ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ ( 7.20 ︱ 7.26 )
ᠨᠡᠶ᠋ᠢᠲᠡᠯᠡᠭᠰᠡᠨ ᠴᠠᠭ᠄ 2025-08-15

      1. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠦᠨᠳᠦᠰᠦᠨ ᠱᠠᠲᠤᠨ᠎ᠤ ᠬᠠᠷᠢᠯᠴᠠᠬᠤ ᠴᠡᠭ᠎ᠲᠦ ᠬᠦᠷᠴᠦ ᠪᠠᠶ᠋ᠢᠴᠠᠭᠠᠨ ᠰᠤᠳᠤᠯᠤᠯᠲᠠ ᠬᠢᠪᠡ
      7 ᠰᠠᠷ᠎ᠠ᠎ᠶᠢᠨ 22᠎ᠤᠨ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠶ ᠥᠷᠲᠡᠭᠡ ( ᠳᠣᠷᠣᠭᠰᠢ ᠬᠢᠨᠠᠨ ᠬᠡᠮᠵᠢᠯᠲᠡ᠎ᠶᠢᠨ ᠶᠡᠷᠦᠩᠬᠡᠶ ᠥᠷᠲᠡᠭᠡ ᠭᠡᠵᠦ ᠲᠣᠪᠴᠢᠯᠠᠨ᠎ᠠ )᠎ᠳᠦ ᠬᠦᠷᠴᠦ ᠪᠠᠶ᠋ᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ᠎ᠤ ᠬᠠᠷᠢᠯᠴᠠᠬᠤ ᠴᠡᠭ᠎ᠦᠨ ᠬᠢᠨᠠᠨ ᠬᠡᠮᠵᠢᠬᠦ ᠶᠡᠷᠦᠩᠬᠡᠢ ᠦᠷᠳᠡᠭᠡ᠎ᠶᠢᠨ ᠬᠢᠨᠠᠨ ᠬᠡᠮᠵᠢᠬᠦ ᠲᠣᠭ᠎ᠠ᠎ᠶᠢ ᠤᠶᠤᠨᠵᠢᠭᠤᠯᠵᠤ ᠬᠡᠯᠪᠡᠷᠢ᠎ᠶᠢ ᠬᠤᠪᠢᠷᠠᠭᠤᠯᠬᠤ ᠠᠵᠢᠯ᠎ᠤᠨ ᠲᠤᠰᠬᠠᠢ ᠠᠩᠬᠢ᠎ᠶᠢᠨ ᠨᠠᠮ᠎ᠤᠨ ᠡᠭᠦᠷ᠎ᠦᠨ ᠨᠠᠮ᠎ᠤᠨ ᠭᠡᠰᠢᠭᠦᠨ ᠺᠠᠳ᠋ᠷᠴᠤᠳ᠎ᠲᠠᠢ ᠶᠠᠷᠢᠯᠴᠠᠨ ᠰᠣᠯᠢᠯᠴᠠᠵᠤ᠂ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠦᠨᠳᠦᠰᠦᠨ ᠱᠠᠲᠤᠨ᠎ᠤ ᠬᠠᠷᠢᠯᠴᠠᠬᠤ ᠴᠡᠭ ᠪᠠᠶ᠋ᠢᠭᠤᠯᠬᠤ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ᠂ ᠠᠵᠢᠯ᠎ᠤᠨ ᠪᠠᠶ᠋ᠢᠳᠠᠯ᠎ᠢ ᠣᠶ᠋ᠢᠯᠠᠭᠠᠪᠠ᠃
      2. ᠠᠮᠢ ᠠᠬᠤᠶ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠶ᠋ᠢᠩᠭᠤ᠎ᠶᠢᠨ ᠬᠤᠷᠠᠯ ᠬᠤᠷᠠᠯᠳᠤᠭᠤᠯᠪᠠ
      7 ᠰᠠᠷ᠎ᠠ᠎ᠶᠢᠨ 23᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠶᠠᠮᠤᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠵᠧᠵᠢᠶᠠᠩ᠎ᠤᠨ ᠵᠢᠨ ᠴᠢ ᠮᠧᠨ ᠴᠥᠮ᠎ᠡ᠎ᠶᠢᠨ ᠴᠠᠬᠢᠯᠭᠠᠨ᠎ᠤ ᠦᠢᠯᠡᠳᠪᠦᠷᠢ᠎ᠶᠢᠨ 1᠂ 2 ᠳ᠋ᠤᠭᠠᠷ ᠨᠣᠮᠧᠷᠲᠤ ᠮᠠᠰᠢᠨ ᠴᠣᠭᠴᠠᠯᠠᠪᠤᠷᠢ᠎ᠶᠢᠨ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ ( ᠪᠠᠶ᠋ᠢᠭᠤᠯᠬᠤ ᠱᠠᠳᠤᠨ᠎ᠤ )᠎ᠢ ᠬᠢᠨᠠᠨ ᠦᠨᠡᠯᠡᠭᠰᠡᠨ ᠪᠠᠶ᠋ᠢᠳᠠᠯ ᠪᠣᠯᠤᠨ ᠪᠠᠶ᠋ᠢᠭᠤᠯᠬᠤ ᠵᠥᠪᠰᠢᠶᠡᠷᠡᠯ᠎ᠦᠨ ᠦᠨᠡᠮᠯᠡᠯ᠎ᠢ ᠬᠢᠨᠠᠨ ᠦᠨᠡᠯᠡᠵᠦ ᠬᠢᠨᠠᠯᠲᠠ ᠲᠠᠯᠪᠢᠬᠤ᠎ᠪᠠᠷ ᠭᠤᠶᠤᠴᠢᠯᠠᠭᠰᠠᠨ ᠪᠠᠶ᠋ᠢᠳᠠᠯ᠂ 《 ᠣᠷᠴᠢᠨ ᠲᠣᠭᠣᠷᠢᠨ᠎ᠤ ᠠᠭᠠᠷ᠎ᠤᠨ ᠮᠧᠲ᠋ᠠᠨ ᠪᠤᠰᠤ ᠶᠡᠷᠦᠩᠬᠡᠢ ᠨᠡᠭᠦᠷᠦᠭᠴᠢ᠎ᠶᠢᠨ ᠠᠦ᠋ᠲ᠋ᠣ᠋ ᠬᠢᠨᠠᠨ ᠬᠡᠮᠵᠢᠬᠦ ᠰᠢᠰᠲ᠋ᠧᠮ᠎ᠦᠨ ᠮᠡᠷᠭᠡᠵᠢᠯ᠎ᠦᠨ ᠱᠠᠭᠠᠷᠳᠠᠯᠭ᠎ᠠ ᠵᠢᠴᠢ ᠬᠢᠨᠠᠨ ᠬᠡᠮᠵᠢᠬᠦ ᠠᠷᠭ᠎ᠠ 》 ᠵᠡᠷᠭᠡ ᠤᠯᠤᠰ᠎ᠤᠨ 3 ᠵᠦᠢᠯ᠎ᠦᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠪᠠᠷᠢᠮᠵᠢᠶ᠎ᠠ᠎ᠶᠢ ᠬᠢᠨᠠᠨ ᠵᠥᠪᠯᠡᠬᠦ᠎ᠶᠢᠨ ᠬᠠᠮᠲᠤ ᠵᠠᠷᠴᠢᠮ ᠳᠡᠭᠡᠷ᠎ᠡ᠎ᠪᠡᠨ ᠪᠠᠳᠤᠯᠠᠪᠠ᠃
      3. ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠬᠣᠶᠠᠳᠤᠭᠠᠷ ᠤᠳᠠᠭᠠᠨ᠎ᠤ ᠲᠥᠯᠥᠭᠡᠯᠡᠭᠴᠢᠳ᠎ᠦᠨ ᠶᠡᠬᠡ ᠬᠤᠷᠠᠯ ᠬᠤᠷᠠᠯᠳᠤᠪᠠ
      7 ᠰᠠᠷ᠎ᠠ᠎ᠶᠢᠨ 22᠎ᠤᠨ ᠡᠳᠦᠷ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠢᠭᠤᠳ ᠬᠠᠷᠢᠶ᠎ᠠ ᠪᠠᠶ᠋ᠢᠭᠤᠯᠭ᠎ᠠ᠎ᠶᠢᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠪᠡᠭᠡᠵᠢᠩ᠎ᠳᠦ ᠬᠤᠷᠠᠯᠳᠤᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠢᠦᠢ ᠬᠤᠢ ᠸᠧᠨ᠂ ᠲᠥᠪ᠎ᠦᠨ ᠪᠠ ᠲᠦᠷᠦ᠎ᠶᠢᠨ ᠪᠠᠶ᠋ᠢᠭᠤᠯᠭ᠎ᠠ᠎ᠶᠢᠨ ᠡᠪᠯᠡᠯ᠎ᠦᠨ ᠠᠵᠢᠯ᠎ᠤᠨ ᠬᠣᠷᠢᠵ᠎ᠠ᠎ᠶᠢᠨ ᠳᠡᠳ᠋ ᠱᠦᠵᠢ ᠵᠦ᠍ ᠯᠢᠨ ᠹᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      4. 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ 》 ᠭᠡᠬᠦ ᠣᠶ᠋ᠢᠯᠠᠭᠠᠭᠳᠠᠬᠤᠨ ᠵᠢᠴᠢ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ 》 ᠭᠡᠬᠦ ᠦᠢᠯᠡᠳᠦᠯᠭᠡ᠎ᠶᠢᠨ ᠰᠢᠨ᠎ᠡ᠎ᠶᠢ ᠡᠭᠦᠳᠬᠦ ᠰᠠᠭᠤᠷᠢᠨ ᠭᠠᠵᠠᠷ᠎ᠤᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠪᠠ
      7 ᠰᠠᠷ᠎ᠠ᠎ᠶᠢᠨ 24᠎ᠦ ᠡᠳᠦᠷ᠂ 《 ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠶ ᠠᠯᠳᠠ ᠮᠥᠩᠭᠥᠨ ᠠᠭᠤᠯᠠ ᠮᠥᠨ 》 ᠭᠡᠬᠦ ᠣᠶ᠋ᠢᠯᠠᠭᠠᠭᠳᠠᠬᠤᠨ ᠵᠢᠴᠢ 《 ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠶ ᠠᠯᠳᠠ ᠮᠥᠩᠭᠥᠨ ᠠᠭᠤᠯᠠ ᠮᠥᠨ 》 ᠭᠡᠬᠦ ᠦᠶ᠋ᠯᠡᠳᠦᠯᠭᠡ᠎ᠶᠢᠨ ᠰᠢᠨ᠎ᠡ᠎ᠶᠢ ᠡᠭᠦᠳᠬᠦ ᠰᠠᠭᠤᠷᠢᠨ ᠭᠠᠵᠠᠷ᠎ᠤᠨ ᠠᠵᠢᠯ᠎ᠤᠨ ᠶᠠᠷᠢᠯᠴᠠᠬᠤ ᠬᠤᠷᠠᠯ ᠪᠡᠭᠡᠵᠢᠩ᠎ᠳᠦ ᠶᠠᠪᠤᠭᠳᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠶ᠋ᠢᠳ ᠳ᠋ᠦᠩ ᠪᠦᠦ ᠲᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      5. ᠠᠮᠢ ᠠᠬᠤᠶ ᠣᠷᠴᠢᠨ ᠲᠣᠭᠣᠷᠢᠨ᠎ᠤ ᠶᠠᠮᠤᠨ ᠬᠦᠨᠳᠦ ᠲᠡᠮᠦᠷᠯᠢᠭ᠎ᠦᠨ ᠣᠷᠴᠢᠨ ᠲᠣᠭᠣᠷᠢᠨ᠎ᠤ ᠠᠮᠤᠷ ᠲᠦᠪᠰᠢᠨ᠎ᠦ ᠳᠠᠯᠳᠠ ᠬᠡᠮ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠠᠵᠢᠯ᠎ᠤᠨ ᠸᠢᠳᠢᠤ᠋ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ
      7 ᠰᠠᠷ᠎ᠠ᠎ᠶᠢᠨ 25᠎ᠤ ᠡᠳᠦᠷ᠎ᠦᠨ ᠦᠳᠡ᠎ᠶᠢᠨ ᠡᠮᠦᠨ᠎ᠡ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠬᠦᠨᠳᠦ ᠲᠡᠮᠦᠷᠯᠢᠭ᠎ᠦᠨ ᠣᠷᠴᠢᠨ ᠲᠣᠭᠣᠷᠢᠨ᠎ᠤ ᠠᠮᠤᠷ ᠲᠦᠪᠰᠢᠨ᠎ᠦ ᠳᠠᠯᠳᠠ ᠬᠡᠮ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠠᠵᠢᠯ᠎ᠤᠨ ᠸᠢᠳᠢᠤ᠋ ᠬᠤᠷᠠᠯ ᠬᠤᠷᠠᠯᠳᠤᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠶ᠋ᠢᠳ ᠯᠢ ᠭᠤᠤ ᠬᠤᠷᠠᠯ᠎ᠳᠤ ᠣᠷᠣᠯᠴᠠᠭᠰᠠᠨ ᠪᠥᠭᠡᠳ ᠲᠠᠢ᠍ᠢᠴᠢᠯᠠᠯᠳᠠ᠎ᠶᠢᠨ ᠶᠠᠷᠢᠶ᠎ᠠ ᠲᠠᠯᠪᠢᠵᠠᠢ᠃
      6. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠬᠢᠨᠠᠨ ᠬᠡᠮᠵᠢᠬᠦ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠪᠣᠬᠢᠷᠲᠤᠯ ᠪᠣᠳᠠᠰ᠎ᠢ ᠠᠦ᠋ᠲ᠋ᠣ᠋ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ᠎ᠦᠨ ᠲᠣᠭ᠎ᠠ ᠪᠠᠷᠢᠮᠲᠠ᠎ᠶᠢ ᠳᠠᠮᠵᠢᠭᠤᠯᠬᠤ ᠮᠡᠷᠭᠡᠵᠢᠯ᠎ᠦᠨ ᠱᠠᠭᠠᠷᠳᠠᠯᠭ᠎ᠠ 》 ( HJ212 – 2025 )᠎ᠶᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ
      ᠣᠶ᠋ᠢᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 《 ᠪᠣᠬᠢᠷᠲᠤᠯ ᠪᠣᠳᠠᠰ᠎ᠢ ᠠᠦ᠋ᠲ᠋ᠣ᠋ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ᠎ᠦᠨ ᠲᠣᠭ᠎ᠠ ᠪᠠᠷᠢᠮᠲᠠ᠎ᠶᠢ ᠳᠠᠮᠵᠢᠭᠤᠯᠬᠤ ᠮᠡᠷᠭᠡᠵᠢᠯ᠎ᠦᠨ ᠱᠠᠭᠠᠷᠳᠠᠯᠭ᠎ᠠ 》 ( ᠳᠣᠷᠣᠭᠰᠢ 《 ᠮᠡᠷᠭᠡᠵᠢᠯ᠎ᠦᠨ ᠱᠠᠭᠠᠷᠳᠠᠯᠭ᠎ᠠ 》 ᠭᠡᠵᠦ ᠲᠣᠪᠴᠢᠯᠠᠨ᠎ᠠ ) ᠵᠢ ᠨᠡᠶ᠋ᠢᠲᠡᠯᠡᠪᠡ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠬᠢᠨᠠᠨ ᠬᠡᠮᠵᠢᠬᠦ ᠵᠤᠷᠭᠠᠨ᠎ᠤ ᠬᠣᠯᠪᠣᠭᠳᠠᠯ ᠪᠥᠬᠥᠶ ᠬᠠᠷᠢᠭᠤᠴᠠᠯᠭᠠᠲᠠᠨ 《 ᠮᠡᠷᠭᠡᠵᠢᠯ᠎ᠦᠨ ᠱᠠᠭᠠᠷᠳᠠᠯᠭ᠎ᠠ 》᠎ᠶᠢ ᠨᠡᠶ᠋ᠢᠲᠡᠯᠡᠭᠰᠡᠨ ᠠᠴᠢ ᠬᠣᠯᠪᠣᠭᠳᠠᠯ᠂ ᠵᠠᠰᠠᠪᠤᠷᠢ ᠣᠷᠣᠭᠤᠯᠤᠭᠰᠠᠨ ᠰᠡᠳᠬᠢᠴᠡ᠂ ᠭᠣᠥᠯ ᠠᠭᠤᠯᠭ᠎ᠠ ᠵᠡᠷᠭᠡ᠎ᠶᠢᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号