ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ ᠡᠷᠭᠢᠯᠡᠪᠡ
ᠨᠡᠶ᠋ᠢᠲᠡᠯᠡᠭᠰᠡᠨ ᠴᠠᠭ᠄ 2021-03-10

      ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶ᠎ᠠ ᠬᠤᠷᠠᠯ ᠬᠤᠷᠠᠯᠳᠤᠭᠤᠯᠵᠥ 《ᠠᠷᠪᠠᠨ ᠳᠦᠷᠪᠡᠳᠤᠬᠡᠷ ᠳᠠᠪᠤᠨ ᠵᠢᠯ》᠎ᠤᠨ ᠳᠦᠯᠦᠪᠵᠢᠬᠦᠯᠬᠡ ᠪᠤᠯᠤᠨ 2035 ᠤᠨ᠎ᠤ ᠠᠯᠤᠰ᠎ᠤᠨ ᠬᠠᠷᠠᠯᠳᠠ ᠵᠢᠨ ᠬᠦᠳᠦᠯᠪᠤᠷᠢ ᠵᠢᠨ ᠳᠦᠰᠦᠯ ᠪᠠ ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠶᠠᠷᠢᠯᠴᠠᠵᠥ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠡᠩ᠎ᠤᠨ ᠳᠡᠭᠡᠳᠤ ᠰᠤᠷᠭ᠋ᠠᠭᠤᠯᠢ ᠵᠢᠨ ᠦᠨᠳᠦᠰᠦᠨ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠨ ᠠᠵᠢᠯ᠎ᠤᠨ ᠳᠦᠷᠢᠮ》᠎ᠢ ᠬᠢᠨᠠᠨ ᠵᠦᠪᠯᠡᠪᠡ   ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ   ᠶᠡᠷᠦᠩᠬᠡᠢ ᠱᠦᠵᠢ ᠰᠢ ᠵᠢᠨ   ᠫᠢᠩ ᠬᠤᠷᠠᠯ ᠡᠷᠭᠢᠯᠡᠪᠡ᠃
      ᠰᠢᠨᠬᠤᠸᠠ ᠬᠣᠷᠢᠶᠠᠨ᠎ᠤ ᠪᠡᠭᠡᠵᠢᠩ᠎ᠤᠨ 2   ᠰᠠᠷ᠎ᠠ ᠵᠢᠨ 26 ᠎ᠤ   ᠴᠠᠬᠢᠯᠭ᠋ᠠᠨ ᠮᠡᠳᠡᠭᠡ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶ᠎ᠠ 2 ᠰᠠᠷ᠎ᠠ ᠵᠢᠨ 26᠎ᠤ ᠡᠳᠤᠷ ᠬᠤᠷᠠᠯ ᠬᠤᠷᠠᠯᠳᠤᠭᠤᠯᠵᠥ᠂ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠳᠦᠯᠦᠬᠡᠯᠡᠭᠴᠢᠳ᠎ᠤᠨ ᠶᠡᠭᠡ ᠬᠤᠷᠠᠯ᠎ᠤᠨ ᠳᠦᠷᠪᠡᠳᠤᠬᠡᠷ ᠬᠤᠷᠠᠯ᠎ᠳᠤ ᠳᠡᠪᠰᠢᠬᠦᠯᠤᠨ ᠬᠢᠨᠠᠨ ᠪᠠᠶ᠋ᠢᠴᠠᠭ᠋ᠠᠬᠤ᠎ᠪᠠᠷ ᠪᠠᠶ᠋ᠢᠭ᠎ᠠ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠥ ᠠᠬᠤᠢ ᠪᠠ ᠨᠡᠶ᠋ᠢᠬᠡᠮ᠎ᠤᠨ ᠬᠦᠭᠵᠢᠯᠳᠡ ᠵᠢᠨ 《ᠠᠷᠪᠠᠨ ᠳᠦᠷᠪᠡᠳᠤᠬᠡᠷ ᠳᠠᠪᠤᠨ ᠵᠢᠯ》᠎ᠤᠨ ᠳᠦᠯᠦᠪᠵᠢᠬᠦᠯᠬᠡ ᠪᠤᠯᠤᠨ 2035 ᠤᠨ᠎ᠤ ᠠᠯᠤᠰ᠎ᠤᠨ ᠬᠠᠷᠠᠯᠳᠠ ᠵᠢᠨ ᠬᠦᠳᠦᠯᠪᠤᠷᠢ ᠵᠢᠨ ᠳᠦᠰᠦᠯ᠎ᠤᠨ ᠨᠤᠤᠷᠠᠬ ᠪᠤᠯᠤᠨ ᠬᠢᠨᠠᠨ ᠵᠦᠪᠯᠡᠭᠦᠯᠬᠦ᠎ᠪᠠᠷ ᠪᠠᠶ᠋ᠢᠭ᠎ᠠ 《ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ》᠎ᠤᠨ ᠨᠤᠤᠷᠠᠭ᠎ᠢ ᠶᠠᠷᠢᠯᠴᠠᠵᠥ᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠡᠩ᠎ᠤᠨ ᠳᠡᠬᠡᠳᠤ ᠰᠤᠷᠭ᠋ᠠᠭᠤᠯᠢ ᠵᠢᠨ ᠦᠨᠳᠦᠰᠦᠨ ᠱᠠᠳᠤᠨ᠎ᠤ ᠵᠤᠬᠢᠶᠠᠨ ᠪᠠᠶ᠋ᠢᠭᠤᠯᠤᠯᠳᠠ ᠵᠢᠨ ᠠᠵᠢᠯ᠎ᠤᠨ ᠳᠦᠷᠢᠮ》᠎ᠢ ᠬᠢᠨᠠᠨ ᠵᠦᠪᠯᠡᠪᠡ᠃ ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ᠃
      ᠬᠤᠷᠠᠯ᠎ᠠᠴᠠ᠂ 《ᠠᠷᠪᠠᠨ ᠭᠤᠷᠪᠠᠳᠤᠭ᠋ᠠᠷ ᠳᠠᠪᠤᠨ ᠵᠢᠯ》᠎ᠤᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠠᠵᠥ ᠠᠬᠤᠢ ᠨᠡᠶ᠋ᠢᠬᠡᠮ᠎ᠤᠨ ᠬᠦᠭᠵᠢᠯᠳᠡ ᠳᠡᠯᠡᠬᠡᠢ ᠳ᠋ᠠᠬᠢᠨ᠎ᠤ ᠠᠩᠬᠠᠷᠤᠯ᠎ᠢ ᠳᠠᠳᠠᠮ᠎ᠠ ᠠᠮᠵᠢᠯᠳᠠ ᠤᠯᠵᠠᠢ᠃ ᠡᠬᠡᠳᠡᠷᠡᠬᠡᠨ ᠪᠤᠳᠤᠯᠢᠶᠠᠨᠳᠠᠢ ᠳᠡᠯᠡᠬᠡᠢ ᠵᠢᠨ ᠪᠠᠶ᠋ᠢᠳᠠᠯ᠂ ᠤᠯᠤᠰ᠎ᠤᠨ ᠳᠤᠳᠤᠭ᠋ᠠᠳᠤ ᠵᠢᠨ ᠨᠦᠰᠡᠷ ᠬᠦᠨᠳᠤ ᠦᠬᠡᠷᠡᠴᠢᠯᠡᠯᠳᠡ ᠬᠦᠭᠵᠢᠯᠳᠡ ᠳᠤᠬᠳᠠᠭᠤᠨ᠎ᠤ ᠡᠬᠦᠷᠬᠡ ᠢᠯᠠᠩᠭᠤᠶ᠎ᠠ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠦᠨᠳᠤ ᠨᠤᠴᠢᠳᠠᠢ ᠳᠠᠭ᠋ᠠᠷᠢᠯᠳᠠ ᠵᠢᠨ ᠡᠮᠤᠨ᠎ᠡ᠂ ᠮᠠᠨ᠎ᠤ ᠨᠠᠮ ᠤᠬ ᠰᠠᠨᠠᠭ᠎ᠠ᠎ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠢ ᠪᠦᠯᠬᠦᠮᠳᠡᠬᠦᠯᠦᠨ ᠳᠠᠭ᠋ᠠᠭᠤᠯᠵᠥ ᠡᠷᠡᠮᠡᠬᠡᠶ᠋ᠢᠯᠡᠨ ᠤᠷᠤᠬᠰᠢᠯᠠᠵᠥ᠂ ᠵᠠᠮ ᠨᠡᠬᠡᠬᠡᠨ ᠰᠢᠨ᠎ᠡ ᠵᠢ ᠡᠬᠦᠳᠴᠤ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠢ ᠴᠢᠷᠮᠠᠶ᠋ᠢᠨ ᠠᠬᠢᠭᠤᠯᠪᠠ᠃ 5 ᠵᠢᠯ ᠦᠷᠬᠦᠯᠵᠢᠯᠡᠨ ᠳᠡᠮᠡᠴᠡᠬᠦ᠎ᠪᠠᠷ ᠳᠠᠮᠵᠢᠨ᠂ 《ᠠᠷᠪᠠᠨ ᠭᠤᠷᠪᠠᠳᠤᠭ᠋ᠠᠷ ᠳᠠᠪᠤᠨ ᠵᠢᠯ》᠎ᠤᠨ ᠳᠦᠯᠦᠪᠵᠢᠬᠦᠯᠬᠡ ᠵᠢᠨ ᠭᠤᠤᠯ ᠬᠠᠷᠠᠯᠳᠠ ᠡᠬᠦᠷᠬᠡ ᠵᠢ ᠠᠮᠵᠢᠯᠳᠠ᠎ᠲᠠᠢ ᠪᠡᠶᠡᠯᠡᠬᠦᠯᠵᠥ᠂ ᠴᠢᠨᠡᠬᠡᠯᠢᠭ ᠨᠡᠶ᠋ᠢᠬᠡᠮ᠎ᠢ ᠪᠦᠬᠦ ᠳᠠᠯ᠎ᠡ᠎ᠪᠠᠷ ᠪᠡᠶᠡᠯᠡᠬᠦᠯᠬᠦ ᠠᠵᠢᠯ ᠠᠭᠤᠤ ᠶᠡᠭᠡ ᠳᠡᠥᠬᠡᠳᠤ ᠴᠢᠨᠠᠷᠳᠠᠢ ᠠᠮᠵᠢᠯᠳᠠ ᠤᠯᠵᠥ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢ᠍ᠳᠪᠦᠷᠢᠳᠤ ᠳᠠᠶ᠋ᠢᠯᠠᠯᠳᠤᠭ᠋ᠠᠨ᠎ᠳᠤ ᠪᠦᠬᠦ ᠳᠠᠯ᠎ᠠ ᠵᠢᠨ ᠢᠯᠠᠯᠳᠠ ᠤᠯᠵᠥ᠂ ᠠᠵᠥ ᠠᠬᠤᠢ ᠵᠢᠨ ᠡᠷᠬᠢᠯᠳᠡ ᠶᠡᠷᠦᠩᠬᠡᠢ᠎ᠳᠡᠭᠡᠨ ᠳᠤᠬᠳᠠᠭᠤᠨ ᠪᠠᠶ᠋ᠢᠵᠤ᠂ ᠠᠵᠥ ᠠᠬᠤᠢ ᠵᠢᠨ ᠪᠦᠳᠦᠴᠡ ᠦᠷᠬᠦᠯᠵᠢᠯᠡᠨ ᠰᠢᠯᠢᠳᠡᠭᠵᠢᠵᠥ᠂ ᠠᠮᠢ ᠠᠬᠤᠢ ᠤᠷᠴᠢᠨ ᠳᠤᠭᠤᠷᠢᠨ ᠢᠯᠡᠳᠳᠡ ᠰᠠᠶ᠋ᠢᠵᠢᠷᠠᠨ᠂ ᠭᠠᠳᠠᠭ᠋ᠠᠳᠤ ᠨᠡᠬᠡᠬᠡᠯᠳᠡ ᠦᠷᠬᠦᠯᠵᠢᠯᠡᠨ ᠦᠷᠬᠡᠳᠴᠤ᠂ ᠠᠷᠠᠳ᠎ᠤᠨ ᠠᠮᠢᠳᠤᠷᠠᠯ᠎ᠤᠨ ᠳᠦᠪᠰᠢᠨ ᠢᠯᠡᠳᠳᠡ ᠳᠡᠬᠡᠭᠰᠢᠯᠡᠵᠤ᠂ ᠮᠠᠨ᠎ᠤ ᠤᠯᠤᠰ᠎ᠤᠨ ᠠᠵᠥ ᠠᠬᠤᠢ ᠵᠢᠨ ᠪᠤᠳᠠᠳᠤ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠪᠤᠳᠠᠳᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠰᠢᠨ᠎ᠡ ᠶᠡᠭᠡ ᠳᠠᠪᠴᠠᠩ᠎ᠳᠤ ᠭᠠᠷᠴᠤ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠤᠷᠤᠬᠰᠢ᠎ᠪᠠᠨ ᠰᠢᠨ᠎ᠡ ᠳᠤᠮᠤ ᠠᠯᠬᠤᠮ ᠠᠯᠬᠤᠵᠠᠢ᠃ ᠡᠨᠡ᠎ᠨᠢ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠪᠤᠯᠤᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠬᠦᠢ᠍ᠴᠡᠳ ᠬᠠᠷᠠᠭᠤᠯᠵᠥ᠂ ᠪᠦᠬᠦ ᠨᠠᠮ ᠪᠦᠬᠦ ᠤᠯᠤᠰ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠤ ᠴᠢᠷᠮᠠᠶ᠋ᠢᠬᠰᠠᠨ ᠳᠡᠬᠡᠷ᠎ᠡ᠎ᠪᠠᠨ ᠴᠢᠷᠮᠠᠶ᠋ᠢᠵᠥ᠂ ᠬᠤᠶᠠᠳᠤᠭ᠋ᠠᠷ ᠵᠠᠭᠤᠨ ᠵᠢᠯ᠎ᠤᠨ ᠳᠡᠮᠡᠴᠡᠬᠦ ᠬᠠᠷᠠᠯᠳᠠ ᠵᠢ ᠪᠡᠶᠡᠯᠡᠬᠦᠯᠬᠦ᠎ᠪᠠᠷ ᠦᠷᠬᠦᠯᠵᠢᠯᠡᠨ ᠡᠷᠡᠮᠡᠬᠡᠶ᠋ᠢᠯᠡᠨ ᠤᠷᠤᠬᠰᠢᠯᠠᠬᠤ ᠵᠢ ᠤᠷᠮᠠᠰᠢᠭᠤᠯᠤᠨ ᠵᠤᠷᠢᠬ᠍ᠵᠢᠭᠤᠯᠬᠤ ᠪᠤᠯᠤᠨ᠎ᠠ ᠬᠡᠵᠥ ᠵᠢᠭ᠋ᠠᠵᠥ ᠭᠠᠷᠭ᠋ᠠᠪᠠ᠃
