ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠰᠢ ᠵᠢᠨ ᠫᠢᠩ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠲᠦᠷᠦᠭᠦᠴᠦᠳ᠎ᠤᠨ ᠬᠤᠷᠠᠯᠳᠤᠭ᠋ᠠᠨ᠎ᠳᠤ ᠴᠢᠬᠤᠯᠠ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2020-10-12

    ᠰᠢ ᠵᠢᠨ ᠫᠢᠩ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠲᠦᠷᠦᠭᠦᠴᠦᠳ᠎ᠤᠨ ᠬᠤᠷᠠᠯᠳᠤᠭ᠋ᠠᠨ᠎ᠳᠤ ᠴᠢᠬᠤᠯᠠ ᠶᠠᠷᠢᠶ᠎ᠠ ᠲᠠᠯᠪᠢᠵᠠᠢ
ᠡᠯ᠎ᠡ ᠤᠯᠤᠰ᠎ᠤᠨ ᠠᠮᠢ ᠠᠬᠤᠶ ᠵᠢᠨ ᠪᠣᠯᠪᠠᠰᠤᠨ᠎ᠢ ᠪᠠᠷᠢᠮᠲᠠᠯᠠᠨ᠂ ᠣᠯᠠᠨ ᠲᠠᠯᠠᠲᠤ ᠦᠵᠡᠯ᠎ᠢ ᠪᠠᠷᠢᠮᠲᠠᠯᠠᠨ᠂   ᠪᠣᠬᠢᠷᠲᠤᠯ ᠦᠭᠡᠶ ᠬᠥᠭᠵᠢᠯᠲᠡ ᠵᠢ ᠪᠠᠲᠤᠯᠠᠵᠤ᠂ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠍ᠠᠳᠬᠠᠬᠤ ᠵᠢ ᠰᠠᠨᠠᠭ᠋ᠠᠴᠢᠯᠠᠪᠠ
    ᠳᠤᠮᠳᠠᠳᠤ ᠤᠯᠤᠰ  ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ   ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠦᠲᠦᠭᠡᠨ ᠪᠠᠶ᠋ᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠪᠠ ᠪᠦᠬᠦ ᠪᠥᠮᠪᠥᠷᠴᠡᠭ᠎ᠤᠨ   ᠣᠷᠴᠢᠨ ᠲᠣᠭᠣᠷᠢᠨ᠎ᠤ ᠵᠠᠰᠠᠯᠲᠠ ᠵᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ
    ᠤᠯᠤᠰ᠎ᠤᠨ ᠲᠡᠷᠢᠭᠦᠯᠡᠭᠴᠢ ᠰᠢ ᠵᠢᠨ ᠫᠢᠩ 30 ᠎ᠤ   ᠡᠳᠦᠷ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠲᠦᠷᠦᠭᠦᠴᠦᠳ᠎ᠤᠨ ᠬᠤᠷᠠᠯᠳᠤᠭ᠋ᠠᠨ ᠎ᠳᠤ ᠸᠢᠳᠢᠤ᠋᠎ᠪᠠᠷ ᠴᠢᠬᠤᠯᠠ ᠶᠠᠷᠢᠶ᠎ᠠ ᠲᠠᠯᠪᠢᠵᠠᠢ᠃ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠪᠠᠶ᠋ᠢᠭᠤᠯᠤᠭᠳᠠᠭᠰᠠᠨ 75 ᠵᠢᠯ᠎ᠤᠨ ᠤᠢ ᠵᠢᠨ ᠲᠠᠰᠢᠷᠠᠮ᠎ᠳᠤ᠂ ᠡᠯ᠎ᠡ ᠤᠯᠤᠰ᠎ᠤᠨ᠎ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠳᠡᠮᠡᠴᠡᠨ᠂ ᠠᠵᠤ ᠠᠬᠤᠶ ᠵᠢᠨ ᠴᠢᠨᠠᠷ ᠰᠠᠶ᠋ᠢᠲᠠᠶ ᠰᠡᠷᠭᠦᠯᠲᠡ ᠵᠢ ᠠᠬᠢᠭᠤᠯᠵᠤ ᠪᠠᠶ᠋ᠢᠭ᠎ᠠ ᠣᠨᠴᠠᠭ᠋ᠠᠶ ᠴᠠᠭ ᠮᠥᠴᠡ᠎ᠳᠤ᠂ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠲᠦᠷᠦᠭᠦᠴᠦᠳ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠯᠠᠨ ᠵᠶ᠋ᠠᠷ ᠵᠶ᠋ᠠᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂   ᠦᠷᠭᠦᠯᠵᠢᠯᠡᠬᠦᠢ᠌ᠴᠡ ᠬᠥᠭᠵᠢᠯᠲᠡ ᠵᠢ ᠠᠬᠢᠭᠤᠯᠬᠤ ᠴᠢᠬᠤᠯᠠ ᠶᠡᠭᠡ ᠰᠡᠳᠦᠪ᠎ᠢ ᠬᠠᠮᠳᠤ᠎ᠪᠠᠷ ᠶᠠᠷᠢᠯᠴᠠᠵᠤ ᠪᠠᠶ᠋ᠢᠭ᠎ᠠ᠎ᠨᠢ ᠠᠬᠤᠢ᠍ᠢ᠍ᠴᠢ ᠪᠦᠭᠡᠳ ᠠᠯᠤᠰ ᠬᠡᠳᠦ ᠵᠢᠨ ᠠᠴᠢ ᠬᠤᠯᠪᠣᠭᠳᠠᠯ᠎ᠲᠠᠢ ᠶᠤᠮ   ᠭᠡᠵᠦ ᠴᠢᠬᠤᠯᠠᠴᠢᠯᠠᠪᠠ᠃

    ᠣᠳᠣᠬᠠᠨ᠎ᠳᠤ ᠪᠦᠬᠦ ᠪᠥᠮᠪᠥᠷᠴᠡᠭ᠎ᠤᠨ ᠲᠥᠷᠰᠥ ᠵᠢᠨ ᠤᠰᠠᠳᠤᠯ᠎ᠤᠨ ᠬᠤᠷᠳᠤᠴᠠ ᠲᠠᠰᠤᠷᠠᠯᠲᠠ ᠦᠭᠡᠢ ᠲᠦᠷᠭᠡᠰᠴᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠵᠤ ᠪᠠᠶ᠋ᠢᠭ᠎ᠠ ᠪᠠ ᠠᠮᠢ ᠠᠬᠤᠶ ᠵᠢᠨ ᠰᠢᠰᠲ᠋ᠧᠮ ᠮᠠᠭᠤᠳᠠᠵᠤ ᠪᠠᠶ᠋ᠢᠭ᠎ᠠ᠎ᠨᠢ ᠬᠥᠮᠦᠨ ᠲᠥᠷᠥᠯᠬᠢᠲᠡᠨ᠎ᠤ ᠣᠷᠣᠰᠢᠯ ᠲᠣᠭᠲᠠᠨᠢᠯ ᠪᠤᠯᠤᠨ ᠬᠥᠭᠵᠢᠯᠳᠠ᠎ᠳᠤ ᠬᠦᠨᠳᠦ ᠶᠡᠭᠡ ᠠᠶᠤᠯ ᠲᠦᠭᠰᠢᠭᠦᠷᠢ ᠤᠴᠠᠷᠠᠭᠤᠯᠵᠤ ᠪᠠᠶ᠋ᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠨᠢ ᠬᠥᠮᠦᠨ ᠬᠢᠭᠡᠳ ᠪᠠᠶ᠋ᠢᠭ᠋ᠠᠯᠢ ᠪᠣᠯ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ ᠬᠡᠳᠡᠭ᠎ᠢ ᠪᠢᠳᠡᠨ᠎ᠳᠤ ᠬᠡᠯᠡᠵᠥ ᠦᠭᠪᠡ᠃ ᠪᠢᠳᠡ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠳᠠᠷᠤᠢ ᠲᠦᠷᠭᠡᠨ ᠬᠥᠳᠡᠯᠦᠯᠴᠡᠨ᠂ ᠬᠥᠭᠵᠢᠬᠦᠯᠬᠦ ᠳᠤᠮᠳᠠ ᠬᠠᠮᠠᠭ᠋ᠠᠯᠠᠵᠤ᠂ ᠬᠠᠮᠠᠭ᠋ᠠᠯᠠᠬᠤ ᠳᠤᠮᠳᠠ ᠬᠥᠭᠵᠢᠭᠦᠯᠵᠦ᠂ ᠲᠦᠮᠡᠨ ᠪᠣᠳᠠᠰ ᠡᠶ᠎ᠡ ᠵᠤᠬᠢᠴᠠᠩᠭᠤᠢ᠎ᠪᠠᠷ ᠬᠠᠮᠳᠤ ᠤᠷᠤᠰᠢᠬᠤ ᠦᠵᠡᠰᠬᠦᠯᠡᠩᠲᠦ ᠰᠠᠶ᠋ᠢᠬᠠᠨ ᠭᠡᠷ ᠣᠷᠣᠨ ᠵᠶ᠋ᠠᠨ ᠬᠠᠮᠲᠤ᠎ᠪᠠᠷ ᠪᠦᠲᠦᠭᠡᠨ ᠪᠠᠶ᠋ᠢᠭᠤᠯᠬᠤ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ ᠡᠨᠡ ᠲᠤᠬᠠᠢ 4   ᠰᠠᠨᠠᠯ ᠳᠤᠷᠠᠳᠪᠠ᠄
