᠪᠤᠷᠢ ᠣᠷᠣᠭᠤᠯᠵᠤ᠂ ᠪᠦᠬᠦ᠌ ᠲᠠᠯ᠎ᠠ᠎ᠶ᠋ᠢ ᠬᠠᠮᠤᠷᠤᠭ᠍ᠰᠠᠨ᠂ ᠪᠣᠳᠠᠲᠠᠢ᠎ᠶ᠋ᠢ ᠡᠷᠬᠢᠮᠯᠡᠭ᠌ᠰᠡᠨ ᠦᠢᠯᠡᠳᠦᠯ᠎ᠲᠠᠢ᠂ ᠴᠢᠩᠭ᠎ᠠ ᠨᠢᠭ᠍ᠲᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠮᠢ ᠠᠬᠤᠢ ᠣᠷᠴᠢᠨ ᠲᠣᠭᠤᠷᠢᠨ᠎ᠤ ᠬᠠᠤᠯᠢ ᠴᠠᠭᠠᠵᠠ᠎ᠶ᠋ᠢᠨ ᠱᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠵᠡᠢ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠣᠷᠴᠢᠨ ᠲᠣᠭᠤᠷᠢᠨ᠎ᠤ ᠬᠠᠮᠠᠭᠠᠯᠠᠬᠤ ᠬᠠᠤᠯᠢ᠎ᠳᠤ ᠵᠠᠰᠠᠪᠤᠷᠢ ᠣᠷᠣᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠲᠠᠩ ᠵᠦᠢᠯ᠎ᠤᠨ ᠬᠠᠤᠯᠢ᠎ᠶ᠋ᠢ ᠲᠡᠭᠦᠯᠳᠡᠷᠵᠢᠭᠦᠯᠵᠦ᠍᠂ ᠠᠷᠠᠳ ᠤᠯᠠᠨ᠎ᠤ ᠲᠤᠰᠭᠠᠯ ᠬᠠᠮᠤᠭ᠎ᠤᠨ ᠴᠢᠩᠭ᠎ᠠ᠂ ᠱᠠᠭᠠᠷᠳᠠᠯᠭ᠎ᠠ ᠬᠠᠮᠤᠭ᠎ᠤᠨ ᠲᠤᠯᠭᠠᠮ᠎ᠠ ᠪᠠᠢᠭ᠎ᠠ ᠠᠮᠢ ᠠᠬᠤᠶ ᠣᠷᠴᠢᠨ ᠲᠣᠭᠤᠷᠢᠨ᠎ᠤ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠭᠠᠷ ᠮᠠᠨᠳᠠᠯ᠂ ᠤᠰᠤ᠂ ᠬᠥᠷᠥᠰᠥ᠍ ᠱᠢᠷᠣᠶ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠂ ᠲᠠᠭᠤ ᠱᠤᠤᠭᠢᠶᠠᠨ ᠵᠡᠷᠭᠡ ᠪᠣᠬᠢᠷᠲᠤᠯ᠎ᠢ ᠰᠡᠷᠭᠡᠢᠯᠡᠨ ᠵᠠᠰᠠᠬᠤ ᠬᠦᠷᠢᠶᠡᠨ᠎ᠳᠠᠬᠢ ᠨᠢᠭᠡ ᠪᠦᠯᠦᠭ ᠲᠤᠰᠭᠠᠶ ᠬᠠᠤᠯᠢ ᠴᠠᠭᠠᠵᠠ ᠪᠠ ᠴᠢᠭᠢᠭ᠌ᠯᠢᠭ ᠭᠠᠵᠠᠷ᠎ᠤᠨ ᠬᠠᠮᠠᠭᠠᠯᠠᠯᠲᠠ᠂ ᠠᠮᠢᠳᠤ ᠪᠣᠳᠠᠰ᠎ᠤᠨ ᠠᠮᠤᠷ ᠲᠦᠪᠱᠢᠨ ᠵᠡᠷᠭᠡ ᠠᠮᠢ ᠠᠬᠤᠶ᠎ᠶ᠋ᠢᠨ ᠡᠯᠧᠮᠧᠨ᠋ᠲ᠎ᠤᠨ ᠲᠠᠯ᠎ᠠ᠎ᠶ᠋ᠢᠨ ᠬᠠᠤᠯᠢ ᠴᠠᠭᠠᠵᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠪᠠ᠃ ᠰᠠᠪᠠ ᠭᠠᠵᠠᠷ᠂ ᠣᠷᠣᠨ ᠪᠦᠰᠡ᠎ᠶ᠋ᠢᠨ ᠠᠮᠢ ᠠᠬᠤᠶ ᠣᠷᠴᠢᠨ ᠲᠣᠭᠤᠷᠢᠨ᠎ᠤ ᠬᠠᠤᠯᠢ ᠲᠣᠭ᠍ᠲᠠᠭᠠᠯᠲᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠬᠥᠬᠡᠮᠥ᠋ᠷᠡᠨ᠎ᠢ ᠬᠠᠮᠠᠭᠠᠯᠠᠬᠤ ᠬᠠᠤᠯᠢ᠂ ᠬᠠᠳᠤᠨ ᠭᠤᠣᠯ᠎ᠢ ᠬᠠᠮᠠᠭᠠᠯᠠᠬᠤ ᠬᠠᠤᠯᠢ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢ ᠬᠠᠮᠠᠭᠠᠯᠠᠬᠤ ᠬᠠᠤᠯᠢ᠂ ᠬᠠᠷ᠎ᠠ ᠬᠥᠷᠥᠰᠥ᠎ᠶ᠋ᠢ ᠬᠠᠮᠠᠭᠠᠯᠠᠬᠤ ᠬᠠᠤᠯᠢ᠎ᠶ᠋ᠢ ᠲᠤᠰᠭᠠᠢᠯᠠᠨ ᠲᠤᠭ᠍ᠳᠠᠭᠠᠪᠠ᠃ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠪᠠᠶ ᠶᠠᠩ ᠳ᠋ᠢᠶᠠᠨ᠎ᠤ ᠰᠠᠪᠠ ᠭᠠᠵᠠᠷ ᠵᠡᠷᠭᠡ᠎ᠶ᠋ᠢᠨ ᠬᠠᠮᠵᠢᠯᠴᠠᠨ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠵᠦ᠍᠂ 《ᠵᠢᠵᠢᠭ ᠲᠦᠷᠭᠡᠨ ᠠᠮᠢᠳᠤᠯᠢᠭ》 ᠬᠠᠤᠯᠢ ᠲᠣᠭ᠍ᠲᠠᠭᠠᠯᠲᠠ᠎ᠪᠠᠷ ᠳᠠᠮᠵᠢᠭᠤᠯᠤᠨ ᠣᠷᠣᠨ ᠪᠦᠰᠡ ᠠᠯᠤᠰᠯᠠᠭ᠍ᠰᠠᠨ ᠠᠮᠢ ᠠᠬᠤᠶ ᠣᠷᠴᠢᠨ ᠲᠣᠭᠤᠷᠢᠨ᠎ᠤ ᠠᠰᠠᠭᠤᠳᠠᠯ᠎ᠢ ᠱᠢᠶ᠋ᠳᠪᠦᠷᠢᠯᠡᠪᠡ᠃ ᠣᠳᠣᠬᠠᠨ᠎ᠳᠤ᠂ ᠮᠠᠨ᠎ᠤ ᠤᠯᠤᠰ ᠨᠢᠭᠡᠨᠲᠡ ᠨᠢᠭᠡ ᠶᠡᠷᠦᠩᠬᠡᠢᠯᠡᠭ᠌ᠰᠡᠨ ᠴᠢᠨᠠᠷᠲᠠᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠤᠯᠢ᠂ N ᠢᠵᠢ ᠠᠮᠢ ᠠᠬᠤᠢ ᠣᠷᠴᠢᠨ ᠲᠣᠭᠤᠷᠢᠨ᠎ᠤ ᠡᠯᠧᠮᠧᠨ᠋ᠲ᠎ᠲᠤ ᠬᠤᠯᠪᠣᠭ᠍ᠳᠠᠬᠤ ᠲᠤᠰᠭᠠᠢ ᠬᠠᠤᠯᠢ ᠴᠠᠭᠠᠵᠠ᠂ 4 ᠣᠨᠴᠠᠭᠠᠢ ᠣᠷᠣᠨ ᠪᠦᠰᠡ᠎ᠶ᠋ᠢᠨ ᠬᠠᠤᠯᠢ ᠴᠠᠭᠠᠵᠠ᠎ᠪᠠᠷ ᠪᠦᠷᠢᠯᠳᠦᠭ᠌ᠰᠡᠨ 《1+N+4》 ᠠᠮᠢ ᠠᠬᠤᠢ ᠣᠷᠴᠢᠨ ᠲᠣᠭᠤᠷᠢᠨ᠎ᠤ ᠬᠠᠤᠯᠢ ᠴᠠᠭᠠᠵᠠ᠎ᠶ᠋ᠢᠨ ᠱᠢᠰᠲ᠋ᠧᠮ᠎ᠢ ᠪᠦᠷᠢᠯᠳᠦᠭᠦᠯᠵᠡᠢ᠃ ᠠᠮᠢ ᠠᠬᠤᠶ ᠣᠷᠴᠢᠨ ᠲᠣᠭᠤᠷᠢᠨ᠎ᠤ ᠪᠠᠷᠢᠮᠵᠢᠶ᠎ᠠ᠎ᠶ᠋ᠢᠨ ᠳᠦᠷᠢᠮ᠎ᠢ ᠬᠠᠤᠯᠢ ᠶᠣᠰᠣᠭᠠᠷ ᠬᠡᠷᠡᠭ᠌ᠵᠢᠭᠦᠯᠵᠦ᠍᠂ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠪᠠᠷᠢᠮᠵᠢᠶ᠎ᠠ᠎ᠶ᠋ᠢ ᠨᠠᠢᠳᠠ 3040 ᠨᠡᠢᠲᠡᠯᠡᠵᠦ᠍᠂ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠬᠠᠤᠯᠢ ᠶᠣᠰᠣᠭᠠᠷ 390 ᠨᠡᠢᠲᠡᠯᠡᠵᠦ᠍᠂ ᠪᠠᠷᠢᠮᠵᠢᠶ᠎ᠠ᠎ᠨᠢ ᠡᠯ᠎ᠡ ᠲᠦᠷᠦᠯ᠎ᠤᠨ ᠣᠷᠴᠢᠨ ᠲᠣᠭᠤᠷᠢᠨ᠎ᠤ ᠡᠯᠧᠮᠧᠨ᠋ᠲ ᠪᠣᠯᠤᠨ ᠬᠠᠮᠢᠶᠠᠷᠤᠯᠲᠠ᠎ᠶ᠋ᠢᠨ ᠬᠦᠷᠢᠶ᠎ᠡ᠎ᠶ᠋ᠢ ᠬᠠᠮᠤᠷᠴᠤ᠌᠂ ᠬᠢᠵᠠᠭᠠᠷᠯᠠᠬᠤ ᠲᠦᠷᠦᠯ ᠵᠦᠢᠯ᠎ᠤᠨ ᠲᠦᠷᠦᠯ ᠵᠦᠢᠯ ᠪᠣᠯᠤᠨ ᠬᠢᠷᠢ ᠲᠦᠪᠱᠢᠨ᠎ᠨᠢ ᠶᠡᠷᠦᠩᠬᠡᠢ᠎ᠳᠡᠭᠡᠨ ᠬᠥᠭ᠌ᠵᠢᠭ᠌ᠰᠡᠨ ᠤᠯᠤᠰᠤᠨᠬᠢᠲᠠᠢ ᠠᠳᠠᠯᠢᠬᠠᠨ ᠲᠦᠪᠱᠢᠨ᠎ᠳᠤ ᠬᠦᠷᠴᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠬᠦ᠌᠎ᠳᠤ ᠲᠤᠯᠭᠠᠭᠤᠷᠢᠯᠠᠭ᠍ᠰᠠᠨ ᠠᠮᠢ ᠠᠬᠤᠢ ᠣᠷᠴᠢᠨ ᠲᠣᠭᠤᠷᠢᠨ᠎ᠤ ᠪᠠᠷᠢᠮᠵᠢᠶ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠡᠢ᠃
ᠬᠤᠶᠠᠷ᠎ᠲᠤ᠌᠂ ᠠᠮᠢ ᠠᠬᠤᠶ ᠣᠷᠴᠢᠨ ᠲᠣᠭᠤᠷᠢᠨ᠎ᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢ ᠱᠢᠰᠲ᠋ᠧᠮ᠎ᠤᠨ ᠴᠢᠨᠠᠷᠲᠠᠶ ᠱᠢᠯᠢᠳᠡᠭ᠌ᠵᠢᠬᠦᠯᠬᠦ᠌᠎ᠶ᠋ᠢ ᠪᠡᠶᠡᠯᠡᠬᠦᠯᠪᠡ᠃ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ ᠬᠠᠤᠯᠢ ᠶᠣᠰᠣᠭᠠᠷ ᠬᠤᠪᠢᠷᠠᠭᠤᠯᠬᠤ᠎ᠶ᠋ᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ᠎ᠶ᠋ᠢ ᠬᠠᠤᠯᠢ᠎ᠪᠠᠷ ᠲᠣᠭ᠍ᠲᠠᠭᠠᠭ᠍ᠰᠠᠨ᠂ ᠡᠷᠬᠡ ᠬᠠᠷᠢᠭᠤᠴᠠᠯᠭ᠎ᠠ᠎ᠶ᠋ᠢ ᠲᠣᠳᠣᠷᠬᠠᠢ ᠪᠣᠯᠭᠠᠭ᠍ᠰᠠᠨ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠠᠢ᠃ ᠠᠮᠢ ᠠᠬᠤᠶ ᠣᠷᠴᠢᠨ ᠲᠣᠭᠤᠷᠢᠨ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠪᠠᠢᠭᠤᠯᠤᠯ᠎ᠢ ᠥᠭᠡᠷᠡᠴᠢᠯᠡᠵᠦ᠍᠂ ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠢ ᠪᠠᠢᠭᠤᠯᠵᠤ᠂ ᠠᠮᠢ ᠠᠬᠤᠶ ᠪᠠ ᠬᠤᠳᠠ ᠬᠥᠳᠡᠭᠡ᠎ᠶ᠋ᠢᠨ ᠡᠯ᠎ᠡ ᠲᠦᠷᠦᠯ᠎ᠤᠨ ᠪᠣᠬᠢᠷᠲᠤᠯ ᠭᠠᠳᠠᠭ᠍ᠰᠢᠯᠠᠭᠤᠯᠬᠤ᠎ᠶ᠋ᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠲᠤᠱᠢᠶᠠᠯ ᠬᠠᠷᠢᠭᠤᠴᠠᠯᠭ᠎ᠠ᠎ᠶ᠋ᠢ ᠨᠢᠭᠡᠳᠦᠯᠲᠡᠶ ᠬᠡᠷᠡᠭ᠌ᠵᠢᠭᠦᠯᠵᠦ᠍᠂ ᠭᠠᠵᠠᠷ ᠳᠡᠭᠡᠷᠡᠬᠢ ᠪᠠ ᠭᠠᠵᠠᠷ ᠳᠣᠣᠷᠠᠬᠢ᠂ ᠡᠷᠭᠢ ᠳᠡᠭᠡᠷᠡᠬᠢ ᠪᠠ ᠤᠰᠤᠨ᠎ᠤ ᠳᠣᠲᠣᠷᠠᠬᠢ᠂ ᠬᠠᠭᠤᠷᠠᠶ ᠭᠠᠵᠠᠷ ᠪᠠ ᠲᠠᠯᠠᠢ ᠲᠠᠩᠭᠢᠰ᠂ ᠬᠤᠳᠠ ᠪᠠ ᠬᠥᠳᠡᠭᠡ ᠲᠣᠰᠭᠤᠨ᠎ᠤ ᠨᠡᠭᠦᠷᠡᠰᠦᠲᠥ᠋ᠷᠥᠭ᠌ᠴᠢ᠎ᠶ᠋ᠢᠨ ᠲᠠᠩ ᠢᠰᠦᠯ ᠪᠠ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ 《ᠲᠠᠪᠤ᠎ᠶ᠋ᠢ ᠨᠡᠪᠲᠡᠷᠡᠭᠦᠯᠬᠦ᠌》᠂ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠬᠠᠷᠢᠯᠴᠠᠨ ᠨᠡᠪᠲᠡᠷᠡᠭᠦᠯᠬᠦ᠌᠎ᠶ᠋ᠢ ᠪᠡᠶᠡᠯᠡᠭᠦᠯᠪᠡ᠃ ᠰᠠᠪᠠ ᠭᠠᠵᠠᠷ ᠲᠡᠯᠡᠶ᠎ᠶ᠋ᠢᠨ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠢᠨᠠᠯᠲᠠ ᠬᠠᠮᠢᠶᠠᠷᠤᠯᠲᠠ ᠪᠠ ᠵᠠᠰᠠᠭ ᠵᠠᠬᠢᠷᠭᠠᠨ᠎ᠤ ᠬᠠᠥᠯᠢ ᠬᠡᠷᠡᠭ᠌ᠵᠢᠭᠦᠯᠬᠦ᠌ ᠡᠭᠦᠷᠭᠡ ᠴᠢᠳᠠᠪᠤᠷᠢ᠎ᠶ᠋ᠢᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠴᠢᠬᠤᠯᠠ ᠰᠠᠪᠠ ᠭᠠᠵᠠᠷ᠎ᠤᠨ ᠳᠡᠭᠡᠳᠦ ᠳᠣᠥᠷ᠎ᠠ᠎ᠳᠤ ᠤᠷᠤᠰᠭᠠᠯ ᠨᠡᠪᠲᠡᠷᠡᠯᠴᠡᠭ᠌ᠰᠡᠨ ᠨᠢᠭᠡ ᠴᠤᠭ᠍ᠴᠠᠵᠢᠭ᠍ᠰᠠᠨ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠪᠠ᠃ 《ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠴᠢᠩᠭᠠᠳᠭᠠᠬᠤ ᠲᠤᠬᠠᠶ ᠰᠠᠨᠠᠯ》 ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠨ᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠲᠦᠷᠭᠡᠪᠴᠢᠯᠡᠨ ᠪᠦᠷᠢᠨᠱᠢᠬᠦᠯᠪᠡ᠃ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ᠎ᠤᠨ ᠴᠥᠮ᠎ᠡ᠎ᠶ᠋ᠢᠨ ᠠᠮᠤᠷ ᠲᠦᠪᠱᠢᠨ᠎ᠤ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢ ᠪᠦᠲᠦᠮᠵᠢᠲᠡᠶ᠎ᠪᠠᠷ ᠠᠵᠢᠯᠯᠠᠭᠤᠯᠵᠠᠢ᠃ ᠮᠤᠵᠢ᠎ᠶ᠋ᠢᠨ ᠱᠠᠲᠤᠨ᠎ᠠᠴᠠ ᠳᠣᠷᠣᠭ᠍ᠰᠢᠬᠢ ᠠᠮᠢ ᠠᠬᠤᠶ ᠣᠷᠴᠢᠨ ᠲᠣᠭᠤᠷᠢᠨ᠎ᠤ ᠪᠠᠢᠭᠤᠯᠤᠮᠵᠢ᠎ᠶ᠋ᠢᠨ ᠬᠢᠨᠠᠨ ᠬᠡᠮᠵᠢᠬᠦ᠌ ᠬᠢᠨᠠᠨ ᠪᠠᠢᠴᠠᠭᠠᠬᠤ ᠬᠠᠤᠯᠢ ᠬᠡᠷᠡᠭ᠌ᠵᠢᠭᠦᠯᠬᠦ᠌ ᠡᠭ᠌ᠴᠡ ᠬᠠᠮᠢᠶᠠᠷᠤᠯᠲᠠ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠡᠩᠨᠡᠭᠡ᠎ᠶ᠋ᠢ ᠡᠮᠬᠢᠯᠡᠨ ᠨᠡᠢᠯᠡᠭᠦᠯᠵᠦ᠍ ᠵᠣᠬᠢᠶᠠᠨ ᠪᠠᠢᠭᠤᠯᠤᠨ᠂ ᠤᠯᠤᠰ ᠪᠠ ᠮᠤᠵᠢ᠎ᠶ᠋ᠢᠨ ᠱᠠᠲᠤᠨ᠎ᠤ ᠣᠷᠴᠢᠨ ᠲᠣᠭᠤᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ᠌ ᠠᠵᠢᠯ ᠶᠠᠪᠤᠳᠠᠯ᠎ᠤᠨ ᠡᠷᠬᠡ᠎ᠶ᠋ᠢ ᠳᠡᠭᠡᠭ᠌ᠰᠢ ᠬᠤᠷᠢᠶᠠᠬᠤ ᠠᠵᠢᠯ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠬᠢᠨᠠᠨ ᠬᠡᠮᠵᠢᠬᠦ᠌ ᠬᠢᠨᠠᠨ ᠪᠠᠢᠴᠠᠭᠠᠬᠤ ᠬᠠᠤᠯᠢ ᠬᠡᠷᠡᠭ᠌ᠵᠢᠭᠦᠯᠦᠯᠲᠡ᠎ᠶ᠋ᠢᠨ ᠪᠡᠶ᠎ᠡ᠎ᠪᠠᠨ ᠳᠠᠭᠠᠭᠠᠬᠤ ᠴᠢᠨᠠᠷ᠂ ᠨᠢᠭᠡᠳᠦᠯᠲᠦ ᠴᠢᠨᠠᠷ᠂ ᠡᠷᠬᠡ ᠰᠦᠷᠲᠦ ᠴᠢᠨᠠᠷ ᠪᠠ ᠪᠦᠲᠦᠮᠵᠢᠲᠦ ᠴᠢᠨᠠᠷ᠎ᠢ ᠲᠠᠰᠤᠷᠠᠯᠳᠠ ᠦᠭᠡᠢ ᠴᠢᠩᠭᠠᠳᠭᠠᠪᠠ᠃
ᠭᠤᠷᠪᠠ᠎ᠳᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠪᠠ᠃ 《ᠲᠡᠦᠬᠡᠨ ᠳᠡᠭᠡᠷᠡᠬᠢ ᠬᠠᠮᠤᠭ᠎ᠤᠨ ᠴᠢᠩᠭ᠎ᠠ》 ᠣᠷᠴᠢᠨ ᠲᠣᠭᠤᠷᠢᠨ᠎ᠢ ᠬᠠᠮᠠᠭᠠᠯᠠᠬᠤ ᠬᠠᠤᠯᠢ᠎ᠨᠢ ᠬᠠᠤᠯᠢ ᠴᠠᠭᠠᠵᠠ᠎ᠶ᠋ᠢᠨ ᠬᠡᠯᠪᠡᠷᠢ᠎ᠪᠠᠷ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠡᠷᠬᠡᠪᠰᠢ ᠵᠢᠷᠤᠮᠯᠠᠬᠤ ᠬᠡᠷᠡᠭ᠌ᠲᠡᠶ ᠭᠡᠬᠦ᠌ ᠦᠨᠳᠦᠰᠦᠨ ᠣᠢᠯᠠᠭᠠᠭ᠍ᠳᠠᠬᠤᠨ᠂ ᠦᠨᠳᠦᠰᠦᠨ ᠵᠠᠷᠴᠢᠮ᠂ ᠦᠨᠳᠦᠰᠦᠨ ᠲᠦᠷᠢᠮ᠎ᠢ ᠲᠣᠭ᠍ᠲᠠᠭᠠᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠣᠷᠴᠢᠨ ᠲᠣᠭᠤᠷᠢᠨ᠎ᠤ ᠶᠠᠰᠤ ᠴᠢᠨᠠᠷ᠎ᠲᠤ ᠬᠠᠷᠢᠭᠤᠴᠠᠬᠤ ᠬᠡᠷᠡᠭ᠌ᠲᠡᠶ ᠭᠡᠵᠦ᠍ ᠲᠣᠭ᠍ᠲᠠᠭᠠᠵᠠᠶ᠃ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠥᠯᠢ᠎ᠶ᠋ᠢᠨ ᠲᠣᠭ᠍ᠲᠠᠭᠠᠯ ᠶᠣᠰᠣᠭᠠᠷ᠂ ᠠᠮᠢ ᠠᠬᠤᠶ ᠣᠷᠴᠢᠨ ᠲᠣᠭᠤᠷᠢᠨ᠎ᠤ ᠶᠠᠮᠤᠨ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠨᠠᠢᠳᠠᠯᠭ᠎ᠠ᠎ᠪᠠᠷ 10 ᠵᠢᠯ ᠳᠠᠷᠠᠭᠠᠯᠠᠨ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠣᠷᠴᠢᠨ ᠲᠣᠭᠤᠷᠢᠨ᠎ᠤ ᠪᠠᠢᠳᠠᠯ ᠪᠠ ᠣᠷᠴᠢᠨ ᠲᠣᠭᠤᠷᠢᠨ᠎ᠤ ᠬᠠᠮᠠᠭᠠᠯᠠᠯᠳᠠ᠎ᠶ᠋ᠢᠨ ᠬᠠᠷᠠᠯᠳᠠ ᠡᠬᠦᠷᠭᠡ᠎ᠪᠠᠨ ᠪᠡᠶᠡᠯᠡᠬᠦᠯᠦᠭ᠌ᠰᠡᠨ ᠪᠠᠢᠳᠠᠯ᠎ᠢᠶᠠᠨ ᠬᠠᠷᠢᠭᠤ ᠮᠡᠳᠡᠬᠦᠯᠪᠡ᠃ 《ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ》᠂ 《ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠠᠷᠭ᠎ᠠ》 ᠵᠡᠷᠭᠡ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠢ ᠲᠣᠭ᠍ᠲᠠᠭᠠᠵᠤ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠠᠷ᠎ᠢᠶᠠᠨ ᠲᠥᠯᠥᠪᠵᠢᠭᠦᠯᠵᠦ᠍᠂ ᠪᠡᠶ᠎ᠡ᠎ᠪᠠᠷ᠎ᠢᠶᠠᠨ ᠪᠠᠢᠷᠢᠯᠠᠭᠤᠯᠵᠤ᠂ ᠪᠡᠶ᠎ᠡ᠎ᠪᠠᠷ᠎ᠢᠶᠠᠨ ᠠᠬᠢᠭᠤᠯᠤᠭ᠍ᠰᠠᠨ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠬᠤ ᠳᠦᠷᠢᠮ᠎ᠨᠢ ᠣᠷᠣᠨ ᠨᠤᠲᠤᠭ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠠᠲᠠᠭᠤ ᠠᠷᠭ᠎ᠠ ᠪᠣᠳᠠᠲᠠᠢ ᠠᠷᠭ᠎ᠠ ᠪᠣᠯᠤᠭ᠍ᠰᠠᠨ ᠪᠠᠢᠨ᠎ᠠ᠃ ᠤᠳᠤᠷᠢᠳᠭᠤ ᠺᠠᠳ᠋ᠷᠴᠤᠳ᠎ᠤᠨ ᠲᠤᠱᠢᠶᠠᠯ᠎ᠠᠴᠠ᠎ᠪᠠᠨ ᠰᠠᠯᠬᠤ ᠦᠶ᠎ᠡ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ ᠡᠳ᠋ ᠬᠦᠷᠦᠩᠭᠡ᠎ᠶ᠋ᠢ ᠬᠢᠨᠠᠨ ᠪᠤᠳᠤᠬᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠲᠦᠷᠢᠮ᠂ ᠤᠢ ᠱᠢᠭᠤᠶ᠎ᠶ᠋ᠢᠨ ᠳᠠᠷᠤᠭ᠎ᠠ᠎ᠶ᠋ᠢᠨ ᠲᠦᠷᠢᠮ᠂ ᠠᠮᠢ ᠠᠬᠤᠶ ᠣᠷᠴᠢᠨ ᠲᠣᠭᠤᠷᠢᠨ᠎ᠢ ᠡᠪᠳᠡᠵᠦ᠍ ᠬᠤᠬᠢᠷᠠᠭᠤᠯᠤᠭ᠍ᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠵᠡᠷᠭᠡ ᠲᠦᠷᠢᠮ᠎ᠢ ᠪᠠᠢᠭᠤᠯᠤᠨ ᠬᠡᠷᠡᠭ᠌ᠵᠢᠭᠦᠯᠵᠦ᠍᠂ ᠨᠠᠮ᠎ᠤᠨ ᠬᠤᠷᠢᠶ᠎ᠠ ᠤᠳᠤᠷᠢᠳᠴᠤ᠌᠂ ᠵᠠᠰᠠᠭ᠎ᠤᠨ ᠣᠷᠳᠣᠨ ᠭᠤᠣᠯᠯᠠᠨ ᠤᠳᠤᠷᠢᠳᠴᠤ᠌᠂ ᠠᠵᠤ ᠠᠬᠤᠢᠯᠠᠯ᠎ᠤᠨ ᠭᠤᠣᠯ ᠴᠣᠭ᠍ᠴᠠ᠂ ᠨᠡᠢᠭᠡᠮ᠎ᠤᠨ ᠵᠣᠬᠢᠶᠠᠨ ᠪᠠᠢᠭᠤᠯᠤᠯᠲᠠ ᠪᠠ ᠤᠯᠠᠨ ᠨᠡᠢᠲᠡ᠎ᠪᠠᠷ᠎ᠢᠶᠠᠨ ᠬᠠᠮᠲᠤ᠎ᠪᠠᠷ ᠣᠷᠣᠯᠴᠠᠭ᠍ᠰᠠᠨ ᠬᠠᠷᠢᠭᠤᠴᠠᠯᠭ᠎ᠠ᠎ᠶ᠋ᠢᠨ ᠱᠢᠰᠲ᠋ᠧᠮ᠎ᠢ ᠨᠡᠩ ᠨᠢᠭ᠍ᠲᠠ ᠴᠢᠩᠭ᠎ᠠ ᠪᠦᠷᠢᠨᠱᠢᠬᠦᠯᠵᠡᠢ᠃
ᠳᠦᠷᠪᠡ᠎ᠳᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠬᠢᠷᠢ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ 《ᠠᠮᠢ ᠠᠬᠤᠶ ᠣᠷᠴᠢᠨ ᠲᠣᠭᠤᠷᠢᠨ᠎ᠤ ᠬᠦᠷᠢᠶᠡᠨ᠎ᠳᠠᠬᠢ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠭᠦᠨᠵᠡᠭᠡᠢᠷᠡᠭᠦᠯᠦᠨ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶ᠋ᠢ ᠦᠷᠭᠦᠯᠵᠢᠯᠡᠨ ᠴᠢᠩᠭᠠᠳᠭᠠᠬᠤ ᠲᠤᠬᠠᠶ ᠵᠢᠯᠣᠭᠤᠳᠭᠤ ᠰᠠᠨᠠᠯ》 ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠨ᠂ ᠠᠮᠢ ᠠᠬᠤᠶ ᠣᠷᠴᠢᠨ ᠲᠣᠭᠤᠷᠢᠨ᠎ᠤ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠭᠤᠣᠯᠳᠠᠯᠭ᠎ᠠ᠎ᠲᠠᠢ ᠠᠵᠢᠯ᠎ᠢ ᠱᠢᠰᠲ᠋ᠧᠮ᠎ᠲᠠᠢ᠎ᠪᠠᠷ ᠲᠦᠯᠬᠢᠨ ᠠᠬᠢᠭᠤᠯᠪᠠ᠃ 《ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠠᠷᠭ᠎ᠠ》 ᠳᠤ ᠪᠥᠬᠦ᠌ ᠲᠠᠯ᠎ᠠ᠎ᠪᠠᠷ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠬᠡᠷᠡᠭ᠎ᠢ ᠬᠠᠥᠯᠢ ᠶᠣᠰᠣᠭᠠᠷ ᠱᠢᠶ᠋ᠳᠪᠦᠷᠢᠯᠡᠵᠦ᠍᠂ ᠬᠠᠥᠯᠢ᠎ᠠᠴᠠ ᠵᠥᠷᠢᠴᠡᠭ᠌ᠰᠡᠨ ᠪᠤᠶᠤ ᠵᠦᠶ ᠵᠣᠬᠢᠰ ᠥᠬᠡᠶ ᠵᠠᠰᠠᠭ ᠵᠠᠬᠢᠷᠭᠠᠨ᠎ᠤ ᠦᠶ᠋ᠯᠡ ᠠᠵᠢᠯᠯᠠᠭ᠎ᠠ᠎ᠶ᠋ᠢ ᠵᠠᠯᠠᠷᠠᠭᠤᠯᠤᠨ᠂ ᠬᠡᠷᠡᠭ᠎ᠲᠤ ᠲᠤᠰᠭᠠᠭ᠍ᠰᠠᠨ ᠴᠤᠬᠤᠢᠯᠲᠠ᠎ᠶ᠋ᠢᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ ᠰᠦᠪᠡᠭ᠌ᠴᠢ᠎ᠠᠴᠠ ᠠᠮᠢ ᠠᠬᠤᠶ ᠣᠷᠴᠢᠨ ᠲᠣᠭᠤᠷᠢᠨ᠎ᠤ ᠲᠣᠪᠤᠢᠮ᠎ᠠ ᠠᠰᠠᠭᠤᠳᠠᠯ᠎ᠢ ᠣᠨᠣᠪᠴᠢᠲᠠᠶ ᠢᠯᠡᠷᠡᠭᠦᠯᠬᠦ᠌ ᠪᠠ ᠱᠢᠶ᠋ᠳᠪᠦᠷᠢᠯᠡᠵᠦ᠍᠂ ᠬᠠᠥᠯᠢ ᠶᠣᠰᠣᠭᠠᠷ ᠵᠠᠰᠠᠭ ᠶᠠᠪᠤᠭᠤᠯᠬᠤ᠎ᠶ᠋ᠢ ᠠᠬᠢᠭᠤᠯᠤᠨ ᠵᠢᠷᠤᠮᠵᠢᠭᠤᠯᠵᠤ᠂ ᠠᠷᠠᠳ ᠣᠯᠠᠨ᠎ᠤ ᠬᠠᠥᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠪᠠᠳᠤᠯᠠᠪᠠ᠃ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠵᠠᠰᠠᠭ ᠵᠠᠬᠢᠷᠭᠠᠨ᠎ᠤ ᠬᠠᠥᠯᠢ ᠬᠡᠷᠡᠭ᠌ᠵᠢᠭᠦᠯᠦᠯᠲᠡ᠎ᠶ᠋ᠢ ᠴᠢᠩᠳᠠᠯᠠᠵᠤ᠂ 2015 ᠣᠨ᠎ᠳᠤ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠥᠯᠢ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠪᠥᠬᠦ᠌ ᠤᠯᠤᠰ᠎ᠲᠤ ᠣᠷᠴᠢᠨ ᠲᠣᠭᠤᠷᠢᠨ᠎ᠤ ᠵᠠᠰᠠᠭ ᠵᠠᠬᠢᠷᠭᠠᠨ᠎ᠤ ᠱᠢᠢᠳᠭᠡᠯ᠎ᠤᠨ ᠲᠣᠭ᠍ᠲᠠᠭᠠᠯ᠎ᠤᠨ ᠪᠢᠴᠢᠭ᠎ᠢ ᠨᠡᠢᠲᠡ 127.66 ᠲᠦᠮᠡᠨ ᠬᠤᠪᠢ ᠪᠠᠭᠤᠯᠭᠠᠵᠤ᠂ ᠲᠣᠷᠭᠠᠵᠤ ᠬᠤᠷᠢᠶᠠᠨ ᠠᠪᠤᠭ᠍ᠰᠠᠨ ᠵᠣᠭᠤᠰ᠎ᠤᠨ ᠲᠤᠭ᠎ᠠ ᠨᠡᠢᠲᠡ 870.55 ᠳ᠋ᠦᠩᠱᠢᠭᠤᠷ ᠲᠥᠭᠦᠷᠢᠭ᠎ᠲᠤ ᠬᠦᠷᠴᠡᠶ᠃ ᠤᠯᠤᠰ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠶᠡᠭᠡ ᠰᠤᠷᠭᠠᠭᠤᠯᠢᠯᠠᠯ᠎ᠤᠨ ᠠᠵᠢᠯᠯᠠᠭ᠎ᠠ᠎ᠶ᠋ᠢ 9 ᠵᠢᠯ ᠳᠠᠷᠠᠭᠠᠯᠠᠨ ᠵᠣᠬᠢᠶᠠᠨ ᠪᠠᠢᠭᠤᠯᠤᠨ ᠥᠷᠨᠢᠭᠦᠯᠪᠡ᠃ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠲᠠᠢ ᠬᠠᠮᠲᠤᠷᠠᠨ ᠠᠶᠤᠯᠲᠠᠶ ᠬᠠᠶᠠᠭ᠍ᠳᠠᠮᠠᠯ ᠪᠣᠳᠠᠰ᠎ᠤᠨ ᠣᠷᠴᠢᠨ ᠲᠣᠭᠤᠷᠢᠨ᠎ᠤ ᠲᠠᠯ᠎ᠠ᠎ᠪᠠᠷ᠎ᠬᠢ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ ᠪᠠ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠭᠤᠣᠯᠳᠠᠯᠭ᠎ᠠ᠎ᠲᠠᠢ ᠨᠢᠭᠡᠴᠢ᠎ᠶ᠋ᠢᠨ ᠠᠦ᠋ᠲ᠋ᠣ᠋ ᠬᠢᠨᠠᠨ ᠬᠡᠮᠵᠢᠯᠲᠡ᠎ᠶ᠋ᠢᠨ ᠲᠤᠭ᠎ᠠ ᠪᠠᠷᠢᠮᠲᠠ᠎ᠶ᠋ᠢ ᠬᠠᠭᠤᠷᠮᠠᠭ᠍ᠯᠠᠨ ᠵᠣᠬᠢᠶᠠᠵᠤ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦ ᠲᠤᠰᠭᠠᠶ ᠠᠵᠢᠯᠯᠠᠭ᠎ᠠ ᠥᠷᠨᠢᠭᠦᠯᠵᠦ᠍᠂ ᠠᠶᠤᠯᠲᠠᠶ ᠬᠠᠶᠠᠭ᠍ᠳᠠᠮᠠᠯ ᠪᠣᠳᠠᠰ᠎ᠤᠨ ᠣᠷᠴᠢᠨ ᠲᠣᠭᠤᠷᠢᠨ᠎ᠳᠤ ᠬᠤᠯᠪᠣᠭ᠍ᠳᠠᠭ᠍ᠰᠠᠨ ᠬᠠᠤᠯᠢ᠎ᠶ᠋ᠢ ᠵᠥᠷᠢᠴᠡᠭ᠌ᠰᠡᠨ ᠬᠡᠷᠡᠭ᠎ᠢ ᠨᠡᠢᠳᠡ 18676 ᠪᠠᠢᠴᠠᠭᠠᠨ ᠱᠢᠶ᠋ᠳᠪᠦᠷᠢᠯᠡᠵᠦ᠍᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ 4937 ᠬᠡᠷᠡᠭ᠎ᠢ ᠱᠢᠯᠵᠢᠭᠦᠯᠦᠨ ᠬᠦᠷᠭᠡᠪᠡ; ᠣᠷᠴᠢᠨ ᠲᠣᠭᠤᠷᠢᠨ᠎ᠢ ᠠᠦ᠋ᠲ᠋ᠣ᠋ ᠬᠢᠨᠠᠨ ᠡᠵᠡᠮᠳᠡᠬᠦ᠌᠎ᠳᠤ ᠬᠤᠯᠪᠣᠭ᠍ᠳᠠᠭ᠍ᠰᠠᠨ ᠬᠠᠤᠯᠢ᠎ᠶ᠋ᠢ ᠵᠥᠷᠢᠴᠡᠭ᠌ᠰᠡᠨ ᠬᠡᠷᠡᠭ᠎ᠢ 6734 ᠪᠠᠢᠴᠠᠭᠠᠨ ᠱᠢᠶ᠋ᠳᠪᠦᠷᠢᠯᠡᠵᠦ᠍᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ 1473 ᠬᠡᠷᠡᠭ᠎ᠢ ᠱᠢᠯᠵᠢᠭᠦᠯᠦᠨ ᠬᠦᠷᠭᠡᠵᠡᠶ᠃ 2024 ᠣᠨ᠎ᠤ ᠡᠴᠦᠰ ᠪᠣᠯᠲᠠᠯ᠎ᠠ᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ ᠨᠢᠭᠡᠨᠲᠡ ᠣᠷᠴᠢᠨ ᠲᠣᠭᠤᠷᠢᠨ᠎ᠤ ᠡᠬᠢ ᠪᠠᠶᠠᠯᠢᠭ᠎ᠤᠨ ᠲᠤᠰᠭᠠᠶ ᠱᠢᠭᠦᠨ ᠲᠠᠰᠤᠯᠬᠤ ᠪᠠᠢᠭᠤᠯᠤᠮᠵᠢ᠎ᠶ᠋ᠢ ᠪᠠᠢᠭᠤᠯᠵᠤ᠂ ᠨᠡᠢᠳᠡ 2400 ᠭᠠᠷᠤᠶ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ ᠮᠠᠨ᠎ᠤ ᠤᠯᠤᠰ ᠣᠷᠴᠢᠨ ᠲᠣᠭᠤᠷᠢᠨ ᠡᠬᠢ ᠪᠠᠶᠠᠯᠢᠭ᠎ᠤᠨ ᠲᠤᠰᠭᠠᠶ ᠱᠢᠭᠦᠨ ᠲᠠᠰᠤᠯᠬᠤ ᠪᠠᠢᠭᠤᠯᠤᠮᠵᠢ᠎ᠶ᠋ᠢᠨ ᠪᠦᠷᠬᠦᠴᠡ᠎ᠪᠠᠷ ᠬᠠᠮᠤᠭ᠎ᠤᠨ ᠥᠷᠭᠡᠨ᠂ ᠱᠢᠰᠲ᠋ᠧᠮ᠎ᠢᠶᠠᠷ ᠬᠠᠮᠤᠭ᠎ᠤᠨ ᠪᠦᠷᠢᠨ ᠪᠦᠲᠦᠨ ᠤᠯᠤᠰ ᠪᠣᠯᠤᠭ᠍ᠰᠠᠨ ᠪᠠᠢᠨ᠎ᠠ᠃
ᠲᠠᠪᠤ᠎ᠳᠤ᠂ ᠠᠮᠢ ᠠᠬᠤᠶ ᠣᠷᠴᠢᠨ ᠲᠣᠭᠤᠷᠢᠨ᠎ᠤ ᠬᠠᠤᠯᠢ᠎ᠪᠠᠷ ᠵᠠᠰᠠᠬᠤ ᠤᠬᠠᠮᠰᠠᠷ᠎ᠢ ᠶᠡᠭᠡ ᠬᠡᠮᠵᠢᠶ᠎ᠡ᠎ᠪᠠᠷ ᠳᠡᠭᠡᠭ᠌ᠰᠢᠯᠡᠭᠦᠯᠪᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠬᠤ᠎ᠶ᠋ᠢ ᠪᠦᠬᠦ᠌ ᠠᠷᠠᠳ ᠲᠦᠮᠡᠨ᠎ᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ᠎ᠶ᠋ᠢ ᠢᠯᠡ ᠪᠣᠯᠭᠠᠬᠤ ᠲᠦᠷᠢᠮ》 ᠢ ᠬᠢᠨᠠᠮᠠᠭᠠᠶ ᠨᠠᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠶᠠᠮᠤᠨ᠎ᠤ ᠰᠦᠯᠵᠢᠶ᠎ᠡ᠂ ᠬᠤᠶᠠᠷ ᠲᠠᠪᠴᠠᠩ᠂ ᠰᠣᠨᠢᠨ ᠮᠡᠳᠡᠭᠡ ᠨᠡᠢᠲᠡᠯᠡᠬᠦ᠌ ᠬᠤᠷᠠᠯ ᠵᠡᠷᠭᠡ᠎ᠪᠠᠷ ᠳᠠᠮᠵᠢᠭᠤᠯᠤᠨ ᠪᠥᠬᠦ᠌ ᠤᠯᠤᠰ᠎ᠤᠨ ᠠᠮᠢ ᠠᠬᠤᠶ ᠣᠷᠴᠢᠨ ᠲᠣᠭᠤᠷᠢᠨ᠎ᠤ ᠪᠠᠢᠳᠠᠯ᠂ ᠭᠠᠵᠠᠷ ᠳᠡᠭᠡᠷᠡᠬᠢ ᠤᠰᠤ ᠪᠠ ᠣᠷᠴᠢᠨ ᠲᠣᠭᠤᠷᠢᠨ᠎ᠤ ᠠᠭᠠᠷ᠎ᠤᠨ ᠶᠠᠰᠤ ᠴᠢᠨᠠᠷ᠎ᠤᠨ ᠰᠠᠷ᠎ᠠ᠎ᠶ᠋ᠢᠨ ᠮᠡᠳᠡᠭᠦᠯᠦᠯᠲᠡ᠂ ᠭᠤᠥᠯᠳᠠᠯᠭ᠎ᠠ᠎ᠲᠠᠢ ᠲᠡᠯᠡᠶ᠎ᠶ᠋ᠢᠨ ᠤᠰᠤᠨ᠎ᠤ ᠤᠬᠢᠶᠠᠯᠭ᠎ᠠ᠎ᠶ᠋ᠢᠨ ᠲᠠᠯᠠᠪᠠᠶ᠎ᠶ᠋ᠢᠨ ᠤᠰᠤᠨ᠎ᠤ ᠴᠢᠨᠠᠷ᠎ᠤᠨ ᠪᠠᠢᠳᠠᠯ ᠵᠡᠷᠭᠡ᠎ᠶ᠋ᠢ ᠨᠡᠢᠲᠡᠯᠡᠵᠦ᠍᠂ ᠠᠷᠠᠳ ᠣᠯᠠᠨ᠎ᠤ ᠠᠮᠢ ᠠᠬᠤᠶ ᠣᠷᠴᠢᠨ ᠲᠣᠭᠤᠷᠢᠨ᠎ᠤ ᠪᠠᠢᠳᠠᠯ᠎ᠢ ᠮᠡᠳᠡᠬᠦ᠌ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ᠎ᠶ᠋ᠢ ᠪᠠᠳᠤᠯᠠᠪᠠ᠃ ᠠᠮᠢ ᠠᠬᠤᠶ ᠣᠷᠴᠢᠨ ᠲᠣᠭᠤᠷᠢᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠬᠠᠤᠯᠢ ᠶᠣᠰᠣᠭᠠᠷ ᠥᠷᠨᠢᠭᠦᠯᠵᠦ᠍᠂ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠤᠯᠢ ᠶᠣᠰᠣᠭᠠᠷ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠶ᠋ᠢ ᠱᠠᠯᠠᠪᠳᠠᠭᠤᠯᠵᠤ᠂ ᠨᠡᠢᠭᠡᠮ ᠨᠡᠢᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠪᠠ᠃ ᠨᠡᠢᠭᠡᠮ ᠳᠠᠶᠠᠭᠠᠷ᠎ᠲᠤ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠠᠮᠢ ᠠᠬᠤᠶ ᠣᠷᠴᠢᠨ ᠲᠣᠭᠤᠷᠢᠨ᠎ᠤ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠢᠯᠡᠴᠢᠯᠡᠨ ᠮᠡᠳᠡᠬᠦᠯᠦᠭ᠌ᠰᠡᠳᠢ ᠱᠠᠩᠨᠠᠨ ᠬᠥᠬᠢᠭᠦᠯᠬᠦ᠌ ᠲᠦᠷᠢᠮ᠎ᠢ ᠪᠠᠢᠭᠤᠯᠤᠨ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠣᠷᠴᠢᠨ ᠲᠣᠭᠤᠷᠢᠨ᠎ᠤ ᠮᠡᠳᠡᠭᠡ ᠵᠠᠩᠭᠢ᠎ᠶ᠋ᠢ ᠬᠠᠤᠯᠢ ᠶᠣᠰᠣᠭᠠᠷ ᠨᠡᠢᠲᠡᠯᠡᠵᠦ᠍᠂ ᠠᠮᠢ ᠠᠬᠤᠶ ᠣᠷᠴᠢᠨ ᠲᠣᠭᠤᠷᠢᠨ᠎ᠤ ᠬᠠᠤᠯᠢ ᠬᠡᠷᠡᠭ᠌ᠵᠢᠭᠦᠯᠦᠭ᠌ᠰᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠬᠠᠤᠯᠢ ᠴᠠᠭᠠᠵᠠ᠎ᠶ᠋ᠢ ᠲᠦᠭᠡᠮᠡᠯᠵᠢᠭᠦᠯᠬᠦ᠌ ᠲᠠᠢᠯᠤᠮᠵᠢ᠂ ᠪᠣᠯᠪᠠᠰᠤᠷᠠᠯ ᠥᠷᠨᠢᠭᠦᠯᠵᠦ᠍᠂ ᠠᠵᠤ ᠠᠬᠤᠢᠯᠠᠯ᠎ᠤᠨ ᠦᠨᠡᠨᠴᠢ ᠢᠲᠡᠭᠡᠮᠵᠢᠲᠡᠶ᠎ᠪᠠᠷ ᠬᠠᠤᠯᠢ᠎ᠶ᠋ᠢ ᠰᠠᠬᠢᠬᠤ᠎ᠶ᠋ᠢ ᠬᠥᠲᠥᠯᠥᠨ ᠵᠢᠯᠣᠭᠤᠳᠪᠠ᠃ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠂ ᠪᠢ ᠪᠣᠯ ᠠᠵᠢᠯᠯᠠᠭ᠍ᠴᠢ》 ᠭᠡᠬᠦ᠌ ᠱᠢᠷᠢᠰ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠵᠢᠷᠭᠤᠭᠠᠨ ᠰᠠᠷ᠎ᠠ᠎ᠶ᠋ᠢᠨ ᠲᠠᠪᠤᠨ᠎ᠤ ᠣᠷᠴᠢᠨ ᠲᠣᠭᠤᠷᠢᠨ᠎ᠤ ᠡᠳᠦᠷ᠂ ᠪᠦᠬᠦ᠌ ᠤᠯᠤᠰ᠎ᠤᠨ ᠠᠮᠢ ᠠᠬᠤᠶ᠎ᠶ᠋ᠢᠨ ᠡᠳᠦᠷ ᠵᠡᠷᠭᠡ᠎ᠶ᠋ᠢ ᠠᠱᠢᠭ᠍ᠯᠠᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠍᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠥᠬᠦᠭᠡᠷᠦᠮᠵᠢ᠎ᠶ᠋ᠢ ᠤᠯᠠᠨ ᠨᠡᠢᠲᠡ᠎ᠳᠤ ᠢᠯᠡ ᠨᠡᠭᠡᠭᠡᠬᠦ᠌᠎ᠶ᠋ᠢ ᠲᠦᠯᠬᠢᠨ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠬᠦᠴᠦᠨ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠪᠦᠬᠦ᠌ ᠨᠡᠢᠭᠡᠮ᠎ᠤᠨ ᠠᠮᠢ ᠠᠬᠤᠶ ᠣᠷᠴᠢᠨ ᠲᠣᠭᠤᠷᠢᠨ᠎ᠤ ᠬᠠᠤᠯᠢ᠎ᠪᠠᠷ ᠵᠠᠰᠠᠬᠤ ᠤᠬᠠᠮᠰᠠᠷ᠎ᠢ ᠲᠠᠰᠤᠷᠠᠯᠳᠠ ᠦᠭᠡᠢ ᠲᠡᠭᠡᠭ᠌ᠰᠢᠯᠡᠬᠦᠯᠵᠡᠢ᠃
ᠱᠢᠨ᠎ᠡ ᠴᠠᠭ ᠦᠶ᠎ᠡ᠎ᠳᠤ ᠮᠠᠨ᠎ᠤ ᠤᠯᠤᠰ᠎ᠤᠨ ᠠᠮᠢ ᠠᠬᠤᠶ ᠣᠷᠴᠢᠨ ᠲᠣᠭᠤᠷᠢᠨ᠎ᠤ ᠬᠠᠤᠯᠢᠵᠢᠯ᠎ᠤᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠱᠢᠪᠲᠤᠯᠤᠯᠲᠠ᠎ᠶ᠋ᠢᠨ ᠭᠦᠨᠵᠡᠭᠡᠢᠷᠡᠨ ᠠᠬᠢᠬᠤ᠎ᠶ᠋ᠢ ᠬᠦᠴᠦᠲᠡᠶ ᠠᠬᠢᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠤᠨᠤᠯ᠎ᠠᠴᠠ ᠦᠢᠯᠡᠳᠦᠯᠭᠡ ᠬᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠬᠤᠪᠢᠷᠠᠯᠲᠠ ᠭᠠᠷᠴᠤ᠌᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ ᠴᠢᠬᠤᠯᠠ ᠶᠡᠭᠡ ᠠᠯᠬᠤᠮ᠎ᠢ ᠠᠯᠬᠤᠵᠤ᠂ ᠠᠷᠠᠳ ᠤᠯᠠᠨ᠎ᠤ ᠠᠮᠢ ᠠᠬᠤᠢ ᠣᠷᠴᠢᠨ ᠲᠣᠭᠤᠷᠢᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ ᠲᠠᠰᠤᠷᠠᠯᠳᠠ ᠦᠭᠡᠢ ᠴᠢᠩᠭᠠᠷᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠦᠢᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠪᠠᠢᠨ᠎ᠠ᠃ ᠡᠳᠡᠭᠡᠷ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ ᠪᠣᠯᠤᠭ᠍ᠰᠠᠨ᠎ᠤ ᠬᠤᠪᠢ᠎ᠳᠤ ᠠᠶᠠᠯᠠᠯ᠎ᠤᠨ ᠵᠠᠯᠠᠭᠤᠷ᠎ᠢ ᠡᠵᠡᠮᠳᠡᠭ᠌ᠰᠡᠨ᠎ᠳᠤ ᠪᠠᠢᠨ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠮᠥᠨ ᠴᠤ᠌ ᠬᠠᠤᠯᠢᠵᠢᠯ᠎ᠤᠨ ᠬᠦᠴᠦᠨ᠎ᠤ ᠬᠠᠮᠠᠭᠠᠯᠠᠯ᠎ᠠᠴᠠ ᠰᠠᠯᠵᠤ ᠴᠢᠳᠠᠬᠤ ᠦᠭᠡᠢ ᠶᠤᠮ᠃
