1. ᠲᠤᠮᠳᠠᠳᠤ ᠡᠣᠯᠣᠰ ᠊ᠣᠠ ᠡᠪ ᠬᠠᠮᠳᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠳᠠ᠎ᠶᠢᠨ ᠬᠠᠷᠢᠭᠤᠴᠠᠯᠭ᠎ᠠ᠎ᠶᠢᠨ ᠲᠦᠷᠢᠮ᠎ᠦᠨ ᠲᠤᠭᠳᠠᠭᠠᠯ (ᠲᠤᠷᠰᠢᠨ ᠬᠡᠷᠡᠭᠵᠢᠬᠦᠯᠬᠦ)》᠎ᠢ ᠲᠠᠷᠤᠮᠠᠯᠯᠠᠨ ᠲᠠᠷᠬᠠᠭᠠᠪᠠ
ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷᠴᠤᠳ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠶᠢᠨ ᠲᠦᠷᠢᠮ᠎ᠦᠨ ᠲᠣᠭᠲᠠᠭᠠᠯ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠢᠨᠠᠮᠠᠭᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃
2. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠬᠤᠷᠠᠯ ᠬᠤᠷᠠᠯᠳᠤᠭᠤᠯᠪᠠ
ᠣᠶ᠋ᠢᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠦᠶᠡᠷ᠎ᠢ ᠰᠡᠷᠭᠡᠶ᠋ᠢᠯᠡᠵᠦ ᠭᠠᠮᠰᠢᠭ᠋᠎ᠠᠴᠠ ᠠᠪᠤᠷᠠᠬᠤ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠂ ᠳᠡᠯᠡᠬᠡᠶ᠎ᠶᠢᠨ ᠵᠠᠯᠠᠭᠤᠴᠤᠳ᠎ᠤᠨ ᠨᠠᠶ᠋ᠢᠷᠠᠮᠳᠠᠯ᠎ᠤᠨ ᠶᠡᠬᠡ ᠬᠤᠷᠠᠯ᠎ᠳᠤ ᠢᠯᠡᠭᠡᠭᠰᠡᠨ ᠴᠢᠬᠤᠯᠠ ᠵᠠᠬᠢᠳᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ 《〈 ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠷᠢᠭᠤᠴᠠᠯᠭ᠎ᠠ᠎ᠶᠢᠨ ᠳᠦᠷᠢᠮ᠎ᠦᠨ ᠲᠣᠭᠲᠠᠭᠠᠯ (ᠲᠤᠷᠰᠢᠨ ᠬᠡᠷᠡᠭᠵᠢᠭᠦᠯᠬᠦ)᠎ᠢ ᠳᠠᠷᠤᠮᠠᠯᠯᠠᠨ ᠲᠠᠷᠬᠠᠭᠠᠬᠤ ᠲᠤᠬᠠᠢ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠮᠡᠳᠡᠭᠳᠡᠯ》᠎ᠢ ᠤᠯᠠᠮᠵᠢᠯᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡᠳᠦᠮᠡᠯ ᠹᠷᠣᠨᠲ᠎ᠤᠨ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠬᠦᠯᠦᠯᠳᠡ᠎ᠶᠢ ᠰᠣᠨᠣᠰᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠬᠤᠷᠠᠯ᠎ᠳᠤ ᠰᠤᠯᠠ ᠣᠷᠣᠯᠴᠠᠪᠠ᠃
