ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠢᠭᠡ ᠭᠠᠷᠠᠭ᠎ᠤᠨ ᠴᠢᠬᠤᠯᠠ ᠮᠡᠳᠡᠭᠡ ( 1.11︱1.17 )
ᠨᠡᠶ᠋ᠢᠲᠡᠯᠡᠭᠰᠡᠨ ᠴᠠᠭ᠄ 2026-01-20

      1. ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠎ᠶᠢᠨ ᠠᠵᠢᠯ᠎ᠤᠨ ᠬᠤᠷᠠᠯᠳᠤᠭᠠᠨ ᠪᠡᠭᠡᠵᠢᠩ᠎ᠳᠦ ᠬᠤᠷᠠᠯᠳᠤᠪᠠ
      1 ᠰᠠᠷ᠎ᠠ᠎ᠶᠢᠨ 14 ᠡᠴᠡ 15᠎ᠤ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠡᠭᠡᠵᠢᠩ᠎ᠳᠦ 2026 ᠣᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ ᠨᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ ᠵᠢᠴᠢ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ 2025 ᠣᠨ ᠪᠠ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ᠎ᠢ ᠰᠢᠰᠲᠧᠮ᠎ᠲᠠᠢ᠎ᠪᠡᠷ ᠳ᠋ᠦᠩᠨᠡᠵᠦ᠂ ᠲᠤᠯᠭᠠᠷᠠᠵᠤ ᠪᠠᠢᠭ᠎ᠠ ᠪᠠᠢᠳᠠᠯ ᠪᠠ ᠥᠷᠢᠰᠦᠯᠳᠦᠭᠡᠨ᠎ᠢ ᠭᠦᠨᠵᠡᠭᠡᠢ ᠵᠠᠳᠠᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠠᠵᠢᠯ᠎ᠢ ᠰᠤᠳᠤᠯᠤᠨ ᠰᠦᠪᠡᠭᠴᠢᠯᠡᠵᠦ᠂ 2026 ᠣᠨ᠎ᠤ ᠭᠣᠣᠯᠳᠠᠯᠭ᠎ᠠ᠎ᠲᠠᠢ ᠡᠭᠦᠷᠭᠡ᠎ᠶᠢ ᠲᠣᠬᠢᠷᠠᠭᠤᠯᠤᠨ ᠪᠠᠢᠷᠢᠯᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ ᠬᠤᠸᠠᠩ ᠷᠦᠨ ᠴᠢᠦ ᠬᠤᠷᠠᠯ᠎ᠳᠤ ᠣᠷᠣᠯᠴᠠᠨ ᠠᠵᠢᠯ᠎ᠤᠨ ᠮᠡᠳᠡᠭᠦᠯᠦᠯᠲᠡ ᠬᠢᠵᠡᠢ᠃
      2. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠪᠠ
      1 ᠰᠠᠷ᠎ᠠ᠎ᠶᠢᠨ 16᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠰᠦᠨ ᠵᠢᠨ ᠯᠦᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠪᠥᠬᠥ ᠤᠯᠤᠰ᠎ᠤᠨ ᠤᠬᠠᠭᠤᠯᠬᠤ ᠬᠡᠯᠲᠡᠰ᠎ᠦᠨ ᠳᠠᠷᠤᠭ᠎ᠠ ᠨᠠᠷ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠪᠠ᠃
      3. ᠠᠮᠢ ᠠᠬᠤᠢ ᠣᠷᠴᠢᠨ ᠲᠣᠭᠣᠷᠢᠨ᠎ᠤ ᠶᠠᠮᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢᠨ 《 ᠪᠦᠬᠦ ᠬᠡᠯᠬᠢᠶ᠎ᠡ 》᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠬᠤ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠳᠦᠷᠢᠮ᠎ᠢ ᠲᠦᠷᠭᠡᠪᠴᠢᠯᠡᠨ ᠨᠠᠢᠳᠠᠪᠤᠷᠢᠵᠢᠭᠤᠯᠬᠤ ᠲᠤᠬᠠᠢ ᠰᠤᠳᠤᠯᠤᠨ ᠶᠠᠷᠢᠯᠴᠠᠪᠠ
      2026 ᠣᠨ᠎ᠤ 1 ᠰᠠᠷ᠎ᠠ᠎ᠶᠢᠨ 10᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠣᠷᠴᠢᠨ ᠲᠣᠭᠣᠷᠢᠨ᠎ᠤ ᠨᠥᠯᠥᠭᠡᠯᠡᠯ᠎ᠦᠨ ᠦᠨᠡᠯᠡᠯᠲᠡ᠎ᠶᠢᠨ 〈 ᠪᠥᠬᠥ ᠬᠡᠯᠬᠢᠶ᠎ᠡ 〉᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠦᠨ ᠳᠦᠷᠢᠮ᠎ᠢ ᠲᠦᠷᠭᠡᠪᠴᠢᠯᠡᠨ ᠨᠠᠢᠳᠠᠪᠤᠷᠢᠵᠢᠭᠤᠯᠬᠤ 》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠠᠤᠯᠢ ᠴᠠᠭᠠᠵᠠ᠎ᠶᠢᠨ ᠠᠵᠢᠯ᠎ᠤᠨ ᠵᠥᠪᠯᠡᠯ᠎ᠦᠨ ᠳᠡᠳ᠋ ᠡᠷᠬᠢᠯᠡᠭᠴᠢ ᠬᠤᠸᠠᠩ ᠸᠧᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠭᠦᠸᠧ ᠹᠠᠩ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠸᠠᠩ ᠵᠢᠨ ᠨᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
      4. ᠳᠤᠮᠳᠠᠳᠤ ᠺᠠᠽᠠᠬ᠍ᠰᠲ᠋ᠠᠠ ᠊ᠣ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠮᠲᠤᠷᠠᠯᠴᠠᠭᠠᠨ᠎ᠤ ᠺᠣᠮᠢᠰ᠎ᠤᠨ ᠠᠷᠪᠠᠨ ᠬᠣᠶᠠᠳᠤᠭᠠᠷ ᠬᠤᠷᠠᠯᠳᠤᠭᠠᠨ ᠬᠤᠷᠠᠯᠳᠤᠪᠠ
      2026 ᠣᠨ᠎ᠤ 1 ᠰᠠᠷ᠎ᠠ᠎ᠶᠢᠨ 16᠎ᠤ ᠡᠳᠦᠷ᠂ ᠳᠤᠮᠳᠠᠳᠤ ᠤᠯᠤᠰ ︱ ᠺᠠᠽᠠᠭᠰᠲ᠋ᠠᠨ᠎ᠤ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠮᠲᠤᠷᠠᠯᠴᠠᠭᠠᠨ᠎ᠤ ᠵᠥᠪᠯᠡᠯ ( ᠳᠣᠷᠣᠭ᠍ᠰᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠥᠪᠯᠡᠯ ᠭᠡᠵᠦ ᠳᠥᠭᠥᠮᠴᠢᠯᠡᠨ᠎ᠡ )᠎ᠤᠨ ᠠᠷᠪᠠᠨ ᠬᠣᠶᠠᠳᠤᠭᠠᠷ ᠤᠳᠠᠭ᠎ᠠ᠎ᠶᠢᠨ ᠬᠤᠷᠠᠯ ᠸᠢᠳᠢᠤ᠋᠎ᠶᠢᠨ ᠬᠡᠯᠪᠡᠷᠢ᠎ᠪᠡᠷ ᠬᠤᠷᠠᠯᠳᠤᠪᠠ᠃ ᠬᠤᠷᠠᠯ᠎ᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠵᠥᠪᠯᠡᠯ᠎ᠦᠨ ᠳᠤᠮᠳᠠᠳᠤ᠎ᠶᠢᠨ ᠲᠠᠯ᠎ᠠ᠎ᠶᠢᠨ ᠲᠡᠷᠢᠭᠦᠯᠡᠭᠴᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠭᠦᠸᠧ ᠹᠠᠩ ᠪᠣᠯᠣᠨ ᠺᠠᠽᠠᠭᠰᠲ᠋ᠠᠨ᠎ᠤ ᠲᠠᠯ᠎ᠠ᠎ᠶᠢᠨ ᠲᠡᠷᠢᠭᠦᠯᠡᠭᠴᠢ᠂ ᠪᠦᠬᠦᠳᠡ ᠨᠠᠢᠷᠠᠮᠳᠠᠬᠤ ᠺᠠᠽᠠᠭᠰᠲ᠋ᠠᠨ ᠤᠯᠤᠰ᠎ᠤᠨ ᠠᠮᠢ ᠠᠬᠤᠢ ᠪᠣᠯᠣᠨ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠳᠡᠳ᠋ ᠰᠠᠢᠳ ᠤᠱᠦ᠋ᠯᠪᠠᠶ᠋ᠥᠹ ᠬᠠᠮᠲᠤ᠎ᠪᠠᠷ ᠡᠷᠬᠢᠯᠡᠪᠡ᠃
      5. ᠠᠮᠢ ᠠᠬᠤᠢ ᠣᠷᠴᠢᠨ ᠲᠣᠭᠣᠷᠢᠨ᠎ᠤ ᠶᠠᠮᠤᠨ ( ᠤᠯᠤᠰ᠎ᠤᠨ ᠴᠥᠮ᠎ᠡ ᠎ᠶᠢᠨ ᠠᠶᠤᠯᠭᠦᠢ᠎ᠶᠢᠨ ᠲᠣᠪᠴᠢᠶ᠎ᠠ ) ᠳᠤᠮᠳᠠᠳᠤ ᠤᠯᠤᠰ᠎ᠤᠨ ᠴᠥᠮ᠎ᠡ ᠎ᠶᠢᠨ ᠪᠦᠯᠦᠭᠯᠡᠯ᠂ ᠳᠤᠮᠳᠠᠳᠤ ᠤᠯᠤᠰ᠎ᠤᠨ ᠭᠤᠸᠠᠩᠵᠧᠦ᠎ᠶᠢᠨ ᠴᠥᠮ᠎ᠡ᠎ᠶᠢᠨ ᠪᠦᠯᠦᠭᠯᠡᠯ᠎ᠲᠠᠢ ᠴᠥᠮ᠎ᠡ᠎ᠶᠢᠨ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠣᠨ᠎ᠤ ᠶᠠᠷᠢᠯᠴᠠᠭᠠᠨ᠎ᠤ ᠠᠵᠢᠯᠯᠠᠭ᠎ᠠ ᠥᠷᠨᠢᠭᠦᠯᠪᠡ
      ᠠᠮᠢ ᠠᠬᠤᠢ ᠣᠷᠴᠢᠨ ᠲᠣᠭᠣᠷᠢᠨ᠎ᠤ ᠶᠠᠮᠤᠨ ( ᠤᠯᠤᠰ᠎ᠤᠨ ᠴᠥᠮ᠎ᠡ᠎ᠶᠢᠨ ᠠᠶᠤᠯᠭᠦᠢ᠎ᠶᠢᠨ ᠲᠣᠪᠴᠢᠶ᠎ᠠ ) ᠣᠢᠷ᠎ᠠ᠎ᠳᠤ ᠳᠤᠮᠳᠠᠳᠤ ᠤᠯᠤᠰ᠎ᠤᠨ ᠴᠥᠮ᠎ᠡ᠎ᠶᠢᠨ ᠪᠦᠯᠦᠭᠯᠡᠯ᠂ ᠳᠤᠮᠳᠠᠳᠤ ᠤᠯᠤᠰ᠎ᠤᠨ ᠭᠤᠸᠠᠩᠵᠧᠦ᠎ᠶᠢᠨ ᠴᠥᠮ᠎ᠡ᠎ᠶᠢᠨ ᠪᠦᠯᠦᠭᠯᠡᠯ᠎ᠲᠠᠢ ᠴᠥᠮ᠎ᠡ᠎ᠶᠢᠨ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢᠨ ᠣᠨ᠎ᠤ ᠶᠠᠷᠢᠯᠴᠠᠭᠠᠨ᠎ᠤ ᠠᠵᠢᠯᠯᠠᠭ᠎ᠠ ᠥᠷᠨᠢᠭᠦᠯᠵᠦ᠂ ᠴᠥᠮ᠎ᠡ᠎ᠶᠢᠨ ᠠᠶᠤᠯᠭᠦᠢ᠎ᠶᠢᠨ ᠭᠣᠣᠯᠳᠠᠯᠭ᠎ᠠ᠎ᠲᠠᠢ ᠠᠰᠠᠭᠤᠳᠠᠯ᠎ᠤᠨ ᠵᠦᠢᠯᠡᠰ᠎ᠢ ᠬᠠᠷᠢᠭᠤ ᠲᠤᠰᠬᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ᠂ ᠤᠯᠤᠰ᠎ᠤᠨ ᠴᠥᠮ᠎ᠡ᠎ᠶᠢᠨ ᠠᠮᠤᠷ ᠲᠦᠪᠰᠢᠨ᠎ᠦ ᠲᠣᠪᠴᠢᠶᠠᠨ᠎ᠤ ᠳᠠᠷᠤᠭ᠎ᠠ ᠳ᠋ᠦᠩ ᠪᠦᠦ ᠲᠦᠩ ᠶᠠᠷᠢᠯᠴᠠᠭᠠᠨ᠎ᠤ ᠠᠵᠢᠯᠯᠠᠭ᠎ᠠ᠎ᠶᠢ ᠡᠷᠬᠢᠯᠡᠪᠡ᠃
      6. ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠲᠥᠷᠥ᠎ᠶᠢᠨ ᠪᠣᠳᠣᠯᠭ᠎ᠠ᠎ᠶᠢᠨ ᠪᠠᠢᠩᠭᠤ᠎ᠶᠢᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠤᠤ ᠬᠤᠷᠠᠯ᠎ᠳᠤ ᠣᠷᠣᠯᠴᠠᠪᠠ
      ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ 2026 ᠣᠨ᠎ᠤ 1 ᠰᠠᠷ᠎ᠠ᠎ᠶᠢᠨ 13᠎ᠤ ᠡᠳᠦᠷ ( ᠭᠠᠷᠠᠭ᠎ᠤᠨ ᠬᠣᠶᠠᠷ )᠎ᠤᠨ ᠦᠳᠡ᠎ᠶᠢᠨ ᠡᠮᠦᠨᠡᠬᠢ 10 ᠴᠠᠭ᠎ᠲᠤ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ ᠵᠧᠦ ᠬᠠᠢ ᠪᠢᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠢᠳ ᠯᠢ ᠭᠣᠸ᠋᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠡᠨᠧᠷᠭᠢ ᠠᠷᠪᠢᠯᠠᠬᠤ ᠪᠠ ᠶᠡᠷᠦᠩᠬᠡᠢᠯᠡᠨ ᠠᠰᠢᠭ᠍ᠯᠠᠬᠤ ᠵᠤᠷᠭᠠᠨ᠎ᠤ ᠳᠠᠷᠤᠭ᠎ᠠ ᠸᠠᠩ ᠫᠧᠩ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠬᠣᠲᠠ᠎ᠶᠢᠨ ᠪᠦᠲᠦᠭᠡᠨ ᠪᠠᠢᠭᠤᠯᠤᠯᠲᠠ᠎ᠶᠢᠨ ᠵᠤᠷᠭᠠᠨ᠎ᠤ ᠳᠠᠷᠤᠭ᠎ᠠ ᠬᠤ᠌ ᠽᠢ ᠵᠢᠶᠠᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠵᠤᠷᠭᠠᠨ᠎ᠤ ᠬᠠᠷᠢᠭᠤᠴᠠᠯᠭᠠᠲᠠᠨ ᠶᠠᠩ ᠷᠦ᠍ ᠵᠡᠷᠭᠡ ᠬᠥᠮᠥᠰ᠎ᠢ ᠤᠷᠢᠵᠤ 《ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ ᠠᠵᠢᠯᠯᠠᠭᠠᠨ᠎ᠤ ᠲᠥᠯᠥᠪᠯᠡᠭᠡ》᠎ᠶᠢᠨ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠬᠤ᠎ᠶᠢᠨ ᠬᠠᠮᠲᠤ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
      7. ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠢᠭᠠᠯᠢ᠎ᠶᠢᠨ ᠠᠮᠢ ᠠᠬᠤᠢ᠎ᠶᠢᠨ ᠬᠠᠮᠠᠭᠠᠯᠠᠯᠲᠠ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠤᠯᠤᠰ᠎ᠤᠨ ᠴᠡᠴᠡᠷᠯᠢᠭ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) 》 ᠵᠡᠷᠭᠡ ᠬᠣᠶᠠᠷ ᠵᠦᠢᠯ᠎ᠦᠨ ᠮᠡᠷᠭᠡᠵᠢᠯ᠎ᠦᠨ ᠵᠢᠷᠤᠮᠵᠢᠯ᠎ᠤᠨ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠳᠠ᠎ᠶᠢ ᠬᠠᠷᠢᠭᠤᠯᠪᠠ
      ᠣᠢᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ 《 ᠤᠯᠤᠰ᠎ᠤᠨ ᠴᠡᠴᠡᠷᠯᠢᠭ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠵᠢᠷᠤᠮᠵᠢᠯ ( ᠲᠤᠷᠰᠢᠨ    ᠬᠡᠷᠡᠭᠵᠢᠭᠦᠯᠬᠦ ) 》 《 ᠪᠠᠢᠭᠠᠯᠢ᠎ᠶᠢᠨ ᠴᠡᠴᠡᠷᠯᠢᠭ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) 》 ( ᠳᠣᠷᠣᠭ᠍ᠰᠢ 《 ᠬᠣᠶᠠᠷ ᠵᠦᠢᠯ᠎ᠦᠨ 〈 ᠮᠡᠷᠭᠡᠵᠢᠯ᠎ᠦᠨ ᠵᠢᠷᠤᠮᠵᠢᠯ 〉 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠪᠠ᠃ ᠬᠣᠶᠠᠷ ᠵᠦᠢᠯ᠎ᠦᠨ 《 ᠮᠡᠷᠭᠡᠵᠢᠯ᠎ᠦᠨ ᠵᠢᠷᠤᠮᠵᠢᠯ 》᠎ᠢ ᠲᠣᠭᠲᠠᠭᠠᠭᠰᠠᠨ ᠬᠣᠯᠪᠣᠭᠳᠠᠯ ᠪᠦᠬᠦᠢ ᠪᠠᠢᠳᠠᠯ᠎ᠤᠨ ᠲᠤᠬᠠᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠢᠭᠠᠯᠢ᠎ᠶᠢᠨ ᠠᠮᠢ ᠠᠬᠤᠢ᠎ᠶᠢᠨ ᠬᠠᠮᠠᠭᠠᠯᠠᠯᠲᠠ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
      8. ᠠᠮᠢ ᠠᠬᠤᠢ ᠣᠷᠴᠢᠨ ᠲᠣᠭᠣᠷᠢᠨ᠎ᠤ ᠶᠠᠮᠤᠨ 2026 ᠣᠨ᠎ᠤ 1 ᠰᠠᠷ᠎ᠠ᠎ᠶᠢᠨ ᠳᠣᠣᠷ᠎ᠠ ᠬᠠᠭᠠᠰ ᠰᠠᠷ᠎ᠠ᠎ᠶᠢᠨ ᠪᠦᠬᠦ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠵᠦ ᠵᠥᠪᠳᠡᠯᠴᠡᠭᠰᠡᠨ ᠳ᠋ᠦᠩ᠎ᠢ ᠨᠡᠢᠲᠡᠯᠡᠪᠡ
      2026 ᠣᠨ᠎ᠤ 1 ᠰᠠᠷ᠎ᠠ᠎ᠶᠢᠨ 15᠎ᠤ ᠡᠳᠦᠷ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠶᠡᠷᠦᠩᠬᠡᠢ ᠥᠷᠲᠡᠭᠡ ᠨᠢ ᠲᠥᠪ᠎ᠦᠨ ᠴᠠᠭ ᠠᠭᠤᠷ᠎ᠤᠨ ᠬᠣᠷᠢᠶ᠎ᠠ ᠂ ᠤᠯᠤᠰ᠎ᠤᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠬᠠᠮᠲᠤᠷᠠᠭᠰᠠᠨ ᠲᠥᠪ᠂ ᠵᠡᠭᠦᠨ ᠬᠣᠢᠲᠤ ᠣᠷᠣᠨ᠂ ᠡᠮᠦᠨᠡᠲᠦ ᠣᠷᠣᠨ᠂ ᠪᠠᠷᠠᠭᠤᠨ ᠡᠮᠦᠨᠡᠲᠦ ᠣᠷᠣᠨ᠂ ᠪᠠᠷᠠᠭᠤᠨ ᠬᠣᠢᠲᠤ ᠣᠷᠣᠨ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠣᠷᠣᠨ ᠪᠦᠰᠡ᠎ᠶᠢᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠲᠥᠪ ᠪᠠ ᠪᠡᠭᠡᠵᠢᠩ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ᠎ᠲᠠᠢ ᠬᠣᠯᠪᠤᠭᠠᠯᠠᠨ᠂ 1 ᠳ᠋ᠦ᠍ᠭᠡᠷ ᠰᠠᠷ᠎ᠠ᠎ᠶᠢᠨ ᠳᠣᠣᠷᠠᠳᠤ ᠬᠠᠭᠠᠰ ᠰᠠᠷ᠎ᠠ ( 1 ᠰᠠᠷ᠎ᠠ᠎ᠶᠢᠨ 16᠎ᠤ ᠡᠳᠦᠷ᠎ᠡᠴᠡ 31᠎ᠦ ᠡᠳᠦᠷ ) ᠵᠢᠨ ᠪᠥᠬᠥ ᠤᠯᠤᠰ᠎ᠤᠨ ᠠᠭᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠵᠥᠪᠳᠡᠯᠴᠡᠭᠡ᠎ᠶᠢ ᠥᠷᠨᠢᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号