ᠬᠤᠶᠠᠷ᠂ ᠬᠠᠤᠯᠢ᠎ᠪᠠᠷ ᠵᠠᠰᠠᠬᠤ ᠵᠠᠮ᠎ᠢᠶᠠᠷ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠬᠤ ᠴᠢᠬᠤᠯᠠ ᠶᠡᠭᠡ ᠱᠠᠭᠠᠷᠳᠠᠯᠭ᠎ᠠ᠎ᠶ᠋ᠢ ᠪᠠᠲᠤ ᠡᠵᠡᠮᠳᠡᠬᠦ᠌ ᠬᠡᠷᠡᠭ᠌ᠲᠡᠶ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ ᠮᠥᠨ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠲᠦᠯᠬᠢᠨ ᠠᠬᠢᠭᠤᠯᠬᠤ᠎ᠶ᠋ᠢᠨ ᠴᠢᠬᠤᠯᠠ ᠡᠭᠦᠷᠭᠡ ᠮᠥᠨ᠃ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠡᠭᠦᠨ᠎ᠳᠤ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠰᠠᠢᠲᠤᠷ ᠪᠠᠷᠢᠮᠲᠠᠯᠠᠨ ᠰᠠᠢᠲᠤᠷ ᠬᠡᠷᠡᠭ᠌ᠯᠡᠵᠦ᠍᠂ ᠡᠨᠡ ᠬᠦ᠌ ᠦᠵᠡᠯ ᠰᠠᠨᠠᠭ᠎ᠠ᠎ᠶ᠋ᠢ ᠬᠠᠤᠯᠢᠵᠢᠯ᠎ᠤᠨ ᠵᠠᠮ᠎ᠢᠶᠠᠷ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠡᠯ᠎ᠡ ᠲᠠᠯ᠎ᠠ ᠪᠠ ᠪᠦᠬᠦ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠃
ᠨᠢᠭᠡ᠎ᠳᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠤᠨ ᠬᠠᠤᠯᠢᠵᠢᠯ᠎ᠤᠨ ᠬᠠᠷᠢᠭᠤᠴᠠᠯᠭ᠎ᠠ᠎ᠶ᠋ᠢ ᠨᠢᠭᠡ ᠴᠤᠭ᠍ᠴᠠᠵᠢᠭᠤᠯᠤᠨ ᠲᠤᠭᠤᠱᠢᠯᠠᠭᠤᠯᠬᠤ᠎ᠶ᠋ᠢ ᠪᠠᠷᠢᠮᠳᠠᠯᠠᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠶ᠋ᠢᠨ ᠫᠢᠩ ᠵᠢᠭᠠᠵᠤ ᠭᠠᠷᠭᠠᠬᠤ᠎ᠳᠠᠭᠠᠨ᠄《ᠬᠠᠤᠯᠢ ᠶᠣᠰᠣᠭᠠᠷ ᠤᠯᠤᠰ᠎ᠢᠶᠠᠨ ᠵᠠᠰᠠᠬᠤ ᠪᠣᠯ ᠮᠠᠨ᠎ᠤ ᠤᠯᠤᠰ᠎ᠤᠨ ᠦᠨᠳᠦᠰᠦᠨ ᠬᠠᠤᠯᠢ᠎ᠳᠤ ᠲᠣᠭ᠍ᠲᠠᠭᠠᠭ᠍ᠰᠠᠨ ᠤᠯᠤᠰ ᠣᠷᠣᠨ᠎ᠢᠶᠠᠨ ᠵᠠᠰᠠᠬᠤ ᠦᠨᠳᠦᠰᠦᠨ ᠠᠷᠭ᠎ᠠ ᠪᠤᠳᠤᠯᠭ᠎ᠠ ᠮᠥᠨ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠪᠡᠶᠡᠯᠡᠭᠦᠯᠵᠦ᠍ ᠴᠢᠳᠠᠬᠤ ᠡᠰᠡᠬᠦ᠌᠎ᠶ᠋ᠢᠨ ᠵᠠᠩᠭᠢᠯᠠᠭ᠎ᠠ᠎ᠨᠢ ᠨᠠᠮ᠎ᠤᠨ ᠬᠠᠤᠯᠢ ᠶᠣᠰᠣᠭᠠᠷ ᠲᠦᠷᠦ᠍ ᠪᠠᠷᠢᠬᠤ᠎ᠶ᠋ᠢ ᠪᠠᠷᠢᠮᠲᠠᠯᠠᠵᠤ ᠴᠢᠳᠠᠬᠤ ᠡᠰᠡᠬᠦ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠵᠠᠰᠠᠭ ᠶᠠᠪᠤᠭᠤᠯᠵᠤ ᠴᠢᠳᠠᠬᠤ ᠡᠰᠡᠬᠦ᠌᠎ᠳᠤ ᠪᠠᠢᠨ᠎ᠠ》 ᠭᠡᠵᠡᠶ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢᠬᠤ》᠂ 《ᠨᠢᠭᠡ ᠠᠵᠢᠯ᠎ᠤᠨ ᠪᠠᠢᠷᠢ ᠬᠤᠶᠠᠷ ᠬᠠᠷᠢᠭᠤᠴᠠᠯᠭ᠎ᠠ᠎ᠲᠠᠢ ᠪᠠᠢᠬᠤ》 ᠶ᠋ᠢ ᠭᠦᠨᠵᠡᠭᠡᠢ ᠬᠡᠷᠡᠭ᠌ᠵᠢᠭᠦᠯᠵᠦ᠍᠂ ᠱᠠᠯᠠᠪᠳᠠᠭᠤᠯᠤᠨ ᠪᠠᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠴᠢᠩᠭ᠎ᠠ ᠥᠷᠨᠢᠭᠦᠯᠬᠦ᠌ ᠪᠣᠯ ᠨᠠᠮ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ᠎ᠶ᠋ᠢᠨ ᠴᠢᠬᠤᠯᠠ ᠪᠠᠲᠤᠯᠠᠭ᠎ᠠ ᠪᠠᠢᠵᠤ᠂ ᠨᠠᠮ᠎ᠤᠨ ᠲᠦᠷᠦ᠍ ᠪᠠᠷᠢᠬᠤ ᠰᠠᠭᠤᠷᠢ᠎ᠶ᠋ᠢ ᠪᠠᠲᠤᠳᠭᠠᠬᠤ᠎ᠲᠠᠢ ᠬᠤᠯᠪᠣᠭ᠍ᠳᠠᠵᠤ᠂ ᠦᠨᠳᠦᠰᠦᠨ ᠬᠠᠤᠯᠢ ᠬᠠᠤᠯᠢ ᠴᠠᠭᠠᠵᠠ᠎ᠶ᠋ᠢᠨ ᠵᠥᠪ ᠣᠨᠣᠪᠴᠢᠲᠠᠢ ᠬᠡᠷᠡᠭ᠌ᠵᠢᠭᠦᠯᠦᠭ᠌ᠳᠡᠬᠦ᠌᠎ᠶ᠋ᠢ ᠬᠦᠴᠦᠲᠡᠢ ᠪᠠᠲᠤᠯᠠᠬᠤ ᠶᠠᠪᠤᠳᠠᠯ ᠪᠣᠯᠤᠨ᠎ᠠ᠃ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠠᠤᠯᠢ᠎ᠪᠠᠷ ᠵᠠᠰᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠰᠡᠳᠭᠢᠬᠦᠶ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭ᠌ᠯᠡᠨ ᠠᠮᠢ ᠠᠬᠤᠶ ᠣᠷᠴᠢᠨ ᠲᠣᠭᠤᠷᠢᠨ᠎ᠤ ᠬᠦᠷᠢᠶᠡᠨ᠎ᠳᠠᠬᠢ ᠲᠤᠪᠤᠢᠮ᠎ᠠ ᠠᠰᠠᠭᠤᠳᠠᠯ᠎ᠢ ᠱᠢᠶ᠋ᠳᠪᠦᠷᠢᠯᠡᠵᠦ᠍᠂ ᠢᠷᠭᠡᠨ᠎ᠤ ᠬᠡᠷᠡᠭ᠂ ᠵᠠᠰᠠᠭ ᠵᠠᠬᠢᠷᠭᠠᠨ᠂ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠴᠢᠩᠭᠠᠳᠭᠠᠬᠤ᠎ᠶ᠋ᠢᠨ ᠬᠠᠮᠲᠤ ᠪᠠᠰᠠ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢᠨ ᠬᠠᠤᠯᠢᠵᠢᠭᠤᠯᠤᠯᠲᠠ᠎ᠶ᠋ᠢ ᠪᠦᠲᠦᠮᠵᠢᠲᠡᠶ᠎ᠪᠠᠷ ᠲᠦᠯᠬᠢᠨ ᠠᠬᠢᠭᠤᠯᠬᠤ ᠬᠡᠷᠡᠭ᠌ᠲᠡᠢ᠃ ᠱᠢᠨ᠎ᠡ ᠠᠶᠠᠨ ᠵᠠᠮ᠎ᠳᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠠ ᠬᠠᠤᠯᠢᠵᠢᠯ᠎ᠤᠨ ᠬᠠᠷᠢᠭᠤᠴᠠᠯᠭ᠎ᠠ᠎ᠶ᠋ᠢ ᠳᠠᠪᠬᠤᠷ ᠬᠢᠵᠠᠭᠠᠷᠯᠠᠬᠤ ᠪᠠ ᠨᠢᠭᠡ ᠴᠤᠭ᠍ᠴᠠᠵᠢᠭᠤᠯᠤᠨ ᠨᠠᠢᠳᠠᠪᠤᠷᠢᠵᠢᠭᠤᠯᠬᠤ᠎ᠪᠠᠷ ᠳᠠᠮᠵᠢᠭᠤᠯᠵᠤ᠂ ᠡᠷᠬᠡ᠎ᠶ᠋ᠢᠨ ᠠᠵᠢᠯᠯᠠᠭ᠎ᠠ᠎ᠨᠢ ᠬᠢᠵᠠᠭᠠᠷᠯᠠᠬᠤ ᠪᠠ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠴᠢᠬᠤᠯᠠ ᠶᠡᠭᠡ ᠱᠢᠢᠳᠪᠦᠷᠢᠲᠦ ᠪᠤᠳᠤᠯᠭ᠎ᠠ᠎ᠶ᠋ᠢᠨ ᠬᠠᠤᠯᠢᠵᠢᠯ᠎ᠤᠨ ᠵᠢᠷᠦᠮ᠎ᠢ ᠱᠢᠯᠢᠳᠡᠭ᠌ᠵᠢᠭᠦᠯᠵᠦ᠍᠂ ᠠᠮᠢ ᠠᠬᠤᠢ᠎ᠶ᠋ᠢᠨ ᠪᠣᠯᠪᠠᠰᠤᠨ᠎ᠤ ᠬᠦᠷᠢᠶᠡᠨ᠎ᠳᠠᠬᠢ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠶ᠋ᠢ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠤᠯᠤᠰ ᠲᠦᠷᠦ᠍ ᠪᠠ ᠬᠠᠤᠯᠢᠵᠢᠯ᠎ᠤᠨ ᠰᠠᠭᠤᠷᠢ᠎ᠶ᠋ᠢ ᠪᠠᠲᠤᠳᠭᠠᠬᠤ ᠬᠡᠷᠡᠭ᠌ᠲᠡᠢ᠃
ᠬᠤᠶᠠᠷ᠎ᠲᠤ᠌᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠎ᠶ᠋ᠢ ᠪᠠᠷᠢᠮᠳᠠᠯᠠᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠᠴᠢᠯᠠᠬᠤ᠎ᠳᠠᠭᠠᠨ᠂ 《ᠥᠭᠡᠷᠡᠴᠢᠯᠡᠯᠲᠡ ᠬᠢᠬᠦ᠌ ᠪᠠ ᠬᠠᠥᠯᠢ᠎ᠪᠠᠷ ᠵᠠᠰᠠᠬᠤ᠎ᠨᠢ ᠱᠢᠪᠠᠭᠤᠨ᠎ᠤ ᠬᠤᠶᠠᠷ ᠵᠢᠭᠦᠷ᠂ ᠲᠡᠷᠭᠡᠨ᠎ᠤ ᠬᠤᠶᠠᠷ ᠬᠦᠷᠳᠦ ᠮᠡᠲᠦ》 《ᠥᠭᠡᠷᠡᠴᠢᠯᠡᠯᠲᠡ ᠬᠢᠬᠦ᠌ ᠪᠠ ᠬᠠᠥᠯᠢ᠎ᠪᠠᠷ ᠵᠠᠰᠠᠬᠤ᠎ᠨᠢ ᠬᠠᠷᠢᠯᠴᠠᠨ ᠨᠥᠬᠦᠴᠡᠯᠳᠦᠵᠦ᠍᠂ ᠬᠠᠮᠲᠤ᠎ᠪᠠᠷ ᠣᠷᠣᠱᠢᠨ᠎ᠠ》 ᠭᠡᠵᠡᠶ᠃ 《ᠲᠣᠭ᠍ᠲᠠᠭᠠᠯ》 ᠳᠤ᠂ 《ᠬᠠᠤᠯᠢ᠎ᠪᠠᠷ ᠵᠠᠰᠠᠬᠤ ᠵᠠᠮ᠎ᠢᠶᠠᠷ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠲᠦᠯᠬᠢᠨ ᠠᠬᠢᠭᠤᠯᠵᠤ᠂ ᠥᠭᠡᠷᠡᠴᠢᠯᠡᠯᠲᠡ ᠬᠢᠬᠦ᠌ ᠪᠠ ᠬᠠᠤᠯᠢ᠎ᠪᠠᠷ ᠵᠠᠰᠠᠬᠤ᠎ᠶ᠋ᠢ ᠬᠠᠷᠢᠯᠴᠠᠨ ᠨᠢᠭᠡᠳᠦᠭᠦᠯᠦᠨ᠎ᠡ》 ᠭᠡᠵᠦ᠍ ᠳᠤᠷᠠᠳᠤᠨ ᠭᠠᠷᠭᠠᠪᠠ᠃ ᠬᠠᠤᠯᠢ᠎ᠪᠠᠷ ᠵᠠᠰᠠᠬᠤ᠎ᠨᠢ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠳᠤ ᠪᠠᠲᠤ ᠪᠠᠬᠢ ᠰᠠᠭᠤᠷᠢ ᠪᠠ ᠪᠠᠲᠤᠯᠠᠭ᠎ᠠ ᠬᠠᠩᠭᠠᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠨᠢ ᠪᠠᠰᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠤᠨ ᠲᠡᠭᠦᠯᠳᠡᠷᠵᠢᠭᠦᠯᠦᠭ᠌ᠰᠡᠨ ᠪᠠᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠮᠠᠨ᠎ᠤ ᠤᠯᠤᠰ ᠠᠮᠢ ᠠᠬᠤᠢ ᠣᠷᠴᠢᠨ ᠲᠣᠭᠤᠷᠢᠨ᠎ᠢ ᠡᠪᠳᠡᠵᠦ᠍ ᠬᠤᠬᠢᠷᠠᠭᠤᠯᠤᠭ᠍ᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠲᠦᠷᠢᠮ᠂ ᠪᠣᠬᠢᠷᠲᠤᠯ ᠭᠠᠳᠠᠭ᠍ᠰᠢᠯᠠᠭᠤᠯᠬᠤ᠎ᠶ᠋ᠢ ᠵᠥᠪᠱᠢᠶᠡᠷᠡᠬᠦ᠌ ᠲᠦᠷᠢᠮ᠎ᠢᠶᠠᠷ ᠭᠤᠣᠯ ᠪᠣᠯᠭᠠᠭ᠍ᠰᠠᠨ ᠲᠣᠭ᠍ᠲᠠᠮᠠᠯ ᠪᠣᠬᠢᠷᠲᠤᠯ᠎ᠤᠨ ᠡᠬᠢ᠎ᠶ᠋ᠢ ᠬᠢᠨᠠᠨ ᠬᠠᠮᠢᠶᠠᠷᠬᠤ ᠲᠦᠷᠢᠮ᠂ ᠠᠮᠢ ᠠᠬᠤᠢ ᠣᠷᠴᠢᠨ ᠲᠣᠭᠤᠷᠢᠨ᠎ᠢ ᠣᠷᠣᠨ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ᠌ ᠬᠡᠮᠵᠢᠶ᠎ᠡ ᠵᠡᠷᠭᠡ ᠠᠯᠢ ᠤᠯᠠᠨ ᠴᠢᠬᠤᠯᠠ ᠲᠦᠷᠢᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠴᠥᠮ ᠥᠭᠡᠷᠡᠴᠢᠯᠡᠯᠲᠡ᠎ᠪᠠᠷ ᠳᠠᠮᠵᠢᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠤᠯᠤᠰ᠎ᠤᠨ ᠬᠠᠤᠯᠢ ᠴᠠᠭᠠᠵᠠ ᠪᠣᠯᠭᠠᠨ ᠳᠡᠭᠡᠭ᠌ᠰᠢᠯᠡᠭᠦᠯᠵᠦ᠍᠂ ᠪᠠᠰᠠ ᠤᠯᠤᠰ᠎ᠤᠨ ᠬᠠᠤᠯᠢ ᠴᠠᠭᠠᠵᠠ᠎ᠪᠠᠷ ᠳᠠᠮᠵᠢᠨ ᠥᠭᠡᠷᠡᠴᠢᠯᠡᠯᠲᠡ᠎ᠶ᠋ᠢ ᠤᠯᠠᠮ ᠴᠢᠨᠠᠭ᠍ᠰᠢᠳᠠ ᠠᠬᠢᠭᠤᠯᠵᠤ ᠵᠢᠷᠤᠮᠵᠢᠭᠤᠯᠤᠨ ᠬᠡᠷᠡᠭ᠌ᠵᠢᠭᠦᠯᠵᠡᠢ᠃ ᠱᠢᠨ᠎ᠡ ᠠᠶᠠᠨ ᠵᠠᠮ᠎ᠳᠤ᠂ ᠬᠠᠤᠯᠢ᠎ᠪᠠᠷ ᠵᠠᠰᠠᠬᠤ᠎ᠪᠠᠷ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠬᠤᠯᠪᠣᠭ᠍ᠳᠠᠯ ᠪᠦᠬᠦᠢ ᠲᠥᠰᠦᠯ ᠪᠣᠯᠤᠨ ᠠᠷᠭ᠎ᠠ ᠬᠡᠮᠵᠢᠶ᠎ᠡ᠎ᠶ᠋ᠢ ᠰᠤᠳᠤᠯᠬᠤ᠎ᠳᠠᠭᠠᠨ᠂ ᠥᠭᠡᠷᠡᠴᠢᠯᠡᠯᠲᠡ᠎ᠳᠤ ᠬᠤᠯᠪᠣᠭ᠍ᠳᠠᠬᠤ ᠬᠠᠤᠯᠢᠵᠢᠯ᠎ᠤᠨ ᠠᠰᠠᠭᠤᠳᠠᠯ᠎ᠢ ᠵᠡᠷᠭᠡ᠎ᠪᠠᠷ ᠪᠣᠳᠣᠯᠬᠢᠯᠠᠵᠤ᠂ ᠥᠭᠡᠷᠡᠴᠢᠯᠡᠯᠲᠡ᠎ᠶ᠋ᠢᠨ ᠱᠢᠢᠳᠪᠦᠷᠢᠲᠦ ᠪᠤᠳᠤᠯᠭ᠎ᠠ ᠪᠣᠯᠤᠨ ᠬᠠᠤᠯᠢᠵᠢᠯ᠎ᠤᠨ ᠱᠢᠢᠳᠪᠦᠷᠢᠲᠦ ᠪᠤᠳᠤᠯᠭ᠎ᠠ᠎ᠶ᠋ᠢᠨ ᠬᠠᠷᠢᠯᠴᠠᠨ ᠨᠢᠭᠡᠳᠦᠯᠲᠡᠢ ᠪᠥᠭᠡᠳ ᠬᠠᠷᠢᠯᠴᠠᠨ ᠵᠣᠯᠭᠠᠯᠴᠠᠬᠤ᠎ᠶ᠋ᠢ ᠪᠠᠲᠤᠯᠠᠬᠤ ᠬᠡᠷᠡᠭ᠌ᠲᠡᠢ᠃ ᠡᠭᠦᠨ᠎ᠤ ᠬᠠᠮᠲᠤ᠌᠂ ᠥᠭᠡᠷᠡᠴᠢᠯᠡᠯᠲᠡ᠎ᠶ᠋ᠢᠨ ᠳᠤᠮᠳᠠ ᠬᠠᠤᠯᠢ᠎ᠪᠠᠷ ᠵᠠᠰᠠᠬᠤ᠎ᠶ᠋ᠢ ᠲᠡᠭᠦᠯᠳᠡᠷᠵᠢᠭᠦᠯᠬᠦ᠌᠎ᠶ᠋ᠢ ᠪᠠᠷᠢᠮᠲᠠᠯᠠᠵᠤ᠂ ᠠᠮᠢ ᠠᠬᠤᠢ᠎ᠶ᠋ᠢᠨ ᠪᠣᠯᠪᠠᠰᠤᠨ᠎ᠤ ᠬᠦᠷᠢᠶᠡᠨ᠎ᠳᠠᠬᠢ ᠴᠢᠬᠤᠯᠠ ᠶᠡᠭᠡ ᠥᠭᠡᠷᠡᠴᠢᠯᠡᠯᠲᠡ᠎ᠶ᠋ᠢᠨ ᠬᠠᠤᠯᠢ᠎ᠶ᠋ᠢᠨ ᠦᠨᠳᠦᠰᠦᠯᠡᠯ᠎ᠲᠠᠢ ᠪᠠᠢᠬᠤ᠎ᠶ᠋ᠢ ᠪᠠᠲᠤᠯᠠᠵᠤ᠂ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠴᠠᠭ ᠲᠤᠬᠠᠢᠳᠤᠨᠢ ᠬᠠᠤᠯᠢ ᠴᠠᠭᠠᠵᠠ᠎ᠶ᠋ᠢᠨ ᠲᠦᠷᠢᠮ ᠪᠣᠯᠭᠠᠨ ᠳᠡᠭᠡᠭ᠌ᠰᠢᠯᠡᠭᠦᠯᠵᠦ᠍᠂ ᠡᠯ᠎ᠡ ᠲᠠᠯ᠎ᠠ᠎ᠶ᠋ᠢᠨ ᠲᠦᠷᠢᠮ᠎ᠤᠨ ᠨᠡᠩ ᠪᠣᠯᠪᠠᠰᠤᠷᠠᠩᠭᠤᠢ ᠨᠡᠩ ᠬᠡᠯᠪᠡᠷᠢ᠎ᠵᠢᠨ ᠲᠣᠭ᠍ᠲᠠᠬᠤ᠎ᠶ᠋ᠢ ᠠᠬᠢᠭᠤᠯᠬᠤ ᠬᠡᠷᠡᠭ᠌ᠲᠡᠢ᠃
ᠭᠤᠷᠪᠠ᠎ᠳᠤ᠂ ᠠᠮᠢ ᠠᠬᠤᠢ᠎ᠶ᠋ᠢᠨ ᠪᠣᠯᠪᠠᠰᠤᠨ᠎ᠤ ᠬᠦᠷᠢᠶᠡᠨ᠎ᠳᠠᠬᠢ ᠤᠯᠤᠰ᠎ᠤᠨ ᠬᠠᠤᠯᠢ ᠴᠠᠭᠠᠵᠠ ᠪᠣᠯᠤᠨ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠢ ᠵᠣᠯᠭᠠᠭᠤᠯᠤᠨ ᠵᠣᠬᠢᠴᠠᠭᠤᠯᠬᠤ᠎ᠶ᠋ᠢ ᠪᠠᠷᠢᠮᠳᠠᠯᠠᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠᠴᠢᠯᠠᠬᠤ᠎ᠳᠠᠭᠠᠨ᠄《ᠬᠠᠤᠯᠢ ᠶᠣᠰᠣᠭᠠᠷ ᠤᠯᠤᠰ᠎ᠢᠶᠠᠨ ᠵᠠᠰᠠᠬᠤ ᠶᠠᠪᠤᠳᠠᠯ᠎ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠬᠤ᠎ᠳᠤ ᠡᠷᠬᠡᠪᠰᠢ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠲᠦᠷᠢᠮ᠎ᠤᠨ ᠬᠠᠷᠢᠯᠴᠠᠨ ᠨᠥᠬᠦᠴᠡᠯᠳᠦᠵᠦ᠍᠂ ᠬᠠᠷᠢᠯᠴᠠᠨ ᠠᠬᠢᠭᠤᠯᠵᠤ᠂ ᠬᠠᠷᠢᠯᠴᠠᠨ ᠪᠠᠲᠤᠯᠠᠬᠤ ᠪᠠᠢᠷᠢᠱᠢᠯ᠎ᠢ ᠴᠢᠷᠮᠠᠢᠨ ᠪᠤᠢ ᠪᠣᠯᠭᠠᠬᠤ ᠬᠡᠷᠡᠭ᠌ᠲᠡᠶ》 ᠭᠡᠵᠡᠶ᠃ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠪᠠ ᠤᠯᠤᠰ᠎ᠤᠨ ᠬᠠᠤᠯᠢ ᠴᠠᠭᠠᠵᠠ᠎ᠨᠢ ᠬᠡᠳᠦ᠋ᠢᠪᠡᠷ ᠲᠣᠭ᠍ᠲᠠᠭᠠᠬᠤ ᠪᠡᠶᠡᠴᠢ ᠴᠣᠭ᠍ᠴᠠ᠂ ᠢᠯᠡᠷᠡᠬᠦ᠌ ᠬᠡᠯᠪᠡᠷᠢ᠂ ᠱᠢᠰᠲ᠋ᠧᠮ᠎ᠤᠨ ᠪᠦᠷᠢᠯᠳᠦᠯ ᠵᠡᠷᠭᠡ ᠲᠠᠯ᠎ᠠ᠎ᠪᠠᠷ ᠠᠳᠠᠯᠢ ᠪᠤᠰᠤ ᠲᠠᠯ᠎ᠠ᠎ᠲᠠᠢ ᠪᠠᠢᠳᠠᠭ ᠪᠣᠯᠪᠠᠴᠤ᠌ ᠴᠥᠮ ᠨᠠᠮ᠎ᠤᠨ ᠵᠣᠷᠢᠯᠲᠠ ᠪᠠ ᠠᠷᠠᠳ ᠲᠦᠮᠡᠨ᠎ᠤ ᠬᠦᠰᠡᠯ ᠵᠣᠷᠢᠭ᠎ᠤᠨ ᠨᠢᠭᠡᠳᠦᠯ ᠮᠥᠨ᠂ ᠴᠥᠮ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠶ᠋ᠢᠨ ᠵᠢᠷᠤᠮᠵᠢᠯ᠎ᠤᠨ ᠦᠨᠳᠦᠰᠦᠯᠡᠯ ᠮᠥᠨ᠃ 《ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮ᠎ᠤᠨ ᠠᠮᠢ ᠠᠬᠤᠶ᠎ᠶ᠋ᠢᠨ ᠪᠣᠯᠪᠠᠰᠤᠨ᠎ᠢ ᠪᠠᠢᠭᠤᠯᠤᠨ᠎ᠠ》 ᠵᠡᠷᠭᠡ ᠠᠭᠤᠯᠭ᠎ᠠ᠎ᠶ᠋ᠢ ᠨᠠᠮ᠎ᠤᠨ ᠳᠦᠷᠢᠮ᠎ᠳᠤ ᠪᠢᠴᠢᠨ ᠣᠷᠣᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠨᠡᠬᠡᠮᠵᠢᠯᠡᠬᠦ᠌ ᠲᠦᠷᠢᠮ》 《ᠨᠠᠮ ᠵᠠᠰᠠᠭ᠎ᠤᠨ ᠤᠳᠤᠷᠢᠳᠭᠤ ᠺᠠᠳ᠋ᠷ᠎ᠠᠴᠠ ᠠᠮᠢ ᠠᠬᠤᠢ ᠣᠷᠴᠢᠨ ᠲᠣᠭᠤᠷᠢᠨ᠎ᠢ ᠡᠪᠳᠡᠵᠦ᠍ ᠬᠤᠬᠢᠷᠠᠭᠤᠯᠤᠭ᠍ᠰᠠᠨ ᠬᠠᠷᠢᠭᠤᠴᠠᠯᠭ᠎ᠠ᠎ᠶ᠋ᠢ ᠨᠡᠬᠡᠮᠵᠢᠯᠡᠬᠦ᠌ ᠠᠷᠭ᠎ᠠ (ᠲᠤᠷᠱᠢᠨ ᠬᠡᠷᠡᠭ᠌ᠵᠢᠭᠦᠯᠬᠦ᠌)》 ᠵᠡᠷᠭᠡ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠳᠤ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠤᠬᠠᠢ ᠴᠢᠬᠤᠯᠠ ᠲᠦᠷᠢᠮ᠎ᠤᠨ ᠲᠤᠬᠢᠷᠠᠭᠤᠯᠤᠯᠳᠠ ᠬᠢᠵᠦ᠍᠂ ᠠᠮᠢ ᠠᠬᠤᠢ ᠣᠷᠴᠢᠨ ᠲᠣᠭᠤᠷᠢᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠬᠤ ᠶᠠᠪᠤᠴᠠ᠎ᠳᠤ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠬᠤ ᠵᠡᠷᠭᠡ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠲᠦᠷᠢᠮ᠎ᠤᠨ ᠴᠢᠨᠠᠷᠲᠠᠢ ᠲᠣᠭ᠍ᠲᠠᠭᠠᠯ᠎ᠳᠤ ᠣᠷᠣᠭᠤᠯᠬᠤ᠎ᠶ᠋ᠢ ᠰᠤᠳᠤᠯᠬᠤ ᠬᠡᠷᠡᠭ᠌ᠲᠡᠢ᠃ ᠱᠢᠨ᠎ᠡ ᠠᠶᠠᠨ ᠵᠠᠮ᠎ᠳᠤ᠂ ᠠᠮᠢ ᠠᠬᠤᠶ᠎ᠶ᠋ᠢᠨ ᠪᠣᠯᠪᠠᠰᠤᠨ᠎ᠤ ᠬᠦᠷᠢᠶᠡᠨ᠎ᠳᠠᠬᠢ ᠤᠯᠤᠰ᠎ᠤᠨ ᠬᠠᠤᠯᠢ ᠴᠠᠭᠠᠵᠠ᠎ᠶ᠋ᠢᠨ ᠱᠢᠰᠲ᠋ᠧᠮ ᠪᠣᠯᠤᠨ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠵᠣᠯᠭᠠᠭᠤᠯᠬᠤ ᠪᠠ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ᠎ᠤᠨ ᠬᠠᠤᠯᠢ ᠴᠠᠭᠠᠵᠠ ᠪᠠ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠢ ᠨᠢᠭᠡ ᠴᠤᠭ᠍ᠴᠠᠵᠢᠭᠤᠯᠬᠤ ᠪᠠᠢᠭᠤᠯᠤᠯᠲᠠ᠎ᠪᠠᠷ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠬᠠᠮᠠᠭᠠᠯᠠᠯᠲᠠ᠎ᠶ᠋ᠢᠨ ᠬᠠᠤᠯᠢᠵᠢᠭᠤᠯᠤᠯᠲᠠ᠂ ᠳᠦᠷᠢᠮᠵᠢᠭᠦᠯᠦᠯᠲᠡ᠎ᠶ᠋ᠢ ᠱᠢᠰᠲ᠋ᠧᠮ᠎ᠲᠠᠢ᠎ᠪᠠᠷ ᠲᠦᠯᠬᠢᠨ ᠠᠬᠢᠭᠤᠯᠵᠤ᠂ ᠤᠯᠤᠰ᠎ᠤᠨ ᠬᠠᠤᠯᠢ ᠴᠠᠭᠠᠵᠠ ᠪᠠ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠢ ᠠᠳᠠᠯᠢ ᠳᠠᠪᠲᠠᠮᠵᠢ᠎ᠪᠠᠷ ᠴᠤᠤᠷᠢᠶᠠᠲᠤᠭᠤᠯᠬᠤ᠂ ᠠᠳᠠᠯᠢ ᠴᠢᠭ᠌ᠯᠡᠯ᠎ᠢᠶᠠᠷ ᠬᠦᠴᠦᠯᠡᠬᠦ᠌᠎ᠶ᠋ᠢ ᠲᠦᠯᠬᠢᠨ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠤ ᠦᠵᠡᠭᠦᠯᠬᠦ᠌ ᠴᠢᠬᠤᠯᠠ ᠪᠠᠲᠤᠯᠠᠭ᠎ᠠ᠎ᠶ᠋ᠢᠨ ᠦᠢᠯᠡᠳᠦᠯ᠎ᠢ ᠬᠠᠮᠲᠤ᠎ᠪᠠᠷ ᠪᠠᠳᠠᠷᠠᠭᠤᠯᠬᠤ ᠬᠡᠷᠡᠭ᠌ᠲᠡᠢ᠃
ᠲᠦᠷᠪᠡ᠎ᠳᠤ᠂ ᠠᠮᠢ ᠠᠬᠤᠢ᠎ᠶ᠋ᠢᠨ ᠪᠣᠯᠪᠠᠰᠤᠨ᠎ᠤ ᠲᠦᠷᠢᠮ᠎ᠤᠨ ᠳᠠᠪᠠᠭᠤᠯᠢᠭ ᠪᠣᠯᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠦᠲᠦᠮᠵᠢᠲᠡᠢ ᠬᠤᠪᠢᠷᠠᠭᠤᠯᠬᠤ᠎ᠶ᠋ᠢ ᠪᠠᠷᠢᠮᠳᠠᠯᠠᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠᠴᠢᠯᠠᠬᠤ᠎ᠳᠠᠭᠠᠨ᠄ 《ᠱᠢᠨ᠎ᠡ ᠪᠠᠢᠳᠠᠯ ᠪᠠ ᠡᠭᠦᠷᠭᠡ᠎ᠶ᠋ᠢᠨ ᠡᠮᠦᠨ᠎ᠡ᠂ ᠡᠷᠬᠡᠪᠰᠢ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠦ᠌ ᠲᠠᠯ᠎ᠠ᠎ᠪᠠᠷ ᠭᠦᠨᠵᠡᠭᠡᠢᠷᠡᠭᠦᠯᠦᠨ᠂ ᠡᠯ᠎ᠡ ᠲᠠᠯ᠎ᠠ᠎ᠶ᠋ᠢᠨ ᠪᠠᠢᠭᠤᠯᠤᠯ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠦᠨᠳᠦᠰᠦ ᠰᠠᠭᠤᠷᠢ᠎ᠪᠠᠨ ᠪᠠᠲᠤᠳᠭᠠᠨ᠂ ᠳᠠᠪᠠᠭᠤᠯᠢᠭ᠎ᠢᠶᠠᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠦᠪᠥᠷᠢᠯᠡᠵᠦ᠍᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠬᠦᠯᠦᠨ᠂ ᠮᠠᠨ᠎ᠤ ᠤᠯᠤᠰ᠎ᠤᠨ ᠪᠠᠢᠭᠤᠯᠤᠯ᠎ᠤᠨ ᠳᠠᠪᠠᠭᠤᠯᠢᠭ᠎ᠢᠶᠠᠨ ᠲᠠᠰᠤᠷᠠᠯᠲᠠ ᠥᠬᠡᠶ ᠤᠯᠤᠰ᠎ᠤᠨ ᠵᠠᠰᠠᠯᠲᠠ᠎ᠶ᠋ᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭ᠌ᠲᠡᠶ》 ᠭᠡᠵᠡᠶ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠠᠮᠢ ᠠᠬᠤᠢ᠎ᠶ᠋ᠢᠨ ᠪᠣᠯᠪᠠᠰᠤᠨ᠎ᠤ ᠦᠵᠦ᠍ ᠲᠥᠯᠥᠪᠯᠡᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠴᠢᠩᠭᠠᠳᠭᠠᠵᠤ᠂ ᠠᠮᠢ ᠠᠬᠤᠢ᠎ᠶ᠋ᠢᠨ ᠪᠣᠯᠪᠠᠰᠤᠨ᠎ᠤ 《ᠲᠦᠷᠪᠡᠨ ᠨᠢᠷᠤᠭᠤ ᠨᠠᠢ᠍ᠮᠠᠨ ᠲᠤᠯᠭᠠᠭᠤᠷᠢ》 ᠶ᠋ᠢᠨ ᠴᠢᠨᠠᠷᠲᠠᠢ ᠲᠦᠷᠢᠮ᠎ᠤᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠡᠢ᠃ ᠬᠠᠤᠯᠢ ᠴᠠᠭᠠᠵᠠ᠎ᠶ᠋ᠢᠨ ᠠᠮᠢᠵᠢᠷᠠᠯ᠎ᠤᠨ ᠬᠦᠴᠦᠨ᠎ᠨᠢ ᠬᠡᠷᠡᠭ᠌ᠵᠢᠭᠦᠯᠬᠦ᠌᠎ᠳᠤ ᠪᠤᠢ᠂ ᠬᠠᠤᠯᠢ ᠴᠠᠭᠠᠵᠠ᠎ᠶ᠋ᠢᠨ ᠡᠷᠬᠡ ᠰᠦᠷ᠎ᠨᠢ ᠴᠦ᠍ ᠬᠡᠷᠡᠭ᠌ᠵᠢᠭᠦᠯᠬᠦ᠌᠎ᠳᠤ ᠪᠤᠢ᠃ ᠠᠮᠢ ᠠᠬᠤᠶ᠎ᠶ᠋ᠢᠨ ᠪᠣᠯᠪᠠᠰᠤᠨ᠎ᠤ ᠬᠠᠤᠯᠢ᠎ᠪᠠᠷ ᠵᠠᠰᠠᠬᠤ ᠪᠠᠢᠭᠤᠯᠤᠯᠲᠠ᠎ᠨᠢ ᠵᠢᠷᠤᠮᠯᠠᠬᠤ ᠬᠠᠤᠯᠢ᠎ᠲᠠᠢ ᠪᠠᠢᠭ᠍ᠰᠠᠨ᠎ᠠᠴᠠ᠎ᠪᠠᠨ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠪᠣᠯᠤᠭ᠍ᠰᠠᠨ᠎ᠤ ᠭᠤᠣᠯᠳᠠᠯᠭ᠎ᠠ᠎ᠨᠢ ᠬᠠᠤᠯᠢ ᠴᠠᠭᠠᠵᠠ᠎ᠶ᠋ᠢ ᠬᠡᠷᠡᠭ᠌ᠵᠢᠭᠦᠯᠬᠦ᠌ ᠪᠠ ᠲᠡᠭᠦᠨ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠡᠴᠦᠰ᠎ᠲᠡᠭᠡᠨ ᠰᠠᠢᠨ ᠬᠠᠤᠯᠢ᠎ᠪᠠᠷ ᠴᠢᠳᠠᠮᠠᠭᠠᠶ᠎ᠪᠠᠷ ᠵᠠᠰᠠᠬᠤ᠎ᠶ᠋ᠢ ᠪᠡᠶᠡᠯᠡᠬᠦᠯᠦᠭ᠌ᠰᠡᠨ᠎ᠳᠤ ᠪᠠᠢᠨ᠎ᠠ᠃ ᠱᠢᠨ᠎ᠡ ᠠᠶᠠᠨ ᠵᠠᠮ᠎ᠳᠤ᠂ ᠲᠦᠷᠢᠮ᠎ᠤᠨ ᠪᠠᠢᠭᠤᠯᠤᠯᠲᠠ᠎ᠶ᠋ᠢ ᠴᠢᠬᠤᠯᠠ᠎ᠠᠴᠠ ᠴᠢᠬᠤᠯᠠ ᠵᠦᠢᠯ ᠪᠣᠯᠭᠠᠬᠤ᠎ᠶ᠋ᠢ ᠪᠠᠷᠢᠮᠲᠠᠯᠠᠵᠤ᠂ ᠠᠮᠢ ᠠᠬᠤᠢ᠎ᠶ᠋ᠢᠨ ᠪᠣᠯᠪᠠᠰᠤᠨ᠎ᠤ ᠬᠠᠤᠯᠢ ᠴᠠᠭᠠᠵᠠ᠎ᠶ᠋ᠢᠨ ᠲᠦᠷᠢᠮ᠎ᠢ ᠴᠢᠨᠠᠭ᠍ᠰᠢᠳᠠ ᠲᠡᠭᠦᠯᠳᠡᠷᠵᠢᠭᠦᠯᠵᠦ᠍᠂ ᠱᠢᠰᠲ᠋ᠧᠮ᠎ᠤᠨ ᠬᠤᠷᠠᠮᠠᠯ ᠪᠠ ᠬᠠᠮᠵᠢᠯᠴᠠᠭ᠍ᠰᠠᠨ ᠥᠨᠳᠥᠷ ᠪᠦᠲᠦᠮᠵᠢᠲᠡᠢ ᠠᠮᠢ ᠠᠬᠤᠢ᠎ᠶ᠋ᠢᠨ ᠪᠣᠯᠪᠠᠰᠤᠨ᠎ᠤ 《ᠰᠠᠢᠨ ᠬᠠᠤᠯᠢ》 ᠶ᠋ᠢᠨ ᠱᠢᠰᠲ᠋ᠧᠮ᠎ᠢ ᠪᠦᠷᠢᠯᠳᠦᠭᠦᠯᠬᠦ᠌ ᠬᠡᠷᠡᠭ᠌ᠲᠡᠢ; ᠨᠡᠩ ᠴᠤ᠌ ᠳᠦᠷᠢᠮ᠎ᠤᠨ ᠬᠡᠷᠡᠭ᠌ᠵᠢᠭᠦᠯᠦᠯᠲᠡ ᠪᠠ ᠬᠠᠲᠠᠭᠤ ᠬᠢᠵᠠᠭᠠᠷᠯᠠᠯ᠎ᠢ ᠴᠢᠩᠭᠠᠳᠭᠠᠵᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠪᠠᠢᠭᠤᠯᠤᠮᠵᠢ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠠᠮᠢ ᠠᠬᠤᠢ ᠣᠷᠴᠢᠨ ᠲᠣᠭᠤᠷᠢᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ 《ᠴᠢᠳᠠᠮᠠᠭᠠᠢ᠎ᠪᠠᠷ ᠵᠠᠰᠠᠬᠤ》ᠰᠠᠭᠤᠷᠢ᠎ᠶ᠋ᠢ ᠪᠦᠷᠢᠯᠳᠦᠭᠦᠯᠬᠦ᠌ ᠬᠡᠷᠡᠭ᠌ᠲᠡᠢ᠃
ᠲᠠᠪᠤ᠎ᠳᠤ ᠠᠮᠢ ᠠᠬᠤᠢ᠎ᠶ᠋ᠢᠨ ᠪᠣᠯᠪᠠᠰᠤᠨ᠎ᠤ ᠬᠠᠤᠯᠢᠵᠢᠯ᠎ᠤᠨ ᠬᠢᠵᠠᠭᠠᠷᠯᠠᠯ ᠪᠣᠯᠤᠨ ᠳᠣᠲᠣᠭᠠᠳᠤ ᠬᠥᠳᠡᠯᠭᠡᠬᠦ᠌ ᠬᠦᠴᠦᠨ᠎ᠤ ᠬᠠᠮᠵᠢᠯᠴᠠᠬᠤ ᠦᠢᠯᠡᠳᠦᠯ᠎ᠢ ᠪᠠᠷᠢᠮᠳᠠᠯᠠᠬᠤ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ ᠪᠦᠬᠦ᠌ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠶᠡᠭᠡ ᠬᠤᠷᠠᠯ ᠳᠡᠭᠡᠷ᠎ᠡ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ᠎ᠳᠤ᠂ ᠭᠠᠳᠠᠭᠠᠳᠤ ᠬᠢᠵᠠᠭᠠᠷᠯᠠᠯ ᠪᠣᠯᠤᠨ ᠳᠣᠲᠣᠭᠠᠳᠤ ᠬᠥᠳᠡᠯᠭᠡᠬᠦ᠌ ᠬᠦᠴᠦᠨ᠎ᠤ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ 《ᠬᠠᠮᠤᠭ᠎ᠤᠨ ᠴᠢᠩᠭ᠎ᠠ ᠲᠦᠷᠢᠮ ᠬᠠᠮᠤᠭ᠎ᠤᠨ ᠨᠢᠭ᠍ᠲᠠ ᠴᠢᠩᠭ᠎ᠠ ᠬᠠᠤᠯᠢᠵᠢᠯ᠎ᠢᠶᠠᠷ ᠠᠮᠢ ᠠᠬᠤᠢ ᠣᠷᠴᠢᠨ ᠲᠣᠭᠤᠷᠢᠨ᠎ᠢ ᠬᠠᠮᠠᠭᠠᠯᠠᠬᠤ᠎ᠶ᠋ᠢ ᠪᠠᠷᠢᠮᠲᠠᠯᠠᠬᠤ》 ᠶ᠋ᠢ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠡᠷᠬᠡᠪᠰᠢ ᠪᠠᠷᠢᠮᠲᠠᠯᠠᠬᠤ ᠴᠢᠬᠤᠯᠠ ᠶᠡᠭᠡ ᠵᠠᠷᠴᠢᠮ ᠪᠣᠯᠭᠠᠨ ᠲᠣᠭ᠍ᠲᠠᠭᠠᠵᠤ᠂ ᠬᠠᠤᠯᠢ ᠲᠣᠭ᠍ᠲᠠᠭᠠᠬᠤ᠎ᠠᠴᠠ ᠬᠠᠤᠯᠢ ᠬᠡᠷᠡᠭ᠌ᠵᠢᠭᠦᠯᠬᠦ᠌ ᠬᠦᠷᠲᠡᠯ᠎ᠡ᠂ ᠬᠠᠷᠢᠭᠤᠴᠠᠯᠭ᠎ᠠ ᠨᠡᠬᠡᠮᠵᠢᠯᠡᠬᠦ᠌᠎ᠠᠴᠠ ᠴᠡᠭ᠌ᠴᠡᠯᠡᠨ ᠰᠠᠢᠵᠢᠷᠠᠭᠤᠯᠬᠤ ᠬᠦᠷᠲᠡᠯ᠎ᠡ᠂ 《ᠬᠤᠶᠠᠷ ᠬᠠᠮᠤᠭ᠎ᠤᠨ ᠴᠢᠩᠭ᠎ᠠ》 ᠨᠢ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠮᠢ ᠠᠬᠤᠢ ᠣᠷᠴᠢᠨ ᠲᠣᠭᠤᠷᠢᠨ᠎ᠤ ᠬᠠᠤᠯᠢ ᠴᠠᠭᠠᠵᠠ᠎ᠶ᠋ᠢᠨ ᠰᠦᠷᠳᠡᠭᠦᠯᠬᠦ᠌ ᠬᠦᠴᠦᠨ᠎ᠢ ᠦᠨᠡᠨ ᠬᠦ᠌ ᠴᠢᠩᠭᠠᠳᠭᠠᠵᠠᠢ᠃ ᠡᠭᠦᠨ᠎ᠤ ᠬᠠᠮᠲᠤ᠌᠂ ᠵᠠᠬ᠎ᠠ ᠳᠡᠯᠭᠡᠭᠦᠷ᠎ᠢᠶᠠᠷ ᠰᠠᠭᠤᠷᠢ ᠪᠣᠯᠭᠠᠭ᠍ᠰᠠᠨ ᠵᠣᠷᠢᠭ᠍ᠵᠢᠭᠤᠯᠬᠤ ᠴᠢᠨᠠᠷᠲᠠᠢ ᠪᠠ ᠰᠠᠢᠨ ᠳᠤᠷ᠎ᠠ᠎ᠶ᠋ᠢᠨ ᠴᠢᠨᠠᠷᠲᠠᠢ ᠣᠷᠴᠢᠨ ᠲᠣᠭᠤᠷᠢᠨ᠎ᠤ ᠳᠦᠷᠢᠮ ᠲᠣᠭ᠍ᠲᠠᠭᠠᠯ᠎ᠤᠨ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠂ ᠪᠣᠬᠢᠷᠲᠤᠯ ᠭᠠᠳᠠᠭ᠍ᠰᠢᠯᠠᠭᠤᠯᠬᠤ ᠡᠷᠬᠡ ᠵᠡᠷᠭᠡ ᠡᠬᠢ ᠪᠠᠶᠠᠯᠢᠭ ᠣᠷᠴᠢᠨ ᠲᠣᠭᠤᠷᠢᠨ᠎ᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠱᠢᠰᠲ᠋ᠧᠮ᠎ᠢ ᠪᠦᠷᠢᠨᠱᠢᠭᠦᠯᠵᠦ᠍᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠢᠲᠡᠭᠡᠮᠵᠢ᠎ᠶ᠋ᠢᠨ ᠬᠢᠨᠠᠨ ᠬᠠᠮᠢᠶᠠᠷᠤᠯᠲᠠ᠎ᠶ᠋ᠢᠨ ᠱᠢᠰᠲ᠋ᠧᠮ᠎ᠢ ᠲᠦᠷᠭᠡᠨ ᠪᠠᠢᠭᠤᠯᠵᠤ᠂ ᠠᠮᠢ ᠠᠬᠤᠢ ᠣᠷᠴᠢᠨ ᠲᠣᠭᠤᠷᠢᠨ᠎ᠢ ᠬᠠᠮᠠᠭᠠᠯᠠᠬᠤ᠎ᠶ᠋ᠢ ᠡᠯ᠎ᠡ ᠬᠠᠷᠢᠭᠤᠴᠠᠯᠭ᠎ᠠ᠎ᠶ᠋ᠢᠨ ᠭᠤᠣᠯ ᠴᠣᠭ᠍ᠴᠠ᠎ᠶ᠋ᠢᠨ ᠤᠬᠠᠮᠰᠠᠷᠲᠤ ᠠᠵᠢᠯᠯᠠᠭ᠎ᠠ ᠪᠣᠯᠭᠠᠪᠠ᠃ ᠱᠢᠨ᠎ᠡ ᠠᠶᠠᠨ ᠵᠠᠮ᠎ᠳᠤ᠂ ᠪᠠᠢᠩᠭᠤᠵᠢᠭ᠍ᠰᠠᠨ ᠭᠠᠳᠠᠭᠠᠳᠤ ᠳᠠᠷᠤᠯᠲᠠ᠎ᠶ᠋ᠢ ᠪᠠᠲᠤᠯᠠᠵᠤ᠂ ᠬᠠᠤᠯᠢ ᠶᠣᠰᠣᠭᠠᠷ ᠱᠠᠯᠠᠪᠳᠠᠭᠤᠯᠤᠨ ᠪᠠᠢᠴᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠴᠢᠩᠳᠠᠯᠠᠬᠤ ᠵᠡᠷᠭᠡ ᠴᠢᠩᠭ᠎ᠠ ᠬᠢᠵᠠᠭᠠᠷᠯᠠᠬᠤ ᠠᠷᠭ᠎ᠠ ᠪᠠᠷᠢᠯ᠎ᠢ ᠰᠠᠢᠲᠤᠷ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠰᠠᠢᠲᠤᠷ ᠪᠠᠲᠤᠳᠭᠠᠨ ᠥᠷᠭᠡᠳᠭᠡᠵᠦ᠍᠂ ᠲᠦᠷᠢᠮ᠎ᠢ ᠬᠦᠨᠳᠡᠵᠦ᠍ ᠪᠣᠯᠤᠰᠢ ᠦᠭᠡᠢ ᠥᠨᠳᠥᠷ ᠬᠦᠴᠦᠳᠡᠯᠲᠦ ᠴᠠᠬᠢᠯᠭᠠᠨ ᠤᠲᠠᠰᠤ ᠪᠣᠯᠭᠠᠬᠤ ᠬᠡᠷᠡᠭ᠌ᠲᠡᠢ; ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠲᠠᠰᠤᠷᠠᠯᠲᠠ ᠦᠭᠡᠢ ᠡᠭᠦᠳᠴᠦ᠍᠂ ᠠᠳᠠᠯᠢ ᠪᠤᠰᠤ ᠭᠤᠣᠯ ᠴᠣᠭ᠍ᠴᠠ᠎ᠶ᠋ᠢᠨ ᠠᠮᠢ ᠠᠬᠤᠢ ᠣᠷᠴᠢᠨ ᠲᠣᠭᠤᠷᠢᠨ᠎ᠢ ᠬᠠᠮᠠᠭᠠᠯᠠᠬᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠬᠦ᠌᠎ᠶ᠋ᠢ ᠨᠡᠩ ᠴᠢᠬᠤᠯᠠᠴᠢᠯᠠᠵᠤ᠂ ᠬᠠᠷᠢᠭᠤᠴᠠᠯᠭ᠎ᠠ ᠪᠠ ᠠᠱᠢᠭ ᠲᠤᠰᠠ᠎ᠶ᠋ᠢ ᠬᠤᠣᠰ ᠴᠢᠭ᠌ᠯᠡᠯ᠎ᠢᠶᠠᠷ ᠬᠤᠪᠢᠷᠠᠭᠤᠯᠬᠤ᠎ᠶ᠋ᠢ ᠪᠡᠶᠡᠯᠡᠭᠦᠯᠵᠦ᠍᠂ ᠬᠠᠤᠯᠢ᠎ᠶ᠋ᠢ ᠰᠠᠬᠢᠭ᠍ᠴᠢ᠂ ᠬᠠᠮᠠᠭᠠᠯᠠᠭ᠍ᠴᠢ᠂ ᠬᠤᠪᠢ ᠨᠡᠮᠡᠷᠢ ᠦᠵᠡᠭᠦᠯᠦᠭ᠌ᠴᠢ᠎ᠳᠤ ᠦᠨᠡᠨ ᠬᠦ᠌ ᠪᠣᠳᠠᠲᠤ ᠠᠱᠢᠭ ᠬᠦᠷᠲᠡᠭᠡᠬᠦ᠌ ᠬᠡᠷᠡᠭ᠌ᠲᠡᠢ᠃
ᠭᠤᠷᠪᠠ᠂ ᠥᠨᠳᠥᠷ ᠲᠦᠪᠱᠢᠨ ᠪᠦᠬᠦᠢ ᠬᠠᠤᠯᠢ᠎ᠪᠠᠷ ᠵᠠᠰᠠᠬᠤ᠎ᠪᠠᠷ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠷᠢᠱᠢᠯ᠎ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ
ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭ᠎ᠠ ᠪᠣᠯ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠴᠢᠬᠤᠯᠠ ᠴᠠᠭ ᠦᠶ᠎ᠡ ᠪᠣᠯᠤᠨ᠎ᠠ᠃ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠡᠷᠡᠰ ᠦᠢᠯᠡᠳᠦᠯᠭᠡᠵᠢᠭᠦᠯᠵᠦ᠍᠂ ᠠᠮᠢ ᠠᠬᠤᠢ᠎ᠶ᠋ᠢᠨ ᠪᠣᠯᠪᠠᠰᠤᠨ᠎ᠤ ᠬᠠᠤᠯᠢᠵᠢᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠤᠨᠢᠨ ᠳᠡᠭᠡᠷ᠎ᠡ᠎ᠨᠢ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠲᠦᠷᠢᠮ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠠᠢᠭᠤᠯᠬᠤ᠎ᠳᠤ ᠬᠦᠴᠦᠲᠡᠢ ᠬᠠᠤᠯᠢᠵᠢᠯ᠎ᠤᠨ ᠪᠠᠲᠤᠯᠠᠭ᠎ᠠ ᠬᠠᠩᠭᠠᠬᠤ ᠬᠡᠷᠡᠭ᠌ᠲᠡᠢ᠃
ᠨᠢᠭᠡ᠎ᠳᠤ᠂ ᠠᠮᠢ ᠠᠬᠤᠶ ᠣᠷᠴᠢᠨ ᠲᠣᠭᠤᠷᠢᠨ᠎ᠤ ᠬᠠᠤᠯᠢ᠎ᠶ᠋ᠢᠨ ᠪᠢᠴᠢᠭ᠎ᠢᠶᠠᠷ ᠶᠡᠷᠦᠩᠬᠡᠢᠯᠡᠨ ᠵᠠᠬᠢᠷᠤᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠪᠦᠷᠢᠨᠱᠢᠬᠦᠯᠦᠨ᠎ᠠ᠃ ᠠᠮᠢ ᠠᠬᠤᠢ ᠣᠷᠴᠢᠨ ᠲᠣᠭᠤᠷᠢᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠪᠢᠴᠢᠬᠦ᠌ ᠠᠵᠢᠯ᠎ᠢ ᠢᠳᠡᠪᠬᠢᠲᠡᠢ ᠠᠬᠢᠭᠤᠯᠵᠤ᠂ ᠬᠠᠤᠯᠢ᠎ᠶ᠋ᠢᠨ ᠪᠢᠴᠢᠭ᠎ᠤᠨ ᠬᠡᠯᠪᠡᠷᠢ᠎ᠪᠠᠷ ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠨᠤᠳᠠᠯᠠᠬᠤ ᠬᠡᠷᠡᠭ᠌ᠲᠡᠢ᠂ ᠲᠣᠭ᠍ᠲᠠᠭᠠᠬᠤ ᠥᠭᠡᠷᠡᠴᠢᠯᠡᠬᠦ᠌ ᠴᠤᠴᠠᠯᠠᠬᠤ ᠲᠠᠢᠯᠪᠤᠷᠢᠯᠠᠬᠤ ᠨᠠᠢᠷᠠᠭᠤᠯᠬᠤ ᠠᠵᠢᠯ᠎ᠢ ᠨᠢᠭᠡᠳᠦᠯᠲᠡᠶ ᠲᠥᠯᠥᠪᠯᠡᠵᠦ᠍᠂ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠠᠮᠢ ᠠᠬᠤᠶ ᠣᠷᠴᠢᠨ ᠲᠣᠭᠤᠷᠢᠨ᠎ᠤ ᠬᠠᠤᠯᠢ ᠴᠠᠭᠠᠵᠠ᠎ᠶ᠋ᠢᠨ ᠲᠦᠷᠢᠮ᠎ᠤᠨ ᠵᠢᠷᠤᠮᠵᠢᠯ᠎ᠢ ᠡᠮᠬᠢᠯᠡᠨ ᠨᠡᠢᠯᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠤᠭᠠᠷᠠᠭᠤᠯᠤᠯᠲᠠ᠎ᠶ᠋ᠢ ᠥᠷᠭᠡᠳᠭᠡᠬᠦ᠂ ᠨᠡᠮᠡᠭ᠌ᠳᠡᠭᠦᠯᠬᠦ᠌ ᠵᠡᠷᠭᠡ ᠭᠤᠣᠯᠳᠠᠯᠭ᠎ᠠ᠎ᠲᠠᠢ ᠬᠦᠷᠢᠶ᠎ᠡ ᠪᠠ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠤ ᠬᠠᠤᠯᠢ ᠲᠣᠭ᠍ᠲᠠᠭᠠᠯᠲᠠ᠎ᠶ᠋ᠢ ᠬᠠᠮᠵᠢᠯᠴᠠᠨ ᠲᠦᠯᠬᠢᠨ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ᠎ᠤ ᠬᠠᠤᠯᠢ᠎ᠶ᠋ᠢᠨ ᠪᠢᠴᠢᠭ᠎ᠢ ᠨᠠᠢᠷᠠᠭᠤᠯᠵᠤ ᠳᠠᠭᠤᠰᠤᠭ᠍ᠰᠠᠨ᠎ᠤ ᠳᠠᠷᠠᠭᠠᠬᠢ ᠬᠤᠯᠪᠣᠭ᠍ᠳᠠᠯ ᠪᠦᠬᠦᠢ ᠢᠵᠢ ᠪᠦᠷᠢᠳᠦᠭ᠌ᠰᠡᠨ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ ᠳᠦᠷᠢᠮ ᠲᠣᠭ᠍ᠲᠠᠭᠠᠯ᠎ᠢ ᠡᠮᠬᠢᠯᠡᠨ ᠲᠢᠭ᠌ᠯᠡᠬᠦ᠌ ᠪᠠ ᠲᠡᠭᠦᠨ᠎ᠳᠤ ᠵᠠᠰᠠᠪᠤᠷᠢ ᠣᠷᠣᠭᠤᠯᠬᠤ ᠰᠤᠳᠤᠯᠭᠠᠨ᠎ᠢ ᠥᠷᠨᠢᠭᠦᠯᠵᠦ᠍᠂ ᠭᠠᠳᠠᠭᠠᠳᠤ᠎ᠳᠤ ᠬᠤᠯᠪᠣᠭ᠍ᠳᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ ᠪᠠ ᠬᠠᠤᠯᠢ᠎ᠪᠠᠷ ᠵᠠᠰᠠᠬᠤ᠎ᠶ᠋ᠢ ᠬᠡᠷᠡᠭ᠌ᠵᠢᠭᠦᠯᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠠᠮᠢ ᠠᠬᠤᠶ ᠣᠷᠴᠢᠨ ᠲᠣᠭᠤᠷᠢᠨ᠎ᠤ ᠬᠦᠷᠢᠶᠡᠨ᠎ᠳᠠᠬᠢ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠪᠦᠳᠦᠭᠡᠨ ᠪᠠᠢᠭᠤᠯᠤᠯᠳᠠ᠎ᠶ᠋ᠢ ᠬᠦᠨᠵᠡᠭᠡᠢ ᠲᠦᠯᠬᠢᠨ ᠠᠬᠢᠭᠤᠯᠤᠨ᠎ᠠ᠃
ᠬᠤᠶᠠᠷ᠎ᠲᠤ᠌᠂ ᠤᠯᠠᠨ ᠨᠡᠢᠲᠡ᠎ᠶ᠋ᠢᠨ ᠡᠷᠡᠭᠦᠯ ᠮᠡᠨᠳᠦ᠍᠎ᠶ᠋ᠢ ᠪᠠᠲᠤᠯᠠᠬᠤ᠂ ᠣᠷᠴᠢᠨ ᠲᠣᠭᠤᠷᠢᠨ᠎ᠤ ᠶᠠᠰᠤ ᠴᠢᠨᠠᠷ᠎ᠢ ᠰᠠᠢᠵᠢᠷᠠᠭᠤᠯᠬᠤ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ᠎ᠪᠠᠷ ᠬᠠᠷᠠᠯᠲᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ᠎ᠤ ᠪᠠᠷᠢᠮᠵᠢᠶ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ᠎ᠤ ᠪᠠᠷᠢᠮᠵᠢᠶ᠎ᠠ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠵᠤ᠂ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠬᠥᠭ᠌ᠵᠢᠯᠲᠡ᠎ᠶ᠋ᠢ ᠶᠡᠭᠡ᠎ᠪᠠᠷ ᠳᠡᠮᠵᠢᠵᠦ᠍᠂ ᠪᠠᠷᠢᠮᠵᠢᠶ᠎ᠠ᠎ᠶ᠋ᠢᠨ ᠱᠢᠰᠲ᠋ᠧᠮ᠎ᠤᠨ ᠪᠦᠷᠢᠨ ᠪᠦᠲᠦᠨ ᠴᠢᠨᠠᠷ᠂ ᠱᠢᠨᠵᠢᠯᠡᠬᠦ᠌ ᠤᠬᠠᠭᠠᠨᠴᠢ ᠴᠢᠨᠠᠷ᠂ ᠱᠢᠰᠲ᠋ᠧᠮᠲᠦ ᠴᠢᠨᠠᠷ ᠪᠠ ᠬᠡᠷᠡᠭ᠌ᠯᠡᠭᠡᠨ᠎ᠤ ᠴᠢᠨᠠᠷ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠴᠢᠬᠤᠯᠠ ᠪᠠᠷᠢᠮᠵᠢᠶ᠎ᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠦᠷᠭᠦᠯᠵᠢᠯᠡᠨ ᠮᠥᠷᠳᠡᠨ ᠦᠨᠡᠯᠡᠨ ᠵᠢᠱ᠌ᠢᠵᠦ᠍᠂ ᠠᠭᠠᠷ ᠮᠠᠨᠳᠠᠯ᠂ ᠤᠰᠤ᠂ ᠲᠠᠯᠠᠢ ᠲᠠᠩᠭᠢᠰ ᠵᠡᠷᠭᠡ ᠣᠷᠴᠢᠨ ᠲᠣᠭᠤᠷᠢᠨ᠎ᠤ ᠶᠠᠰᠤ ᠴᠢᠨᠠᠷ᠎ᠤᠨ ᠪᠠᠷᠢᠮᠵᠢᠶ᠎ᠠ᠎ᠶ᠋ᠢ ᠰᠤᠳᠤᠯᠤᠨ ᠵᠠᠰᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠰᠠᠭᠤᠷᠢ ᠦᠡᠭ᠌ᠭᠡ᠎ᠶ᠋ᠢ ᠣᠨᠣᠪᠴᠢᠲᠠᠶ ᠵᠢᠷᠤᠭ᠍ᠯᠠᠬᠤ ᠰᠠᠭᠤᠷᠢ ᠬᠡᠮᠵᠢᠭᠦᠷ ᠪᠣᠯᠭᠠᠨ᠎ᠠ᠃ ᠤᠯᠤᠰ᠎ᠤᠨ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠪᠠᠷᠢᠮᠵᠢᠶ᠎ᠠ᠎ᠶ᠋ᠢᠨ ᠱᠢᠰᠲ᠋ᠧᠮ᠎ᠤᠨ ᠱᠢᠨᠡᠴᠢᠯᠡᠯᠲᠡ᠎ᠶ᠋ᠢ ᠲᠦᠷᠭᠡᠳᠭᠡᠵᠦ᠍᠂ ᠬᠡᠦᠷᠱᠢᠭᠦᠯᠬᠦ᠂ ᠨᠡᠭᠦᠷᠡᠰᠦᠨ ᠠᠭᠤᠷᠬᠠᠶ᠂ ᠬᠠᠷ᠎ᠠ ᠲᠤᠭᠤᠯᠭ᠎ᠠ ᠴᠠᠢᠷ᠂ ᠼᠧᠮᠧᠨ᠋ᠲ᠂ ᠭᠤᠮ ᠵᠡᠷᠭᠡ ᠭᠤᠣᠯᠳᠠᠯᠭ᠎ᠠ᠎ᠲᠠᠢ ᠠᠵᠢᠯ ᠲᠦᠷᠦᠯ᠎ᠤᠨ ᠭᠠᠳᠠᠭ᠍ᠰᠢᠯᠠᠭᠤᠯᠬᠤ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠤᠨ᠎ᠠ᠃ ᠴᠥᠮ᠎ᠡ ᠪᠣᠯᠤᠨ ᠰᠠᠴᠤᠷᠠᠭ᠎ᠤᠨ ᠠᠮᠤᠷ ᠲᠦᠪᠱᠢᠨ᠎ᠤ ᠬᠠᠤᠯᠢ ᠲᠣᠭ᠍ᠲᠠᠭᠠᠯ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠬᠤ᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠬᠢᠨᠠᠨ ᠬᠠᠮᠢᠶᠠᠷᠬᠤ᠂ ᠱᠢᠨ᠎ᠡ ᠪᠣᠬᠢᠷᠲᠤᠯ ᠪᠣᠳᠠᠰ᠎ᠢ ᠵᠠᠰᠠᠬᠤ ᠵᠡᠷᠭᠡ ᠬᠦᠷᠢᠶᠡᠨ᠎ᠳᠠᠬᠢ ᠪᠠᠷᠢᠮᠵᠢᠶ᠎ᠠ᠎ᠶ᠋ᠢ ᠵᠢᠷᠤᠮᠵᠢᠭᠤᠯᠤᠨ ᠲᠣᠭ᠍ᠲᠠᠭᠠᠬᠤ ᠪᠠ ᠵᠠᠰᠠᠪᠤᠷᠢ ᠣᠷᠣᠭᠤᠯᠬᠤ᠎ᠶ᠋ᠢ ᠲᠦᠯᠬᠢᠨ ᠠᠬᠢᠭᠤᠯᠵᠤ᠂ ᠣᠷᠴᠢᠨ ᠲᠣᠭᠤᠷᠢᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠠᠷᠢᠮᠵᠢᠶ᠎ᠠ᠎ᠶ᠋ᠢᠨ ᠲᠤᠯᠭᠠᠭᠤᠷᠢᠯᠠᠯ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠬᠤ᠎ᠳᠤ ᠬᠦᠴᠦᠨ ᠨᠡᠮᠡᠷᠢᠯᠡᠨ᠎ᠡ᠃
ᠭᠤᠷᠪᠠ᠎ᠳᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠠᠷ ᠬᠥᠳᠡᠯᠭᠡᠬᠦ᠌ ᠬᠦᠴᠦᠨ ᠪᠣᠯᠭᠠᠵᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ ᠲᠦᠷᠢᠮ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠵᠥᠪᠱᠢᠶᠡᠷᠡᠯ᠎ᠤᠨ ᠳᠦᠷᠢᠮ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠲᠣᠭ᠍ᠲᠠᠮᠠᠯ ᠪᠣᠬᠢᠷᠲᠤᠯ᠎ᠤᠨ ᠡᠬᠢ᠎ᠶ᠋ᠢᠨ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠵᠥᠪᠱᠢᠶᠡᠷᠡᠯ᠎ᠤᠨ ᠪᠦᠬᠦ᠌ ᠡᠯᠧᠮᠧᠨ᠋ᠲ᠂ ᠪᠦᠬᠦ᠌ ᠲᠠᠯ᠎ᠠ᠎ᠪᠠᠷ ᠬᠤᠯᠪᠣᠯᠳᠤᠭ᠍ᠰᠠᠨ᠂ ᠪᠦᠬᠦ᠌ ᠦᠶᠡᠯᠡᠯ᠎ᠤᠨ ᠬᠤᠭᠤᠴᠠᠭᠠᠨ᠎ᠤ ᠬᠠᠮᠢᠶᠠᠷᠤᠯᠲᠠ᠎ᠶ᠋ᠢ ᠲᠦᠯᠬᠢᠨ ᠠᠬᠢᠭᠤᠯᠤᠨ᠎ᠠ᠃ ᠱᠢᠨ᠎ᠡ ᠪᠣᠬᠢᠷᠲᠤᠯ ᠪᠣᠳᠠᠰ᠎ᠢ ᠬᠠᠮᠵᠢᠯᠴᠠᠨ ᠵᠠᠰᠠᠬᠤ ᠪᠠ ᠣᠷᠴᠢᠨ ᠲᠣᠭᠤᠷᠢᠨ᠎ᠤ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠪᠠᠢᠭᠤᠯᠵᠤ᠂ ᠤᠯᠠᠨ ᠪᠣᠬᠢᠷᠲᠤᠯ ᠪᠣᠳᠠᠰ᠎ᠢ ᠬᠠᠮᠵᠢᠯᠴᠠᠨ ᠭᠠᠳᠠᠭ᠍ᠰᠢᠯᠠᠭᠤᠯᠬᠤ᠎ᠶ᠋ᠢ ᠪᠠᠭᠠᠰᠭᠠᠬᠤ᠎ᠶ᠋ᠢ ᠲᠦᠯᠬᠢᠨ ᠠᠬᠢᠭᠤᠯᠤᠨ᠎ᠠ᠃ ᠣᠷᠴᠢᠨ ᠲᠣᠭᠤᠷᠢᠨ᠎ᠤ ᠮᠡᠳᠡᠭᠡ ᠵᠠᠩᠭᠢ᠎ᠶ᠋ᠢ ᠬᠠᠤᠯᠢ ᠶᠣᠰᠣᠭᠠᠷ ᠨᠡᠢᠲᠡᠯᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠣᠷᠴᠢᠨ ᠲᠣᠭᠤᠷᠢᠨ᠎ᠤ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠠᠵᠤ ᠠᠬᠤᠢᠯᠠᠯ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠭᠤᠣᠯ ᠴᠣᠭ᠍ᠴᠠ᠎ᠶ᠋ᠢᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠥᠮᠴᠢᠯᠡᠭ᠌ᠴᠢ᠂ ᠨᠡᠭᠡᠭᠡᠨ ᠠᠱᠢᠭ᠍ᠯᠠᠭ᠍ᠴᠢ ᠴᠢᠨᠠᠭ᠍ᠰᠢᠯᠠᠪᠠᠯ ᠬᠢᠨᠠᠨ ᠬᠠᠮᠢᠶᠠᠷᠤᠭ᠍ᠴᠢ᠎ᠶ᠋ᠢ ᠭᠠᠳᠠᠨ᠎ᠠ᠎ᠠᠴᠠ ᠨᠢᠭᠡᠳᠦᠯᠲᠡᠶ ᠬᠢᠨᠠᠨ ᠬᠠᠮᠢᠶᠠᠷᠬᠤ᠎ᠶ᠋ᠢ ᠦᠨᠡᠨ ᠬᠦ᠌ ᠴᠢᠩᠭᠠᠳᠭᠠᠵᠤ᠂ ᠡᠯ᠎ᠡ ᠲᠦᠷᠦᠯ᠎ᠤᠨ ᠨᠡᠭᠡᠭᠡᠨ ᠠᠱᠢᠭ᠍ᠯᠠᠬᠤ ᠠᠵᠢᠯᠯᠠᠭ᠎ᠠ᠎ᠶ᠋ᠢ ᠵᠢᠷᠤᠮᠵᠢᠭᠤᠯᠤᠨ ᠬᠢᠵᠠᠭᠠᠷᠯᠠᠨ᠎ᠠ᠃ ᠠᠮᠢ ᠠᠬᠤᠶ᠎ᠶ᠋ᠢᠨ ᠦᠢᠯᠡᠳᠬᠦᠨ᠎ᠤ ᠦᠷᠳᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠮᠢ ᠠᠬᠤᠶ᠎ᠶ᠋ᠢᠨ ᠶᠡᠷᠦᠩᠬᠡᠢᠯᠡᠭ᠌ᠰᠡᠨ ᠨᠥᠬᠦᠪᠥᠷᠢ᠎ᠶ᠋ᠢ ᠲᠦᠯᠬᠢᠨ ᠠᠬᠢᠭᠤᠯᠵᠤ᠂ ᠠᠮᠢ ᠠᠬᠤᠶ᠎ᠶ᠋ᠢᠨ ᠬᠥᠨᠳᠡᠯᠡᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠬᠥᠭ᠌ᠵᠢᠭᠦᠯᠵᠦ᠍᠂ ᠪᠦᠬᠦ᠌ ᠤᠯᠤᠰ᠎ᠤᠨ ᠬᠦᠯᠡᠮᠵᠢ᠎ᠶ᠋ᠢᠨ ᠬᠡᠢ ᠪᠡᠶᠡᠲᠦ᠍᠎ᠶ᠋ᠢᠨ ᠰᠠᠢᠨ ᠳᠤᠷ᠎ᠠ᠎ᠠᠴᠠ᠎ᠪᠠᠨ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠵᠦ᠍᠂ ᠡᠷᠬᠡ ᠬᠠᠷᠢᠭᠤᠴᠠᠯᠭ᠎ᠠ᠎ᠶ᠋ᠢᠨ ᠨᠢᠭᠡᠳᠦᠯᠲᠡᠶ᠂ ᠬᠠᠮᠵᠢᠯᠴᠠᠭ᠍ᠰᠠᠨ ᠥᠨᠳᠥᠷ ᠪᠦᠲᠦᠮᠵᠢᠲᠡᠶ ᠠᠭᠤᠷ ᠠᠮᠢᠰᠭᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ᠎ᠤᠨ ᠱᠢᠰᠲ᠋ᠧᠮ᠎ᠢ ᠲᠡᠭᠦᠯᠳᠡᠷᠵᠢᠭᠦᠯᠦᠨ᠎ᠡ᠃
