ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2021-01-02

     《ᠴᠡᠷᠢᠭ ᠠᠩᠭᠢ ᠵᠢᠨ ᠤᠯᠤᠰ ᠲᠥᠷᠥ ᠵᠢᠨ ᠠᠵᠢᠯ᠎ᠤᠨ ᠲᠦᠷᠢᠮ》 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠲᠦᠷᠢᠮ》 ᠪᠣᠯᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠡᠷᠬᠡ ᠵᠢ ᠪᠠᠲᠤᠯᠠᠬᠤ ᠲᠦᠷᠢᠮ》᠎ᠢ ᠬᠢᠨᠠᠨ ᠵᠥᠪᠯᠡᠵᠠᠢ᠃
      ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ᠃

      ᠰᠢᠨᠬᠤᠸᠠ ᠬᠣᠷᠢᠶᠠᠨ᠎ᠤ ᠪᠡᠭᠡᠵᠢᠩ᠎ᠤᠨ 11   ᠰᠠᠷ᠎ᠠ ᠵᠢᠨ 30 ᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶ᠎ᠠ 11 ᠰᠠᠷ᠎ᠠ ᠵᠢᠨ 30᠎ᠤ ᠡᠳᠦᠷ ᠬᠤᠷᠠᠯ ᠬᠤᠷᠠᠯᠳᠤᠭᠤᠯᠵᠤ᠂ 《ᠴᠡᠷᠢᠭ ᠠᠩᠭᠢ ᠵᠢᠨ ᠤᠯᠤᠰ ᠲᠥᠷᠥ ᠵᠢᠨ ᠠᠵᠢᠯ᠎ᠤᠨ ᠲᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠲᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠡᠷᠬᠡ ᠵᠢ ᠪᠠᠲᠤᠯᠠᠬᠤ ᠲᠦᠷᠢᠮ》᠎ᠢ ᠬᠢᠨᠠᠨ ᠵᠥᠪᠯᠡᠵᠠᠢ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ᠃

      ᠬᠤᠷᠠᠯ᠎ᠠᠴᠠ᠂ ᠤᠯᠤᠰ ᠲᠦᠷᠦ ᠵᠢᠨ ᠠᠵᠢᠯ ᠪᠣᠯ ᠠᠷᠠᠳ᠎ᠤᠨ ᠴᠡᠷᠢᠭ ᠠᠩᠬᠢ ᠵᠢᠨ ᠠᠮᠢᠨ ᠰᠤᠳᠠᠰᠤ ᠮᠥᠨ᠂ ᠴᠢᠩᠭ᠋ᠠᠳᠬᠠᠬᠤ᠎ᠠᠴᠠ ᠪᠢᠰᠢ ᠰᠤᠯᠠᠷᠠᠭᠤᠯᠵᠤ ᠪᠣᠯᠬᠤ ᠦᠭᠡᠢ᠃ 《ᠴᠡᠷᠢᠭ ᠠᠩᠭᠢ ᠵᠢᠨ ᠤᠯᠤᠰ ᠲᠥᠷᠥ ᠵᠢᠨ ᠠᠵᠢᠯ᠎ᠤᠨ ᠳᠦᠷᠢᠮ》᠎ᠳᠤ ᠵᠠᠰᠠᠪᠤᠷᠢ ᠣᠷᠣᠭᠤᠯᠬᠤ ᠪᠤᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ 《ᠳᠥᠷᠪᠡᠨ ᠢᠲᠡᠭᠡᠯ》᠎ᠢ ᠪᠠᠲᠤᠳᠬᠠᠨ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠬᠠᠷᠢᠭᠤᠴᠠᠬᠤ ᠳᠦᠷᠢᠮ᠎ᠢ ᠲᠤᠭᠤᠰᠢᠯᠠᠭᠤᠯᠬᠤ᠎ᠳᠤ ᠴᠢᠬᠤᠯᠠ ᠠᠴᠢ ᠬᠤᠯᠪᠤᠭᠳᠠᠯ᠎ᠲᠠᠢ ᠶᠤᠮ᠂ ᠴᠡᠷᠢᠭ ᠠᠩᠭᠢ ᠵᠢᠨ ᠤᠯᠤᠰ ᠲᠥᠷᠥ ᠵᠢᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ ᠰᠢᠨ᠎ᠡ ᠴᠠᠭ ᠦᠶ᠎ᠠ ᠵᠢᠨ ᠤᠯᠤᠰ ᠲᠥᠷᠥ᠎ᠪᠠᠷ ᠴᠡᠷᠢᠭ ᠪᠠᠶ᠋ᠢᠭᠤᠯᠬᠤ ᠠᠷᠭ᠎ᠠ ᠪᠣᠳᠣᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ᠂ ᠮᠠᠨ᠎ᠤ ᠴᠡᠷᠢᠭ᠎ᠤᠨ ᠢᠮᠠᠭᠲᠠ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠳᠣᠤᠷᠠᠬᠢ ᠠᠷᠠᠳ᠎ᠤᠨ ᠴᠡᠷᠢᠭ ᠠᠩᠭᠢ ᠪᠣᠯᠬᠤ ᠵᠢ ᠪᠠᠲᠤᠯᠠᠬᠤ᠂ ᠰᠢᠨ᠎ᠡ ᠴᠠᠭ ᠦᠶ᠎ᠡ ᠵᠢᠨ ᠴᠡᠷᠢᠭ ᠠᠩᠭᠢ ᠵᠢᠨ ᠡᠭᠦᠷᠭᠡ ᠬᠠᠷᠢᠭᠤᠴᠠᠯᠭ᠎ᠠ ᠵᠢ ᠪᠦᠲᠦᠮᠵᠢᠲᠡᠢ ᠭᠦᠢ᠍ᠴᠡᠳᠬᠡᠬᠦ ᠵᠢ ᠪᠠᠲᠤᠯᠠᠬᠤ᠎ᠳᠤ ᠴᠢᠬᠤᠯᠠ ᠠᠴᠢ ᠬᠤᠯᠪᠤᠭᠳᠠᠯ᠎ᠲᠠᠢ ᠶᠤᠮ᠂ ᠨᠠᠮ᠎ᠤᠨ ᠰᠢᠨ᠎ᠡ ᠴᠠᠭ ᠦᠶ᠎ᠡ ᠵᠢᠨ ᠴᠡᠷᠢᠭ᠎ᠢ ᠬᠦᠴᠦᠷᠬᠡᠭᠵᠢᠭᠦᠯᠬᠦ ᠬᠠᠷᠠᠯᠲᠠ ᠵᠢ ᠪᠡᠶᠡᠯᠡᠭᠦᠯᠵᠤ ᠠᠷᠠᠳ᠎ᠤᠨ ᠴᠡᠷᠢᠭ ᠠᠩᠬᠢ ᠵᠢ ᠳᠡᠯᠡᠬᠡᠢ ᠵᠢᠨ ᠲᠡᠷᠢᠭᠦᠨ᠎ᠤ ᠴᠡᠷᠢᠭ ᠠᠩᠬᠢ ᠪᠣᠯᠭ᠋ᠠᠨ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠤ ᠵᠢᠭ᠋ᠠᠵᠤ ᠭᠠᠷᠭ᠋ᠠᠪᠠ᠃

      ᠬᠤᠷᠠᠯ᠎ᠠᠴᠠ᠂ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢᠨ ᠦᠨᠳᠦᠰᠦᠨ ᠵᠠᠷᠴᠢᠮ ᠪᠠ ᠳᠦᠷᠢᠮ᠎ᠢ ᠪᠠᠷᠢᠮᠲᠠᠯᠠᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠬᠠᠷᠢᠭᠤᠴᠠᠬᠤ ᠳᠦᠷᠢᠮ᠎ᠢ ᠪᠦᠬᠦ ᠲᠠᠯ᠎ᠠ᠎ᠪᠠᠷ ᠭᠦᠨᠵᠡᠭᠡᠶ ᠲᠤᠭᠤᠰᠢᠯᠠᠭᠤᠯᠤᠨ᠂ ᠰᠢ ᠵᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠰᠪᠤᠷ ᠰᠢᠯᠤᠭᠤᠨ᠂ ᠬᠠᠷᠢᠴᠠᠯᠠᠰᠢᠭᠦᠢ ᠨᠠᠶ᠋ᠢᠳᠠᠪᠤᠷᠢᠲᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠳᠠᠢ᠃ ᠨᠠᠮ᠎ᠤᠨ ᠲᠥᠪ ᠬᠤᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠴᠢᠩᠭ᠋ᠠᠳᠬᠠᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠥᠷᠥ ᠵᠢᠨ ᠠᠵᠢᠯ᠎ᠢ ᠤᠳᠤᠷᠢᠳᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠲᠥᠷᠥᠯ᠎ᠤᠨ ᠤᠯᠤᠰ ᠲᠥᠷᠥ ᠵᠢᠨ ᠠᠵᠢᠯ᠎ᠢ ᠪᠦᠲᠦᠮᠵᠢᠲᠡᠶ ᠨᠠᠶ᠋ᠢᠳᠠᠪᠤᠷᠢᠵᠢᠭᠤᠯᠬᠤ ᠵᠢ ᠪᠠᠳᠤᠯᠠᠨ᠂ ᠴᠡᠷᠢᠭ ᠠᠩᠭᠢ ᠵᠢᠨ ᠤᠯᠤᠰ ᠲᠦᠷᠦ ᠵᠢᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠳᠠᠢ᠃ ᠳᠠᠶ᠋ᠢᠨ᠎ᠳᠤ ᠪᠡᠯᠡᠳᠬᠡᠵᠦ ᠳᠠᠶ᠋ᠢᠨ ᠬᠢᠬᠦ᠎ᠳᠤ ᠠᠩᠬᠠᠷᠤᠯ ᠵᠶ᠋ᠠᠨ ᠲᠦᠪᠯᠡᠷᠡᠭᠦᠯᠦᠨ ᠬᠦᠴᠦ᠎ᠪᠠᠨ ᠲᠦᠪᠯᠡᠷᠡᠭᠦᠯᠵᠤ᠂ ᠤᠯᠤᠰ ᠲᠥᠷᠥ ᠵᠢᠨ ᠠᠵᠢᠯ᠎ᠢ ᠳᠠᠶ᠋ᠢᠴᠢᠨ ᠬᠦᠴᠦᠨ᠎ᠤ ᠪᠠᠶ᠋ᠢᠭᠤᠯᠤᠯᠲᠠ ᠵᠢᠨ ᠡᠯ᠎ᠡ ᠭᠤᠭᠴᠤᠭ᠎ᠠ᠎ᠳᠤ ᠲᠤᠭᠤᠰᠢᠯᠠᠭᠤᠯᠤᠨ᠂ ᠴᠡᠷᠢᠭ᠎ᠤᠨ ᠶᠠᠪᠤᠳᠠᠯ᠎ᠤᠨ ᠲᠡᠮᠡᠴᠡᠯ᠎ᠤᠨ ᠪᠡᠯᠡᠳᠬᠡᠯ ᠬᠢᠬᠦ ᠪᠦᠬᠦ ᠶᠠᠪᠤᠴᠠ᠎ᠳᠤ ᠠᠭᠤᠰᠤᠯᠴᠠᠭᠤᠯᠵᠤ᠂ ᠴᠢᠩᠭ᠎ᠠ ᠬᠠᠳᠠᠭᠤ ᠠᠷᠭ᠎ᠠ ᠬᠡᠮᠵᠢᠶ᠎ᠠ ᠠᠪᠴᠦ ᠪᠠᠶ᠋ᠢᠭ᠋ᠠᠳ ᠳᠠᠶ᠋ᠢᠴᠢᠨ ᠬᠦᠴᠦᠨ᠎ᠤ ᠪᠠᠷᠢᠮᠵᠢᠶ᠎ᠠ ᠵᠢ ᠪᠦᠬᠦ ᠴᠡᠷᠢᠭ᠎ᠲᠤ ᠪᠠᠲᠤ ᠪᠤᠢ ᠪᠣᠯᠭ᠋ᠠᠬᠤ ᠬᠡᠷᠡᠭᠳᠠᠢ᠃ ᠤᠯᠤᠰ ᠲᠥᠷᠥ ᠵᠢᠨ ᠠᠵᠢᠯ᠎ᠤᠨ ᠦᠨᠳᠦᠰᠦᠨ ᠵᠠᠷᠴᠢᠮ ᠪᠠ ᠳᠦᠷᠢᠮ᠎ᠢ ᠪᠠᠷᠢᠮᠲᠠᠯᠠᠵᠤ᠂ ᠤᠯᠤᠰ ᠲᠥᠷᠥ ᠵᠢᠨ ᠠᠵᠢᠯ᠎ᠤᠨ ᠰᠡᠳᠬᠢᠭᠦᠢ ᠣᠶ᠋ᠢᠯᠠᠭ᠋ᠠᠭᠳᠠᠬᠤᠨ᠂ ᠠᠵᠢᠯᠯᠠᠭ᠋ᠠᠨ᠎ᠤ ᠬᠡᠯᠪᠡᠷᠢ᠂ ᠵᠢᠯᠣᠭᠤᠳᠬᠤ ᠠᠷᠭ᠎ᠠ ᠬᠡᠯᠪᠡᠷᠢ ᠪᠠ ᠠᠷᠭ᠎ᠠ ᠪᠠᠷᠢᠯ᠎ᠤᠨ ᠰᠢᠨ᠎ᠡ ᠵᠢ ᠡᠭᠦᠳᠬᠦ ᠵᠢ ᠢᠳᠡᠪᠬᠢᠲᠡᠶ ᠠᠬᠢᠭᠤᠯᠵᠤ᠂ ᠤᠯᠤᠰ ᠲᠥᠷᠥ ᠵᠢᠨ ᠠᠵᠢᠯ᠎ᠤᠨ ᠤᠯᠠᠮᠵᠢᠯᠠᠯᠲᠤ ᠳᠠᠪᠠᠭᠤᠯᠢᠭ ᠬᠢᠬᠡᠳ ᠮᠡᠳᠡᠭᠡ ᠵᠠᠩᠭᠢ ᠵᠢᠨ ᠮᠡᠷᠭᠡᠵᠢᠯ᠎ᠤᠨ ᠳᠡᠭᠡᠳᠦ ᠬᠡᠮᠵᠢᠶ᠎ᠡ᠎ᠪᠠᠷ ᠠᠭᠤᠰᠤᠯᠴᠠᠬᠤ ᠵᠢ ᠠᠬᠢᠭᠤᠯᠬᠤ ᠬᠡᠷᠡᠭᠳᠠᠢ᠃ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠴᠡᠪᠡᠷᠰᠢᠭᠦᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠦᠬᠦ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠬᠤ ᠵᠢ ᠪᠠᠷᠢᠮᠲᠠᠯᠠᠨ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