    ᠨᠢᠭᠡ᠎ᠳᠤ᠂ ᠠᠮᠢ ᠠᠬᠤᠢ ᠵᠢᠨ ᠪᠣᠯᠪᠠᠰᠤᠨ᠎ᠢ ᠪᠠᠷᠢᠮᠲᠠᠯᠠᠵᠤ᠂ ᠦᠵᠡᠰᠬᠦᠯᠡᠩᠲᠦ ᠰᠠᠶ᠋ᠢᠬᠠᠨ ᠪᠦᠮᠪᠦᠷᠴᠷᠭ᠎ᠢ ᠪᠦᠲᠦᠭᠡᠨ ᠪᠠᠶ᠋ᠢᠭᠤᠯᠬᠤ ᠬᠥᠳᠡᠯᠭᠡᠬᠦ ᠬᠦᠴᠦᠨ᠎ᠢ ᠴᠢᠩᠭ᠋ᠠᠳᠬᠠᠨ᠎ᠠ᠃ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠨᠢ ᠬᠦᠮᠦᠨ ᠲᠦᠷᠦᠯᠬᠢᠳᠡᠨ᠎ᠤ ᠪᠤᠶᠠᠨ ᠵᠢᠷᠭ᠋ᠠᠯ᠎ᠳᠤ ᠬᠤᠯᠪᠤᠭᠳᠠᠵᠦ᠂ ᠬᠥᠮᠦᠨ ᠲᠥᠷᠥᠯᠬᠢᠲᠡᠨ᠎ᠤ ᠣᠷᠣᠰᠢᠨ ᠲᠣᠭᠲᠠᠨᠢᠬᠤ ᠪᠠ ᠬᠥᠭᠵᠢᠬᠦ ᠵᠢᠨ ᠴᠢᠬᠤᠯᠠ ᠰᠠᠭᠤᠷᠢ ᠮᠥᠨ᠃ ᠠᠵᠤ ᠦᠢ᠍ᠯᠡᠳᠪᠤᠷᠢ ᠵᠢᠨ ᠪᠤᠯᠪᠠᠰᠤᠨ᠎ᠨᠢ ᠯᠤᠳᠤ ᠶᠡᠭᠡ ᠡᠳ᠋ ᠬᠦᠷᠦᠩᠭᠡ ᠵᠢ ᠡᠬᠦᠳᠦᠭᠰᠡᠨ ᠪᠤᠯᠪᠠᠴᠦ ᠪᠠᠰᠠ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠢ ᠠᠯᠳᠠᠬᠳᠠᠭᠤᠯᠬᠤ ᠪᠠ ᠤᠷᠴᠢᠨ ᠲᠤᠭᠤᠷᠢᠨ᠎ᠢ ᠡᠪᠳᠡᠬᠦ ᠠᠮᠢ ᠠᠬᠤᠢ ᠵᠢᠨ ᠬᠢᠮᠤᠷᠠᠯ᠎ᠢ ᠠᠪᠴᠢᠷᠠᠵᠠᠢ᠃ ᠠᠮᠢ ᠠᠬᠤᠢ ᠬᠦᠭᠵᠢᠨ ᠮᠠᠨᠳᠤᠪᠠᠰᠤ ᠪᠣᠯᠪᠠᠰᠤᠨ ᠬᠦᠭᠵᠢᠨ ᠮᠠᠨᠳᠤᠨ᠎ᠠ᠃ ᠪᠢᠳᠠ ᠬᠥᠮᠦᠨ ᠲᠥᠷᠥᠯᠬᠢᠲᠡᠨ᠎ᠤ ᠪᠣᠯᠪᠠᠰᠤᠨ᠎ᠳᠤ ᠬᠠᠷᠢᠭᠤᠴᠠᠬᠤ ᠥᠨᠳᠥᠷᠴᠡ᠎ᠠᠴᠠ ᠪᠠᠶ᠋ᠢᠭ᠋ᠠᠯᠢ ᠵᠢ ᠬᠦᠨᠳᠦᠳᠬᠡᠵᠦ᠂ ᠪᠠᠶ᠋ᠢᠭ᠋ᠠᠯᠢ᠎ᠲᠠᠢ ᠵᠤᠬᠢᠴᠠᠨ᠂ ᠪᠠᠶ᠋ᠢᠭ᠋ᠠᠯᠢ ᠵᠢ ᠬᠠᠮᠠᠭ᠋ᠠᠯᠠᠵᠤ᠂ ᠬᠥᠮᠦᠨ ᠬᠢᠬᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠠᠮ᠎ᠢ ᠬᠠᠶ᠋ᠢᠨ ᠰᠦᠪᠡᠭᠴᠢᠯᠡᠵᠦ᠂ ᠠᠵᠤ ᠠᠬᠤᠶ ᠵᠢᠨ ᠬᠥᠭᠵᠢᠯᠲᠡ ᠪᠣᠯᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠵᠣᠬᠢᠴᠠᠩᠭᠤᠶ ᠨᠢᠭᠡᠳᠦᠯᠳᠠᠢ ᠪᠠᠶ᠋ᠢᠬᠤ ᠵᠢ ᠠᠬᠢᠭᠤᠯᠵᠤ᠂ ᠴᠡᠴᠡᠭᠯᠡᠨ ᠬᠥᠭᠵᠢᠭᠰᠡᠨ᠂ ᠠᠷᠢᠭᠤᠨ ᠴᠡᠪᠡᠷ᠂ ᠦᠵᠡᠰᠬᠦᠯᠡᠩᠲᠦ ᠰᠠᠶ᠋ᠢᠬᠠᠨ ᠪᠦᠮᠪᠦᠷᠴᠡᠭ᠎ᠢ ᠬᠠᠮᠲᠤ᠎ᠪᠠᠷ ᠪᠠᠢ᠌ᠭᠤᠯᠤᠨ᠎ᠠ᠃
    ᠬᠤᠶᠠᠷ᠎ᠲᠤ᠂ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠣᠷᠴᠢᠨ ᠲᠣᠭᠤᠷᠢᠨ᠎ᠤ ᠵᠠᠰᠠᠯᠲᠠ ᠵᠢᠨ ᠬᠠᠮᠳᠤᠷᠠᠯ ᠬᠦᠴᠦᠨ᠎ᠢ ᠨᠢᠭᠲᠠᠷᠠᠭᠤᠯᠤᠨ᠎ᠠ᠃ ᠤᠯᠠᠨ ᠤᠯᠤᠰ᠎ᠤᠨ ᠬᠤᠯᠪᠤᠭ᠋ᠠᠳᠦ ᠪᠠᠶ᠋ᠢᠭᠤᠯᠭ᠎ᠠ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠳᠡᠯᠡᠭᠡᠢ ᠨᠡᠶ᠋ᠢᠭᠡᠮ ᠵᠶ᠋ᠠᠷ ᠵᠶ᠋ᠠᠨ ᠪᠦᠬᠦ ᠪᠦᠮᠪᠦᠷᠴᠡᠭ᠎ᠤᠨ ᠤᠷᠴᠢᠨ ᠲᠤᠭᠤᠷᠢᠨ᠎ᠤ ᠵᠠᠰᠠᠯᠳᠠ ᠵᠢ ᠢᠳᠡᠪᠬᠢᠳᠠᠢ ᠠᠬᠢᠭᠤᠯᠪᠠ᠃ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》᠂ 《ᠠᠭᠤᠷ ᠠᠮᠢᠰᠬᠤᠯ᠎ᠤᠨ ᠬᠤᠪᠢᠷᠠᠯᠲᠠ ᠵᠢᠨ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠪᠣᠷᠣ ᠲᠥᠯᠥᠪ᠎ᠤᠨ ᠨᠡᠶ᠋ᠢᠲᠡ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》 ᠵᠡᠷᠭᠡ ᠤᠯᠠᠨ ᠤᠯᠤᠰ᠎ᠤᠨ ᠭᠡᠷ᠎ᠡ ᠪᠣᠯ ᠣᠷᠴᠢᠨ ᠲᠤᠭᠤᠷᠢᠨ᠎ᠤ ᠵᠠᠰᠠᠯᠳᠠ᠎ᠲᠠᠢ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠰᠠᠭᠤᠷᠢ ᠮᠥᠨ᠂ ᠪᠠᠰᠠ ᠴᠤ᠌ ᠣᠯᠠᠨ ᠲᠠᠯᠠᠳᠤ ᠬᠠᠮᠳᠤᠷᠠᠯᠴᠠᠭ᠋ᠠᠨ᠎ᠤ ᠴᠢᠬᠤᠯᠠ ᠦᠷ᠎ᠡ ᠪᠦᠲᠦᠭᠡᠯ ᠪᠠᠶ᠋ᠢᠵᠤ᠂ ᠡᠯ᠎ᠡ ᠲᠠᠯ᠎ᠠ ᠵᠢᠨ᠎ᠬᠢᠨ᠎ᠤ ᠥᠷᠭᠡᠨ ᠳᠡᠮᠵᠢᠯᠭᠡ ᠪᠠ ᠤᠷᠤᠯᠴᠠᠯᠭ᠎ᠠ ᠵᠢ ᠣᠯᠵᠠᠶ᠃ ᠪᠦᠬᠦ ᠪᠥᠮᠪᠥᠷᠴᠡᠭ᠎ᠤᠨ ᠣᠷᠴᠢᠨ ᠲᠣᠭᠤᠷᠢᠨ᠎ᠤ ᠠᠶᠤᠯ ᠲᠦᠭᠰᠢᠭᠦᠷᠢ ᠥᠷᠢᠰᠥᠯᠳᠦᠭᠡᠨ᠎ᠤ ᠡᠮᠦᠨ᠎ᠡ ᠡᠯ᠎ᠡ ᠤᠯᠤᠰ ᠪᠣᠯ ᠵᠢᠷᠭ᠋ᠠᠯ ᠵᠤᠪᠠᠯᠠᠩ ᠨᠢᠭᠡᠳᠠᠢ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠮᠥᠨ᠂ ᠭᠠᠭᠴᠠ ᠲᠠᠯᠠᠲᠤ ᠦᠵᠡᠯ ᠬᠥᠮᠦᠨ᠎ᠤ ᠰᠡᠳᠬᠢᠯ᠎ᠢ ᠣᠯᠬᠤ ᠦᠭᠡᠢ᠂ ᠭᠠᠷ ᠬᠤᠯᠪᠣᠨ ᠬᠠᠮᠲᠤᠷᠠᠨ ᠠᠵᠢᠯᠯᠠᠬᠤ᠎ᠨᠢ ᠰᠠᠶᠢ ᠵᠥᠪ ᠵᠠᠮ ᠮᠦᠨ᠃ ᠪᠢᠳᠡ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠭᠰᠠᠨ ᠳᠡᠯᠡᠭᠡᠢ ᠵᠢᠨ ᠰᠢᠰᠲ᠋ᠧᠮ᠎ᠢ ᠡᠷᠡᠰ ᠬᠠᠮᠠᠭ᠋ᠠᠯᠠᠨ᠂ ᠤᠯᠠᠨ ᠤᠯᠤᠰ᠎ᠤᠨ ᠲᠦᠷᠢᠮ᠎ᠤᠨ ᠨᠡᠷ᠎ᠡ ᠬᠦᠨᠳᠦ ᠪᠠ ᠡᠷᠬᠡ ᠰᠦᠷ᠎ᠢ ᠬᠠᠮᠠᠭ᠋ᠠᠯᠠᠵᠤ᠂ ᠪᠦᠬᠦ ᠪᠥᠮᠪᠥᠷᠴᠡᠭ᠎ᠤᠨ ᠣᠷᠴᠢᠨ ᠲᠣᠭᠤᠷᠢᠨ᠎ᠤ ᠵᠠᠰᠠᠯᠲᠠ ᠵᠢᠨ ᠲᠦᠪᠰᠢᠨ᠎ᠢ   ᠳᠡᠭᠡᠭᠰᠢᠯᠡᠭᠦᠯᠦᠨ᠎ᠡ᠃
    ᠭᠤᠷᠪᠠ᠎ᠳᠤ᠂ ᠪᠣᠬᠢᠷᠲᠤᠯ ᠥᠬᠡᠶ ᠬᠥᠭᠵᠢᠯᠲᠡ ᠵᠢ ᠪᠠᠲᠤᠯᠠᠵᠤ᠂ ᠬᠢᠵᠢᠭ᠎ᠤᠨ ᠳᠠᠷᠠᠭ᠋ᠠᠬᠢ ᠴᠠᠭ ᠦᠶ᠎ᠠ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠰᠡᠷᠭᠦᠭᠡᠯᠳᠡ ᠵᠢᠨ ᠠᠮᠢᠵᠢᠷᠠᠯ᠎ᠤᠨ ᠬᠦᠴᠦᠨ᠎ᠢ ᠪᠤᠶ᠋ᠢᠵᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠲᠠᠯ ᠪᠦᠬᠦ ᠪᠦᠮᠪᠦᠷᠴᠡᠭ᠎ᠤᠨ ᠠᠵᠤ ᠠᠬᠤᠢ ᠨᠡᠶ᠋ᠢᠭᠡᠮ᠎ᠤᠨ ᠬᠦᠭᠵᠢᠯᠲᠡ᠎ᠳᠤ ᠪᠦᠬᠦ ᠲᠠᠯ᠎ᠠ ᠵᠢᠨ ᠲᠠᠭ᠋ᠠᠷᠢᠯᠲᠠ ᠪᠤᠯᠤᠭᠰᠠᠠ ᠪᠠᠶ᠋ᠢᠨ᠎ᠠ᠂ ᠪᠢᠲᠠ ᠠᠯᠤᠰ ᠬᠡᠳᠦ ᠵᠢ ᠪᠣᠳᠣᠯᠬᠢᠯᠠᠨ᠂ ᠲᠣᠭᠲᠠᠯ ᠬᠦᠴᠦᠨ ᠵᠶ᠋ᠠᠨ ᠪᠠᠲᠤᠯᠠᠵᠤ᠂ ᠪᠣᠬᠢᠷᠲᠤᠯ ᠦᠭᠡᠢ᠂ ᠪᠠᠭᠲᠠᠭ᠋ᠠᠮᠵᠢᠲᠠᠢ᠂ ᠦᠷᠭᠦᠯᠵᠢᠯᠡᠬᠦ ᠬᠥᠭᠵᠢᠯᠲᠡ ᠵᠢ ᠪᠠᠷᠢᠮᠲᠠᠯᠠᠬᠤ ᠴᠢᠬᠤᠯᠠᠳᠠᠢ᠃ ᠤᠯᠠᠨ ᠤᠯᠤᠰ᠎ᠤᠨ ᠬᠤᠯᠪᠤᠭ᠋ᠠᠳᠤ ᠪᠠᠶ᠋ᠢᠭᠤᠯᠭ᠎ᠠ ᠵᠢᠨ ᠨᠡᠶ᠋ᠢᠳᠡᠯᠡᠭᠰᠡᠨ 《2030 ᠤᠨ᠎ᠤ ᠦᠷᠬᠦᠯᠵᠢᠯᠡᠬᠦ ᠬᠦᠭᠵᠢᠯᠳᠠ ᠵᠢᠨ ᠵᠦᠪᠯᠡᠬᠦ ᠵᠦᠢ᠍ᠯ》᠎ᠨᠢ ᠡᠯ᠎ᠡ ᠤᠯᠤᠰ᠎ᠤᠨ ᠬᠦᠭᠵᠢᠯᠳᠠ᠎ᠳᠤ ᠴᠢᠭᠯᠡᠯ᠎ᠢ ᠲᠤᠳᠤᠷᠬᠠᠢ ᠵᠢᠭ᠋ᠠᠵᠤ ᠦᠭᠴᠡᠢ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ ᠪᠤᠯ ᠦᠷᠬᠦᠯᠵᠢᠯᠡᠬᠦ ᠬᠦᠭᠵᠢᠯᠳᠠ ᠵᠢᠨ ᠰᠠᠭᠤᠷᠢ ᠪᠤᠯᠬᠤ ᠪᠦᠭᠡᠳ ᠪᠠᠰᠠ ᠬᠠᠷᠠᠯᠳᠠ ᠪᠠ ᠠᠷᠭ᠎ᠠ ᠪᠠᠷᠢᠯ ᠪᠤᠯᠤᠨ᠎ᠡ᠃ ᠪᠢᠲᠠ ᠪᠠᠶ᠋ᠢᠭ᠋ᠠᠯᠢ ᠵᠢᠨ ᠵᠢᠮ᠎ᠡ ᠶᠤᠰᠦ᠎ᠪᠠᠷ ᠲᠦᠮᠡᠨ ᠪᠤᠳᠠᠰ᠎ᠢ ᠲᠦᠯᠵᠢᠬᠦᠯᠵᠤ᠂ ᠪᠠᠶ᠋ᠢᠭ᠋ᠠᠯᠢ ᠵᠢ ᠬᠠᠮᠠᠭ᠋ᠠᠯᠠᠬᠤ ᠳᠤᠮᠳᠠ ᠬᠥᠭᠵᠢᠯᠲᠡ ᠵᠢᠨ ᠠᠵᠠ ᠲᠣᠬᠢᠶᠠᠯ᠎ᠢ ᠡᠷᠢᠯᠬᠢᠯᠡᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠤᠯᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠬᠤᠣᠰ ᠠᠮᠵᠢᠯᠲᠠ ᠵᠢ ᠪᠡᠶᠡᠯᠡᠭᠦᠯᠦᠨ᠎ᠡ᠃
    ᠳᠥᠷᠪᠡ᠎ᠳᠤ᠂ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠵᠤ᠂ ᠣᠷᠴᠢᠨ ᠲᠣᠭᠤᠷᠢᠨ᠎ᠤ ᠥᠷᠢᠰᠥᠯᠳᠦᠭᠡᠨ᠎ᠢ ᠠᠷᠭ᠋ᠠᠴᠠᠭ᠋ᠠᠬᠤ ᠠᠵᠢᠯᠯᠠᠭ᠋ᠠᠨ᠎ᠤ ᠴᠢᠳᠠᠪᠤᠷᠢ᠎ᠪᠠᠨ ᠳᠡᠭᠡᠭᠰᠢᠯᠡᠭᠦᠯᠤᠨ᠎ᠠ᠃ ᠬᠥᠭᠵᠢᠭᠰᠡᠨ ᠤᠯᠤᠰ ᠪᠠ ᠬᠥᠭᠵᠢᠵᠦ ᠪᠠᠶ᠋ᠢᠭ᠎ᠠ ᠤᠯᠤᠰ ᠠᠳᠠᠯᠢ ᠪᠤᠰᠤ ᠬᠥᠭᠵᠢᠯᠲᠡ ᠵᠢᠨ ᠱᠠᠲᠤᠨ᠎ᠳᠤ ᠣᠷᠣᠰᠢᠵᠤ ᠪᠠᠶ᠋ᠢᠭ᠎ᠠ ᠪᠤᠯᠬᠤᠷ᠂ ᠣᠷᠴᠢᠨ ᠲᠤᠭᠤᠷᠢᠨ᠎ᠤ ᠠᠰᠠᠭᠤᠳᠠᠯ ᠳᠡᠭᠡᠷᠡᠬᠢ ᠲᠡᠤᠬᠡᠨ ᠬᠠᠷᠢᠭᠤᠴᠠᠯᠭ᠎ᠠ ᠪᠠ ᠪᠣᠳᠠᠲᠤ ᠴᠢᠳᠠᠪᠤᠷᠢ᠎ᠨᠢ ᠵᠥᠷᠢᠶ᠎ᠡ᠎ᠲᠠᠢ ᠶᠤᠮ᠃ ᠪᠢᠳᠠ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠪᠠᠶ᠋ᠢᠬᠤ ᠬᠠᠷᠢᠭᠤᠴᠠᠯᠭ᠎ᠠ ᠵᠢᠨ ᠵᠠᠷᠴᠢᠮ᠎ᠢ ᠪᠠᠷᠢᠮᠲᠠᠯᠠᠨ᠂ ᠠᠰᠢᠭ ᠬᠦᠷᠲᠡᠬᠦ ᠵᠢ ᠡᠷᠬᠡ ᠲᠡᠭᠰᠢ ᠲᠦᠪ ᠭᠤᠤᠯᠴᠢ᠎ᠪᠠᠷ ᠬᠤᠪᠢᠶᠠᠨ ᠡᠳ᠋ᠯᠡᠬᠦ ᠵᠢ ᠪᠠᠷᠢᠮᠲᠠᠯᠠᠨ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠪᠡᠯᠡ ᠮᠥᠩᠭᠦ᠂ ᠮᠡᠷᠭᠡᠵᠢᠯ᠂ ᠴᠢᠳᠠᠪᠤᠷᠢ ᠵᠢᠨ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠰᠠᠨᠠᠭ᠋ᠠᠰᠢᠷᠠᠯ᠎ᠢ ᠬᠠᠷᠠᠭ᠋ᠠᠯᠵᠠᠬᠤ ᠴᠢᠬᠤᠯᠠᠳᠠᠢ᠃ ᠪᠢᠳᠠ ᠠᠮᠠᠯᠠᠯᠲᠠ᠎ᠪᠠᠨ ᠦᠨᠡᠨ ᠬᠦ᠌ ᠦᠢ᠍ᠯᠡᠳᠦᠯᠭᠡᠵᠢᠬᠦᠯᠵᠦ᠂ ᠬᠠᠷᠠᠯᠳᠠ ᠵᠢ ᠨᠠᠶ᠋ᠢᠳᠠᠪᠤᠷᠢᠵᠢᠭᠤᠯᠬᠤ ᠵᠢ ᠰᠠᠶ᠋ᠢᠳᠤᠷ   ᠠᠳᠬᠤᠨ᠎ᠠ᠃
    ᠰᠢ ᠵᠢᠨ ᠫᠢᠩ᠂ ᠳᠤᠮᠳᠠᠳᠤ ᠤᠯᠤᠰ ᠠᠮᠢ ᠠᠬᠤᠢ ᠵᠢᠨ ᠪᠣᠯᠪᠠᠰᠤᠨ᠎ᠤ ᠣᠶ᠋ᠢᠯᠠᠭ᠋ᠠᠭᠳᠠᠬᠤᠨ ᠵᠶ᠋ᠠᠷ ᠬᠥᠭᠵᠢᠯᠲᠡ᠎ᠪᠠᠨ ᠵᠢᠯᠤᠭᠤᠳᠴᠤ  ᠂   ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠳᠠ ᠵᠢ ᠲᠤᠪᠤᠶ᠋ᠢᠮ᠎ᠡ ᠪᠠᠶ᠋ᠢᠷᠢᠨ᠎ᠳᠤ ᠲᠠᠯᠪᠢᠵᠤ᠂   ᠴᠢᠩᠭ᠎ᠠ ᠬᠦᠴᠦᠲᠠᠢ ᠲᠦᠷᠤ ᠵᠢᠨ ᠪᠤᠳᠤᠯᠭ᠎ᠠ ᠵᠢᠨ ᠠᠵᠢᠯᠯᠠᠭ᠎ᠠ ᠠᠪᠤᠬᠰᠠᠨ ᠪᠠᠶ᠋ᠢᠨ᠎ᠠ  ᠃ ᠥᠩᠭᠡᠷᠡᠭᠰᠡᠨ 10 ᠵᠢᠯ᠎ᠳᠤ ᠤᠢ ᠰᠢᠭᠤᠢ ᠵᠢᠨ ᠡᠬᠢ ᠪᠠᠶᠠᠯᠢᠭ᠎ᠤᠨ ᠲᠠᠯᠠᠪᠠᠢ 7000 ᠭᠠᠷᠤᠢ ᠲᠦᠮᠡᠨ ᠾᠧᠺᠲ᠋ᠠᠷ ᠨᠡᠮᠡᠭᠳᠡᠵᠦ᠂ ᠪᠦᠬᠦ ᠪᠥᠮᠪᠥᠷᠴᠡᠭ᠎ᠤᠨ ᠲᠡᠷᠢᠭᠦᠨ᠎ᠳᠤ ᠣᠷᠣᠪᠠ᠃ ᠡᠯᠡᠰᠦᠷᠬᠡᠭᠵᠢᠯ ᠴᠦᠯᠯᠡᠷᠭᠡᠭᠵᠢᠯ᠎ᠢ ᠤᠷᠲᠤ ᠬᠤᠭᠤᠴᠠᠭ᠎ᠠ᠎ᠪᠠᠷ ᠶᠡᠭᠡ ᠬᠡᠪᠴᠢᠶ᠎ᠡ᠎ᠪᠠᠷ ᠵᠠᠰᠠᠵᠤ᠂ ᠨᠤᠭᠤ ᠭᠠᠵᠠᠷ᠎ᠢ ᠪᠦᠲᠦᠮᠵᠢᠲᠡᠶ ᠬᠠᠮᠠᠭ᠋ᠠᠯᠠᠨ ᠰᠡᠷᠭᠦᠭᠡᠵᠦ᠂ ᠠᠮᠢᠳᠤ ᠪᠣᠳᠠᠰ᠎ᠤᠨ ᠤᠳᠤᠮᠯᠠᠯ᠎ᠤᠨ ᠡᠬᠢ ᠪᠠᠶᠠᠯᠢᠭ᠎ᠢ ᠴᠤᠭᠯᠠᠭᠤᠯᠵᠤ ᠬᠠᠳᠠᠭ᠋ᠠᠯᠠᠭᠰᠠᠨ ᠬᠡᠮᠵᠢᠶ᠎ᠡ᠎ᠪᠠᠷ ᠳᠡᠯᠡᠬᠡᠶ ᠵᠢᠨ ᠡᠮᠦᠨ᠎ᠡ ᠡᠩᠨᠡᠭᠡᠨ᠎ᠳᠤ ᠤᠷᠤᠵᠠᠢ᠃ 90% ᠵᠢᠨ ᠡᠬᠡ ᠬᠠᠭᠤᠷᠠᠶ ᠵᠢᠨ ᠠᠮᠢ ᠠᠬᠤᠶ ᠵᠢᠨ ᠰᠢᠰᠲ᠋ᠧᠮ᠎ᠤᠨ ᠲᠥᠷᠥᠯ ᠬᠡᠯᠪᠡᠷᠢ ᠪᠤᠯᠤᠨ 85% ᠵᠢᠨ ᠭᠤᠤᠯᠳᠠᠯᠭ᠎ᠠ᠎ᠲᠠᠢ ᠬᠡᠭᠡᠷ᠎ᠡ ᠵᠢᠨ ᠠᠮᠢᠲᠠᠨ᠎ᠤ ᠲᠦᠷᠦᠯ ᠵᠦᠢ᠍ᠯ᠎ᠤᠨ ᠰᠦᠷᠦᠭ᠎ᠢ ᠪᠦᠲᠦᠮᠵᠢᠲᠡᠶ ᠬᠠᠮᠠᠭ᠋ᠠᠯᠠᠪᠠ᠃ ᠳᠤᠮᠳᠠᠳᠤ ᠤᠯᠤᠰ ᠪᠦᠬᠦ ᠪᠥᠮᠪᠥᠷᠴᠡᠭ᠎ᠤᠨ ᠣᠷᠴᠢᠨ ᠲᠣᠭᠤᠷᠢᠨ᠎ᠤ ᠵᠠᠰᠠᠯᠲᠠ᠎ᠳᠤ ᠢᠳᠡᠪᠬᠢᠲᠡᠢ ᠣᠷᠣᠯᠴᠠᠪᠠ  ᠂ ᠠᠭᠤᠷ ᠠᠮᠢᠰᠬᠤᠯ᠎ᠤᠨ ᠬᠤᠪᠢᠷᠠᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠡᠷᠭᠡ ᠣᠷᠴᠢᠨ ᠲᠤᠭᠤᠷᠢᠨ᠎ᠲᠠᠢ ᠬᠤᠯᠪᠤᠭᠳᠠᠭᠰᠠᠨ ᠭᠡᠷ᠎ᠡ ᠵᠢᠨ ᠡᠭᠦᠷᠭᠡ᠎ᠪᠠᠨ ᠦᠨᠡᠨ ᠬᠦ᠌ ᠬᠦᠢ᠍ᠴᠡᠳᠭᠡᠵᠦ᠂ 2020 ᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠᠶ᠋ᠢᠭᠤᠯᠬᠤ ᠬᠤᠯᠪᠣᠭᠳᠠᠯ ᠪᠦᠬᠦᠢ ᠬᠠᠷᠠᠯᠲᠠ᠎ᠪᠠᠨ ᠨᠢᠭᠡᠨᠲᠡ ᠤᠷᠢᠳᠴᠢᠯᠠᠨ ᠪᠡᠶᠡᠯᠡᠭᠦᠯᠪᠡ᠃ ᠳᠤᠮᠳᠠᠳᠤ ᠤᠯᠤᠰ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂   ᠳᠤᠮᠳᠠᠳᠤ ᠤᠯᠤᠰ᠎ᠤᠨ ᠬᠦᠭᠵᠢᠯᠳᠠ ᠵᠢᠨ ᠲᠦᠪᠰᠢᠨ᠎ᠲᠠᠢ ᠵᠤᠬᠢᠴᠠᠬᠰᠠᠨ ᠤᠯᠠᠨ ᠤᠯᠤᠰ᠎ᠤᠨ ᠬᠠᠷᠢᠭᠤᠴᠠᠯᠭ᠎ᠠ᠎ᠪᠠᠨ ᠡᠬᠦᠷᠬᠡᠯᠠᠵᠤ   ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠡᠷᠴᠢᠮ ᠵᠶ᠋ᠠᠨ ᠳᠡᠭᠡᠭᠰᠢᠯᠡᠭᠦᠯᠵᠤ᠂ ᠨᠠᠩ ᠬᠦᠴᠦᠲᠡᠶ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ  2030 ᠣᠨ᠎ᠠᠴᠠ ᠡᠮᠦᠨ᠎ᠡ ᠤᠷᠬᠢᠯ᠎ᠤᠨ ᠬᠡᠮᠵᠢᠭᠳᠡᠯ᠎ᠳᠤ ᠬᠦᠷᠭᠡᠬᠦ᠎ᠪᠠᠷ ᠴᠢᠷᠮᠠᠶ᠋ᠢᠨ᠂ 2060 ᠤᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ᠎ᠪᠠᠷ ᠴᠢᠷᠮᠠᠶ᠋ᠢᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ 《ᠫᠠᠷᠢᠰ᠎ᠤᠨ ᠬᠡᠯᠡᠯᠴᠡᠭᠡᠷ》᠎ᠲᠤ ᠲᠣᠭᠲᠠᠭ᠋ᠠᠭᠰᠠᠨ ᠬᠠᠷᠠᠯᠲᠠ ᠵᠢ ᠪᠡᠶᠡᠯᠡᠭᠦᠯᠬᠦ᠎ᠳᠤ ᠨᠡᠩ ᠶᠡᠭᠡ ᠴᠢᠷᠮᠠᠶ᠋ᠢᠯᠭ᠎ᠠ ᠪᠠ ᠬᠤᠪᠢ ᠨᠡᠮᠡᠷᠢ ᠦᠵᠡᠭᠦᠯᠦᠨ᠎ᠠ ᠭᠡᠵᠦ ᠴᠢᠬᠤᠯᠠᠴᠢᠯᠠᠪᠠ᠃
    ᠰᠢ ᠵᠢᠨ ᠫᠢᠩ ᠬᠠᠮᠤᠭ ᠰᠡᠭᠦᠯ᠎ᠳᠤ ᠴᠢᠬᠤᠯᠠᠴᠢᠯᠠᠭᠰᠠᠨ᠎ᠨᠢ᠂ ᠳᠤᠮᠳᠠᠳᠤ ᠤᠯᠤᠰ ᠢᠷᠡᠬᠦ ᠵᠢᠯ ᠺᠦᠨᠮᠢᠩ᠎ᠳᠤ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠋ᠠᠨ᠎ᠤ ᠭᠡᠷ᠎ᠡ ᠪᠠᠶ᠋ᠢᠭᠤᠯᠤᠭᠰᠠᠨ ᠲᠠᠯ᠎ᠠ ᠵᠢᠨ ᠶᠡᠬᠡ ᠬᠤᠷᠠᠯ᠎ᠢ ᠬᠤᠷᠠᠯᠳᠤᠭᠤᠯᠬᠤ ᠪᠣᠯᠤᠨ᠎ᠠ᠃ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠶᠡᠬᠡ ᠪᠤᠳᠤᠯᠭ᠎ᠠ ᠵᠢ ᠬᠠᠮᠲᠤ᠎ᠪᠠᠷ ᠵᠥᠪᠳᠡᠯᠴᠡᠨ᠎ᠡ᠃ ᠪᠢᠳᠡ ᠡᠨᠡ   ᠤᠳᠠᠭ᠋ᠠᠨ᠎ᠤ ᠲᠦᠷᠦᠭᠦᠴᠦᠳ᠎ᠤᠨ ᠬᠤᠷᠠᠯ᠎ᠠᠴᠠ ᠭᠠᠷ ᠬᠣᠯᠪᠣᠯᠴᠠᠨ ᠬᠠᠮᠳᠤ ᠮᠣᠷᠳᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠲᠦᠮᠡᠨ ᠪᠣᠳᠠᠰ ᠡᠶ᠎ᠡ ᠵᠣᠬᠢᠴᠠᠯ᠎ᠲᠠᠢ ᠦᠵᠡᠰᠬᠦᠯᠡᠩᠲᠦ ᠰᠠᠶ᠋ᠢᠬᠠᠨ ᠪᠦᠮᠪᠦᠷᠴᠡᠭ᠎ᠢ ᠬᠠᠮᠲᠤ᠎ᠪᠠᠷ ᠪᠠᠶ᠋ᠢᠭᠤᠯᠤᠶ᠎ᠠ   ᠭᠡᠪᠡ᠃