3. ᠠᠮᠢ ᠠᠬᠤᠶ ᠣᠷᠴᠢᠨ ᠲᠣᠭᠣᠷᠢᠨ᠎ᠤ ᠶᠠᠮᠤᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠪᠠ
7 ᠰᠠᠷ᠎ᠠ᠎ᠶᠢᠨ 28᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠣᠶ᠋ᠢᠷ᠎ᠠ᠎ᠶᠢᠨ ᠬᠤᠭᠤᠴᠠᠭᠠᠨ᠎ᠳᠠᠬᠢ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠬᠣᠯᠪᠣᠭᠳᠠᠯ ᠪᠥᠬᠥᠶ ᠬᠤᠷᠠᠯ᠎ᠤᠨ ᠱᠠᠭᠠᠷᠳᠠᠯᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠭᠣᠥᠯᠳᠠᠯᠭ᠎ᠠ᠎ᠲᠠᠢ ᠠᠵᠢᠯ᠎ᠢ ᠪᠠᠶ᠋ᠢᠷᠢᠯᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠬᠤᠷᠠᠯ᠎ᠳᠤ ᠣᠷᠣᠯᠴᠠᠪᠠ᠃
4. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ᠂ ᠶᠠᠮᠤᠨ᠎ᠤ ᠰᠠᠶ᠋ᠢᠳ ᠬᠤᠸᠠᠩ ᠷᠦᠨ ᠴᠢᠦ 《ᠦᠨᠡᠨ》 ᠰᠡᠳᠬᠦᠯ᠎ᠳᠦ 《ᠱᠠᠯᠠᠪᠳᠠᠭᠤᠯᠤᠨ ᠪᠠᠶ᠋ᠢᠴᠠᠭᠠᠬᠤ ᠬᠤᠷᠴᠠ ᠰᠡᠯᠡᠮ᠎ᠡ᠎ᠪᠡᠷ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠶᠢ ᠰᠠᠬᠢᠨ ᠬᠠᠮᠠᠭᠠᠯᠠᠶ᠎ᠠ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠪᠡ
ᠣᠳᠣᠬᠠᠨ᠎ᠤ ᠪᠠ ᠬᠣᠶ᠋ᠢᠰᠢᠳᠠ᠎ᠶᠢᠨ 10 ᠵᠢᠯ ᠪᠣᠯ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠶᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠵᠠᠩᠭᠢᠯᠠᠭ᠎ᠠ᠎ᠶᠢᠨ ᠴᠠᠭ ᠦᠶ᠎ᠡ ᠮᠥᠨ᠂ ᠡᠷᠬᠡᠪᠰᠢ ᠰᠢᠨ᠎ᠡ ᠪᠠᠶ᠋ᠢᠳᠠᠯ᠂ ᠰᠢᠨ᠎ᠡ ᠡᠭᠦᠷᠭᠡ᠎ᠶᠢ ᠭᠦᠨᠵᠡᠭᠡᠶ ᠡᠵᠡᠮᠳᠡᠵᠦ᠂ ᠰᠢᠨ᠎ᠡ ᠲᠦᠷᠦ᠎ᠶᠢᠨ ᠪᠤᠳᠤᠯᠭ᠎ᠠ᠂ ᠰᠢᠨ᠎ᠡ ᠱᠠᠭᠠᠷᠳᠠᠯᠭ᠎ᠠ᠎ᠶᠢ ᠬᠢᠨᠠᠮᠠᠭᠠᠶ ᠣᠶ᠋ᠢᠯᠠᠭᠠᠵᠤ᠂ ᠬᠡᠳᠦ ᠬᠡᠳᠦᠨ ᠴᠢᠬᠤᠯᠠ ᠬᠠᠷᠢᠴᠠᠭ᠎ᠠ᠎ᠶᠢ ᠨᠢᠭᠡᠳᠦᠯᠲᠡᠶ ᠲᠥᠯᠥᠪᠯᠡᠨ ᠰᠢᠶ᠋ᠳᠪᠦᠷᠢᠯᠡᠵᠦ᠂ ᠱᠠᠯᠠᠪᠳᠠᠭᠤᠯᠤᠨ ᠪᠠᠶ᠋ᠢᠴᠠᠭᠠᠬᠤ ᠬᠤᠷᠴᠠ ᠰᠡᠯᠡᠮ᠎ᠡ᠎ᠶᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠬᠥᠮᠦᠨ ᠬᠢᠭᠡᠳ ᠪᠠᠶ᠋ᠢᠭᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ᠎ᠶᠢ ᠲᠦᠯᠬᠢᠨ ᠠᠬᠢᠭᠤᠯᠬᠤ ᠬᠡᠷᠡᠭᠲᠡᠶ᠃
5. ᠠᠮᠢ ᠠᠬᠤᠶ ᠣᠷᠴᠢᠨ ᠲᠣᠭᠣᠷᠢᠨ᠎ᠤ ᠶᠠᠮᠤᠨ ᠶᠠᠮᠤᠨ᠎ᠤ ᠪᠠᠶ᠋ᠢᠩᠭᠤ᠎ᠶᠢᠨ ᠬᠤᠷᠠᠯ ᠬᠤᠷᠠᠯᠳᠤᠭᠤᠯᠪᠠ
7 ᠰᠠᠷ᠎ᠠ᠎ᠶᠢᠨ 30᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠶᠠᠮᠤᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠠᠮᠢ ᠠᠬᠤᠶ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠦᠷᠢᠮ᠎ᠦᠨ ᠥᠭᠡᠷᠡᠴᠢᠯᠡᠯᠲᠡ ᠵᠢᠴᠢ ᠬᠡᠷᠡᠭᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠲᠤᠬᠠᠶ ᠭᠤᠷᠪᠠᠨ ᠵᠢᠯ᠎ᠦᠨ ᠠᠵᠢᠯ᠎ᠤᠨ ᠲᠥᠰᠦᠯ (2025 ︱ 2027 ᠣᠨ)》 《ᠭᠣᠥᠯᠳᠠᠯᠭ᠎ᠠ᠎ᠲᠠᠢ ᠡᠵᠡᠮᠳᠡᠬᠦ ᠬᠥᠷᠥᠰᠥ ᠰᠢᠷᠣᠶ᠎ᠶᠢᠨ ᠬᠣᠥᠷᠲᠠᠶ ᠬᠥᠨᠥᠭᠡᠯᠲᠡᠶ ᠪᠣᠳᠠᠰ᠎ᠤᠨ ᠨᠡᠷᠡᠰ᠎ᠦᠨ ᠵᠢᠭᠰᠠᠭᠠᠯᠲᠠ (ᠨᠢᠭᠡᠳᠦᠭᠡᠷ ᠪᠦᠯᠦᠭ)》 《ᠴᠥᠮ᠎ᠡ᠎ᠶᠢᠨ ᠮᠡᠷᠭᠡᠵᠢᠯ᠎ᠦᠨ ᠠᠰᠢᠭᠯᠠᠯᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠶ᠋ᠯ᠎ᠦᠨ ᠴᠢᠬᠤᠯᠠ ᠶᠡᠬᠡ ᠬᠤᠪᠢᠷᠠᠯᠲᠠ᠎ᠶᠢᠨ ᠨᠠᠷᠢᠨ ᠲᠠᠩᠰᠠ (ᠲᠤᠷᠰᠢᠨ ᠬᠡᠷᠡᠭᠵᠢᠭᠦᠯᠬᠦ)》 ᠵᠢᠴᠢ 《ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠮᠡᠷᠭᠡᠵᠢᠯ᠎ᠦᠨ ᠵᠢᠯᠣᠭᠣᠳᠤᠮᠵᠢ ᠲᠦᠷᠢᠮ ᠰᠠᠴᠤᠷᠠᠭ ᠴᠢᠨᠠᠷᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠭᠠᠵᠠᠷ᠎ᠤᠨ ᠭᠠᠳᠠᠷᠭᠤ᠎ᠠᠴᠠ ᠣᠶ᠋ᠢᠷᠠᠯᠴᠠᠭ᠎ᠠ ᠰᠢᠶ᠋ᠳᠪᠦᠷᠢᠯᠡᠬᠦ ᠣᠷᠴᠢᠨ ᠲᠣᠭᠣᠷᠢᠨ᠎ᠤ ᠨᠥᠯᠥᠭᠡᠯᠡᠯ᠎ᠦᠨ ᠮᠡᠳᠡᠭᠦᠯᠦᠯᠲᠡ᠎ᠶᠢᠨ ᠪᠢᠴᠢᠭ᠎ᠦᠨ ᠵᠠᠭᠪᠤᠷ ᠬᠢᠭᠡᠳ ᠠᠭᠤᠯᠭ᠎ᠠ》 《ᠰᠠᠴᠤᠷᠠᠭ ᠴᠢᠨᠠᠷᠲᠠᠶ ᠡᠳ᠋ ᠪᠣᠳᠠᠰ᠎ᠢ ᠲᠡᠭᠡᠭᠡᠪᠦᠷᠢᠯᠡᠬᠦ ᠰᠠᠪᠠ᠎ᠶᠢᠨ ᠲᠦᠯᠬᠢᠯᠳᠡ᠎ᠶᠢᠨ ᠲᠤᠷᠰᠢᠯᠲᠠ᠎ᠶᠢᠨ ᠵᠦᠭᠯᠡᠭᠦᠷ》 《ᠰᠠᠴᠤᠷᠠᠭ ᠴᠢᠨᠠᠷᠲᠠᠶ ᠡᠳ᠋ ᠪᠣᠳᠠᠰ᠎ᠢ ᠲᠡᠭᠡᠭᠡᠪᠦᠷᠢᠯᠡᠬᠦ ᠰᠠᠪᠠ᠎ᠶᠢᠨ ᠬᠠᠯᠠᠭᠤᠨ᠎ᠢ ᠳᠠᠭᠠᠭᠠᠬᠤ ᠲᠤᠷᠰᠢᠯᠲᠠ᠎ᠶᠢᠨ ᠵᠦᠭᠯᠡᠭᠦᠷ》 ᠵᠡᠷᠭᠡ 3 ᠵᠦᠶ᠋ᠯ᠎ᠦᠨ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠪᠠᠷᠢᠮᠵᠢᠶ᠎ᠠ᠎ᠶᠢ ᠬᠢᠨᠠᠨ ᠵᠥᠪᠯᠡᠵᠦ ᠵᠠᠷᠴᠢᠮ ᠳᠡᠭᠡᠷ᠎ᠡ᠎ᠪᠡᠨ ᠪᠠᠲᠤᠯᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠬᠤᠷᠠᠯ᠎ᠳᠤ ᠣᠷᠣᠯᠴᠠᠪᠠ᠃
6. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ 《ᠠᠷᠠᠳ᠎ᠤᠨ ᠡᠳᠦᠷ᠎ᠦᠨ ᠰᠣᠨᠢᠨ》᠎ᠳᠤ 《ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠥᠨ ᠠᠭᠤᠯᠠ ᠮᠥᠨ ᠭᠡᠬᠦ ᠣᠶ᠋ᠢᠯᠠᠭᠠᠭᠳᠠᠬᠤᠨ᠎ᠢ ᠪᠠᠲᠤ ᠪᠡᠬᠢ ᠪᠤᠶ ᠪᠣᠯᠭᠠᠨ ᠦᠢᠯᠡᠳᠦᠯᠭᠡᠵᠢᠬᠦᠯᠵᠦ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ᠎ᠶᠢ ᠬᠠᠮᠵᠢᠯᠴᠠᠨ ᠠᠬᠢᠭᠤᠯᠤᠨ᠎ᠠ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠶ᠋ᠢᠲᠡᠯᠡᠪᠡ
ᠰᠢᠨ᠎ᠡ ᠠᠶᠠᠨ ᠵᠠᠮ᠎ᠳᠤ᠂ ᠪᠢᠳᠡ ᠳᠡᠭᠡᠳᠦ ᠬᠡᠮᠵᠢᠶᠡᠨ᠎ᠦ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠶ᠋ᠢᠯᠠᠭᠠᠭᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ᠎ᠦ ᠬᠠᠮᠠᠭᠠᠯᠠᠯᠲᠠ᠎ᠶᠢ ᠬᠠᠮᠵᠢᠯᠴᠠᠨ ᠠᠬᠢᠭᠤᠯᠵᠤ᠂ ᠬᠥᠮᠦᠨ ᠪᠠᠶ᠋ᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠴᠢᠷᠮᠠᠶ᠋ᠢᠨ ᠪᠦᠳᠦᠭᠡᠨ ᠪᠠᠶ᠋ᠢᠭᠤᠯᠬᠤ ᠬᠡᠷᠡᠭᠲᠡᠢ᠃
7. 2025 ᠣᠨ᠎ᠤ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠶᠢᠨ ᠶᠡᠷᠦᠩᠬᠡᠶ᠋ᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠳᠡᠭᠡᠳᠦ ᠳᠡᠰ᠎ᠤᠨ ᠰᠤᠳᠤᠯᠤᠨ ᠰᠤᠷᠤᠯᠴᠠᠬᠤ ᠠᠩᠭᠢ ᠹᠦᠵᠢᠶᠠᠨ᠎ᠤ ᠰᠢᠶᠠᠮᠧᠨ᠎ᠳᠦ ᠶᠠᠪᠤᠭᠳᠠᠪᠠ
7 ᠰᠠᠷ᠎ᠠ᠎ᠶᠢᠨ 28᠎ᠤ ᠡᠳᠦᠷ᠎ᠡᠴᠡ 30᠎ᠤ ᠡᠳᠦᠷ ᠪᠣᠯᠲᠠᠯ᠎ᠠ᠂ 2025 ᠣᠨ᠎ᠤ ᠬᠣᠶᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠶᠡᠷᠦᠩᠬᠡᠶ᠋ᠢᠯᠡᠭᠰᠡᠨ ᠵᠠᠰᠠᠭ ᠵᠠᠬᠢᠷᠭᠠᠨ᠎ᠤ ᠬᠠᠥᠯᠢ ᠬᠡᠷᠡᠭᠵᠢᠭᠦᠯᠦᠯᠲᠡ᠎ᠶᠢᠨ ᠳᠡᠭᠡᠳᠦ ᠵᠡᠷᠭᠡ᠎ᠶᠢᠨ ᠰᠤᠳᠤᠯᠤᠨ ᠰᠤᠷᠤᠯᠴᠠᠬᠤ ᠠᠩᠭᠢ ᠹᠦᠵᠢᠶᠠᠨ ᠮᠤᠵᠢ᠎ᠶᠢᠨ ᠰᠢᠶᠠᠮᠧᠨ ᠬᠣᠲᠠ᠎ᠳᠤ ᠶᠠᠪᠤᠭᠳᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠢᠦᠢ ᠬᠤᠢ ᠸᠧᠨ ᠬᠤᠷᠠᠯ᠎ᠳᠤ ᠣᠷᠣᠯᠴᠠᠭᠰᠠᠨ ᠪᠥᠭᠡᠳ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ᠃
8. 2025 ᠣᠨ᠎ᠤ 《ᠪᠢ ᠪᠣᠯ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠲᠠᠶ᠋ᠢᠯᠪᠤᠷᠢᠯᠠᠭᠴᠢ》 ᠭᠡᠬᠦ ᠰᠢᠶ᠋ᠳᠪᠦᠷᠢᠲᠦ ᠤᠷᠤᠯᠳᠤᠭᠠᠨ᠎ᠢ ᠪᠡᠭᠡᠵᠢᠩ᠎ᠳᠦ ᠠᠮᠵᠢᠯᠲᠠ᠎ᠲᠠᠢ᠎ᠪᠠᠷ ᠡᠷᠭᠢᠯᠡᠪᠡ
7 ᠰᠠᠷ᠎ᠠ᠎ᠶᠢᠨ 30᠎ᠤ ᠡᠳᠦᠷ᠂ 2025 ᠣᠨ᠎ᠤ 《ᠪᠢ ᠪᠣᠯ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠲᠠᠶ᠋ᠢᠯᠪᠤᠷᠢᠯᠠᠭᠴᠢ》 ᠵᠢᠨ ᠰᠢᠶ᠋ᠳᠪᠦᠷᠢᠲᠦ ᠤᠷᠤᠯᠳᠤᠭᠠᠨ ᠪᠡᠭᠡᠵᠢᠩ᠎ᠳᠦ ᠶᠠᠪᠤᠭᠳᠠᠪᠠ᠃ ᠲᠤᠰ ᠬᠤᠭᠤᠴᠠᠭᠠᠨ᠎ᠤ ᠰᠢᠢᠳᠪᠦᠷᠢᠲᠦ ᠤᠷᠤᠯᠳᠤᠭᠠᠨ ᠨᠢ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ·ᠰᠢᠨᠵᠢᠯᠡᠬᠦ ᠤᠬᠠᠭᠠᠨ ᠮᠡᠷᠭᠡᠵᠢᠯ᠎ᠦᠨ ᠬᠠᠮᠠᠭᠠᠯᠠᠯᠲᠠ》 ᠪᠡᠷ ᠭᠣᠣᠯ ᠰᠡᠳᠦᠪ ᠪᠣᠯᠭᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠢᠦᠢ ᠬᠤᠢ ᠸᠧᠨ ᠠᠵᠢᠯᠯᠠᠭ᠎ᠠ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠢ᠃
9. ᠠᠮᠢ ᠠᠬᠤᠶ ᠣᠷᠴᠢᠨ ᠲᠣᠭᠣᠷᠢᠨ᠎ᠤ ᠶᠠᠮᠤᠨ 7 ᠳ᠋ᠤᠭᠠᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ
7 ᠰᠠᠷ᠎ᠠ᠎ᠶᠢᠨ 28᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 7 ᠳ᠋ᠤᠭᠠᠷ ᠰᠠᠷ᠎ᠠ᠎ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠶ᠋ᠢᠭᠠᠯᠢ᠎ᠶᠢᠨ ᠠᠮᠢ ᠠᠬᠤᠢ᠎ᠶᠢᠨ ᠬᠠᠮᠠᠭᠠᠯᠠᠯᠲᠠ᠎ᠶᠢᠨ ᠵᠤᠷᠭᠠᠨ᠎ᠤ ᠳᠠᠷᠤᠭ᠎ᠠ ᠵᠠᠩ ᠢᠦᠢ ᠵᠢᠶᠦ᠋ᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠵᠤ᠂ ᠠᠮᠢ ᠠᠬᠤᠢ᠎ᠶᠢᠨ ᠬᠠᠮᠠᠭᠠᠯᠠᠯᠲᠠ ᠪᠣᠯᠤᠨ ᠰᠡᠷᠭᠦᠭᠡᠯᠲᠡ᠎ᠶᠢᠨ ᠬᠢᠨᠠᠯᠲᠠ ᠬᠠᠮᠢᠶᠠᠷᠤᠯᠲᠠ᠎ᠶᠢᠨ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠣᠨᠢᠨ ᠮᠡᠳᠡᠭᠡᠨ᠎ᠦ ᠥᠭᠦᠯᠡᠭᠴᠢ ᠫᠸᠢ ᠰᠢᠶᠤᠤ ᠹᠸᠢ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠡᠷᠭᠢᠯᠡᠵᠦ᠂ ᠣᠶ᠋ᠢᠷ᠎ᠠ᠎ᠶᠢᠨ ᠬᠤᠭᠤᠴᠠᠭᠠᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠭᠣᠥᠯᠳᠠᠯᠭ᠎ᠠ᠎ᠲᠠᠢ ᠠᠵᠢᠯ᠎ᠤᠨ ᠠᠬᠢᠴᠠ᠎ᠶᠢ ᠮᠡᠳᠡᠭᠳᠡᠭᠰᠡᠨ ᠪᠥᠭᠡᠳ ᠬᠠᠮᠲᠤ᠎ᠪᠠᠷ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠵᠠᠢ᠃
10. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠣᠪᠴᠢᠶᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《ᠠᠮᠢ ᠠᠬᠤᠶ ᠣᠷᠴᠢᠨ ᠲᠣᠭᠣᠷᠢᠨ᠎ᠤ ᠵᠠᠰᠠᠭ ᠵᠠᠬᠢᠷᠭᠠᠨ᠎ᠤ ᠪᠠᠶ᠋ᠢᠴᠠᠭᠠᠯᠲᠠ᠎ᠶᠢ ᠴᠢᠩᠭ᠎ᠠ ᠵᠢᠷᠤᠮᠵᠢᠭᠤᠯᠵᠤ ᠬᠠᠤᠯᠢ ᠬᠡᠷᠡᠭᠵᠢᠭᠦᠯᠦᠯᠲᠡ᠎ᠶᠢᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠬᠦ ᠲᠤᠬᠠᠶ ᠮᠡᠳᠡᠭᠳᠡᠯ》᠎ᠦᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ
ᠣᠶ᠋ᠢᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 《ᠠᠮᠢ ᠠᠬᠤᠶ ᠣᠷᠴᠢᠨ ᠲᠣᠭᠣᠷᠢᠨ᠎ᠤ ᠵᠠᠰᠠᠭ ᠵᠠᠬᠢᠷᠭᠠᠨ᠎ᠤ ᠪᠠᠶ᠋ᠢᠴᠠᠭᠠᠯᠲᠠ᠎ᠶᠢ ᠴᠢᠩᠭ᠎ᠠ ᠵᠢᠷᠤᠮᠵᠢᠭᠤᠯᠵᠤ ᠬᠠᠥᠯᠢ ᠬᠡᠷᠡᠭᠵᠢᠭᠦᠯᠦᠯᠲᠡ᠎ᠶᠢᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠬᠦ ᠲᠤᠬᠠᠶ ᠮᠡᠳᠡᠭᠳᠡᠯ》 (ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠯᠪᠠᠨ ᠬᠡᠷ ᠬᠠᠥᠯᠢ ᠬᠡᠷᠡᠭᠵᠢᠭᠦᠯᠬᠦ [ 2025 ] 20 ᠳ᠋ᠤᠭᠠᠷ ᠲᠣᠭᠠᠲᠤ᠂ ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠪᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠥᠯᠢ ᠬᠡᠷᠡᠭᠵᠢᠭᠦᠯᠬᠦ ᠲᠣᠪᠴᠢᠶ᠎ᠠ᠎ᠶᠢᠨ ᠬᠣᠯᠪᠣᠭᠳᠠᠯ ᠪᠥᠬᠥᠶ ᠬᠠᠷᠢᠭᠤᠴᠠᠯᠭᠠᠲᠠᠨ 《ᠮᠡᠳᠡᠭᠳᠡᠯ》᠎ᠤᠨ ᠬᠣᠯᠪᠣᠭᠳᠠᠯ ᠪᠥᠬᠥᠶ ᠪᠠᠶ᠋ᠢᠳᠠᠯ᠎ᠤᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ᠃
11. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠴᠤᠷᠠᠭ ᠡᠭᠦᠰᠭᠡᠭᠴᠢ᠎ᠶᠢᠨ ᠠᠶᠤᠯᠭᠦᠶ᠎ᠶᠢᠨ ᠬᠢᠨᠠᠯᠲᠠ ᠬᠠᠮᠢᠶᠠᠷᠤᠯᠲᠠ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《ᠴᠥᠮ᠎ᠡ᠎ᠶᠢᠨ ᠮᠡᠷᠭᠡᠵᠢᠯ᠎ᠦᠨ ᠰᠠᠴᠤᠷᠠᠭ ᠢᠳᠡᠪᠬᠢ ᠬᠠᠶᠠᠭᠳᠠᠮᠠᠯ ᠪᠣᠳᠠᠰ᠎ᠢ ᠠᠰᠢᠭᠯᠠᠬᠤ ᠬᠥᠮᠥᠷᠭᠡ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠮᠡᠷᠭᠡᠵᠢᠯ᠎ᠦᠨ ᠵᠢᠷᠤᠮᠵᠢᠯ》 (HJ1417 — 2025)᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ
ᠣᠶ᠋ᠢᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠠᠮᠢ ᠠᠬᠤᠶ ᠣᠷᠴᠢᠨ ᠲᠣᠭᠣᠷᠢᠨ᠎ᠤ ᠪᠠᠷᠢᠮᠵᠢᠶ᠎ᠠ 《ᠴᠥᠮ᠎ᠡ᠎ᠶᠢᠨ ᠮᠡᠷᠭᠡᠵᠢᠯ᠎ᠦᠨ ᠰᠠᠴᠤᠷᠠᠭ ᠢᠳᠡᠪᠬᠢ ᠬᠠᠶᠠᠭᠳᠠᠮᠠᠯ ᠪᠣᠳᠠᠰ᠎ᠢ ᠠᠰᠢᠭᠯᠠᠬᠤ ᠬᠥᠮᠥᠷᠭᠡ᠎ᠶᠢᠨ ᠠᠵᠢᠯᠯᠠᠭᠠᠨ᠎ᠤ ᠬᠠᠮᠢᠶᠠᠷᠤᠯᠲᠠ᠎ᠶᠢᠨ ᠮᠡᠷᠭᠡᠵᠢᠯ᠎ᠦᠨ ᠵᠢᠷᠤᠮᠵᠢᠯ》 (HJ1417 ︱ 2025᠂ ᠳᠣᠷᠣᠭᠰᠢ 《ᠪᠠᠷᠢᠮᠵᠢᠶ᠎ᠠ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ 2025 ᠣᠨ᠎ᠤ 9 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠴᠤᠷᠠᠭ ᠡᠭᠦᠰᠭᠡᠭᠴᠢ᠎ᠶᠢᠨ ᠠᠶᠤᠯᠭᠦᠶ᠎ᠶᠢᠨ ᠬᠢᠨᠠᠯᠲᠠ ᠬᠠᠮᠢᠶᠠᠷᠤᠯᠲᠠ᠎ᠶᠢᠨ ᠵᠤᠷᠭᠠᠨ᠎ᠤ ᠬᠣᠯᠪᠣᠭᠳᠠᠯ ᠪᠥᠬᠥᠶ ᠬᠠᠷᠢᠭᠤᠴᠠᠯᠭᠠᠲᠠᠨ 《ᠪᠠᠷᠢᠮᠵᠢᠶ᠎ᠠ》 ᠵᠢ ᠲᠣᠭᠲᠠᠭᠠᠭᠰᠠᠨ ᠠᠬᠤᠶ ᠪᠠᠶ᠋ᠢᠳᠠᠯ᠂ ᠲᠣᠭᠲᠠᠭᠠᠭᠰᠠᠨ ᠵᠠᠷᠴᠢᠮ᠂ ᠭᠣᠥᠯ ᠠᠭᠤᠯᠭ᠎ᠠ ᠵᠡᠷᠭᠡ ᠲᠠᠯ᠎ᠠ᠎ᠪᠠᠷ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ᠃
12. ᠠᠮᠢ ᠠᠬᠤᠶ ᠣᠷᠴᠢᠨ ᠲᠣᠭᠣᠷᠢᠨ᠎ᠤ ᠶᠠᠮᠤᠨ 2025 ᠣᠨ᠎ᠤ 6 ᠳ᠋ᠤᠭᠠᠷ ᠰᠠᠷ᠎ᠠ ᠪᠣᠯᠤᠨ 1— 6 ᠳ᠋ᠤᠭᠠᠷ ᠰᠠᠷ᠎ᠠ᠎ᠶᠢᠨ ᠪᠦᠬᠦ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠶ᠋ᠢᠳᠠᠯ᠎ᠢ ᠨᠡᠶ᠋ᠢᠲᠡᠯᠡᠪᠡ
ᠠᠮᠢ ᠠᠬᠤᠶ ᠣᠷᠴᠢᠨ ᠲᠣᠭᠣᠷᠢᠨ᠎ᠤ ᠶᠠᠮᠤᠨ 7 ᠰᠠᠷ᠎ᠠ᠎ᠶᠢᠨ 28᠎ᠤ ᠡᠳᠦᠷ 2025 ᠣᠨ᠎ᠤ 6 ᠳ᠋ᠤᠭᠠᠷ ᠰᠠᠷ᠎ᠠ ᠪᠠ 1—6 ᠳ᠋ᠤᠭᠠᠷ ᠰᠠᠷ᠎ᠠ᠎ᠶᠢᠨ ᠪᠥᠬᠥ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠪᠠᠶ᠋ᠢᠳᠠᠯ᠎ᠢ ᠵᠠᠭᠤᠴᠢᠯᠠᠭᠤᠷ᠎ᠤᠨ ᠬᠢᠨ᠎ᠳᠦ ᠨᠡᠶ᠋ᠢᠲᠡᠯᠡᠪᠡ᠃