      ᠬᠤᠷᠠᠯ᠎ᠠᠴᠠ᠂ 《ᠠᠷᠪᠠᠨ ᠳᠦᠷᠪᠡᠳᠤᠬᠡᠷ ᠳᠠᠪᠤᠨ ᠵᠢᠯ》᠎ᠤᠨ ᠬᠤᠭᠤᠴᠠᠭ᠎ᠠ ᠪᠤᠯ ᠮᠠᠨ᠎ᠤ ᠤᠯᠤᠰ᠎ᠤᠨ ᠴᠢᠨᠡᠬᠡᠯᠢᠭ ᠨᠡᠶ᠋ᠢᠬᠡᠮ᠎ᠢ ᠪᠦᠬᠦ ᠳᠠᠯ᠎ᠠ᠎ᠪᠠᠷ ᠪᠡᠶᠡᠯᠡᠬᠦᠯᠵᠥ᠂ ᠨᠢᠬᠡᠳᠤᠬᠡᠷ ᠵᠠᠭᠤᠨ ᠵᠢᠯ᠎ᠤᠨ ᠳᠡᠮᠡᠴᠡᠬᠦ ᠬᠠᠷᠠᠯᠳᠠ᠎ᠪᠠᠨ ᠪᠠᠶᠠᠯᠡᠬᠦᠯᠦᠭᠰᠡᠨ᠎ᠤ ᠳᠠᠷᠠᠭ᠎ᠠ᠂ ᠢᠯᠠᠯᠳᠠ ᠵᠢᠨ ᠡᠷᠴᠢᠨ ᠳᠡᠬᠡᠷ᠎ᠡ᠎ᠪᠠᠨ ᠨᠡᠶ᠋ᠢᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠳᠠᠯ᠎ᠠ᠎ᠪᠠᠷ ᠪᠦᠳᠦᠬᠡᠨ ᠪᠠᠶ᠋ᠢᠭᠤᠯᠬᠤ ᠰᠢᠨ᠎ᠡ ᠠᠶᠠᠯᠠᠯ ᠵᠶ᠋ᠠᠨ ᠡᠬᠢᠯᠡᠬᠦᠯᠬᠦ᠂ ᠬᠤᠶᠠᠳᠤᠭ᠋ᠠᠷ ᠵᠠᠭᠤᠨ ᠵᠢᠯ᠎ᠤᠨ ᠳᠡᠮᠡᠴᠡᠬᠦ ᠬᠠᠷᠠᠯᠳᠠ ᠵᠢ ᠪᠡᠶᠡᠯᠡᠭᠦᠯᠬᠦ᠎ᠪᠠᠷ ᠤᠷᠤᠬᠰᠢᠯᠠᠬᠤ ᠠᠩᠬᠠᠨ᠎ᠤ ᠳᠠᠪᠤᠨ ᠵᠢᠯ ᠪᠤᠯᠤᠨ᠎ᠠ᠃ ᠨᠠᠮ᠎ᠤᠨ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠬᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠰᠠᠶ᠋ᠢᠳᠦᠷ ᠪᠠᠳᠠᠷᠠᠭᠤᠯᠵᠥ᠂ 《ᠠᠷᠪᠠᠨ ᠳᠦᠷᠪᠡᠳᠤᠬᠡᠷ ᠳᠠᠪᠤᠨ ᠵᠢᠯ》᠎ᠤᠨ ᠳᠦᠯᠦᠪᠵᠢᠬᠦᠯᠬᠡ ᠪᠤᠯᠤᠨ 2035 ᠤᠨ᠎ᠤ ᠠᠯᠤᠰ᠎ᠤᠨ ᠬᠠᠷᠠᠯᠳᠠ ᠵᠢᠨ ᠬᠦᠳᠦᠯᠪᠤᠷᠢ ᠵᠢ ᠰᠢᠨᠵᠢᠯᠡᠬᠦ ᠤᠬᠠᠭ᠋ᠠᠨᠴᠢ᠎ᠪᠠᠷ ᠲᠤᠭᠤᠷᠪᠢᠨ ᠳᠤᠭᠳᠠᠭ᠋ᠠᠵᠤ ᠬᠡᠷᠡᠭᠵᠢᠬᠦᠯᠬᠦ᠎ᠨᠢ ᠴᠢᠨᠡᠬᠡᠯᠢᠭ ᠨᠡᠶ᠋ᠢᠬᠡᠮ᠎ᠢ ᠪᠦᠬᠦ ᠳᠠᠯ᠎ᠠ᠎ᠪᠠᠷ ᠪᠡᠶᠡᠯᠡᠭᠦᠯᠦᠭᠰᠡᠨ ᠪᠠ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠳᠦᠬᠡᠯ᠎ᠢ ᠪᠠᠬᠢᠵᠢᠬᠦᠯᠦᠨ ᠦᠷᠬᠡᠳᠬᠡᠵᠥ᠂ ᠨᠡᠶ᠋ᠢᠬᠡᠮ ᠵᠢᠷᠤᠮᠳᠤ ᠤᠳᠤᠬᠢᠴᠢᠯᠠᠬᠰᠠᠨ ᠤᠯᠤᠰ᠎ᠢ ᠪᠦᠬᠦ ᠳᠠᠯ᠎ᠠ᠎ᠪᠠᠷ ᠪᠦᠳᠦᠬᠡᠨ ᠪᠠᠶ᠋ᠢᠭᠤᠯᠬᠤ ᠰᠢᠨ᠎ᠠ ᠠᠶᠠᠯᠠᠯ᠎ᠢ ᠡᠬᠢᠯᠡᠬᠦᠯᠬᠦ᠎ᠳᠤ ᠴᠢᠬᠤᠯᠠ ᠶᠡᠭᠡ ᠠᠴᠢ ᠬᠤᠯᠪᠤᠬᠳᠠᠯ᠎ᠲᠠᠢ ᠶᠤᠮ᠃
      ᠬᠤᠷᠠᠯ᠎ᠠᠴᠠ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠦᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠦᠭᠵᠢᠯᠳᠡ ᠵᠢᠨ ᠦᠵᠡᠯᠳᠡ᠂ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ᠂ ᠠᠵᠤ ᠠᠬᠤᠢ ᠵᠢᠨ ᠪᠦᠲᠦᠭᠡᠨ ᠪᠠᠶ᠋ᠢᠭᠤᠯᠤᠯᠳᠠ᠂ ᠤᠯᠤᠰ ᠲᠦᠷᠦ ᠵᠢᠨ ᠪᠠᠶ᠋ᠢᠭᠤᠯᠤᠯᠳᠠ᠂ ᠰᠤᠶᠤᠯ᠎ᠤᠨ ᠪᠠᠶ᠋ᠢᠭᠤᠯᠤᠯᠳᠠ᠂ ᠨᠡᠶ᠋ᠢᠭᠡᠮ᠎ᠤᠨ ᠪᠠᠶ᠋ᠢᠭᠤᠯᠤᠯᠳᠠ᠂ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠳᠠ ᠵᠢᠨ ᠶᠡᠷᠦᠩᠬᠡᠢ ᠪᠠᠶ᠋ᠢᠷᠢᠰᠢᠭᠤᠯᠤᠯᠳᠠ ᠵᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠨᠡᠶ᠋ᠢᠭᠡᠮ ᠵᠢᠷᠤᠮᠳᠤ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠦᠭᠡᠷᠡᠴᠢᠯᠡᠯᠳᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠳᠠ ᠵᠢ ᠵᠤᠬᠢᠴᠠᠩᠭᠤᠢ ᠠᠬᠢᠭᠤᠯᠵᠤ᠂ ᠰᠢᠨ᠎ᠠ ᠵᠢ ᠡᠭᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡᠳᠤ᠂ ᠬᠠᠮᠳᠦ᠎ᠪᠠᠷ ᠡᠳ᠋ᠯᠡᠬᠦ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠡᠷᠡᠰ ᠭᠤᠶ᠋ᠢᠪᠢᠰᠢ ᠦᠭᠡᠢ ᠲᠤᠤᠱᠯᠠᠭᠤᠯᠤᠨ᠂ ᠲᠤᠭᠳᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠵᠤ᠂ ᠴᠢᠨᠠᠷ ᠰᠠᠶ᠋ᠢᠳᠠᠢ ᠬᠦᠭᠵᠢᠯᠳᠡ ᠵᠢ ᠠᠬᠢᠭᠤᠯᠬᠤ᠎ᠪᠠᠷ ᠭᠤᠤᠯ ᠰᠡᠳᠦᠪ ᠪᠤᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠳᠠᠢ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠬᠦ᠎ᠪᠠᠷ ᠭᠤᠤᠯ ᠱᠤᠭᠤᠮ ᠪᠤᠯᠭ᠋ᠠᠵᠤ᠂ ᠦᠭᠡᠷᠡᠴᠢᠯᠡᠯᠳᠡ ᠬᠢᠵᠤ ᠰᠢᠨ᠎ᠠ ᠵᠢ ᠡᠭᠦᠳᠬᠦ᠎ᠪᠠᠷ ᠦᠨᠳᠦᠰᠦᠨ ᠬᠦᠳᠡᠯᠭᠡᠬᠦ ᠬᠦᠴᠦᠨ ᠪᠤᠯᠭ᠋ᠠᠵᠤ᠂ ᠠᠷᠠᠳ ᠲᠦᠮᠡᠨ᠎ᠤ ᠡᠳᠦᠷ ᠢᠷᠡᠬᠦᠶ᠎ᠠ ᠨᠡᠮᠡᠭᠳᠡᠵᠤ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠦᠨᠳᠦᠰᠦᠨ ᠬᠠᠷᠠᠯᠳᠠ ᠪᠤᠯᠭ᠋ᠠᠵᠤ᠂ ᠬᠦᠭᠵᠢᠯᠳᠡ ᠪᠠ ᠠᠮᠤᠷ ᠲᠦᠪᠰᠢᠨ᠎ᠢ ᠨᠢᠭᠡᠳᠦᠯᠳᠠᠢ ᠲᠦᠯᠦᠪᠵᠢᠭᠦᠯᠤᠨ᠂ ᠤᠳᠤᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠱᠠᠯᠠᠪᠳᠠᠨ ᠪᠠᠶ᠋ᠢᠭᠤᠯᠵᠤ᠂ ᠤᠯᠤᠰ᠎ᠤᠨ ᠳᠤᠳᠤᠭ᠋ᠠᠳᠤ ᠵᠢᠨ ᠶᠡᠭᠡ ᠤᠷᠴᠢᠯ ᠵᠶ᠋ᠠᠷ ᠭᠤᠤᠯ ᠴᠤᠭᠴᠠ ᠪᠤᠯᠭ᠋ᠠᠭᠰᠠᠨ᠂ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠬᠤᠤᠰ ᠤᠷᠴᠢᠯ ᠬᠠᠷᠢᠯᠴᠠ ᠠᠬᠢᠭᠤᠯᠤᠭᠰᠠᠨ ᠰᠢᠨ᠎ᠠ ᠬᠦᠭᠵᠢᠯᠳᠡ ᠵᠢᠨ ᠪᠠᠶ᠋ᠢᠷᠢᠰᠢᠯ᠎ᠢ ᠱᠠᠯᠠᠪᠳᠠᠨ ᠪᠠᠶ᠋ᠢᠭᠤᠯᠵᠤ᠂ ᠤᠯᠤᠰ᠎ᠤᠨ ᠵᠠᠰᠠᠯᠳᠠ ᠵᠢᠨ ᠰᠢᠰᠲ᠋ᠧᠮ ᠪᠤᠯᠤᠨ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢ ᠠᠬᠢᠭᠤᠯᠵᠤ᠂ ᠠᠵᠤ ᠠᠬᠤᠢ ᠵᠢᠨ ᠯᠠᠪᠳᠠᠭᠤᠨ ᠵᠶ᠋ᠠᠷ ᠬᠤᠯᠠ ᠠᠶᠠᠯᠠᠬᠤ᠂ ᠨᠡᠶ᠋ᠢᠭᠡᠮ᠎ᠤᠨ ᠠᠮᠤᠷ ᠲᠤᠭᠳᠠᠭᠤᠨ ᠡᠶ᠎ᠡ ᠵᠤᠬᠢᠴᠠᠩᠭᠤᠢ ᠪᠠᠶ᠋ᠢᠬᠤ ᠵᠢ ᠪᠡᠶᠡᠯᠡᠭᠦᠯᠤᠨ᠂ ᠨᠡᠶ᠋ᠢᠭᠡᠮ ᠵᠢᠷᠤᠮᠳᠤ ᠤᠳᠤᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ᠎ᠢ ᠰᠠᠶ᠋ᠢᠨ ᠡᠬᠢᠯᠡᠯᠳᠡ᠎ᠲᠠᠢ ᠪᠤᠯᠭ᠋ᠠᠬᠤ ᠬᠡᠷᠡᠭᠳᠠᠢ ᠭᠡᠵᠤ ᠴᠢᠬᠤᠯᠠᠴᠢᠯᠠᠵᠠᠢ᠃
      ᠬᠤᠷᠠᠯ᠎ᠠᠴᠠ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠦᠳᠦᠯᠪᠦᠷᠢ ᠵᠢᠨ ᠨᠤᠤᠷᠠᠭ᠎ᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠳᠦᠷᠪᠡᠳᠦᠭᠡᠷ ᠬᠤᠷᠠᠯ᠎ᠳᠤ ᠳᠡᠪᠰᠢᠭᠦᠯᠦᠨ ᠬᠢᠨᠠᠨ ᠪᠠᠶ᠋ᠢᠴᠠᠭ᠋ᠠᠬᠤ ᠪᠠ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠳᠦᠷᠪᠡᠳᠦᠭᠡᠷ ᠬᠤᠷᠠᠯ᠎ᠳᠤ ᠳᠡᠪᠰᠢᠭᠦᠯᠦᠨ ᠶᠠᠷᠢᠯᠴᠠᠭᠤᠯᠬᠤ ᠶᠠᠪᠤᠴᠠ᠎ᠳᠤ᠂ ᠠᠷᠠᠳᠴᠢᠯᠠᠯ᠎ᠢ ᠭᠦᠢ᠍ᠴᠡᠳ ᠪᠠᠳᠠᠷᠠᠭᠤᠯᠵᠤ᠂ ᠤᠯᠠᠨ᠎ᠤ ᠤᠶᠤᠨ ᠤᠬᠠᠭ᠋ᠠᠨ᠎ᠢ ᠲᠦᠪᠯᠡᠷᠡᠭᠦᠯᠤᠨ᠂ ᠲᠦᠯᠦᠪᠵᠢᠭᠦᠯᠭᠡ ᠵᠢᠨ ᠬᠦᠳᠦᠯᠪᠦᠷᠢ ᠵᠢ ᠦᠨᠡᠨ ᠬᠦ᠌ ᠰᠠᠶ᠋ᠢᠳᠤᠷ ᠲᠤᠭᠳᠠᠭ᠋ᠠᠵᠤ᠂ ᠲᠦᠯᠦᠪᠵᠢᠭᠦᠯᠭᠡ ᠵᠢᠨ ᠬᠦᠳᠦᠯᠪᠦᠷᠢ ᠵᠢ ᠨᠡᠩ ᠰᠠᠶ᠋ᠢᠳᠤᠷ ᠬᠡᠷᠡᠭᠵᠢᠭᠦᠯᠬᠦ᠎ᠳᠤ ᠪᠠᠳᠤ ᠰᠠᠭᠤᠷᠢ ᠲᠠᠯᠪᠢᠬᠤ ᠬᠡᠷᠡᠭᠳᠠᠢ ᠭᠡᠵᠤ ᠱᠠᠭ᠋ᠠᠷᠳᠠᠪᠠ᠃
      ᠬᠤᠷᠠᠯ᠎ᠠᠴᠠ᠂ ᠤᠳᠤᠬᠠᠨ᠎ᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ ᠮᠦᠨ ᠬᠦ᠌ ᠪᠦᠬᠦ ᠳᠡᠯᠡᠬᠡᠢ᠎ᠳᠤ ᠦᠷᠪᠢᠰᠦᠨ ᠳᠡᠯᠭᠡᠷᠡᠵᠤ᠂ ᠤᠯᠠᠨ ᠤᠯᠤᠰ᠎ᠤᠨ ᠪᠠᠶ᠋ᠢᠳᠠᠯ᠎ᠳᠠᠬᠢ ᠲᠤᠭᠳᠠᠭᠤᠨ ᠪᠤᠰᠤ ᠲᠤᠭᠳᠠᠭ᠋ᠠᠯᠳᠤ ᠪᠤᠰᠤ ᠡᠯᠧᠮᠧᠨ᠋ᠲ ᠨᠡᠮᠡᠭᠳᠡᠵᠦ᠂ ᠮᠠᠨ᠎ᠤ ᠤᠯᠤᠰ᠎ᠤᠨ ᠠᠵᠤ ᠠᠬᠤᠢ ᠵᠢᠨ ᠰᠡᠷᠭᠦᠯᠳᠡ ᠵᠢᠨ ᠰᠠᠭᠤᠷᠢ ᠬᠠᠷᠠᠬᠠᠨ ᠪᠠᠬᠢᠵᠢᠭᠡᠳᠦᠢ ᠪᠠᠶ᠋ᠢᠵᠤ᠂ ᠠᠵᠤ ᠠᠬᠤᠢ ᠨᠡᠶ᠋ᠢᠭᠡᠮ᠎ᠤᠨ ᠬᠦᠭᠵᠢᠯᠳᠡ᠎ᠳᠤ ᠮᠦᠨ   ᠴᠦᠬᠡᠨ ᠪᠤᠰᠤ ᠬᠦᠴᠢᠷᠳᠡᠯ ᠪᠠ ᠦᠷᠢᠰᠦᠯᠳᠦᠭᠡᠨ ᠲᠤᠯᠭ᠋ᠠᠷᠠᠵᠤ ᠪᠠᠶ᠋ᠢᠨ᠎ᠠ᠃ ᠡᠨᠡ ᠵᠢᠯ᠎ᠤᠨ ᠵᠠᠰᠠᠭ᠎ᠤᠨ ᠤᠷᠳᠤᠨ᠎ᠤ ᠠᠵᠢᠯ᠎ᠢ ᠰᠠᠶ᠋ᠢᠳᠤᠷ ᠬᠢᠬᠦ᠎ᠳᠤ᠂ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠰᠢᠨ᠎ᠠ ᠬᠦᠭᠵᠢᠯᠳᠡ ᠵᠢᠨ ᠱᠠᠳᠤᠨ᠎ᠳᠤ ᠰᠠᠭᠤᠷᠢᠯᠠᠵᠤ᠂ ᠰᠢᠨ᠎ᠠ ᠬᠦᠭᠵᠢᠯᠳᠡ ᠵᠢᠨ ᠤᠢ᠍ᠢ᠍ᠯᠠᠭ᠋ᠠᠭᠳᠠᠬᠤᠨ᠎ᠢ ᠲᠤᠤᠱᠯᠠᠭᠤᠯᠤᠨ᠂ ᠰᠢᠨ᠎ᠠ ᠬᠦᠭᠵᠢᠯᠳᠡ ᠵᠢᠨ ᠪᠠᠶ᠋ᠢᠷᠢᠰᠢᠯ᠎ᠢ ᠪᠠᠶ᠋ᠢᠭᠤᠯᠵᠤ᠂   ᠰᠢᠰᠲ᠋ᠧᠮᠲᠦ ᠦᠵᠡᠯᠳᠡ ᠵᠢ ᠪᠠᠷᠢᠮᠳᠠᠯᠠᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠪᠠ ᠠᠵᠤ ᠠᠬᠤᠢ ᠨᠡᠶ᠋ᠢᠭᠡᠮ᠎ᠤᠨ ᠬᠦᠭᠵᠢᠯᠳᠡ ᠵᠢᠨ ᠦᠷ᠎ᠠ ᠪᠦᠲᠦᠭᠡᠯ᠎ᠢ ᠪᠠᠬᠢᠵᠢᠭᠦᠯᠦᠨ ᠦᠷᠭᠡᠳᠭᠡᠵᠤ᠂ ᠬᠦᠭᠵᠢᠯᠳᠡ ᠪᠠ ᠠᠮᠤᠷ ᠲᠦᠪᠰᠢᠨ᠎ᠢ ᠨᠡᠩ ᠰᠠᠶ᠋ᠢᠳᠦᠷ ᠨᠢᠭᠡᠳᠦᠯᠳᠠᠢ ᠲᠦᠯᠦᠪᠵᠢᠭᠦᠯᠤᠨ᠂ 《ᠵᠢᠷᠭᠤᠭ᠎ᠠ ᠵᠢ ᠲᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠳᠤᠳᠠᠢ ᠰᠠᠶ᠋ᠢᠳᠤᠷ ᠬᠢᠵᠤ᠂ 《ᠵᠢᠷᠭᠤᠭ᠎ᠠ ᠵᠢ ᠪᠠᠳᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠬᠤᠷᠸ᠎ᠠ ᠲᠦᠷᠦ ᠵᠢᠨ ᠪᠤᠳᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠤᠨᠤᠴᠠᠳᠠᠢ ᠬᠡᠷᠡᠭᠵᠢᠭᠦᠯᠵᠤ᠂ ᠠᠵᠤ ᠠᠬᠤᠢ ᠵᠢᠨ ᠡᠷᠭᠢᠯᠳᠡ ᠵᠢᠨ ᠵᠤᠬᠢᠰᠳᠠᠢ ᠬᠡᠪᠴᠢᠶᠠᠨ᠎ᠳᠤ ᠪᠠᠶ᠋ᠢᠬᠤ ᠵᠢ ᠴᠢᠷᠮᠠᠶ᠋ᠢᠨ ᠪᠠᠳᠤᠯᠠᠵᠤ᠂ ᠳᠤᠳᠤᠭ᠋ᠠᠳᠤ ᠬᠡᠷᠡᠭᠴᠡᠭᠡ ᠵᠢ ᠦᠷᠭᠡᠳᠭᠡᠬᠦ ᠪᠠᠶ᠋ᠢᠯᠳᠤᠬᠤ ᠪᠤᠳᠤᠯᠭ᠎ᠠ ᠵᠢ ᠪᠠᠷᠢᠮᠳᠠᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠯᠳᠤᠬᠤ ᠪᠤᠳᠤᠯᠭ᠎ᠠ ᠵᠢᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠦᠨᠳᠦᠷ ᠲᠦᠪᠰᠢᠨ ᠪᠦᠬᠦᠢ ᠭᠠᠳᠠᠭ᠋ᠠᠳᠤ ᠨᠡᠬᠡᠬᠡᠯᠳᠡ ᠵᠢ ᠦᠷᠭᠡᠳᠭᠡᠨ᠂ ᠨᠡᠶ᠋ᠢᠭᠡᠮ᠎ᠤᠨ ᠡᠶ᠎ᠡ ᠵᠤᠬᠢᠴᠠᠩᠭᠤᠢ ᠲᠤᠭᠳᠠᠭᠤᠨ᠎ᠢ ᠪᠠᠳᠤᠯᠠᠵᠤ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠰᠠᠶ᠋ᠢᠨ ᠡᠬᠢᠯᠡᠯᠳᠡ᠎ᠲᠠᠢ ᠪᠠᠶ᠋ᠢᠬᠤ ᠵᠢ ᠦᠨᠡᠨ ᠬᠦ᠌ ᠪᠠᠳᠤᠯᠠᠵᠤ᠂ ᠰᠢᠯᠢᠳᠡᠭ ᠠᠮᠵᠢᠯᠳᠠ ᠪᠦᠳᠦᠮᠵᠢ᠎ᠪᠠᠷ ᠳᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠬᠡᠷᠡᠭᠳᠠᠢ ᠭᠡᠵᠤ ᠵᠢᠭ᠋ᠠᠵᠤ ᠭᠠᠷᠭ᠋ᠠᠵᠠᠢ᠃
      ᠬᠤᠷᠠᠯ᠎ᠠᠴᠠ᠂ ᠡᠨᠡ ᠵᠢᠯ᠎ᠤᠨ ᠠᠵᠦ ᠠᠬᠤᠢ ᠨᠡᠶ᠋ᠢᠭᠡᠮ᠎ᠤᠨ ᠬᠦᠭᠵᠢᠯᠲᠠ ᠵᠢᠨ ᠬᠠᠷᠠᠯᠳᠠ ᠡᠬᠦᠷᠭᠡ ᠵᠢ ᠪᠡᠶᠡᠯᠡᠭᠦᠯᠬᠦ᠎ᠳᠤ᠂ ᠬᠢᠵᠢᠭ᠎ᠤᠨ ᠪᠠᠶ᠋ᠢᠲᠠᠯ᠎ᠢ ᠰᠡᠷᠭᠡᠶ᠋ᠢᠯᠡᠡ ᠡᠵᠡᠮᠲᠡᠬᠦ ᠪᠠ ᠠᠵᠦ ᠠᠬᠤᠢ ᠨᠡᠶ᠋ᠢᠭᠡᠮ᠎ᠤᠨ ᠬᠦᠭᠵᠢᠯᠲᠠ ᠵᠢ ᠨᠡᠩ ᠰᠠᠶ᠋ᠢᠳᠦᠷ ᠨᠢᠭᠡᠲᠦᠯᠲᠡᠢ ᠲᠦᠯᠦᠪᠵᠢᠭᠦᠯᠤᠨ᠂ ᠬᠤᠷᠸ᠎ᠠ ᠲᠦᠷᠦ ᠵᠢᠨ ᠪᠤᠲᠤᠯᠭ᠎ᠠ ᠵᠢᠨ ᠦᠷᠬᠦᠯᠵᠢᠯᠡᠬᠦ ᠴᠢᠨᠠᠷ᠂ ᠲᠤᠭᠲᠠᠭᠤᠨ ᠴᠢᠨᠠᠷ᠂ ᠦᠷᠭᠦᠯᠵᠢᠯᠡᠵᠦ ᠪᠤᠯᠬᠤᠢ᠍ᠢ᠍ᠴᠠ ᠴᠢᠨᠠᠷ᠎ᠢ ᠪᠠᠳᠤᠯᠠᠬᠤ ᠭᠡᠷᠡᠭᠲᠡᠢ᠃ ᠢᠲᠡᠪᠬᠢᠲᠠᠢ ᠡᠳ᠋᠎ᠤᠨ ᠵᠠᠰᠠᠭ᠎ᠤᠨ ᠲᠦᠷᠦ ᠵᠢᠨ ᠪᠤᠲᠤᠯᠭ᠎ᠠ ᠵᠢᠨ ᠴᠢᠨᠠᠷ᠎ᠢ ᠰᠠᠶ᠋ᠢᠵᠢᠷᠠᠭᠤᠯᠤᠨ ᠦᠷ᠎ᠠ ᠪᠦᠲᠦᠮᠵᠢ ᠵᠢ ᠳᠡᠭᠡᠭᠰᠢᠯᠡᠭᠦᠯᠵᠦ᠂   ᠦᠷᠬᠦᠯᠵᠢᠯᠡᠵᠤ ᠪᠤᠯᠬᠤᠢ᠍ᠢ᠍ᠴᠠ ᠪᠤᠯᠭ᠋ᠠᠬᠤ ᠬᠡᠷᠡᠭᠳᠠᠢ᠃ ᠯᠠᠪᠲᠠᠭᠤᠨ ᠵᠤᠭᠤᠰᠤᠨ᠎ᠤ ᠲᠦᠷᠦ ᠵᠢᠨ ᠪᠤᠲᠤᠯᠭ᠎ᠠ ᠵᠢ ᠠᠮᠢᠳᠤᠯᠢᠭ ᠤᠨᠤᠴᠠᠳᠠᠢ ᠪᠠᠶ᠋ᠢᠯᠭ᠋ᠠᠨ᠂ ᠵᠦᠢ ᠵᠤᠬᠢᠰᠲᠠᠢ ᠲᠤᠬᠢᠷᠠᠮᠵᠢᠲᠠᠢ ᠪᠠᠶ᠋ᠢᠯᠭ᠋ᠠᠬᠤ ᠬᠡᠷᠡᠭᠳᠠᠢ᠃ ᠠᠵᠢᠯ ᠤᠯᠭᠤᠯᠲᠠ ᠵᠢ ᠤᠷᠢᠳ ᠵᠶ᠋ᠠᠷ ᠪᠤᠲᠤᠯᠬᠢᠯᠠᠬᠤ ᠲᠦᠷᠦ ᠵᠢᠨ ᠪᠤᠲᠤᠯᠭ᠎ᠠ ᠵᠢ ᠦᠷᠬᠦᠯᠵᠢᠯᠠᠠ ᠴᠢᠩᠭ᠋ᠠᠳᠬᠠᠵᠦ᠂ ᠬᠦᠴᠤᠠ᠎ᠢ ᠨᠢᠭᠲᠠᠷᠠᠭᠤᠯᠤᠨ ᠦᠷ᠎ᠠ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠭᠤᠤᠯᠲᠠᠯᠭ᠎ᠠ᠎ᠲᠠᠢ ᠬᠦᠷᠢᠶᠠᠠ᠎ᠤ ᠦᠭᠡᠷᠡᠴᠢᠯᠡᠯᠳᠡ ᠵᠢ ᠬᠦᠨᠵᠡᠭᠡᠢ ᠠᠬᠢᠭᠤᠯᠵᠦ᠂ ᠰᠢᠨ᠎ᠠ ᠵᠢ ᠡᠭᠦᠳᠬᠦ᠎ᠳᠤ ᠲᠦᠰᠢᠭᠯᠡᠡ ᠪᠤᠲᠠᠲᠤ ᠴᠤᠭᠴᠠ ᠵᠢᠨ ᠠᠵᠦ ᠠᠬᠤᠢ ᠵᠢᠨ ᠴᠢᠨᠠᠷ ᠰᠠᠶ᠋ᠢᠲᠠᠢ ᠬᠦᠭᠵᠢᠯᠲᠠ ᠵᠢ ᠠᠬᠢᠭᠤᠯᠵᠦ᠂ ᠲᠤᠲᠤᠭ᠋ᠠᠲᠤ ᠭᠡᠷᠡᠭᠴᠡᠭᠡ᠎ᠪᠠᠨ ᠦᠷᠭᠡᠳᠭᠡᠬᠦ ᠡᠨᠡ ᠬᠦ᠌ ᠪᠠᠶ᠋ᠢᠯᠲᠤᠬᠤ ᠪᠤᠲᠤᠯᠭ᠎ᠠ ᠵᠢᠨ ᠰᠠᠭᠤᠷᠢ ᠴᠡᠭ᠎ᠢ ᠪᠠᠷᠢᠮᠲᠠᠯᠠᠨ᠂ ᠬᠦᠲᠡᠭᠡ ᠲᠤᠰᠬᠤᠨ᠎ᠢ ᠬᠦᠭᠵᠢᠭᠦᠯᠦᠨ ᠮᠠᠠᠲᠤᠭᠤᠯᠬᠤ ᠪᠠᠶ᠋ᠢᠯᠲᠤᠬᠤ ᠪᠤᠲᠤᠯᠭ᠎ᠠ ᠵᠢ ᠪᠦᠬᠦ ᠲᠠᠯ᠎ᠠ᠎ᠪᠠᠷ ᠭᠡᠷᠡᠭᠵᠢᠭᠦᠯᠵᠦ᠂ ᠦᠨᠲᠦᠷ ᠲᠦᠪᠰᠢᠨ ᠪᠦ᠍ᠬᠦᠢ ᠭᠠᠲᠠᠭ᠋ᠠᠲᠤ ᠨᠡᠭᠡᠭᠡᠯᠲᠡ ᠵᠢ ᠭᠡᠷᠡᠭᠵᠢᠭᠦᠯᠵᠦ᠂ ᠪᠤᠬᠢᠷᠲᠤᠯ᠎ᠢ ᠰᠡᠷᠭᠡᠶ᠋ᠢᠯᠡᠡ ᠵᠠᠰᠠᠬᠤ ᠪᠤᠯᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠷᠠᠳ᠎ᠤᠨ ᠠᠮᠢᠲᠤᠷᠠᠯ᠎ᠤᠨ ᠪᠤᠶᠠᠠ ᠵᠢᠷᠭ᠋ᠠᠯ᠎ᠢ ᠦᠨᠡᠡ ᠬᠦ᠌ ᠨᠡᠮᠡᠭᠲᠡᠭᠦᠯᠬᠦ       ᠭᠡᠷᠡᠭᠲᠡᠢ᠃ ᠵᠠᠰᠠᠭ᠎ᠤᠨ ᠤᠷᠲᠤᠨ᠎ᠤ ᠲᠤᠰ ᠪᠡᠶ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠦ᠂ ᠬᠡᠯᠪᠡᠷᠢᠴᠢ ᠦᠵᠡᠯ᠂ ᠨᠤᠶᠠᠠᠴᠢ ᠰᠤᠷᠲᠠᠯ᠎ᠢ ᠡᠷᠡᠰ ᠳᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ 《ᠲᠤᠮᠲᠠᠲᠤ ᠤᠯᠤᠰ᠎ᠤᠨ ᠡᠪ ᠬᠠᠮᠲᠤ ᠨᠠᠮ᠎ᠤᠨ ᠡᠩ᠎ᠤᠨ ᠲᠡᠭᠡᠲᠦ ᠰᠤᠷᠭ᠋ᠠᠭᠤᠯᠢ ᠵᠢᠨ ᠦᠨᠲᠦᠰᠦᠨ ᠱᠠᠲᠤᠨ᠎ᠤ ᠵᠤᠬᠢᠶᠠᠠ ᠪᠠᠶ᠋ᠢᠭᠤᠯᠤᠯᠲᠠ ᠵᠢᠨ ᠠᠵᠢᠯ᠎ᠤᠨ ᠲᠦᠷᠢᠮ》᠎ᠳᠤ ᠵᠠᠰᠠᠪᠤᠷᠢ ᠤᠷᠤᠭᠤᠯᠤᠭᠰᠠᠠ ᠪᠤᠯ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠲᠤᠮᠲᠠᠲᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠨᠨᠠᠭ᠎ᠠ ᠵᠢ ᠬᠦᠨᠵᠡᠭᠡᠢ   ᠲᠤᠤᠱᠯᠠᠭᠤᠯᠵᠤ᠂ ᠰᠢᠨ᠎ᠠ ᠴᠠᠭ ᠦᠶ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠭᠡᠢ ᠱᠠᠭ᠋ᠠᠷᠲᠠᠯᠭ᠎ᠠ ᠪᠤᠯᠤᠨ ᠰᠢᠨ᠎ᠠ ᠴᠠᠭ ᠦᠶ᠎ᠠ ᠵᠢᠨ ᠨᠠᠮ᠎ᠤᠨ ᠵᠤᠬᠢᠶᠠᠠ ᠪᠠᠶ᠋ᠢᠭᠤᠯᠤᠯᠲᠠ ᠵᠢᠨ ᠱᠤᠭᠤᠮ᠎ᠢ ᠲᠤᠤᠱᠯᠠᠭᠤᠯᠤᠨ ᠨᠠᠶ᠋ᠢᠲᠠᠪᠤᠷᠢᠵᠢᠭᠤᠯᠵᠦ᠂ ᠲᠡᠭᠡᠲᠦ ᠰᠤᠷᠭ᠋ᠠᠭᠤᠯᠢ᠎ᠳᠠᠬᠢ ᠨᠠᠮ᠎ᠤᠨ ᠪᠦᠬᠦ ᠲᠠᠯ᠎ᠠ ᠵᠢᠨ ᠤᠲᠤᠷᠢᠲᠤᠯᠭ᠎ᠠ ᠵᠢ ᠴᠢᠩᠭ᠋ᠠᠳᠬᠠᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠴᠢᠨᠠᠷ ᠰᠠᠶ᠋ᠢᠲᠠᠢ ᠰᠤᠷᠭ᠋ᠠᠠ ᠬᠦᠮᠦᠵᠢᠯ᠎ᠤᠨ ᠰᠢᠰᠲ᠋ᠧᠮ᠎ᠢ ᠪᠠᠶ᠋ᠢᠭᠤᠯᠬᠤ᠎ᠳᠤ ᠴᠢᠬᠤᠯᠠ ᠠᠴᠢ ᠬᠤᠯᠪᠤᠭᠲᠠᠯ᠎ᠲᠠᠢ ᠶᠤᠮ ᠭᠡᠵᠦ ᠵᠢᠭ᠋ᠠᠵᠦ ᠭᠠᠷᠭ᠋ᠠᠪᠠ᠃