      ᠬᠤᠷᠠᠯ᠎ᠠᠴᠠ᠂ ᠨᠠᠮ᠎ᠤᠨ ᠲᠥᠪ ᠬᠤᠷᠢ᠊ ᠡᠶ᠎ᠡ ᠨᠢᠭᠡᠳᠦᠮᠡᠯ ᠹᠷᠣᠨᠲ ᠪᠣᠯᠤᠨ ᠨᠢᠭᠡᠳᠦᠮᠡᠯ ᠹᠷᠣᠨᠲ᠎ᠤᠨ ᠠᠵᠢᠯ᠎ᠢ ᠢᠮᠠᠭᠳᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠵᠠᠢ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠳᠦᠷᠢᠮ》᠎ᠳᠤ ᠵᠠᠰᠠᠪᠤᠷᠢ ᠣᠷᠣᠭᠤᠯᠬᠤ ᠪᠤᠯ ᠨᠠᠮ᠎ᠤᠨ ᠲᠥᠪ ᠬᠤᠷᠢᠶᠠᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠳᠦᠷᠢᠮ ᠵᠶ᠋ᠠᠷ ᠨᠠᠮ᠎ᠢ ᠵᠠᠰᠠᠬᠤ᠎ᠳᠤ ᠠᠩᠬᠠᠷᠤᠯ ᠵᠶ᠋ᠠᠨ ᠬᠠᠨᠳᠤᠭᠤᠯᠤᠭᠰᠠᠨ ᠨᠢᠭᠡ ᠵᠦᠢ᠍ᠯ᠎ᠤᠨ ᠴᠢᠬᠤᠯᠠ ᠡᠭᠦᠷᠭᠡ ᠪᠤᠯᠤᠨ᠎ᠠ᠂ ᠨᠢᠭᠡᠳᠦᠮᠡᠯ ᠹᠷᠣᠨᠲ᠎ᠤᠨ ᠬᠦᠷᠢᠶᠡᠨ᠎ᠳᠤ ᠨᠠᠮ ᠪᠣᠯᠤᠨ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠵᠣᠷᠢᠭ ᠰᠠᠨᠠᠭ᠎ᠠ ᠵᠢ ᠪᠠᠬᠢᠵᠢᠭᠦᠯᠦᠨ ᠭᠦᠨᠵᠡᠭᠡᠶ᠋ᠢᠷᠡᠭᠦᠯᠬᠦ ᠵᠢᠨ ᠴᠢᠬᠤᠯᠠ ᠠᠷᠭ᠎ᠠ ᠬᠡᠮᠵᠢᠶ᠎ᠠ ᠪᠣᠯᠤᠨ᠎ᠠ᠂ ᠪᠠᠰᠠ ᠴᠦ᠍ ᠰᠢᠨ᠎ᠡ ᠴᠠᠭ ᠦᠶ᠎ᠡ᠎ᠳᠤ ᠨᠢᠭᠡᠳᠦᠮᠡᠯ ᠹᠷᠣᠨᠲ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ ᠭᠡᠵᠤ ᠵᠢᠭ᠋ᠠᠵᠤ ᠭᠠᠷᠭ᠋ᠠᠪᠠ᠃

      ᠬᠤᠷᠠᠯ᠎ᠠᠴᠠ᠂ ᠨᠢᠭᠡᠳᠦᠮᠡᠯ ᠹᠷᠣᠨᠲ᠎ᠤᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠴᠢᠩᠭ᠋ᠠᠳᠬᠠᠵᠤ᠂ ᠪᠦᠬᠦ ᠨᠠᠮ ᠵᠶ᠋ᠠᠷ ᠵᠶ᠋ᠠᠨ ᠨᠢᠭᠡᠳᠦᠮᠡᠯ ᠹᠷᠣᠨᠲ᠎ᠤᠨ ᠠᠵᠢᠯ ᠬᠢᠬᠦ ᠪᠠᠶ᠋ᠢᠳᠠᠯ᠎ᠢ ᠪᠦᠷᠢᠯᠲᠦᠭᠦᠯᠤᠨ᠂ ᠨᠢᠭᠡᠳᠦᠮᠡᠯ ᠹᠷᠣᠨᠲ᠎ᠤᠨ ᠠᠵᠢᠯ᠎ᠤᠨ ᠰᠢᠨᠵᠢᠯᠡᠬᠦ ᠤᠬᠠᠭ᠋ᠠᠨᠴᠢᠯᠠᠬᠰᠠᠨ᠂ ᠵᠢᠷᠦᠮᠵᠢᠭ᠍ᠰᠠᠨ᠂ ᠳᠦᠷᠢᠮᠵᠢᠭᠰᠡᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠰᠢᠨ᠎ᠡ ᠴᠠᠭ ᠦᠶ᠎ᠡ ᠵᠢᠨ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠳᠦᠷᠢᠮ》᠎ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠨᠢᠭᠡᠳᠦᠮᠡᠯ ᠹᠷᠣᠨᠲ᠎ᠤᠨ ᠣᠨᠣᠯ ᠴᠢᠭᠯᠡᠯᠲᠡ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠣᠨᠣᠪᠴᠢᠲᠠᠶ ᠰᠤᠷᠤᠯᠴᠠᠨ ᠣᠶ᠋ᠢᠯᠠᠭ᠋ᠠᠵᠤ᠂ ᠨᠢᠭᠡᠳᠦᠮᠡᠯ ᠹᠷᠣᠨᠲ᠎ᠤᠨ ᠠᠵᠢᠯ᠎ᠢ ᠰᠠᠶ᠋ᠢᠲᠤᠷ ᠬᠢᠬᠦ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠨ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠤᠨ ᠵᠶ᠋ᠠᠨ ᠨᠢᠭᠡᠳᠦᠮᠡᠯ ᠹᠷᠣᠨᠲ᠎ᠤᠨ ᠠᠵᠢᠯ᠎ᠢ ᠲᠦᠰᠦᠪᠯᠡᠨ ᠪᠠᠶ᠋ᠢᠷᠢᠯᠠᠭᠤᠯᠬᠤ᠎ᠪᠠᠨ ᠴᠢᠩᠭ᠋ᠠᠳᠬᠠᠵᠤ᠂ ᠨᠢᠭᠡᠳᠦᠮᠡᠯ ᠹᠷᠣᠨᠲ᠎ᠢ ᠦᠨᠡᠨ ᠬᠦ᠌ ᠰᠠᠶ᠋ᠢᠲᠤᠷ ᠬᠥᠭᠵᠢᠭᠦᠯᠤᠨ᠂ ᠨᠢᠭᠡᠳᠦᠮᠡᠯ ᠹᠷᠣᠨᠲ᠎ᠤᠨ ᠠᠵᠢᠯ᠎ᠢ ᠦᠨᠡᠨ ᠬᠦ᠌ ᠰᠠᠶ᠋ᠢᠲᠤᠷ ᠥᠷᠨᠢᠭᠦᠯᠵᠦ᠂ ᠪᠦᠯᠬᠦᠮᠳᠡᠵᠦ ᠪᠣᠯᠬᠤ ᠬᠦᠴᠦᠨ ᠪᠦᠬᠦᠨ᠎ᠢ ᠪᠦᠯᠬᠦᠮᠳᠡᠭᠦᠯᠤᠨ ᠲᠠᠶ᠋ᠢᠴᠢᠯᠠᠵᠤ ᠪᠣᠯᠬᠤ ᠢᠳᠡᠪᠬᠢ ᠬᠦᠴᠦᠨ ᠵᠦᠢ᠍ᠯ ᠪᠦᠬᠦᠨ᠎ᠢ ᠲᠠᠶ᠋ᠢᠴᠢᠯᠠᠵᠤ᠂ ᠤᠯᠤᠰ ᠵᠶ᠋ᠠᠨ ᠬᠠᠶ᠋ᠢᠷᠠᠯᠠᠬᠤ ᠨᠢᠭᠡᠳᠦᠮᠡᠯ ᠹᠷᠣᠨᠲ᠎ᠤᠨ ᠦᠢ᠍ᠯᠡᠰ᠎ᠤᠨ ᠲᠠᠰᠤᠷᠠᠯᠳᠠ ᠦᠭᠡᠢ ᠪᠠᠬᠢᠵᠢᠨ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠨᠠᠮ᠎ᠤᠨ ᠳᠣᠲᠣᠭ᠋ᠠᠳᠤ ᠵᠢᠨ ᠠᠷᠠᠳᠴᠢᠯᠠᠯ᠎ᠢ ᠪᠠᠳᠠᠷᠠᠭᠤᠯᠬᠤ᠂ ᠨᠠᠮ᠎ᠤᠨ ᠭᠡᠰᠢᠭᠦᠨ᠎ᠤ ᠡᠷᠬᠡ ᠵᠢ ᠪᠠᠲᠤᠯᠠᠬᠤ ᠵᠢ ᠳᠡᠭᠡᠳᠦ ᠬᠡᠮᠵᠢᠶ᠎ᠠ᠎ᠪᠠᠷ ᠴᠢᠬᠤᠯᠠᠴᠢᠯᠠᠵᠤ᠂ ᠨᠠᠮ᠎ᠤᠨ ᠭᠡᠰᠢᠭᠦᠨ᠎ᠤ ᠭᠤᠤᠯ ᠴᠣᠭᠴᠠ ᠵᠢᠨ ᠪᠠᠶ᠋ᠢᠷᠢ ᠰᠠᠭᠤᠷᠢ ᠵᠢ ᠬᠦᠨᠳᠦᠳᠬᠡᠨ᠂ ᠨᠠᠮ᠎ᠤᠨ ᠭᠡᠰᠢᠭᠦᠨ᠎ᠤ ᠨᠠᠮ᠎ᠤᠨ ᠳᠣᠲᠣᠭ᠋ᠠᠳᠤ ᠵᠢᠨ ᠶᠠᠪᠤᠳᠠᠯ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠵᠤ᠂ ᠨᠠᠮ᠎ᠤᠨ ᠳᠣᠲᠣᠭ᠋ᠠᠳᠤ ᠵᠢᠨ ᠠᠷᠠᠳᠴᠢᠯᠠᠯ᠎ᠤᠨ ᠲᠦᠷᠢᠮ᠎ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠨ᠂ ᠨᠠᠮ᠎ᠤᠨ ᠭᠡᠰᠢᠭᠦᠨ᠎ᠤ ᠡᠷᠬᠡ ᠵᠢ ᠪᠠᠲᠤᠯᠠᠬᠤ ᠠᠵᠢᠯ᠎ᠳᠤ ᠴᠢᠬᠤᠯᠠ ᠠᠮᠵᠢᠯᠲᠠ ᠪᠦᠲᠦᠮᠵᠢ ᠤᠯᠬᠤ ᠵᠢ ᠠᠬᠢᠭᠤᠯᠵᠠᠢ᠃ ᠴᠠᠭ ᠦᠶ᠎ᠠ᠎ᠲᠠᠢ ᠵᠡᠷᠭᠡ᠎ᠪᠠᠷ ᠤᠷᠤᠭᠰᠢᠯᠠᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠡᠷᠬᠡ ᠵᠢ ᠪᠠᠲᠤᠯᠠᠬᠤ ᠳᠦᠷᠢᠮ》᠎ᠳᠤ ᠵᠠᠰᠠᠪᠤᠷᠢ ᠤᠷᠤᠭᠤᠯᠬᠤ᠎ᠨᠢ ᠮᠠᠨ᠎ᠤ ᠨᠠᠮ᠎ᠤᠨ ᠤᠳᠤᠷᠢᠳᠬᠤ ᠳᠦᠷᠢᠮ᠎ᠤᠨ ᠳᠠᠪᠠᠭᠤᠯᠢᠭ᠎ᠢ ᠭᠦᠶᠴᠡᠳ ᠬᠠᠷᠠᠭᠤᠯᠵᠤ᠂ ᠨᠠᠮ᠎ᠤᠨ ᠭᠡᠰᠢᠭᠦᠨ᠎ᠤ ᠭᠤᠤᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠤᠨ᠂ ᠪᠦᠬᠦ ᠨᠠᠮ᠎ᠤᠨ ᠭᠡᠰᠢᠭᠦᠨ᠎ᠢ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠥᠯᠥᠭᠡ ᠬᠠᠮᠲᠤ᠎ᠪᠠᠷ ᠲᠡᠮᠡᠴᠡᠬᠦ᠎ᠳᠤ ᠠᠰᠢᠭᠳᠠᠢ ᠶᠤᠮ ᠭᠡᠵᠦ ᠵᠢᠭ᠋ᠠᠵᠦ ᠭᠠᠷᠭ᠋ᠠᠪᠠ᠃

      ᠬᠤᠷᠠᠯ᠎ᠠᠴᠠ᠂ ᠥᠷᠭᠡᠨ ᠤᠯᠠᠨ ᠨᠠᠮ᠎ᠤᠨ ᠭᠡᠰᠢᠭᠦᠨ ᠡᠭᠦᠷᠭᠡ ᠪᠣᠯᠤᠨ ᠡᠷᠬᠡ᠂ ᠬᠠᠷᠢᠭᠤᠴᠠᠯᠭ᠎ᠠ ᠪᠣᠯᠤᠨ ᠡᠭᠦᠷᠭᠡᠯᠡᠯ᠂ ᠡᠷᠬᠡ᠎ᠪᠠᠨ ᠬᠡᠷᠡᠭᠵᠢᠭᠦᠯᠬᠦ ᠪᠣᠯᠤᠨ ᠰᠠᠬᠢᠯᠭ᠎ᠠ ᠪᠠᠲᠤ ᠵᠢ ᠰᠠᠬᠢᠬᠤ ᠵᠢᠨ ᠬᠤᠪᠢᠰᠤᠩᠭᠤᠢ ᠨᠢᠭᠡᠳᠦᠯ᠎ᠤᠨ ᠬᠠᠷᠢᠴᠠᠭ᠎ᠠ ᠵᠢ ᠵᠥᠪ ᠵᠶ᠋ᠠᠷ ᠲᠠᠨᠢᠵᠤ ᠵᠦᠪ ᠵᠶ᠋ᠠᠷ ᠰᠢᠢ᠍ᠳᠪᠦᠷᠢᠯᠡᠬᠦ ᠬᠡᠷᠡᠭᠲᠡᠢ᠃ ᠨᠠᠮ᠎ᠤᠨ ᠭᠡᠰᠢᠭᠦᠨ ᠡᠷᠬᠡ᠎ᠪᠠᠨ ᠬᠡᠷᠡᠭᠵᠢᠭᠦᠯᠬᠦ᠎ᠳᠤ ᠡᠷᠬᠡᠪᠰᠢ ᠡᠭᠦᠷᠭᠡ᠎ᠪᠠᠨ ᠭᠦᠢ᠍ᠴᠡᠳᠭᠡᠬᠦ᠂ ᠬᠠᠷᠢᠭᠤᠴᠠᠯᠭ᠎ᠠ᠎ᠪᠠᠨ ᠡᠭᠦᠷᠭᠡᠯᠡᠬᠦ᠂ ᠰᠠᠬᠢᠯᠭ᠎ᠠ ᠪᠠᠲᠤ ᠵᠢ ᠰᠠᠬᠢᠬᠤ᠎ᠪᠠᠷ ᠤᠷᠢᠲᠠᠯ ᠪᠣᠯᠭ᠋ᠠᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠳᠦᠷᠢᠮ᠎ᠤᠨ ᠬᠡᠷᠡᠭᠵᠢᠭᠦᠯᠦᠯᠳᠡ ᠵᠢ ᠵᠤᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠰᠤᠷᠤᠯᠴᠠᠯᠭ᠎ᠠ ᠤᠬᠠᠭᠤᠯᠭ᠎ᠠ ᠵᠢ ᠰᠠᠶ᠋ᠢᠲᠤᠷ ᠠᠳᠬᠤᠵᠤ᠂ ᠨᠠᠮ᠎ᠤᠨ ᠭᠡᠰᠢᠭᠦᠨ᠎ᠤ ᠡᠭᠦᠷᠭᠡ ᠪᠠ ᠡᠷᠬᠡ ᠵᠢᠨ ᠬᠥᠮᠦᠵᠢᠯ᠎ᠢ ᠪᠠᠶ᠋ᠢᠩᠭᠤ ᠵᠢᠨ ᠴᠢᠨᠠᠷᠲᠠᠶ ᠥᠷᠨᠢᠭᠦᠯᠵᠦ᠂ ᠭᠤᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠲᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠬᠡᠷᠡᠭᠵᠢᠭᠦᠯᠦᠯᠲᠡ ᠨᠠᠶ᠋ᠢᠳᠠᠪᠤᠷᠢᠵᠢᠭᠤᠯᠤᠯᠳᠠ ᠵᠢ ᠴᠢᠩᠭ᠋ᠠᠳᠬᠠᠨ᠂ ᠡᠯ᠎ᠡ ᠵᠦᠢ᠍ᠯ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠨᠠᠮ᠎ᠤᠨ ᠭᠡᠰᠢᠭᠦᠳ᠎ᠤᠨ ᠰᠢᠨ᠎ᠠ ᠠᠶᠠᠨ ᠲᠤᠮᠳᠠ ᠬᠤᠰᠢᠭᠤᠴᠢ ᠵᠢᠱ᠌ᠢᠶᠡᠴᠢ ᠦᠢ᠍ᠯᠡᠳᠦᠯ ᠵᠶ᠋ᠠᠨ ᠤᠬᠠᠮᠰᠠᠷ᠎ᠠᠴᠠ᠎ᠪᠠᠨ ᠪᠠᠳᠠᠷᠠᠭᠤᠯᠬᠤ ᠵᠢ ᠤᠷᠮᠠᠰᠢᠭᠤᠯᠤᠨ ᠵᠣᠷᠢᠭᠵᠢᠭᠤᠯᠬᠤ ᠭᠡᠷᠡᠭᠲᠡᠢ᠃ ᠨᠠᠮ᠎ᠤᠨ ᠭᠡᠰᠢᠭᠦᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠠᠵᠢᠯ ᠥᠷᠨᠢᠭᠦᠯᠤᠨ᠂ ᠲᠥᠪ ᠪᠤᠰᠤ ᠰᠤᠷᠲᠠᠯ ᠪᠤᠯᠤᠨ ᠢᠯᠵᠠᠷᠠᠮᠠᠯ ᠦᠵᠡᠭᠳᠡᠯ᠎ᠲᠠᠢ ᠲᠤᠭ ᠲᠡᠮᠳᠡᠭ ᠲᠣᠳᠣᠷᠬᠠᠶ᠎ᠪᠠᠷ ᠲᠡᠮᠡᠴᠡᠵᠤ᠂ ᠨᠠᠮ᠎ᠤᠨ ᠰᠠᠭᠤᠷᠢ ᠵᠢ ᠭᠤᠶ᠋ᠢᠪᠢᠯᠵᠠᠭᠤᠯᠵᠤ ᠨᠠᠮ᠎ᠤᠨ ᠦᠢ᠍ᠯᠡᠰ᠎ᠢ ᠬᠠᠷᠰᠢᠯᠠᠵᠤ ᠮᠡᠳᠡᠬᠦ ᠠᠯᠢᠪᠠ ᠦᠢ᠍ᠯᠡ ᠠᠵᠢᠯᠯᠠᠭ᠎ᠠ᠎ᠲᠠᠢ ᠲᠡᠮᠡᠴᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠶ ᠵᠢ ᠪᠤᠢ ᠪᠣᠯᠭ᠋ᠠᠬᠤ ᠬᠡᠷᠡᠭᠲᠡᠢ᠃ 《ᠭᠤᠷᠪᠠ ᠵᠢ ᠢᠯᠭ᠋ᠠᠬᠤ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠨᠠᠮ᠎ᠤᠨ ᠭᠡᠰᠢᠭᠦᠳ᠎ᠤᠨ ᠵᠣᠷᠢᠭᠲᠠᠶ᠎ᠪᠠᠷ ᠬᠠᠶ᠋ᠢᠨ ᠰᠦᠪᠡᠭᠴᠢᠯᠡᠬᠦ᠂ ᠠᠵᠢᠯᠴᠢ ᠬᠢᠴᠢᠶᠡᠩᠭᠦᠶ᠎ᠪᠠᠷ ᠠᠵᠢᠯ ᠦᠢ᠍ᠯᠡᠰ ᠵᠶ᠋ᠠᠨ ᠳᠡᠭᠡᠳᠦᠯᠡᠬᠦ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠂ ᠯᠠᠪᠳᠠᠭᠤᠨ ᠪᠠᠳᠤᠳᠠᠢ᠎ᠪᠠᠷ ᠠᠵᠢᠯ ᠬᠢᠬᠦ ᠵᠢ ᠵᠣᠷᠢᠭᠵᠢᠭᠤᠯᠵᠤ᠂ ᠭᠦᠳᠬᠡᠭᠳᠡᠨ ᠬᠤᠤᠷᠯᠠᠭᠳᠠᠰᠠᠳ᠎ᠤᠨ ᠨᠡᠷ᠎ᠡ ᠲᠦᠷᠦ ᠵᠢ ᠴᠠᠭ ᠲᠤᠬᠠᠶ᠎ᠳᠤᠨᠢ ᠰᠡᠷᠭᠦᠭᠡᠵᠦ ᠦᠭᠬᠦ ᠬᠡᠷᠡᠭᠲᠡᠶ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠬᠠᠷᠢᠭᠤᠴᠠᠯᠭ᠋ᠠᠲᠠᠨ ᠨᠥᠬᠦᠳ ᠲᠦᠷᠦᠭᠦᠯᠡᠨ ᠳᠦᠷᠢᠮ᠎ᠤᠨ ᠡᠯ᠎ᠡ ᠵᠦᠢ᠍ᠯ᠎ᠤᠨ ᠲᠣᠭᠲᠠᠭ᠋ᠠᠯ᠎ᠢ ᠬᠡᠷᠡᠭᠵᠢᠭᠦᠯᠵᠦ᠂ ᠳᠡᠭᠡᠲᠦ ᠱᠠᠲᠤ᠎ᠨᠢ ᠳᠣᠣᠷᠠᠳᠤ ᠱᠠᠲᠤ᠎ᠪᠠᠨ ᠳᠠᠶ᠋ᠢᠴᠢᠯᠠᠨ᠂ ᠡᠭᠦᠷᠭᠡ᠎ᠪᠠᠨ ᠭᠦᠢ᠍ᠴᠡᠳᠬᠡᠵᠤ ᠡᠷᠬᠡ᠎ᠪᠠᠨ ᠬᠡᠷᠡᠭᠵᠢᠭᠦᠯᠬᠦ ᠲᠠᠯ᠎ᠠ᠎ᠪᠠᠷ ᠦᠯᠢᠭᠡᠷ ᠳᠠᠭᠤᠷᠢᠶᠠᠯ ᠪᠣᠯᠵᠤ ᠦᠯᠢᠭᠡᠷ ᠵᠢᠱ᠌ᠢᠶ᠎ᠡ ᠦᠵᠡᠭᠦᠯᠬᠦ ᠬᠡᠷᠡᠭᠳᠠᠢ ᠪᠦᠭᠡᠳ ᠨᠠᠮ᠎ᠤᠨ ᠭᠡᠰᠢᠭᠦᠨ᠎ᠤ ᠭᠤᠤᠯ ᠴᠣᠭᠴᠠ ᠵᠢᠨ ᠪᠠᠶ᠋ᠢᠷᠢ ᠰᠠᠭᠤᠷᠢ ᠵᠢ ᠬᠦᠨᠳᠦᠳᠬᠡᠵᠦ᠂ ᠨᠠᠮ᠎ᠤᠨ ᠭᠡᠰᠢᠭᠦᠳ᠎ᠤᠨ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠦᠢ᠍ᠯᠡᠰ᠎ᠲᠤ ᠣᠷᠣᠯᠴᠠᠬᠤ ᠢᠳᠡᠪᠬᠢ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠬᠥᠭᠵᠢᠭᠡᠬᠦ ᠬᠡᠷᠡᠭᠲᠡᠶ ᠭᠡᠵᠦ ᠴᠢᠬᠤᠯᠠᠴᠢᠯᠠᠪᠠ᠃