13. ᠠᠮᠢ ᠠᠬᠤᠶ ᠣᠷᠴᠢᠨ ᠲᠣᠭᠣᠷᠢᠨ᠎ᠤ ᠶᠠᠮᠤᠨ 2025 ᠣᠨ᠎ᠤ ᠬᠣᠶᠠᠳᠤᠭᠠᠷ ᠤᠯᠠᠷᠢᠯ ᠪᠠ 1—6 ᠳ᠋ᠤᠭᠠᠷ ᠰᠠᠷ᠎ᠠ ᠶᠢᠨ ᠪᠦᠬᠦ ᠤᠯᠤᠰ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠎ᠢ ᠨᠡᠶ᠋ᠢᠲᠡᠯᠡᠪᠡ
ᠠᠮᠢ ᠠᠬᠤᠶ ᠣᠷᠴᠢᠨ ᠲᠣᠭᠣᠷᠢᠨ᠎ᠤ ᠶᠠᠮᠤᠨ 7 ᠰᠠᠷ᠎ᠠ᠎ᠶᠢᠨ 28᠎ᠤ ᠡᠳᠦᠷ 2025 ᠣᠨ᠎ᠤ ᠬᠣᠶᠠᠳᠤᠭᠠᠷ ᠤᠯᠠᠷᠢᠯ (4 ︱ 6 ᠳ᠋ᠤᠭᠠᠷ ᠰᠠᠷ᠎ᠠ) ᠪᠣᠯᠤᠨ 1 ︱ 6 ᠳ᠋ᠤᠭᠠᠷ ᠰᠠᠷ᠎ᠠ᠎ᠶᠢᠨ ᠪᠥᠬᠥ ᠤᠯᠤᠰ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠶ᠋ᠢᠳᠠᠯ᠎ᠢ ᠨᠡᠶ᠋ᠢᠲᠡᠯᠡᠪᠡ᠃
14. ᠠᠮᠢ ᠠᠬᠤᠶ ᠣᠷᠴᠢᠨ ᠲᠣᠭᠣᠷᠢᠨ᠎ᠤ ᠶᠠᠮᠤᠨ 8 ᠳ᠋ᠤᠭᠠᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠴᠢᠨᠠᠷ ᠴᠢᠨᠰᠠᠭ᠎ᠠ᠎ᠶᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠶ᠋ᠢᠲᠡᠯᠡᠪᠡ
2025 ᠣᠨ᠎ᠤ 7 ᠰᠠᠷ᠎ᠠ᠎ᠶᠢᠨ 31᠎ᠦ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠶ ᠥᠷᠲᠡᠭᠡ ᠲᠥᠪ᠎ᠦᠨ ᠴᠠᠭ ᠠᠭᠤᠷ᠎ᠤᠨ ᠬᠣᠷᠢᠶ᠎ᠠ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠤᠭᠤᠮᠳᠠ ᠰᠢᠪᠳᠤᠯᠬᠤ ᠬᠠᠮᠲᠤᠷᠠᠭᠰᠠᠨ ᠲᠥᠪ᠂ ᠵᠡᠭᠦᠨ ᠬᠣᠶ᠋ᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠶ᠋ᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠶ᠋ᠢᠭ᠋ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠲᠥᠪ ᠪᠠ ᠪᠡᠭᠡᠵᠢᠩ ᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠲᠥᠪ᠎ᠲᠠᠢ ᠬᠣᠯᠪᠣᠭᠠᠯᠠᠨ᠂ 8 ᠳ᠋ᠤᠭᠠᠷ ᠰᠠᠷ᠎ᠠ᠎ᠶᠢᠨ ᠳᠡᠭᠡᠷ᠎ᠡ ᠬᠠᠭᠠᠰ ᠰᠠᠷ᠎ᠠ (8 ᠰᠠᠷ᠎ᠠ᠎ᠶᠢᠨ 1᠎ᠦ ᠡᠳᠦᠷ᠎ᠡᠴᠡ 15᠎ᠤ ᠡᠳᠦᠷ) ᠵᠢᠨ ᠪᠥᠬᠥ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠪᠡ᠃