      ᠬᠤᠷᠠᠯ᠎ᠠᠴᠠ᠂ ᠲᠡᠭᠡᠲᠦ ᠰᠤᠷᠭ᠋ᠠᠭᠤᠯᠢ᠎ᠳᠠᠬᠢ ᠨᠠᠮ᠎ᠤᠨ ᠪᠦᠬᠦ ᠲᠠᠯ᠎ᠠ ᠵᠢᠨ ᠤᠲᠤᠷᠢᠲᠤᠯᠭ᠎ᠠ ᠵᠢ ᠡᠷᠭᠡᠪᠰᠢ ᠡᠷᠡᠰ ᠭᠤᠶ᠋ᠢᠪᠢᠰᠢ ᠦᠭᠡᠢ ᠪᠠᠷᠢᠮᠲᠠᠯᠠᠠ ᠴᠢᠩᠭ᠋ᠠᠳᠬᠠᠵᠦ᠂ ᠲᠡᠭᠡᠲᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠠ ᠰᠠᠶ᠋ᠢᠵᠢᠷᠠᠭᠤᠯᠵᠦ᠂ ᠲᠡᠭᠡᠲᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠬᠢᠭᠡᠳ ᠲᠡᠭᠡᠲᠦ ᠵᠡᠷᠭᠡ ᠵᠢᠨ ᠰᠤᠷᠭ᠋ᠠᠠ ᠬᠦᠮᠦᠵᠢᠯ᠎ᠤᠨ ᠦᠢ᠍ᠯᠡᠰ᠎ᠤᠨ ᠬᠦᠭᠵᠢᠯᠲᠠ ᠬᠦᠨᠵᠡᠭᠡᠢ ᠠᠭᠤᠰᠤᠯᠴᠠᠬᠤ ᠵᠢ       ᠠᠬᠢᠭᠤᠯᠵᠦ᠂ ᠨᠠᠮ᠎ᠤᠨ ᠰᠤᠷᠭ᠋ᠠᠠ ᠬᠦᠮᠦᠵᠢᠯ᠎ᠤᠨ ᠲᠦᠷᠦ ᠵᠢᠨ ᠪᠤᠲᠤᠯᠭ᠎ᠠ ᠪᠤᠯᠤᠨ ᠨᠠᠮ᠎ᠤᠨ ᠲᠦᠪ ᠬᠤᠷᠢᠶᠠᠠ᠎ᠤ ᠴᠢᠬᠤᠯᠠ ᠶᠡᠭᠡ ᠰᠢᠢ᠍ᠳᠪᠦᠷᠢᠲᠦ ᠪᠤᠲᠤᠯᠭ᠎ᠠ ᠪᠠᠶ᠋ᠢᠷᠢᠯᠠᠭᠤᠯᠤᠯᠲᠠ ᠵᠢ ᠲᠡᠭᠡᠲᠦ ᠰᠤᠷᠭ᠋ᠠᠭᠤᠯᠢ᠎ᠳᠤ ᠪᠦᠲᠦᠮᠵᠢᠲᠠᠢ   ᠲᠤᠤᠱᠯᠠᠭᠤᠯᠤᠨ ᠨᠠᠶ᠋ᠢᠲᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠭᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠲᠠᠪᠤᠷᠢᠵᠢᠭᠤᠯᠵᠦ᠂ ᠲᠡᠭᠡᠲᠦ ᠰᠤᠷᠭ᠋ᠠᠭᠤᠯᠢ ᠵᠢᠨ ᠨᠠᠮ᠎ᠤᠨ ᠠᠵᠢᠯ ᠪᠤᠯᠤᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠤᠨ ᠡᠩᠨᠡᠭᠡ ᠵᠢ ᠪᠦᠷᠢᠨ ᠲᠤᠬᠢᠷᠠᠭᠤᠯᠤᠨ       ᠬᠦᠴᠦᠷᠭᠡᠭᠵᠢᠭᠦᠯᠵᠦ᠂ ᠲᠡᠭᠡᠲᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠰᠠᠶ᠋ᠢᠲᠤᠷ       ᠬᠢᠵᠦ᠂ ᠨᠠᠮ᠎ᠤᠨ ᠰᠢᠨ᠎ᠠ ᠵᠢ ᠡᠭᠦᠳᠦᠭᠰᠡᠨ ᠤᠨᠤᠯ᠎ᠢ ᠵᠢᠭ᠋ᠠᠬᠤ ᠮᠠᠲ᠋ᠧᠷᠢᠶᠠᠯ᠎ᠳᠤ ᠤᠷᠤᠭᠤᠯᠵᠦ ᠬᠢᠴᠢᠶᠡᠯ᠎ᠤᠨ ᠲᠠᠩᠬᠢᠮ᠎ᠳᠤ ᠤᠷᠤᠭᠤᠯᠵᠦ ᠳᠠᠷᠢᠬᠢᠨ᠎ᠳᠤ᠎ᠨᠢ ᠬᠠᠳᠠᠩᠰᠢᠭᠤᠯᠬᠤ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠦᠷᠲᠡᠭ᠎ᠤᠨ ᠦᠵᠡᠯᠲᠡ ᠵᠢ ᠬᠦᠨᠵᠡᠭᠡᠢ ᠬᠦᠮᠦᠵᠢᠭᠦᠯᠦᠨ ᠦᠢ᠍ᠯᠡᠲᠦᠯᠭᠡᠵᠢᠭᠦᠯᠬᠦ ᠬᠡᠷᠡᠭᠳᠠᠢ᠃ ᠲᠡᠭᠡᠲᠦ ᠰᠤᠷᠭ᠋ᠠᠭᠤᠯᠢ ᠵᠢᠨ ᠦᠨᠲᠦᠰᠦᠨ ᠱᠠᠲᠤᠨ᠎ᠤ ᠨᠠᠮ᠎ᠤᠨ ᠵᠤᠬᠢᠶᠠᠠ ᠪᠠᠶ᠋ᠢᠭᠤᠯᠤᠯᠲᠠ ᠵᠢᠨ ᠠᠮᠢᠵᠢᠷᠠᠯ᠎ᠤᠨ ᠬᠦᠴᠤᠠ᠎ᠢ ᠪᠦᠬᠦ ᠲᠠᠯ᠎ᠠ᠎ᠪᠠᠷ ᠴᠢᠩᠭ᠋ᠠᠳᠬᠠᠠ᠂ ᠪᠠᠭᠰᠢ ᠰᠤᠷᠤᠭᠴᠢ ᠨᠠᠮ᠎ᠤᠨ ᠭᠡᠰᠢᠭᠦᠨ᠎ᠤ ᠬᠤᠰᠢᠭᠤᠴᠢ ᠵᠢᠱ᠌ᠢᠶᠡᠴᠢ ᠵᠢᠨ ᠦᠢ᠍ᠯᠡᠲᠦᠯ᠎ᠢ ᠰᠠᠶ᠋ᠢᠳᠦᠷ ᠪᠠᠲᠠᠷᠠᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
      ᠬᠤᠷᠠᠯ᠎ᠠᠴᠠ᠂ ᠡᠯ᠎ᠠ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠲᠤᠷᠢᠳᠬᠤ ᠲᠤᠭᠤᠢ᠍ᠢ᠍ᠯᠠᠩ) ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠦᠨᠡᠡ ᠬᠦ᠌ ᠬᠦᠢ᠍ᠴᠡᠳᠭᠡᠵᠦ᠂ ᠲᠡᠭᠡᠲᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠠᠯᠠᠮᠵᠢᠯᠠᠠ ᠲᠡᠮᠵᠢᠵᠦ ᠠᠬᠢᠭᠤᠯᠬᠤ ᠬᠦᠴᠦᠷᠭᠡᠭ ᠶᠡᠭᠡ ᠬᠠᠮᠳᠤᠷᠠᠯ ᠬᠦᠴᠦᠨ᠎ᠢ ᠪᠦᠷᠢᠯᠲᠦᠭᠦᠯᠵᠦ᠂ ᠲᠡᠭᠡᠲᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠠᠵᠢᠯ᠎ᠤᠨ ᠰᠢᠰᠲ᠋ᠧᠮ᠎ᠢ ᠪᠠᠶ᠋ᠢᠭᠤᠯᠵᠦ᠂ ᠲᠡᠭᠡᠲᠦ ᠰᠤᠷᠭ᠋ᠠᠭᠤᠯᠢ ᠵᠢᠨ ᠴᠢᠨᠠᠷ ᠰᠠᠶ᠋ᠢᠲᠠᠢ ᠬᠦᠭᠵᠢᠯᠲᠠ ᠵᠢ ᠬᠦᠲᠦᠯᠦᠨ ᠲᠠᠭ᠋ᠠᠭᠤᠯᠵᠦ ᠠᠬᠢᠭᠤᠯᠤᠨ᠂ ᠶᠤᠰᠤ ᠰᠤᠷᠳᠠᠬᠤᠨ ᠤᠶᠤᠨ ᠤᠬᠠᠭ᠋ᠠᠨ ᠪᠡᠶ᠎ᠠ ᠮᠠᠬᠠᠪᠤᠳ ᠭᠤᠸ᠎ᠠ ᠰᠠᠶ᠋ᠢᠬᠠᠨ ᠬᠦᠲᠡᠯᠮᠦᠷᠢ ᠪᠦᠬᠦ ᠲᠠᠯ᠎ᠠ᠎ᠪᠠᠷ ᠬᠦᠭᠵᠢᠭᠰᠡᠡ ᠨᠡᠶ᠋ᠢᠭᠡᠮ ᠵᠢᠷᠤᠮ᠎ᠤᠨ ᠪᠦᠲᠦᠭᠡᠡ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠦᠮᠦᠵᠢᠭᠦᠯᠬᠦ ᠬᠠᠷᠢᠭᠤᠴᠠᠯᠭ᠎ᠠ ᠪᠠ ᠡᠬᠦᠷᠭᠡ ᠵᠢ ᠦᠨᠡᠨ ᠬᠦ᠌ ᠰᠠᠶ᠋ᠢᠲᠤᠷ ᠨᠠᠶ᠋ᠢᠲᠠᠪᠤᠷᠢᠵᠢᠭᠤᠯᠬᠤ ᠭᠡᠷᠡᠭᠲᠡᠢ᠃ ᠲᠡᠭᠡᠲᠦ ᠰᠤᠷᠭ᠋ᠠᠭᠤᠯᠢ ᠵᠢᠨ ᠦᠨᠲᠦᠰᠦᠨ ᠱᠠᠲᠤᠨ᠎ᠤ ᠨᠠᠮ᠎ᠤᠨ ᠵᠤᠬᠢᠶᠠᠠ ᠪᠠᠶ᠋ᠢᠭᠤᠯᠤᠯᠲᠠ ᠲᠤᠮᠲᠠᠲᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠲᠠᠭᠰᠠᠠ 100 ᠵᠢᠯ᠎ᠤᠨ ᠤᠢ ᠵᠢ ᠪᠡᠯᠭᠡᠯᠡᠬᠦ᠎ᠪᠠᠷ ᠠᠵᠠ ᠲᠤᠬᠢᠶᠠᠯ ᠪᠤᠯᠭ᠋ᠠᠵᠦ᠂ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠦᠵᠢᠯ᠎ᠢ ᠨᠠᠷᠢᠨ ᠬᠢᠨᠠᠮᠠᠭ᠋ᠠᠢ ᠦᠷᠨᠢᠭᠦᠯᠵᠦ᠂ 《ᠤᠭ ᠰᠠᠨᠠᠭ᠎ᠠ᠎ᠪᠠᠨ ᠦᠯᠦ ᠮᠠᠷᠲᠠᠵᠦ᠂ ᠡᠬᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠤᠤᠯ ᠰᠡᠲᠦᠪᠲᠦ ᠬᠦᠮᠦᠵᠢᠯ᠎ᠤᠨ ᠦᠷ᠎ᠠ ᠪᠦᠲᠦᠭᠡᠯ᠎ᠢ ᠪᠠᠬᠢᠵᠢᠭᠦᠯᠦᠨ ᠬᠦᠨᠵᠡᠭᠡᠶ᠋ᠢᠷᠡᠭᠦᠯᠵᠦ᠂ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠲᠤᠮᠲᠠᠲᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠨᠡᠩ ᠰᠠᠶ᠋ᠢᠳᠦᠷ ᠰᠤᠷᠤᠯᠴᠠᠠ   ᠲᠤᠤᠱᠯᠠᠭᠤᠯᠬᠤ ᠭᠡᠷᠡᠭᠲᠡᠢ ᠭᠡᠵᠦ ᠱᠠᠭ᠋ᠠᠷᠲᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠡᠭᠡᠵᠢᠩ ᠬᠣᠲᠠ ᠵᠢᠨ ᠠᠮᠢ ᠠᠬᠤᠶ ᠵᠢᠨ ᠣᠷᠴᠢᠨ ᠲ᠋ᠤᠭᠤᠷᠢᠨ᠎ᠤ ᠲᠣᠪᠴᠢᠶ᠎ᠠ 2 ᠰᠠᠷ᠎ᠠ ᠵᠢᠨ 16᠎ᠤ ᠡᠳᠦᠷ᠎ᠠᠴᠠ 28᠎ᠤ ᠡᠳᠦᠷ ᠪᠤᠯᠳᠠᠯᠠᠬᠢ ᠵᠡᠭᠡᠯᠢ ᠭᠤᠳᠤᠮᠵᠢ (ᠰᠢᠶᠠᠩ ᠪᠠᠯᠭ᠋ᠠᠰᠤ) ᠵᠢᠨ ᠠᠭ᠋ᠠᠷ ᠮᠠᠨᠳᠠᠯ᠎ᠤᠨ ᠲᠣᠮᠣ ᠮᠥᠬᠥᠯᠢᠭᠲᠦ ᠪᠣᠳᠠᠰ᠎ᠤᠨ ᠥᠳᠬᠡᠴᠡ ᠵᠢᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠪᠡ
ᠵᠢᠶᠠᠩᠰᠢ ᠮᠤᠵᠢ ᠵᠢᠨ ᠳᠡᠳ᠋ ᠳᠠᠷᠤᠭ᠎ᠠ ᠴᠧᠨ ᠰᠢᠶᠤᠤ ᠫᠢᠩ ᠭᠠᠨᠵᠸᠤ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠬᠥᠬᠡᠮᠥ᠋ᠷᠡᠨ᠎ᠤ ᠳᠤᠮᠳᠠᠳᠤ ᠳᠣᠤᠷᠠᠳᠤ ᠤᠷᠤᠰᠬᠠᠯ᠎ᠤᠨ ᠠᠮᠢ ᠠᠬᠤᠶ ᠵᠢᠨ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ
ᠨᠣᠮᠢᠨ ᠴᠡᠩᠬᠡᠷ ᠤᠰᠤᠨ -- ᠬᠠᠨᠱᠸᠦ ᠰᠢᠶᠠᠨ᠎ᠤ ᠤᠰᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠭᠰᠠᠨ ᠲᠤᠬᠠᠢ ᠪᠣᠳᠠᠲᠤ ᠲᠡᠮᠳᠡᠭᠯᠡᠯ
ᠥᠪᠥᠷ ᠮᠣᠩᠭᠣᠯ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠬᠢᠯᠡᠭᠦᠯᠪᠡ
ᠥᠪᠥᠷ ᠮᠣᠩᠭᠣᠯ᠎ᠤᠨ 29 ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢᠨ ᠦᠨᠡᠯᠡᠯᠲᠡ ᠬᠢᠪᠡ
 
             蒙ICP备05000248号