    ᠰᠢ ᠵᠢᠨ ᠫᠢᠩ   ᠬᠠᠮᠤᠭ᠎ᠤᠨ ᠰᠡᠭᠦᠯ᠎ᠳᠤ   ᠳᠤᠮᠳᠠᠳᠤ ᠤᠯᠤᠰ ᠢᠷᠡᠬᠦ ᠵᠢᠯ   ᠺᠦᠨᠮᠢᠩ᠎ᠳᠤ  《ᠠᠮᠢᠳᠤ ᠪᠣᠳᠠᠰ᠎ᠤᠨ ᠤᠯᠠᠨ   ᠵᠦᠢ᠍ᠯᠲᠦ ᠴᠢᠨᠠᠷ᠎ᠤᠨ ᠭᠡᠷ᠎ᠡ ᠬᠠᠮᠠᠭ᠋ᠠᠯᠠᠬᠤ ᠶᠡᠭᠡ ᠪᠤᠳᠤᠯᠭ᠎ᠠ ᠵᠢ ᠬᠠᠮᠲᠤ᠎ᠪᠠᠷ ᠵᠥᠪᠳᠡᠯᠴᠡᠵᠤ᠂ ᠡᠯ᠎ᠠ ᠲᠠᠯ᠎ᠠ ᠵᠢᠨ᠎ᠬᠢᠨ ᠪᠦᠬᠦ ᠲᠠᠯ᠎ᠠ᠎ᠪᠠᠷ ᠲᠡᠩᠴᠡᠬᠦᠷᠢᠳᠠᠢ᠂ ᠬᠦᠴᠤᠨ ᠪᠦᠬᠦᠢ᠂ ᠭᠡᠷᠡᠭᠵᠢᠬᠦᠯᠵᠤ ᠪᠤᠯᠬᠤ ᠠᠵᠢᠯᠯᠠᠭ᠎ᠠ ᠵᠢᠨ ᠪᠤᠷᠤ ᠲᠦᠯᠤᠪ᠎ᠢ ᠲᠤᠬᠢᠷᠠᠯᠴᠠᠬᠤ ᠵᠢ ᠪᠢ ᠬᠦᠰᠡᠨ ᠬᠦᠯᠢᠶᠡᠵᠤ ᠪᠠᠶ᠋ᠢᠨ᠎ᠠ᠃ ᠪᠢᠳᠡ ᠡᠨᠡ ᠤᠳᠠᠭ᠎ᠠ ᠵᠢᠨ ᠲᠦᠷᠦᠭᠦᠴᠦᠳ᠎ᠤᠨ ᠬᠤᠷᠠᠯ ᠵᠶ᠋ᠠᠷ ᠭᠠᠷᠤᠭ᠎ᠠ ᠪᠤᠯᠭ᠋ᠠᠨ ᠭᠠᠷ ᠬᠤᠯᠪᠣᠯᠴᠠᠨ ᠠᠶᠠᠨ᠎ᠳᠠᠭᠠᠨ ᠮᠣᠷᠳᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠨ᠂ ᠲᠦᠮᠡᠨ ᠪᠣᠳᠠᠰ ᠡᠶ᠎ᠡ ᠵᠤᠬᠢᠴᠠᠩᠭᠤᠢ᠎ᠪᠠᠷ ᠬᠠᠮᠳᠤ ᠤᠷᠤᠰᠢᠬᠤ ᠦᠵᠡᠰᠬᠦᠯᠡᠩᠲᠦ ᠰᠠᠶ᠋ᠢᠬᠠᠨ ᠳᠡᠯᠡᠬᠡᠢ ᠶᠢᠷᠲᠢᠨᠴᠦ ᠵᠢ ᠬᠠᠮᠲᠤ᠎ᠪᠠᠷ ᠪᠠᠶ᠋ᠢᠭᠤᠯᠤᠶ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳᠦᠪ᠎ᠤᠨ ᠠᠵᠥ ᠠᠬᠤᠢ ᠵᠢᠨ ᠠᠵᠢᠯ᠎ᠤᠨ ᠬᠤᠷᠠᠯ ᠪᠡᠬᠡᠵᠢᠩ᠎ᠳᠤ ᠬᠤᠷᠠᠯᠳᠤᠪᠠ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ᠎ᠢ ᠡᠷᠭᠢᠯᠡᠪᠡ
ᠰᠢ ᠵᠢᠨ ᠫᠢᠩ ᠄ ᠨᠠᠮ᠎ᠤᠨ ᠳᠡᠥᠬᠡ ᠵᠢ ᠰᠤᠷᠤᠯᠴᠠᠵᠥ ᠦᠵᠡᠯ ᠰᠠᠨᠠᠭ᠎ᠠ᠎ᠪᠠᠨ ᠰᠡᠭᠡᠭᠡᠷᠡᠭᠦᠯᠵᠦ ᠪᠤᠳᠠᠳᠤ ᠶᠠᠪᠤᠳᠠᠯ ᠬᠢᠵᠥ ᠰᠢᠨ᠎ᠡ ᠪᠠᠶ᠋ᠢᠳᠠᠯ᠎ᠢ ᠡᠬᠦᠳᠴᠤ ᠰᠢᠯᠢᠳᠡᠭ ᠠᠮᠵᠢᠯᠳᠠ᠎ᠪᠠᠷ ᠨᠠᠮ ᠪᠠᠶ᠋ᠢᠭᠤᠯᠤᠬᠳᠠᠬᠰᠠᠨ ᠵᠠᠭᠤᠨ ᠵᠢᠯ᠎ᠤᠨ ᠤᠢ ᠵᠢ ᠤᠭᠲᠤᠨ᠎ᠠ
ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ ᠡᠷᠭᠢᠯᠡᠪᠡ
ᠪᠡᠭᠡᠵᠢᠩ ᠬᠣᠲᠠ ᠵᠢᠨ ᠠᠮᠢ ᠠᠬᠤᠶ ᠵᠢᠨ ᠣᠷᠴᠢᠨ ᠲ᠋ᠤᠭᠤᠷᠢᠨ᠎ᠤ ᠲᠣᠪᠴᠢᠶ᠎ᠠ 2 ᠰᠠᠷ᠎ᠠ ᠵᠢᠨ 16᠎ᠤ ᠡᠳᠦᠷ᠎ᠠᠴᠠ 28᠎ᠤ ᠡᠳᠦᠷ ᠪᠤᠯᠳᠠᠯᠠᠬᠢ ᠵᠡᠭᠡᠯᠢ ᠭᠤᠳᠤᠮᠵᠢ (ᠰᠢᠶᠠᠩ ᠪᠠᠯᠭ᠋ᠠᠰᠤ) ᠵᠢᠨ ᠠᠭ᠋ᠠᠷ ᠮᠠᠨᠳᠠᠯ᠎ᠤᠨ ᠲᠣᠮᠣ ᠮᠥᠬᠥᠯᠢᠭᠲᠦ ᠪᠣᠳᠠᠰ᠎ᠤᠨ ᠥᠳᠬᠡᠴᠡ ᠵᠢᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠪᠡ
 
             蒙ICP备05000248号