ᠲᠦᠷᠪᠡ᠎ᠳᠤ᠂ ᠬᠠᠤᠯᠢ᠎ᠶ᠋ᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ᠎ᠢᠶᠠᠷ ᠬᠡᠷᠡᠭ᠌ᠵᠢᠭᠦᠯᠬᠦ᠌᠎ᠪᠠᠷ ᠭᠠᠷᠳᠠᠴᠠ ᠪᠣᠯᠭᠠᠵᠤ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠪᠦᠲᠦᠮᠵᠢᠲᠡᠶ ᠬᠡᠷᠡᠭ᠌ᠵᠢᠭᠦᠯᠦᠭ᠌ᠳᠡᠬᠦ᠌᠎ᠶ᠋ᠢ ᠲᠦᠯᠬᠢᠨ ᠠᠬᠢᠭᠤᠯᠤᠨ᠎ᠠ᠃ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠠᠵᠢᠯ᠎ᠢ ᠭᠦᠨᠵᠡᠭᠡᠢ ᠠᠬᠢᠭᠤᠯᠵᠤ᠂ 《ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠦᠷᠢᠮ》 ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠱᠠᠯᠠᠪᠳᠠᠭᠤᠯᠤᠨ ᠪᠠᠢᠴᠠᠭᠠᠬᠤ ᠪᠠᠢᠩᠭᠤ᠎ᠶ᠋ᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠵᠦ᠍᠂ ᠱᠠᠯᠠᠪᠳᠠᠭᠤᠯᠤᠨ ᠪᠠᠢᠴᠠᠭᠠᠬᠤ ᠬᠤᠷᠴᠠ ᠰᠡᠯᠡᠮ᠎ᠡ᠎ᠶ᠋ᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠤᠨ᠎ᠠ᠃ ᠠᠭᠠᠷ ᠮᠠᠨᠳᠠᠯ᠂ ᠤᠰᠤ᠂ ᠬᠥᠷᠥᠰᠥ᠍ ᠱᠢᠷᠣᠶ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠵᠡᠷᠭᠡ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠲᠠᠢᠯᠠᠯᠳᠤᠭᠠᠨ᠎ᠢ ᠬᠠᠤᠯᠢ ᠶᠣᠰᠣᠭᠠᠷ ᠲᠦᠯᠬᠢᠨ ᠠᠬᠢᠭᠤᠯᠤᠨ᠎ᠠ᠃ ᠠᠭᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ᠂ ᠤᠯᠠᠨ ᠪᠣᠬᠢᠷᠲᠤᠯ ᠪᠣᠳᠠᠰ᠎ᠢ ᠬᠠᠮᠵᠢᠯᠴᠠᠨ ᠡᠵᠡᠮᠳᠡᠬᠦ᠌ ᠪᠠ ᠣᠷᠣᠨ ᠪᠦᠰᠡ᠎ᠶ᠋ᠢᠨ ᠪᠣᠬᠢᠷᠲᠤᠯ᠎ᠢ ᠬᠠᠮᠵᠢᠯᠴᠠᠨ ᠵᠠᠰᠠᠬᠤ᠎ᠶ᠋ᠢ ᠴᠢᠩᠭᠠᠳᠭᠠᠨ᠎ᠠ᠃ ᠬᠥᠬᠡᠮᠥ᠋ᠷᠡᠨ᠂ ᠬᠠᠲᠤᠨ ᠭᠤᠣᠯ ᠵᠡᠷᠭᠡ ᠶᠡᠭᠡ ᠭᠤᠣᠯ ᠮᠥᠷᠡᠨ᠎ᠢ ᠬᠠᠮᠠᠭᠠᠯᠠᠨ ᠵᠠᠰᠠᠬᠤ ᠪᠠ ᠭᠤᠣᠯᠳᠠᠯᠭ᠎ᠠ᠎ᠲᠠᠢ ᠳᠠᠯᠠᠢ᠎ᠶ᠋ᠢᠨ ᠣᠷᠣᠨ᠎ᠢ ᠶᠡᠷᠦᠩᠬᠡᠢᠯᠡᠨ ᠵᠠᠰᠠᠬᠤ ᠠᠵᠢᠯ᠎ᠢ ᠲᠦᠯᠬᠢᠨ ᠠᠬᠢᠭᠤᠯᠵᠤ᠂ ᠭᠤᠣᠯ ᠪᠠ ᠳᠠᠯᠠᠢ᠎ᠳᠤ ᠴᠢᠳᠭᠤᠬᠤ ᠪᠣᠬᠢᠷᠲᠤᠯ᠎ᠢ ᠭᠠᠳᠠᠭ᠍ᠰᠢᠯᠠᠭᠤᠯᠬᠤ ᠠᠮᠠ᠎ᠶ᠋ᠢᠨ ᠡᠬᠢ ᠰᠤᠷᠪᠤᠯᠵᠢ᠎ᠶ᠋ᠢ ᠡᠷᠢᠵᠦ᠍ ᠵᠠᠰᠠᠬᠤ ᠪᠠ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ ᠪᠠ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠢᠶᠠᠷ ᠭᠤᠣᠯᠳᠠᠯᠭ᠎ᠠ ᠪᠣᠯᠭᠠᠨ᠂ 《ᠨᠣᠭᠤᠭᠠᠨ ᠪᠠᠮᠪᠠᠢ》 ᠶ᠋ᠢᠨ ᠴᠢᠬᠤᠯᠠ ᠠᠮᠢ ᠠᠬᠤᠶ᠎ᠶ᠋ᠢᠨ ᠣᠷᠣᠨ ᠵᠠᠶ᠎ᠶ᠋ᠢᠨ ᠬᠢᠨᠠᠯᠲᠠ᠎ᠶ᠋ᠢ ᠴᠢᠩᠭᠠᠷᠠᠭᠤᠯᠬᠤ᠎ᠶ᠋ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠭᠤᠷᠪᠠᠳᠠᠬᠢ ᠡᠲᠡᠭᠡᠳ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠦᠢᠯᠡᠴᠢᠯᠡᠭᠡᠨ᠎ᠤ ᠪᠠᠢᠭᠤᠯᠤᠮᠵᠢ ᠵᠢᠴᠢ ᠠᠶᠤᠯᠲᠠᠶ ᠬᠠᠶᠠᠭ᠍ᠳᠠᠮᠠᠯ ᠪᠣᠳᠠᠰ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠤᠬᠢᠯᠳᠠ ᠦᠭ᠌ᠬᠦᠨ᠎ᠡ᠃ ᠠᠮᠢ ᠠᠬᠤᠶ ᠣᠷᠴᠢᠨ ᠲᠣᠭᠤᠷᠢᠨ᠎ᠤ ᠬᠠᠥᠯᠢ᠎ᠠᠴᠠ ᠵᠥᠷᠢᠴᠡᠭ᠌ᠰᠡᠨ ᠰᠦᠪᠡᠭ᠌ᠴᠢ᠎ᠶ᠋ᠢᠨ ᠲᠣᠭᠠᠴᠢᠯᠠᠨ ᠣᠶᠤᠨᠴᠢᠯᠠᠭ᠍ᠰᠠᠨ ᠢᠯᠡᠷᠡᠭᠦᠯᠦᠯᠲᠡ᠎ᠶ᠋ᠢᠨ ᠴᠢᠳᠠᠪᠤᠷᠢ᠎ᠶ᠋ᠢ ᠴᠢᠩᠭᠠᠷᠠᠭᠤᠯᠵᠤ᠂ ᠰᠦᠪᠡᠭ᠌ᠴᠢ᠎ᠶ᠋ᠢ ᠬᠦᠷᠭᠡᠬᠦ᠂ ᠲᠤᠬᠠᠶ᠎ᠶ᠋ᠢᠨ ᠲᠠᠯᠠᠪᠤᠷ᠎ᠲᠤ ᠬᠢᠨᠠᠨ ᠬᠠᠷᠭᠤᠭᠤᠯᠬᠤ᠂ ᠦᠷ᠎ᠡ ᠳ᠋ᠦᠩ᠎ᠢ ᠬᠠᠷᠢᠭᠤ ᠲᠤᠰᠭᠠᠬᠤ᠂ ᠬᠢᠨᠠᠨ ᠬᠠᠮᠢᠶᠠᠷᠴᠤ᠌ ᠬᠠᠥᠯᠢ ᠬᠡᠷᠡᠭ᠌ᠵᠢᠭᠦᠯᠬᠦ᠌ ᠪᠢᠲᠡᠭᠦᠦ ᠴᠠᠭᠠᠷᠢᠭ᠎ᠢ ᠪᠣᠶ ᠪᠣᠯᠭᠠᠨ᠎ᠠ᠃ ᠠᠷᠠᠳ ᠤᠯᠠᠨ᠎ᠤ ᠲᠤᠰᠭᠠᠯ ᠶᠡᠭᠡ ᠲᠠᠭᠤ ᠱᠤᠤᠭᠢᠶᠠᠨ᠂ ᠲᠤᠰ᠎ᠤᠨ ᠤᠳᠤᠭ᠎ᠠ᠂ ᠦᠮᠡᠬᠡᠶ ᠦᠨᠦᠷ ᠵᠡᠷᠭᠡ ᠪᠣᠬᠢᠷᠲᠤᠯ᠎ᠤᠨ ᠵᠠᠭᠠᠯᠳᠤᠯᠭ᠎ᠠ᠎ᠶ᠋ᠢᠨ ᠬᠡᠷᠡᠭ᠎ᠢ ᠱᠠᠯᠠᠪᠳᠠᠭᠤᠯᠤᠨ ᠱᠢᠶ᠋ᠳᠪᠦᠷᠢᠯᠡᠭᠦᠯᠬᠦ᠌ ᠡᠷᠴᠢᠮ᠎ᠢ ᠴᠢᠩᠭᠠᠳᠭᠠᠵᠤ᠂ ᠠᠷᠠᠳ ᠤᠯᠠᠨ᠎ᠤ ᠠᠮᠢ ᠠᠬᠤᠶ ᠣᠷᠴᠢᠨ ᠲᠣᠭᠤᠷᠢᠨ᠎ᠤ ᠬᠦᠷᠲᠡᠮᠵᠢ᠎ᠶ᠋ᠢᠨ ᠲᠦᠷᠦᠭ᠌ᠳᠡᠯ᠎ᠢ ᠦᠨᠡᠨ ᠬᠦ᠌ ᠨᠡᠮᠡᠭ᠌ᠳᠡᠭᠦᠯᠦᠨ᠎ᠡ᠃
ᠲᠠᠪᠤ᠎ᠳᠤ᠂ ᠠᠮᠢ ᠠᠬᠤᠶ᠎ᠶ᠋ᠢᠨ ᠪᠣᠯᠪᠠᠰᠤᠨ᠎ᠤ ᠬᠠᠤᠯᠢ᠎ᠪᠠᠷ ᠵᠠᠰᠠᠬᠤ ᠬᠢᠨᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠪᠠᠷ ᠲᠤᠰᠤᠯᠲᠠ ᠪᠣᠯᠭᠠᠵᠤ᠂ ᠬᠠᠤᠯᠢ᠎ᠪᠠᠷ ᠵᠠᠰᠠᠬᠤ ᠬᠢᠨᠠᠯᠲᠠ᠎ᠶ᠋ᠢᠨ ᠪᠦᠬᠦᠯᠢ ᠴᠣᠭ᠍ᠴᠠ᠎ᠶ᠋ᠢᠨ ᠨᠡᠢᠯᠡᠯ ᠬᠦᠴᠦᠨ᠎ᠢ ᠴᠢᠩᠭᠠᠷᠠᠭᠤᠯᠤᠨ᠎ᠠ᠃ ᠡᠯ᠎ᠡ ᠲᠦᠷᠦᠯ᠎ᠤᠨ ᠬᠢᠨᠠᠯᠲᠠ᠎ᠶ᠋ᠢᠨ ᠣᠷᠭᠠᠨᠢᠭ᠎ᠢᠶᠠᠷ ᠨᠡᠪᠲᠡᠷᠡᠯᠴᠡᠬᠦ᠂ ᠬᠠᠷᠢᠯᠴᠠᠨ ᠵᠣᠬᠢᠴᠠᠯᠳᠤᠬᠤ᠎ᠶ᠋ᠢ ᠬᠦᠴᠦᠯᠡᠨ ᠠᠬᠢᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠬᠠᠤᠯᠢᠵᠢᠯ᠎ᠤᠨ ᠱᠢᠰᠲ᠋ᠧᠮ᠎ᠤᠨ 《ᠶᠡᠭᠡ ᠬᠢᠨᠠᠯᠲᠠ᠎ᠶ᠋ᠢᠨ ᠪᠠᠢᠷᠢᠱᠢᠯ》 ᠢ ᠪᠦᠷᠢᠯᠳᠦᠭᠦᠯᠦᠨ᠎ᠡ᠃ ᠤᠯᠤᠰ ᠲᠦᠷᠦ᠍᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠵᠥᠪ ᠣᠨᠣᠪᠴᠢᠲᠠᠢ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌᠎ᠶ᠋ᠢ ᠠᠬᠢᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠨᠠᠮ ᠵᠠᠰᠠᠭ᠎ᠤᠨ ᠤᠳᠤᠷᠢᠳᠭᠤ ᠺᠠᠳ᠋ᠷᠴᠤᠳ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠴᠢᠩᠭᠠᠳᠭᠠᠨ᠎ᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢ ᠴᠢᠩᠭᠠᠳᠭᠠᠵᠤ᠂ ᠬᠠᠤᠯᠢ ᠬᠡᠷᠡᠭ᠌ᠵᠢᠭᠦᠯᠦᠯᠲᠡ᠎ᠶ᠋ᠢ ᠪᠠᠢᠴᠠᠭᠠᠬᠤ᠂ ᠠᠰᠠᠭᠤᠨ ᠯᠠᠪᠯᠠᠬᠤ ᠪᠠ ᠲᠤᠯᠭᠠᠨ ᠠᠰᠠᠭᠤᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠮᠢ ᠠᠬᠤᠶ ᠣᠷᠴᠢᠨ ᠲᠣᠭᠤᠷᠢᠨ᠎ᠤ ᠴᠢᠬᠤᠯᠠ ᠶᠡᠭᠡ ᠱᠢᠶ᠋ᠳᠪᠦᠷᠢᠲᠦ ᠪᠤᠳᠤᠯᠭ᠎ᠠ ᠪᠠ ᠬᠠᠤᠯᠢ ᠴᠠᠭᠠᠵᠠ᠎ᠶ᠋ᠢᠨ ᠲᠦᠷᠢᠮ᠎ᠤᠨ ᠪᠦᠲᠦᠮᠵᠢᠲᠡᠶ ᠬᠡᠷᠡᠭ᠌ᠵᠢᠭᠦᠯᠦᠭ᠌ᠳᠡᠬᠦ᠌᠎ᠶ᠋ᠢ ᠲᠦᠯᠬᠢᠨ ᠠᠬᠢᠭᠤᠯᠤᠨ᠎ᠠ᠃ ᠬᠠᠤᠯᠢ ᠴᠠᠭᠠᠵᠠ᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠪᠠ ᠵᠠᠰᠠᠭ ᠵᠠᠬᠢᠷᠭᠠᠨ᠎ᠤ ᠵᠠᠷᠭᠤ᠎ᠶ᠋ᠢᠨ ᠳᠦᠷᠢᠮ᠎ᠢ ᠪᠦᠷᠢᠨᠱᠢᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠠᠵᠢᠯ᠎ᠢ ᠴᠢᠩᠭᠠᠳᠭᠠᠵᠤ᠂ ᠬᠠᠤᠯᠢ ᠴᠠᠭᠠᠵᠠ᠎ᠶ᠋ᠢᠨ ᠬᠡᠷᠡᠭ ᠨᠢᠭᠡᠪᠦᠷᠢ᠎ᠠᠴᠠ ᠠᠷᠠᠳ ᠤᠯᠠᠨ᠎ᠳᠤ ᠲᠥᠪ ᠭᠤᠣᠯᠴᠢ ᠱᠢᠳᠤᠷᠭᠤ ᠶᠣᠰᠣ᠎ᠶ᠋ᠢ ᠪᠠᠷᠢᠮᠲᠠᠯᠠᠭ᠍ᠰᠠᠨ ᠲᠦᠷᠦᠭ᠌ᠳᠡᠯ ᠣᠯᠭᠤᠬᠤ᠎ᠪᠠᠷ ᠴᠢᠷᠮᠠᠢᠨ᠎ᠠ᠃ ᠨᠡᠢᠭᠡᠮ ᠪᠠ ᠰᠣᠨᠢᠨ ᠮᠡᠳᠡᠭᠡᠨ᠎ᠤ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠴᠢᠩᠭᠠᠳᠭᠠᠵᠤ᠂ ᠵᠠᠬᠢᠳᠠᠯ ᠰᠤᠷᠪᠤᠯᠵᠢᠯᠠᠭ᠎ᠠ ᠵᠠᠭᠠᠯᠳᠤᠬᠤ ᠢᠯᠡᠴᠢᠯᠡᠨ ᠮᠡᠳᠡᠭᠦᠯᠬᠦ᠌ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ ᠵᠠᠭᠠᠯᠳᠤᠯᠭ᠎ᠠ᠎ᠶ᠋ᠢ ᠴᠠᠭ ᠲᠤᠬᠠᠶ᠎ᠳᠤᠨᠢ ᠬᠦᠯᠢᠶᠡᠨ ᠠᠪᠴᠤ᠌ ᠱᠢᠶ᠋ᠳᠪᠦᠷᠢᠯᠡᠨ᠂ ᠤᠯᠠᠨ ᠲᠦᠮᠡᠨ᠎ᠤ ᠣᠷᠴᠢᠨ ᠲᠣᠭᠤᠷᠢᠨ᠎ᠤ ᠡᠷᠬᠡ ᠠᠱᠢᠭ᠎ᠢ ᠦᠨᠡᠨ ᠬᠦ᠌ ᠪᠠᠲᠤᠯᠠᠵᠤ᠂ ᠨᠡᠢᠭᠡᠮ᠎ᠤᠨ ᠵᠣᠬᠢᠶᠠᠨ ᠪᠠᠢᠭᠤᠯᠤᠯᠲᠠ ᠪᠠ ᠰᠠᠢᠨ ᠳᠤᠷ᠎ᠠ᠎ᠶ᠋ᠢᠨ ᠠᠵᠢᠯᠯᠠᠭ᠍ᠴᠢᠳᠤᠨ ᠨᠡᠢᠭᠡᠮ᠎ᠤᠨ ᠬᠢᠨᠠᠯᠲᠠ᠎ᠳᠤ ᠢᠳᠡᠪᠬᠢᠲᠡᠶ ᠣᠷᠣᠯᠴᠠᠬᠤ᠎ᠶ᠋ᠢ ᠵᠣᠷᠢᠭ᠍ᠵᠢᠭᠤᠯᠵᠤ᠂ ᠪᠦᠬᠦ᠌ ᠠᠷᠠᠳ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢ ᠴᠢᠩᠭᠠᠳᠭᠠᠵᠤ᠂ ᠪᠦᠬᠦ᠌ ᠨᠡᠢᠭᠡᠮ᠎ᠢᠶᠠᠷ᠎ᠢᠶᠠᠨ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠬᠦᠴᠦᠷᠬᠡᠭ ᠶᠡᠭᠡ ᠨᠡᠢᠯᠡᠯ ᠬᠦᠴᠦᠨ᠎ᠢ ᠬᠥᠭ᠌ᠵᠢᠭᠡᠨ᠎ᠡ᠃