ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠯᠠᠪᠳᠠᠭᠤᠨ ᠪᠣᠳᠠᠲᠠᠢ ᠠᠵᠢᠯᠯᠠᠨ ᠰᠢᠨ᠎ᠡ ᠠᠶᠠᠨ ᠵᠢᠡᠨ ᠡᠬᠢᠯᠡᠭᠦᠯᠵᠦ ᠡᠷᠡᠯᠬᠡᠭᠯᠡᠨ ᠲᠡᠮᠡᠴᠡᠵᠦ ᠢᠷᠡᠭᠡᠳᠦᠢ ᠵᠦᠭ ᠤᠷᠤᠭᠰᠢᠯᠠᠨ᠎ᠠ
ᠨᠡᠶ᠋ᠢᠲᠡᠯᠡᠭᠰᠡᠨ ᠴᠠᠭ᠄ 2023-10-27

     – 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠪᠦᠭᠦ ᠣᠷᠣᠨ᠎ᠤ ᠡᠨᠧᠷᠭᠢ ᠡᠬᠢ ᠪᠠᠶᠠᠯᠢᠭ᠎ᠤᠨ ᠰᠢᠰᠲ᠋ᠧᠮ᠎ᠳᠤ ᠴᠢᠩᠭ᠎ᠠ ᠲᠤᠰᠬᠠᠯ ᠭᠠᠷᠪᠠ

     ᠣᠢ᠌ᠷ᠎ᠠ᠎ᠳᠤ᠂ ᠲᠦᠷᠦ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃ ᠡᠨᠡ ᠪᠣᠯ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠪᠠᠰᠠ ᠨᠢᠭᠡ ᠤᠳᠠᠭ᠎ᠠ ᠵᠢᠨ ᠴᠢᠬᠤᠯᠠ ᠶᠡᠬᠡ ᠲᠦᠷᠦ ᠵᠢᠨ ᠪᠣᠳᠣᠯᠭ᠎ᠠ ᠵᠢᠨ ᠠᠵᠠ ᠲᠣᠭᠢᠶᠠᠯ᠂ ᠲᠡᠦᠬᠡ ᠵᠢᠨ ᠠᠵᠠ ᠲᠣᠭᠢᠶᠠᠯ ᠪᠣᠯᠣᠨ᠎ᠠ᠂ ᠡᠨᠡ᠎ᠨᠢ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠬᠤ ᠪᠠ ᠳᠣᠲᠣᠨᠣ᠎ᠪᠠᠷ ᠬᠠᠯᠠᠮᠵᠢᠯᠠᠵᠤ ᠪᠠᠢ᠌ᠬᠤ ᠵᠢ ᠭᠦᠢ᠍ᠴᠡᠳ ᠢᠯᠡᠷᠡᠭᠦᠯᠵᠦ᠂ ᠪᠦᠭᠦ ᠣᠷᠣᠨ᠎ᠤ ᠡᠨᠧᠷᠭᠢ ᠡᠬᠢ ᠪᠠᠶᠠᠯᠢᠭ᠎ᠤᠨ ᠰᠢᠰᠲᠸᠮ᠎ᠳᠤ ᠴᠢᠩᠭ᠎ᠠ ᠲᠤᠰᠬᠠᠯ ᠭᠠᠷᠭ᠋ᠠᠵᠠᠢ᠃

     《ᠰᠠᠨᠠᠯ》᠎ᠢ ᠳᠣᠷᠣᠭᠰᠢ ᠲᠠᠷᠬᠠᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭ᠋ᠠᠪᠠ᠃ ᠣᠯᠠᠨ ᠵᠶ᠋ᠠᠷ ᠵᠶ᠋ᠠᠨ᠄ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠦᠨᠡᠨ ᠬᠦ᠌ ᠰᠠᠢ᠌ᠲᠤᠷ ᠠᠳᠬᠤᠬᠤ ᠶᠠᠪᠤᠳᠠᠯ᠎ᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠪᠤᠯᠭ᠋ᠠᠵᠤ᠂ ᠭᠣᠣᠯᠳᠠᠭᠤ ᠤᠯᠠᠮᠵᠢᠯᠠᠯᠲᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠭᠦ᠂ ᠲᠣᠮᠣ ᠭᠡᠯᠪᠡᠷᠢ ᠵᠢᠨ ᠰᠠᠯᠬᠢᠨ ᠬᠦᠴᠦᠨ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠢᠰᠲ᠋ᠧᠮ᠎ᠢ ᠲᠦᠷᠭᠡᠳᠬᠡᠨ ᠪᠠᠢ᠌ᠭᠤᠯᠬᠤ ᠵᠡᠷᠭᠡ ᠠᠵᠢᠯ᠎ᠤᠨ ᠡᠭᠦᠷᠭᠡ ᠵᠢᠨ ᠲᠣᠭᠣᠷᠢᠨ᠎ᠳᠤ᠂ ᠵᠦᠢ᠍ᠯ ᠵᠤᠷᠪᠤᠰ ᠳᠠᠷᠠᠭ᠋ᠠᠯᠠᠨ ᠪᠣᠳᠠᠲᠠᠢ ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠡᠯ᠎ᠡ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠬᠡᠷᠡᠭᠯᠡᠵᠦ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠭᠡᠬᠦ ᠡᠨᠡ ᠬᠦ᠌ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠵᠢᠷᠤᠭᠯᠠᠵᠤ᠂ ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ᠎ᠢ ᠰᠠᠢ᠌ᠲᠤᠷ ᠪᠦᠲᠦᠭᠡᠨ ᠪᠠᠢ᠌ᠭᠤᠯᠵᠤ᠂ ᠡᠨᠧᠷᠭᠢ ᠵᠢᠨ ᠭᠣᠣᠯᠳᠠᠯᠭ᠎ᠠ᠎ᠲᠠᠢ ᠠᠵᠤ ᠦᠢ᠍ᠯᠡᠰ᠎ᠢ ᠰᠠᠢ᠌ᠲᠤᠷ ᠬᠥᠭᠵᠢᠭᠦᠯᠵᠦ᠂ ᠠᠴᠢ ᠡᠨᠡᠷᠢᠯ᠎ᠳᠤ ᠲᠠᠯᠠᠷᠬᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠵᠢᠨ ᠲᠥᠯᠥᠭᠡ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠰᠢᠨ᠎ᠡ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃

     《〈ᠰᠠᠨᠠᠯ〉᠎ᠳᠤ ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠪᠠᠢ᠌ᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠤᠨ᠎ᠠ ᠭᠡᠵᠦ ᠳᠤᠷᠠᠳᠴᠠᠢ᠂ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠬᠠᠷᠠᠯᠲᠠ ᠵᠢ ᠲᠣᠭᠲᠠᠭ᠋ᠠᠨ ᠥᠭᠴᠦ᠂ ᠰᠢᠨ᠎ᠡ ᠡᠭᠦᠷᠭᠡ ᠵᠢ ᠪᠠᠢ᠌ᠷᠢᠯᠠᠭᠤᠯᠵᠠᠢ᠃ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠤᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭᠴᠢᠳ᠎ᠤᠨ ᠳᠠᠷᠤᠭ᠎ᠠ ᠾᠧ ᠢᠦᠢ ᠴᠦᠨ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠴᠤᠷ᠎ᠤᠨ ᠭᠠᠭᠴᠠ ᠲᠣᠮᠣ ᠭᠡᠯᠪᠡᠷᠢ ᠵᠢᠨ ᠡᠨᠧᠷᠭᠢ ᠵᠢᠨ ᠠᠵᠤ ᠠᠬᠤᠢ᠌ᠯᠠᠯ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠤᠨ᠎ᠬᠢᠨ ᠭᠣᠣᠯ ᠬᠠᠷᠢᠭᠤᠴᠠᠯᠭ᠎ᠠ ᠭᠣᠣᠯ ᠠᠵᠢᠯ᠎ᠳᠠᠭᠠᠨ ᠠᠩᠬᠠᠷᠤᠯ ᠵᠶ᠋ᠠᠨ ᠲᠥᠪᠯᠡᠷᠡᠭᠦᠯᠬᠦ ᠵᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠡᠨᠧᠷᠭᠢ᠂ ᠢᠯᠴᠢ ᠵᠢᠨ ᠴᠠᠭᠢᠯᠭ᠋ᠠᠨ᠂ ᠢᠯᠴᠢ ᠬᠠᠩᠭ᠋ᠠᠯᠭ᠎ᠠ᠂ ᠨᠡᠭᠦᠷᠡᠰᠦ ᠵᠡᠷᠭᠡ ᠲᠠᠯ᠎ᠠ᠎ᠪᠠᠷ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠳᠬᠡᠨ᠎ᠡ᠃ ᠰᠢᠨ᠎ᠡ ᠡᠨᠧᠷᠭᠢ ᠵᠢ ᠶᠡᠬᠡ᠎ᠪᠠᠷ ᠬᠥᠭᠵᠢᠭᠦᠯᠵᠦ᠂ ᠲᠡᠷᠢᠭᠦᠨ᠎ᠤ ᠰᠢᠨ᠎ᠡ ᠭᠡᠯᠪᠡᠷᠢ ᠵᠢᠨ ᠳᠡᠭᠡᠳᠦ ᠲᠡᠰ᠎ᠤᠨ ᠪᠣᠬᠢᠷᠳᠤᠯ ᠦᠭᠡᠢ ᠣᠶᠤᠨᠲᠤ ᠴᠠᠭᠢᠯᠭ᠋ᠠᠨ᠎ᠤ ᠦᠢ᠍ᠯᠡᠳᠪᠦᠷᠢ ᠵᠢ ᠪᠦᠲᠦᠭᠡᠨ ᠪᠠᠢ᠌ᠭᠤᠯᠵᠤ᠂ ᠨᠡᠭᠦᠷᠡᠰᠦ ᠴᠠᠭᠢᠯᠭ᠋ᠠᠨ᠎ᠤ ᠮᠠᠰᠢᠨ ᠴᠣᠭᠴᠠᠯᠠᠪᠤᠷᠢ ᠵᠢᠨ 《ᠭᠤᠷᠪᠠᠨ ᠥᠭᠡᠷᠡᠴᠢᠯᠡᠯᠲᠡ ᠵᠢ ᠬᠣᠯᠪᠣᠯᠳᠤᠭᠤᠯᠬᠤ》 ᠵᠢ ᠲᠦᠷᠭᠡᠳᠬᠡᠨ ᠬᠡᠷᠡᠭᠵᠢᠭᠦᠯᠵᠦ᠂ ᠢᠯᠴᠢ ᠵᠢᠨ ᠲᠣᠣᠷ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠬᠡᠷᠡᠭᠴᠡᠭᠡ᠎ᠪᠠᠷ ᠢᠯᠴᠢ ᠬᠠᠩᠭ᠋ᠠᠬᠤ ᠪᠠ ᠣᠨᠣᠴᠠᠲᠠᠢ᠎ᠪᠠᠷ ᠢᠯᠴᠢ ᠬᠠᠩᠭ᠋ᠠᠬᠤ ᠵᠢ ᠪᠡᠶᠡᠯᠡᠭᠦᠯᠵᠦ᠂ ᠡᠨᠧᠷᠭᠢ ᠵᠢᠨ ᠬᠣᠷᠣᠭᠳᠠᠯ᠎ᠢ ᠶᠡᠬᠡ᠎ᠪᠠᠷ ᠪᠠᠭ᠋ᠠᠰᠬᠠᠨ᠎ᠠ᠃ ᠣᠶᠤᠨᠴᠢᠯᠠᠭᠰᠠᠨ ᠠᠭᠤᠷᠬᠠᠢ ᠵᠢᠨ ᠬᠤᠳᠳᠤᠭ᠎ᠢ ᠪᠦᠲᠦᠭᠡᠨ ᠪᠠᠢ᠌ᠭᠤᠯᠵᠤ᠂ ᠨᠡᠭᠦᠷᠡᠰᠦ ᠵᠢ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠵᠢ ᠴᠢᠩᠭ᠋ᠠᠳᠬᠠᠨ᠂ ᠡᠨᠧᠷᠭᠢ ᠵᠢᠨ ᠬᠠᠩᠭ᠋ᠠᠯᠭ᠎ᠠ ᠵᠢ 《ᠬᠠᠩᠭ᠋ᠠᠵᠤ ᠳᠡᠢ᠌ᠯᠭᠦ》 ᠪᠠᠢ᠌ᠭᠰᠠᠨ᠎ᠠᠴᠠ 《ᠰᠠᠢ᠌ᠲᠤᠷ ᠬᠠᠩᠭ᠋ᠠᠵᠤ ᠳᠡᠢ᠌ᠯᠭᠦ》 ᠲᠡᠢ᠌ᠰᠢ ᠬᠤᠪᠢᠷᠠᠭᠤᠯᠬᠤ ᠵᠢ ᠢᠳᠡᠪᠬᠢᠲᠡᠢ ᠠᠬᠢᠭᠤᠯᠵᠤ᠂ ᠦᠷ᠎ᠡ ᠠᠰᠢᠭ ᠵᠶ᠋ᠠᠷ ᠰᠢᠯᠢᠳᠡᠭ ᠰᠠᠢ᠌ᠨ᠂ ᠬᠠᠮᠢᠶᠠᠷᠤᠯᠲᠠ ᠵᠢᠷᠤᠮᠵᠢᠭᠤᠨ᠂ ᠠᠮᠤᠷ ᠲᠦᠪᠰᠢᠨ ᠪᠣᠯᠪᠠᠰᠤᠨ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ 《ᠥᠪᠥᠷ ᠮᠣᠩᠭᠣᠯ》 ᠨᠡᠷᠡᠮᠵᠢᠳᠤ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠰᠢᠨ᠎ᠡ ᠬᠡᠪ ᠳᠠᠭᠤᠷᠢᠶᠠᠯ᠎ᠢ ᠪᠤᠶ ᠪᠤᠯᠭ᠋ᠠᠵᠤ᠂ ᠰᠢᠨ᠎ᠡ ᠡᠨᠧᠷᠭᠢ᠎ᠪᠠᠷ ᠭᠣᠣᠯ ᠪᠤᠯᠭ᠋ᠠᠬᠰᠠᠨ ᠲᠡᠷᠢᠭᠦᠨ ᠵᠡᠷᠭᠡ ᠵᠢᠨ ᠤᠳᠤ ᠦᠶ᠎ᠡ ᠵᠢᠨ ᠡᠨᠧᠷᠭᠢ ᠵᠢᠨ ᠬᠦᠴᠦᠷᠬᠡᠭ ᠠᠵᠤ ᠠᠬᠤᠢ᠌ᠯᠠᠯ᠎ᠢ ᠲᠦᠷᠭᠡᠨ ᠪᠠᠢ᠌ᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢ᠌ᠭᠤᠯᠬᠤ ᠳᠤᠮᠳᠠ ᠡᠮᠦᠨ᠎ᠡ᠎ᠨᠢ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ᠰᠢᠨ᠎ᠡ ᠭᠠᠪᠢᠶ᠎ᠠ ᠪᠠᠢ᠌ᠭᠤᠯᠬᠤ᠎ᠪᠠᠷ ᠴᠢᠷᠮᠠᠢ᠌ᠨ᠎ᠠ ᠭᠡᠵᠦ ᠬᠡᠯᠡᠪᠡ᠃

     ᠦᠬᠠᠢ ᠬᠣᠲᠠ ᠵᠢᠨ ᠤᠳᠠ ᠵᠢᠨ ᠲᠣᠬᠣᠢ ᠲᠣᠭᠣᠷᠢᠭ᠎ᠤᠨ ᠬᠤᠸᠠᠩ ᠪᠠᠢ ᠽᠢ ᠠᠭᠤᠷᠬᠠᠢ ᠵᠢᠨ ᠦᠢ᠍ᠯᠡᠰ᠎ᠤᠨ ᠺᠤᠮᠫᠠᠨᠢ ᠵᠢᠨ ᠠᠭᠤᠷᠬᠠᠢ ᠵᠢᠨ ᠣᠷᠣᠨ᠎ᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠭᠦ ᠴᠡᠭ᠎ᠤᠨ ᠲᠠᠪᠴᠠᠩ᠎ᠳᠤ ᠵᠣᠭᠰᠣᠵᠤ᠂ ᠨᠢᠳᠦᠨ ᠡᠮᠦᠨᠡᠬᠢ ᠡᠮᠬᠢ ᠳᠢᠭᠯᠢᠮ᠎ᠲᠠᠢ ᠡᠩᠨᠡᠷᠡᠨ ᠵᠢᠭᠰᠠᠭᠰᠠᠨ ᠨᠡᠷᠡᠨ᠎ᠤ ᠡᠨᠧᠷᠭᠢ ᠵᠢᠨ ᠭᠡᠷᠡᠯᠴᠢ ᠴᠡᠨᠡᠭ᠎ᠤᠨ ᠬᠠᠪᠲᠠᠰᠤ ᠵᠢ ᠬᠠᠷᠠᠭ᠋ᠠᠳ᠂ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠦᠬᠠᠢ ᠵᠢᠨ ᠡᠨᠧᠷᠭᠢ ᠵᠢᠨ ᠺᠤᠮᠫᠠᠨᠢ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠶᠡᠷᠦᠩᠬᠡᠢ ᠳᠠᠭ᠋ᠠᠭ᠋ᠠᠮᠠᠯ ᠵᠧᠦ ᠶᠦᠩ᠄ 《ᠦᠬᠠᠢ ᠵᠢᠨ ᠡᠨᠧᠷᠭᠢ ᠵᠢᠨ ᠺᠤᠮᠫᠠᠨᠢ᠎ᠨᠢ ᠥᠪᠥᠷ ᠮᠣᠩᠭᠣᠯ᠎ᠳᠤ ᠪᠠᠢ᠌ᠭ᠎ᠠ ᠲᠥᠪ᠎ᠤᠨ ᠠᠵᠤ ᠠᠬᠤᠢ᠌ᠯᠠᠯ ᠪᠣᠯᠤᠭᠰᠠᠨ᠎ᠤ ᠬᠤᠪᠢ᠎ᠳᠤ᠂ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠢ᠌ᠨ᠎ᠠ᠃ 〈ᠰᠠᠨᠠᠯ〉᠎ᠳᠤ ᠠᠭᠤᠷᠬᠠᠢ ᠵᠢᠨ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ ᠵᠢ ᠠᠬᠢᠭᠤᠯᠬᠤ᠂ ᠠᠭᠤᠷᠬᠠᠢ ᠵᠢᠨ ᠣᠷᠣᠨ᠎ᠢ ᠵᠠᠰᠠᠵᠤ ᠰᠡᠷᠭᠦᠭᠡᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠲᠣᠳᠣᠷᠬᠠᠢ ᠪᠠᠢ᠌ᠷᠢᠯᠠᠭᠤᠯᠤᠯᠲᠠ ᠬᠢᠪᠡ᠃ ᠬᠣᠢ᠌ᠰᠢᠳᠠ᠂ ᠦᠬᠠᠢ ᠵᠢᠨ ᠡᠨᠧᠷᠭᠢ ᠵᠢᠨ ᠺᠤᠮᠫᠠᠨᠢ 〈ᠰᠠᠨᠠᠯ〉᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠳᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠥᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠭᠦ ᠠᠵᠢᠯᠯᠠᠭ᠎ᠠ ᠵᠢ ᠲᠦᠷᠭᠡᠳᠬᠡᠨ ᠬᠡᠷᠡᠭᠵᠢᠭᠦᠯᠵᠦ᠂ ᠪᠣᠬᠢᠷᠳᠤᠯ ᠦᠭᠡᠢ ᠲᠡᠢ᠌ᠰᠢ ᠭᠡᠯᠪᠡᠷᠢ ᠵᠢ ᠬᠤᠪᠢᠷᠠᠭᠤᠯᠬᠤ᠂ ᠣᠯᠠᠨ ᠡᠰᠢᠵᠢᠭᠦᠯᠦᠨ ᠬᠥᠭᠵᠢᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠵᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠴᠣᠭᠴᠠᠯᠠᠬᠤ᠎ᠳᠤ ᠲᠥᠪ᠎ᠤᠨ ᠠᠵᠤ ᠠᠬᠤᠢ᠌ᠯᠠᠯ᠎ᠤᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ》 ᠭᠡᠪᠡ᠃

     《〈ᠰᠠᠨᠠᠯ〉᠎ᠢ ᠨᠡᠢ᠌ᠲᠡᠯᠡᠭᠰᠡᠨ᠎ᠨᠢ ᠡᠨᠡ ᠵᠢᠯ ᠶᠡᠷᠦᠩᠬᠡᠢ ᠱᠦᠵᠢ ᠰᠢ ᠵᠢᠨ ᠫᠢᠩ ᠥᠪᠡᠷ᠎ᠤᠨ ᠪᠡᠶ᠎ᠡ᠎ᠪᠠᠷ ᠢᠷᠡᠵᠤ ᠰᠢᠨᠵᠢᠯᠡᠨ ᠪᠠᠢ᠌ᠴᠠᠭ᠋ᠠᠭᠰᠠᠨ᠎ᠤ ᠳᠠᠷᠠᠭ᠋ᠠᠬᠢ ᠥᠪᠥᠷ ᠮᠣᠩᠭᠣᠯ᠎ᠤᠨ ᠪᠠᠰᠠ ᠨᠢᠭᠡᠨ ᠶᠡᠬᠡ ᠪᠠᠶᠠᠷ᠎ᠲᠠᠢ ᠶᠠᠪᠤᠳᠠᠯ ᠪᠠᠢ᠌ᠵᠤ᠂ ᠪᠦᠭᠦ ᠣᠷᠣᠨ᠎ᠤ ᠠᠵᠤ ᠠᠬᠤᠢ᠌ᠯᠠᠯ᠎ᠤᠨ ᠠᠵᠢᠯ ᠬᠢᠵᠦ ᠦᠢ᠍ᠯᠡᠰ ᠪᠣᠰᠬᠠᠬᠤ ᠬᠦᠴᠦᠷᠬᠡᠭ ᠶᠡᠬᠡ ᠬᠥᠳᠡᠯᠭᠡᠬᠦ ᠴᠢᠳᠠᠪᠤᠷᠢ ᠵᠢ ᠴᠢᠨᠠᠭᠰᠢᠳᠠ ᠬᠥᠭᠵᠢᠭᠡᠵᠦ᠂ ᠪᠢᠳᠡᠨ᠎ᠢ ᠨᠠᠩ ᠢᠲᠡᠭᠡᠯ᠎ᠲᠠᠢ᠂ ᠨᠠᠩ ᠢᠲᠠ ᠬᠦᠴᠦᠨ᠎ᠲᠠᠢ᠂ ᠨᠠᠩ ᠡᠷᠴᠢ ᠵᠣᠷᠢᠭ᠎ᠲᠠᠢ ᠪᠣᠯᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠨ ᠲᠣᠨᠣᠭᠯᠠᠯ᠎ᠤᠨ ᠠᠵᠤ ᠠᠬᠤᠢ᠌ᠯᠠᠯ᠎ᠤᠨ ᠬᠡᠯᠬᠢᠶ᠎ᠡ ᠵᠢᠨ ᠭᠣᠣᠯ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠪᠢᠳᠡ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ᠎ᠨᠢ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ᠂〈ᠰᠠᠨᠠᠯ〉᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠭᠦ ᠲᠠᠯ᠎ᠠ᠎ᠪᠠᠷ ᠰᠠᠢ᠌ᠲᠤᠷ ᠨᠠᠢ᠌ᠳᠠᠪᠤᠷᠢᠵᠢᠭᠤᠯᠵᠤ᠂ ᠠᠴᠢᠶ᠎ᠠ᠎ᠪᠠᠨ ᠬᠥᠩᠭᠡᠯᠡᠨ᠂ ᠵᠣᠷᠢᠭᠲᠠᠢ᠎ᠪᠠᠷ ᠬᠥᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠂ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠂ ᠰᠢᠨ᠎ᠡ ᠡᠨᠧᠷᠭᠢ ᠵᠢᠨ ᠲᠣᠨᠣᠭᠯᠠᠯ᠎ᠤᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠡᠷᠭᠡ ᠲᠠᠯ᠎ᠠ᠎ᠪᠠᠷ ᠪᠠᠷᠢᠮᠵᠢᠶ᠎ᠠ᠎ᠪᠠᠨ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠵᠦ᠂ ᠨᠠᠩ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠨ᠎ᠠ》 ᠭᠡᠵᠦ ᠶᠤᠸᠠᠨ ᠵᠢᠩ ᠡᠨᠧᠷᠭᠢ ᠵᠢᠨ ᠺᠤᠮᠫᠠᠨᠢ ᠵᠢᠨ ᠳᠡᠳ᠋ ᠶᠡᠷᠦᠩᠬᠡᠢ ᠵᠠᠬᠢᠷᠤᠭᠴᠢ᠂ ᠶᠤᠸᠠᠨ ᠵᠢᠩ ᠤᠮᠠᠷᠠᠲᠤ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠢᠵᠠᠭ᠋ᠠᠷᠲᠤ ᠺᠤᠮᠫᠠᠨᠢ ᠵᠢᠨ ᠶᠡᠷᠦᠩᠬᠡᠢ ᠳᠠᠭ᠋ᠠᠭ᠋ᠠᠮᠠᠯ ᠯᠢ ᠸᠧᠢ ᠬᠡᠯᠡᠪᠡ᠃

     ᠣᠳᠣ᠂ ᠪᠤᠭᠤᠲᠤ ᠬᠤᠳᠠ ᠵᠢᠨ ᠠᠨ ᠳ᠋ᠧ ᠰᠢ ᠨᠠᠢ ᠰᠢᠨ᠎ᠡ ᠮᠠᠲ᠋ᠧᠷᠢᠶᠠᠯ᠎ᠤᠨ ᠬᠢᠵᠠᠭ᠋ᠠᠷᠲᠤ ᠺᠤᠮᠫᠠᠨᠢ ᠵᠢᠨ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠢ ᠣᠨᠳᠣᠣᠰᠢᠭᠤᠯᠬᠤ ᠰᠠᠭᠤᠷᠢᠨ᠎ᠤ ᠲᠦᠷᠦᠯ ᠵᠦᠢ᠍ᠯ᠎ᠤᠨ ᠠᠬᠤᠢ ᠲᠠᠯᠠᠪᠠᠢ᠎ᠳᠤ᠂ ᠠᠵᠢᠯᠴᠢᠳ ᠠᠵᠢᠯ᠎ᠤᠨ ᠬᠤᠭᠤᠴᠠᠭ᠎ᠠ ᠵᠢ ᠠᠮᠵᠢᠭᠤᠯᠬᠤ ᠵᠢᠨ ᠲᠥᠯᠥᠭᠡ ᠶᠠᠭ᠋ᠠᠷᠠᠯᠲᠠᠢ ᠠᠵᠢᠯᠵᠠᠭ᠋ᠠᠨ᠎ᠠ᠃ ᠺᠤᠮᠫᠠᠨᠢ ᠵᠢᠨ ᠳᠡᠳ᠋ ᠶᠡᠷᠦᠩᠬᠡᠢ ᠳᠠᠭ᠋ᠠᠭ᠋ᠠᠮᠠᠯ ᠵᠠᠩ ᠵᠢᠶᠦ᠋ᠨ᠄ 《〈ᠰᠠᠨᠠᠯ〉᠎ᠳᠤ᠂ ᠬᠣᠪᠣᠷ ᠰᠢᠷᠣᠢ ᠵᠡᠷᠭᠡ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠵᠤ᠂ ᠴᠤᠯ ᠴᠡᠪᠡᠷ ᠬᠣᠪᠣᠷ ᠰᠢᠷᠣᠢ ᠵᠢᠨ ᠲᠡᠮᠦᠷᠯᠢᠭ᠂ ᠥᠨᠳᠥᠷ ᠴᠢᠳᠠᠪᠬᠢᠲᠤ ᠬᠣᠪᠣᠷ ᠰᠢᠷᠣᠢ ᠵᠢᠨ ᠲᠣᠭᠲᠠᠮᠠᠯ ᠰᠣᠷᠢᠨᠵᠢᠨ᠂ ᠳᠡᠭᠡᠳᠦ ᠴᠢᠳᠠᠪᠬᠢᠲᠤ ᠭᠢᠯᠠᠢ᠌ᠯᠭ᠋ᠠᠬᠤ ᠮᠡᠷᠭᠡᠵᠢᠯ ᠵᠡᠷᠭᠡ ᠳᠡᠭᠡᠳᠦ ᠲᠠᠰ᠎ᠤᠨ ᠬᠣᠪᠣᠷ ᠰᠢᠷᠣᠢ ᠵᠢᠨ ᠴᠢᠳᠠᠮᠵᠢᠲᠤ ᠮᠠᠲ᠋ᠧᠷᠢᠶᠠᠯ᠎ᠢ ᠲᠦᠷᠭᠡᠳᠬᠡᠨ ᠬᠥᠭᠵᠢᠭᠦᠯᠵᠦ᠂ ᠬᠣᠪᠣᠷ ᠰᠢᠷᠣᠢ ᠵᠢᠨ ᠲᠦᠷᠭᠡᠳᠬᠡᠬᠦ ᠮᠠᠲ᠋ᠧᠷᠢᠶᠠᠯ᠎ᠢ ᠪᠣᠯᠣᠳ ᠲᠡᠮᠦᠷ᠂ ᠱᠦᠢ᠍ᠨᠢ᠂ ᠰᠢᠯ᠂ ᠮᠠᠰᠢᠨ ᠲᠡᠷᠭᠡ᠂ ᠢᠯᠴᠢ ᠵᠢᠨ ᠴᠠᠭᠢᠯᠭ᠋ᠠᠨ ᠵᠡᠷᠭᠡ ᠠᠵᠢᠯ ᠲᠥᠷᠥᠯ᠎ᠳᠤ ᠬᠡᠷᠡᠭᠯᠡᠬᠦ ᠵᠢ ᠥᠷᠭᠡᠳᠬᠡᠨ᠎ᠡ᠃ ᠡᠨᠡ᠎ᠨᠢ ᠪᠢᠳᠡᠨ᠎ᠤ ᠡᠷᠴᠢ ᠵᠣᠷᠢᠭ᠎ᠢ ᠬᠥᠪᠴᠢᠯᠡᠵᠦ᠂ ᠮᠠᠰᠢ ᠶᠡᠬᠡ ᠵᠣᠷᠢᠭᠵᠢᠭᠤᠯᠤᠯ ᠪᠣᠯᠵᠠᠢ᠂ ᠲᠠᠷᠠᠭ᠋ᠠᠴᠢ ᠵᠢᠨ ᠠᠯᠬᠤᠮ᠎ᠳᠤ᠂ ᠪᠢᠳᠡ 《ᠰᠠᠨᠠᠯ᠎ᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠴᠠᠭ ᠪᠢᠳᠡᠨ᠎ᠢ ᠬᠦᠯᠢᠶᠡᠬᠦ ᠦᠭᠡᠢ ᠭᠡᠬᠦ ᠡᠭᠦᠷᠭᠡ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ ᠰᠡᠳᠬᠢᠯᠭᠡ᠎ᠪᠠᠷ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠯᠬᠤᠮ᠎ᠢ ᠲᠦᠷᠭᠡᠳᠬᠡᠵᠦ᠂ ᠡᠷᠲᠡᠬᠡᠨ ᠦᠢ᠍ᠯᠡᠳᠪᠦᠷᠢᠯᠡᠯ᠎ᠳᠤ ᠣᠷᠣᠭᠤᠯᠵᠤ ᠦᠷ᠎ᠡ ᠪᠦᠳᠦᠮᠵᠢ ᠣᠯᠬᠤ᠎ᠪᠠᠷ ᠴᠢᠷᠮᠠᠢ᠌ᠵᠤ᠂ ᠬᠣᠪᠣᠷ ᠰᠢᠷᠣᠢ ᠵᠢᠨ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ᠎ᠳᠤ ᠬᠦᠴᠦᠨ ᠨᠡᠮᠡᠷᠢᠯᠡᠨ᠎ᠡ》 ᠭᠡᠵᠡᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠲᠡᠦᠬᠡ ᠵᠢᠨ ᠠᠵᠠ ᠲᠣᠭᠢᠶᠠᠯ᠎ᠢ ᠴᠢᠩᠭ᠎ᠠ ᠠᠳᠬᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠨ᠎ᠡ
ᠳᠣᠲᠣᠨᠣ ᠬᠠᠯᠠᠮᠵᠢᠯᠠᠯ᠎ᠢ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠤ ᠡᠷᠡᠯᠬᠡᠭᠯᠡᠨ ᠲᠡᠮᠡᠴᠡᠵᠦ ᠰᠢᠨ᠎ᠡ ᠵᠠᠮ᠎ᠢ ᠨᠡᠭᠡᠭᠡᠨ᠎ᠡ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠨᠢ ᠪᠦᠭᠦ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠧᠮ᠎ᠳᠤ ᠴᠢᠩᠭ᠎ᠠ ᠲᠤᠰᠬᠠᠯ ᠭᠠᠷᠪᠠ
ᠠᠴᠢ ᠡᠨᠡᠷᠢᠯ᠎ᠳᠤ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ ᠬᠦᠰᠡᠯ ᠡᠷᠡᠮᠡᠯᠵᠡᠯ᠎ᠢ ᠬᠥᠰᠡᠷᠳᠡᠭᠦᠯᠦᠯ ᠦᠭᠡᠢ ᠠᠤᠭ᠎ᠠ ᠦᠢ᠍ᠯᠡᠰ᠎ᠢ ᠴᠣᠭᠴᠠᠯᠠᠨ᠎ᠠ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠣᠷᠣᠨ᠎ᠤ ᠰᠢᠭᠤᠳ ᠬᠠᠷᠢᠶ᠎ᠠ ᠨᠢᠭᠡᠴᠢ᠎ᠳᠤ ᠴᠢᠩᠭ᠎ᠠ ᠲᠤᠰᠬᠠᠯ ᠭᠠᠷᠪᠠ
ᠳᠣᠲᠣᠨᠣ ᠬᠠᠯᠠᠮᠵᠢᠯᠠᠯ᠎ᠳᠤ ᠶᠡᠬᠡᠳᠡ ᠵᠣᠷᠢᠭᠵᠢᠵᠤ ᠨᠢᠭᠡ ᠰᠡᠳᠬᠢᠯ ᠨᠡᠢ᠌ᠳᠠ ᠵᠢᠨ ᠬᠦᠴᠦᠨ ᠵᠶ᠋ᠡᠷ ᠪᠦᠯᠬᠦᠮᠳᠡᠨ ᠲᠡᠮᠡᠴᠡᠨ᠎ᠡ
ᠵᠢᠭ᠋ᠠᠭᠰᠠᠨ ᠴᠢᠭᠯᠡᠯ ᠵᠶ᠋ᠡᠷ ᠦᠷᠭᠦᠯᠵᠢᠯᠡᠨ ᠤᠷᠤᠭᠰᠢᠯᠠᠵᠤ ᠢᠲᠡᠭᠡᠯ ᠲᠡᠭᠦᠯᠳᠡᠷ ᠵᠶ᠋ᠡᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠎ᠡ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠪᠦᠭᠦ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
 
             蒙ICP备05000248号