ᠵᠢᠶᠠᠩᠰᠢ ᠮᠤᠵᠢ ᠵᠢᠨ ᠳᠡᠳ᠋ ᠳᠠᠷᠤᠭ᠎ᠠ ᠴᠧᠨ ᠰᠢᠶᠤᠤ ᠫᠢᠩ ᠤᠢ᠍ᠢ᠍ᠷ᠎ᠠ ᠵᠢᠨ ᠡᠳᠦᠷ ᠭᠠᠨᠵᠸᠤ ᠬᠤᠳᠠ᠎ᠳᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠠᠵᠢᠯ᠎ᠢ ᠪᠠᠶ᠋ᠢᠴᠠᠭ᠋ᠠᠨ ᠰᠤᠳᠤᠯᠬᠤ᠎ᠳᠠᠭᠠᠨ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠠᠮᠢ ᠠᠬᠤᠢ ᠵᠢ ᠰᠡᠷᠭᠦᠭᠡᠬᠦ ᠪᠠ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠥᠬᠡᠮᠥ᠋ᠷᠡᠨ᠎ᠤ ᠳᠤᠮᠳᠠ ᠳᠤᠤᠷᠠᠳᠤ ᠤᠷᠤᠰᠬᠠᠯ᠎ᠤᠨ ᠠᠮᠢ ᠠᠬᠤᠢ ᠵᠢᠨ ᠬᠠᠯᠬᠠᠪᠴᠢ ᠵᠢ ᠪᠡᠬᠢᠵᠢᠭᠦᠯᠵᠦ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ 《ᠭᠠᠨᠵᠸᠤ ᠵᠢᠨ ᠬᠤᠪᠢ ᠨᠡᠮᠡᠷᠢ》 ᠵᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠴᠧᠨ ᠰᠢᠶᠤᠤ ᠫᠢᠩ ᠲᠤᠬᠠᠢ ᠵᠢᠨ ᠲᠠᠯᠠᠪᠠᠢ᠎ᠳᠤ ᠬᠦᠷᠴᠦ᠂ ᠦᠢ᠍ᠯᠡᠳᠪᠦᠷᠢ ᠵᠢᠨ ᠲᠠᠰᠤᠭ ᠵᠶ᠋ᠠᠷ ᠣᠴᠢᠨ᠂ ᠪᠠᠶ᠋ᠢᠳᠠᠯ᠎ᠢ ᠠᠰᠠᠭᠤᠨ ᠤᠢ᠌ᠯᠠᠭ᠋ᠠᠵᠤ᠂ ᠪᠣᠳᠠᠲᠤ ᠪᠠᠶ᠋ᠢᠳᠠᠯ᠎ᠢ ᠦᠵᠡᠵᠦ᠂ ᠭᠠᠨᠵᠸᠤ ᠬᠤᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠭᠰᠠᠨ ᠵᠢᠴᠢ ᠠᠵᠤ ᠠᠬᠤᠶ᠋ᠢᠯᠠᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠦᠢ᠍ᠯᠡᠳᠪᠦᠷᠢᠯᠡᠯ ᠡᠵᠡᠩᠨᠡᠯᠲᠡ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃
ᠴᠧᠨ ᠰᠢᠶᠤᠤ ᠫᠢᠩ ᠭᠠᠨᠵᠸᠤ ᠬᠤᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠭᠰᠠᠨ ᠲᠤᠷᠰᠢᠯᠭ᠎ᠠ ᠬᠢᠳᠡᠯ᠎ᠢ ᠭᠦᠢ᠍ᠴᠡᠳ ᠨᠤᠲᠠᠯᠠᠪᠠ᠃ ᠲᠡᠷᠡ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠤᠯᠤᠰ ᠲᠦᠷᠦ ᠵᠢᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ᠎ᠢ ᠬᠠᠮᠠᠭ᠋ᠠᠯᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠰᠢᠨ᠎ᠡ ᠨᠢᠭᠡ ᠡᠭᠡᠯᠵᠢ ᠵᠢᠨ ᠲᠥᠯᠥᠪᠵᠢᠭᠦᠯᠭᠡ ᠵᠢᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠠᠮᠢ ᠠᠬᠤᠢ ᠵᠢᠨ ᠡᠬᠢ ᠪᠠᠶᠠᠯᠢᠭ᠎ᠢ ᠬᠥᠭᠵᠢᠯᠲᠡ ᠵᠢᠨ ᠡᠬᠢ ᠪᠠᠶᠠᠯᠢᠭ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠵᠦ᠂ ᠠᠮᠢ ᠠᠬᠤᠢ ᠵᠢᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ ᠪᠣᠯᠤᠨ ᠨᠡᠶ᠋ᠢᠭᠡᠮ᠎ᠤᠨ ᠦᠷ᠎ᠡ ᠠᠰᠢᠭ᠎ᠤᠨ 《ᠭᠤᠷᠪᠠᠨ ᠲᠠᠯ᠎ᠠ᠎ᠪᠠᠷ ᠠᠰᠢᠭ ᠬᠦᠷᠳᠡᠬᠦ》 ᠵᠢ ᠪᠡᠶᠡᠯᠡᠭᠦᠯᠬᠦ ᠬᠡᠷᠡᠭᠲᠡᠢ᠃
ᠴᠧᠨ ᠰᠢᠶᠤᠤ ᠫᠢᠩ᠂ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠠᠮᠤᠷ ᠲᠦᠪᠰᠢᠨ᠎ᠤ ᠬᠣᠶᠠᠷ ᠬᠣᠷᠢᠭ᠎ᠠ ᠱᠤᠭᠤᠮ᠎ᠢ ᠪᠠᠲᠤ ᠰᠠᠬᠢᠵᠤ᠂ ᠬᠥᠭᠵᠢᠯᠲᠡ ᠵᠢᠨ ᠠᠵᠠ ᠲᠣᠬᠢᠶᠠᠯ᠎ᠢ ᠠᠮᠵᠢᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠰᠠᠢ᠌ᠨ᠂ ᠶᠠᠰᠤ ᠴᠢᠨᠠᠷ ᠰᠠᠢ᠌ᠨ᠂ ᠦᠷ᠎ᠡ ᠠᠰᠢᠭ ᠰᠠᠢ᠌ᠨ ᠬᠥᠭᠵᠢᠯᠲᠡ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠵᠤ ᠠᠬᠤᠶ᠋ᠢᠯᠠᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠵᠦ᠂ ᠪᠡᠯᠡ ᠮᠥᠩᠭᠥ᠂ ᠲᠦᠷᠦ ᠵᠢᠨ ᠪᠤᠳᠤᠯᠭ᠎ᠠ᠂ ᠴᠢᠳᠠᠪᠤᠷᠢᠲᠠᠨ ᠵᠡᠷᠭᠡ ᠵᠢᠨ ᠳᠡᠮᠵᠢᠯᠭᠡ ᠪᠠ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠠᠰᠠᠭᠤᠳᠠᠯ᠎ᠢ ᠵᠣᠬᠢᠰᠲᠠᠢ ᠰᠠᠶ᠋ᠢᠲᠤᠷ ᠰᠢᠢ᠍ᠳᠪᠦᠷᠢᠯᠡᠵᠦ᠂ ᠥᠨᠳᠥᠷ ᠲᠦᠪᠰᠢᠨ ᠪᠦᠬᠦᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠳᠤᠮᠳᠠ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠤᠷᠪᠤᠯᠵᠢᠯᠠᠭᠴᠢ ᠵᠠᠩ ᠯᠢᠨ ᠰᠢᠶᠠ
http://sthjt.nmg.gov.cn/dtxx/sshb/202103/t20210309_1627731.html