      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃
                ᠢᠷᠡᠯᠲᠡ᠄ ᠳᠤᠮᠳᠠᠳᠤ ᠤᠯᠤᠰ᠎ᠤᠨ ᠠᠷᠠᠳ᠎ᠤᠨ ᠵᠠᠰᠠᠭ᠎ᠤᠨ ᠣᠷᠳᠣᠨ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠄ ᠨᠠᠮ᠎ᠤᠨ ᠳᠡᠥᠬᠡ ᠵᠢ ᠰᠤᠷᠤᠯᠴᠠᠵᠥ ᠦᠵᠡᠯ ᠰᠠᠨᠠᠭ᠎ᠠ᠎ᠪᠠᠨ ᠰᠡᠭᠡᠭᠡᠷᠡᠭᠦᠯᠵᠦ ᠪᠤᠳᠠᠳᠤ ᠶᠠᠪᠤᠳᠠᠯ ᠬᠢᠵᠥ ᠰᠢᠨ᠎ᠡ ᠪᠠᠶ᠋ᠢᠳᠠᠯ᠎ᠢ ᠡᠬᠦᠳᠴᠤ ᠰᠢᠯᠢᠳᠡᠭ ᠠᠮᠵᠢᠯᠳᠠ᠎ᠪᠠᠷ ᠨᠠᠮ ᠪᠠᠶ᠋ᠢᠭᠤᠯᠤᠬᠳᠠᠬᠰᠠᠨ ᠵᠠᠭᠤᠨ ᠵᠢᠯ᠎ᠤᠨ ᠤᠢ ᠵᠢ ᠤᠭᠲᠤᠨ᠎ᠠ
ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ ᠡᠷᠭᠢᠯᠡᠪᠡ
ᠪᠡᠭᠡᠵᠢᠩ ᠬᠣᠲᠠ ᠵᠢᠨ ᠠᠮᠢ ᠠᠬᠤᠶ ᠵᠢᠨ ᠣᠷᠴᠢᠨ ᠲ᠋ᠤᠭᠤᠷᠢᠨ᠎ᠤ ᠲᠣᠪᠴᠢᠶ᠎ᠠ 2 ᠰᠠᠷ᠎ᠠ ᠵᠢᠨ 16᠎ᠤ ᠡᠳᠦᠷ᠎ᠠᠴᠠ 28᠎ᠤ ᠡᠳᠦᠷ ᠪᠤᠯᠳᠠᠯᠠᠬᠢ ᠵᠡᠭᠡᠯᠢ ᠭᠤᠳᠤᠮᠵᠢ (ᠰᠢᠶᠠᠩ ᠪᠠᠯᠭ᠋ᠠᠰᠤ) ᠵᠢᠨ ᠠᠭ᠋ᠠᠷ ᠮᠠᠨᠳᠠᠯ᠎ᠤᠨ ᠲᠣᠮᠣ ᠮᠥᠬᠥᠯᠢᠭᠲᠦ ᠪᠣᠳᠠᠰ᠎ᠤᠨ ᠥᠳᠬᠡᠴᠡ ᠵᠢᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠪᠡ
ᠵᠢᠶᠠᠩᠰᠢ ᠮᠤᠵᠢ ᠵᠢᠨ ᠳᠡᠳ᠋ ᠳᠠᠷᠤᠭ᠎ᠠ ᠴᠧᠨ ᠰᠢᠶᠤᠤ ᠫᠢᠩ ᠭᠠᠨᠵᠸᠤ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠬᠥᠬᠡᠮᠥ᠋ᠷᠡᠨ᠎ᠤ ᠳᠤᠮᠳᠠᠳᠤ ᠳᠣᠤᠷᠠᠳᠤ ᠤᠷᠤᠰᠬᠠᠯ᠎ᠤᠨ ᠠᠮᠢ ᠠᠬᠤᠶ ᠵᠢᠨ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ
ᠨᠣᠮᠢᠨ ᠴᠡᠩᠬᠡᠷ ᠤᠰᠤᠨ -- ᠬᠠᠨᠱᠸᠦ ᠰᠢᠶᠠᠨ᠎ᠤ ᠤᠰᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠭᠰᠠᠨ ᠲᠤᠬᠠᠢ ᠪᠣᠳᠠᠲᠤ ᠲᠡᠮᠳᠡᠭᠯᠡᠯ
 
             蒙ICP备05000248号