ᠲᠦᠷᠦᠭᠦᠬᠡᠨ᠂ ᠲᠥᠷᠥ ᠵᠢᠨ ᠶᠠᠪᠤᠳᠠᠯ᠎ᠤᠨ ᠬᠣᠷᠢᠶ᠎ᠠ 《 ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ 》 ( ᠳᠣᠷᠣᠭᠰᠢ《 ᠰᠠᠨᠠᠯ》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭ᠋ᠠᠪᠠ᠃ ᠪᠠᠰᠠ ᠨᠢᠭᠡ ᠤᠳᠠᠭ᠎ᠠ ᠵᠢᠨ ᠴᠢᠬᠤᠯᠠ ᠶᠡᠬᠡ ᠲᠡᠦᠬᠡ ᠵᠢᠨ ᠠᠵᠠ ᠲᠣᠭᠢᠶᠠᠯ᠎ᠤᠨ ᠡᠮᠦᠨ᠎ᠡ᠂ ᠪᠦᠭᠦ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠧᠮ᠎ᠤᠨ ᠺᠠᠳ᠋ᠷ ᠠᠵᠢᠯᠲᠠᠨ ᠠᠵᠢᠯᠴᠢᠨ ᠬᠣᠢ᠌ᠨ᠎ᠠ ᠬᠣᠢ᠌ᠨ᠎ᠠ᠎ᠠᠴᠠ᠎ᠪᠠᠨ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠭᠠᠪᠰᠢᠭ᠋ᠠᠢ᠌ᠯᠠᠨ ᠠᠵᠢᠯᠯᠠᠵᠤ᠂ ᠣᠮᠣᠭ ᠵᠣᠷᠢᠭ ᠪᠠᠳᠠᠷᠠᠩᠭᠤᠢ᠎ᠪᠠᠷ ᠡᠷᠡᠯᠬᠡᠭᠯᠡᠨ ᠴᠢᠷᠮᠠᠢ᠌ᠵᠤ ᠰᠢᠨ᠎ᠡ ᠵᠠᠮ᠎ᠢ ᠨᠡᠭᠡᠭᠡᠵᠦ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠴᠢᠷᠮᠠᠢ᠌ᠨ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃
ᠪᠣᠳᠠᠲᠠᠢ ᠠᠵᠢᠯᠯᠠᠪᠠᠯ ᠰᠠᠶᠢ ᠡᠮᠦᠨ᠎ᠡ ᠡᠩᠨᠡᠭᠡᠨ᠎ᠳᠤ ᠶᠠᠪᠤᠵᠤ ᠴᠢᠳᠠᠨ᠎ᠠ᠃ 《ᠰᠠᠨᠠᠯ》 ᠨᠡᠢ᠌ᠲᠡᠯᠡᠭᠳᠡᠭᠰᠡᠨ ᠴᠢᠬᠤᠯᠠ ᠶᠡᠬᠡ ᠰᠠᠢ᠌ᠨ ᠴᠢᠮᠡᠭᠡ ᠵᠢ ᠰᠣᠨᠣᠰᠤᠭ᠋ᠠᠳ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠭᠡᠰᠢᠭᠦᠨ ᠺᠠᠳ᠋ᠷᠴᠤᠳ᠂ ᠰᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ᠎ᠳᠤ ᠳᠠᠪᠰᠢᠨ ᠣᠷᠣᠬᠤ ᠬᠠᠷᠠᠯᠲᠠ ᠵᠢ ᠣᠨᠢᠯᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠢ᠌ᠭ᠋ᠠᠳ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠰᠠᠢ᠌ᠲᠤᠷ ᠪᠦᠲᠦᠭᠡᠨ ᠪᠠᠢ᠌ᠭᠤᠯᠵᠤ᠂ ᠤᠬᠠᠮᠰᠠᠷᠲᠤ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠲᠤᠯᠭ᠋ᠠᠮ ᠴᠢᠨᠠᠷ ᠵᠶ᠋ᠡᠨ ᠦᠨᠡᠨ ᠬᠦ᠌ ᠴᠢᠩᠭ᠋ᠠᠳᠬᠠᠨ᠂ ᠲᠥᠷᠥ ᠵᠢᠨ ᠪᠣᠳᠣᠯᠭ᠎ᠠ ᠵᠢ ᠨᠡᠪᠲᠡᠷᠬᠡᠢ ᠣᠢ᠌ᠯᠠᠭ᠋ᠠᠵᠤ᠂ ᠲᠥᠷᠥ ᠵᠢᠨ ᠪᠣᠳᠣᠯᠭ᠎ᠠ ᠵᠢ ᠭᠦᠢ᠍ᠴᠡᠳ ᠪᠥᠭᠡᠳ ᠰᠠᠢ᠌ᠲᠤᠷ ᠠᠮᠢᠳᠤᠯᠢᠭ ᠬᠡᠷᠡᠭᠯᠡᠵᠦ᠂ ᠡᠷᠡᠯᠬᠡᠭᠯᠡᠨ ᠤᠷᠤᠭᠰᠢᠯᠠᠬᠤ ᠵᠣᠷᠢᠭ᠂ ᠬᠠᠷᠢᠭᠤᠴᠠᠯᠭ᠎ᠠ ᠡᠭᠦᠷᠭᠡᠯᠡᠬᠦ ᠰᠡᠳᠬᠢᠯᠭᠡ᠂ ᠡᠷᠡᠮᠡᠬᠡᠢ᠌ᠯᠡᠨ ᠲᠡᠮᠡᠴᠡᠬᠦ ᠬᠦᠴᠦᠨ ᠵᠶ᠋ᠡᠷ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠨᠠᠮ᠎ᠤᠨ ᠲᠥᠪ ᠬᠣᠷᠢᠶ᠎ᠠ ᠵᠢᠨ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠬᠥᠰᠡᠷᠳᠡᠭᠦᠯᠬᠦ ᠦᠭᠡᠢ ᠭᠡᠵᠦ ᠢᠯᠡᠳᠬᠡᠵᠡᠭᠡᠪᠡ᠃
《 ᠪᠢᠳᠡ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠠᠢ᠌ᠭᠤᠯᠬᠤ ᠵᠶ᠋ᠠᠷ ᠶᠡᠷᠦᠩᠬᠡᠢ᠌ᠯᠡᠨ ᠵᠢᠯᠣᠭᠣᠳᠤᠭᠤᠯᠵᠤ᠂ 〈 ᠲᠣᠭ᠎ᠠ ᠬᠡᠮᠵᠢᠶ᠎ᠡ ᠵᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠭᠦ᠂ ᠭᠠᠷᠤᠯᠲᠠ᠎ᠪᠠᠨ ᠨᠡᠮᠡᠭᠳᠡᠭᠦᠯᠬᠦ 〉 ᠱᠠᠭ᠋ᠠᠷᠳᠠᠯᠭ᠎ᠠ ᠶᠣᠰᠣᠭ᠋ᠠᠷ᠂ 〈 ᠠᠮᠤ ᠪᠤᠳᠠᠭ᠎ᠠ ᠮᠢᠬ᠎ᠠ ᠰᠦ ᠡᠪᠡᠰᠦ᠂ ᠭᠠᠵᠠᠷ ᠰᠢᠷᠣᠢ ᠤᠰᠤ ᠦᠷ᠎ᠡ ᠮᠡᠷᠭᠡᠵᠢᠯ᠂ ᠬᠡᠯᠬᠢᠶ᠎ᠡ ᠦᠢ᠍ᠯᠡᠴᠢᠯᠡᠭᠡ ᠵᠢ ᠠᠭᠤᠰᠤᠯᠴᠠᠭᠤᠯᠤᠨ ᠥᠭᠡᠷᠡᠴᠢᠯᠡᠬᠦ 〉 12 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ᠎ᠲᠠᠢ ᠤᠶᠠᠯᠳᠤᠭᠤᠯᠤᠨ᠂ ᠬᠡᠯᠬᠢᠶ᠎ᠡ ᠵᠢᠨ ᠰᠡᠳᠬᠢᠬᠦᠢ᠂ ᠠᠵᠤ ᠦᠢ᠍ᠯᠡᠳᠪᠦᠷᠢᠵᠢᠯᠲᠡ ᠵᠢᠨ ᠰᠡᠳᠬᠢᠬᠦᠢ ᠵᠢ ᠪᠠᠲᠤ ᠪᠤᠢ ᠪᠣᠯᠭ᠋ᠠᠨ᠂ ᠲᠥᠷᠥ ᠵᠢᠨ ᠪᠣᠳᠣᠯᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠳᠦᠷᠢᠮ᠎ᠤᠨ ᠭᠤᠷᠪᠠᠨ ᠶᠡᠬᠡ ᠰᠢᠨ᠎ᠡ ᠡᠭᠦᠳᠦᠯᠲᠡ ᠵᠢ ᠠᠬᠢᠭᠤᠯᠤᠨ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠪᠠ ᠲᠥᠬᠥᠭᠡᠷᠦᠮᠵᠢᠲᠦ ᠮᠠᠯ ᠠᠵᠤ ᠠᠬᠤᠢ ᠲᠠᠷᠢᠶᠠᠯᠠᠩ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 〈 ᠵᠠᠭᠤᠨ ᠠᠵᠤ ᠠᠬᠤᠢ᠌ᠯᠠᠯ᠂ ᠵᠠᠭᠤᠨ ᠬᠦᠷᠢᠶᠡᠯᠡᠩ᠂ ᠵᠠᠭᠤᠨ ᠳᠡᠯᠭᠡᠭᠦᠷ 〉 ᠭᠤᠷᠪᠠᠨ ᠵᠠᠭᠤᠨ᠎ᠢ ᠪᠠᠢ᠌ᠭᠤᠯᠬᠤ ᠪᠦᠲᠦᠭᠡᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠂ 〈 ᠠᠷᠪᠠᠨ ᠶᠡᠬᠡ ᠳᠡᠭᠡᠭᠰᠢᠯᠡᠭᠦᠯᠭᠦ ᠢᠨᠵᠧᠨᠧᠷᠢᠩ 〉᠎ᠢ ᠪᠦᠭᠦ ᠬᠦᠴᠦᠨ ᠵᠶ᠋ᠡᠷ ᠵᠶ᠋ᠡᠨ ᠬᠡᠷᠡᠭᠵᠢᠭᠦᠯᠵᠦ᠂ 〈 ᠠᠷᠪᠠᠨ ᠰᠢᠪᠲᠤᠯᠤᠯᠲᠠ 〉 ᠵᠢ ᠣᠯᠬᠤ᠎ᠪᠠᠷ ᠴᠢᠷᠮᠠᠢ᠌ᠨ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠎ᠳᠤ ᠥᠪᠥᠷ ᠮᠣᠩᠭᠣᠯ᠎ᠤᠨ ᠬᠤᠪᠢ ᠨᠡᠮᠡᠷᠢ᠎ᠪᠠᠨ ᠦᠵᠡᠭᠦᠯᠦᠨ᠎ᠡ 》 ᠭᠡᠵᠦ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠦᠸᠧ ᠵᠠᠨ ᠵᠢᠶᠠᠩ ᠬᠡᠯᠡᠪᠡ᠃
ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠣᠲᠣᠨᠣ ᠬᠠᠯᠠᠮᠵᠢᠯᠠᠯ᠎ᠨᠢ ᠢᠯᠢ ᠪᠦᠯᠦᠭᠯᠡᠯ᠎ᠤᠨ ᠺᠠᠳ᠋ᠷ ᠠᠵᠢᠯᠲᠠᠨ᠎ᠤ ᠡᠷᠴᠢ ᠵᠣᠷᠢᠭ᠎ᠢ ᠬᠥᠪᠴᠢᠯᠡᠪᠡ᠃ ᠥᠪᠥᠷ ᠮᠣᠩᠭᠣᠯ᠎ᠤᠨ ᠰᠦ ᠵᠢᠨ ᠦᠢ᠍ᠯᠡᠰ᠎ᠤᠨ ᠲᠥᠯᠥᠭᠡᠯᠡᠭᠴᠢ ᠠᠵᠤ ᠠᠬᠤᠢ᠌ᠯᠠᠯ᠂ ᠳᠤᠮᠳᠠᠳᠤ ᠤᠯᠤᠰ᠎ᠤᠨ ᠰᠦ ᠵᠢᠨ ᠦᠢ᠍ᠯᠡᠰ᠎ᠤᠨ ᠳᠠᠭ᠋ᠠᠭᠤᠯᠤᠭᠴᠢ ᠠᠵᠤ ᠠᠬᠤᠢ᠌ᠯᠠᠯ ᠪᠣᠯᠤᠭᠰᠠᠨ᠎ᠤ ᠬᠤᠪᠢ᠎ᠳᠤ᠂ ᠢᠯᠢ ᠪᠦᠯᠦᠭᠯᠡᠯ ᠠᠵᠤ ᠠᠬᠤᠢ᠌ᠯᠠᠯ᠎ᠤᠨ ᠬᠠᠷᠢᠭᠤᠴᠠᠯᠭ᠎ᠠ᠎ᠪᠠᠨ ᠢᠳᠡᠪᠬᠢᠲᠡᠢ ᠡᠭᠦᠷᠭᠡᠯᠡᠵᠦ᠂ ᠰᠦ ᠵᠢᠨ ᠦᠢ᠍ᠯᠡᠰ᠎ᠤᠨ ᠡᠭᠦᠯᠳᠡᠷ᠎ᠢ ᠪᠣᠢ᠌ᠵᠢᠭᠤᠯᠬᠤ᠂ ᠡᠪᠡᠰᠦ ᠳᠠᠷᠢᠬᠤ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ᠂ ᠦᠢ᠍ᠯᠡᠳᠬᠦᠨ᠎ᠢ ᠰᠤᠳᠤᠯᠤᠨ ᠨᠡᠭᠡᠭᠡᠬᠦ᠂ ᠦᠢ᠍ᠯᠡᠳᠪᠦᠷᠢᠯᠡᠵᠦ ᠡᠳ᠋ᠰᠢᠭᠦᠯᠬᠦ᠎ᠠᠴᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢᠨ ᠪᠦᠭᠦ ᠬᠡᠯᠬᠢᠶ᠎ᠡ ᠲᠡᠢ᠌ᠰᠢ ᠬᠥᠭᠵᠢᠬᠦ ᠵᠢ ᠳᠠᠢ᠌ᠴᠢᠯᠠᠵᠤ᠂ ᠪᠠᠰᠠ ᠮᠠᠯᠴᠢᠨ ᠲᠠᠷᠢᠶᠠᠴᠢᠨ᠎ᠲᠠᠢ ᠨᠢᠭᠲᠠ ᠠᠰᠢᠭ ᠲᠤᠰᠠ ᠵᠢᠨ ᠬᠣᠯᠪᠣᠭ᠋ᠠᠨ᠎ᠤ ᠲᠣᠭᠲᠠᠴᠠ ᠵᠢ ᠪᠠᠢ᠌ᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠡᠬᠢ ᠡᠭᠦᠰᠦᠯ᠎ᠠᠴᠠ ᠬᠡᠯᠬᠢᠶ᠎ᠡ ᠵᠢᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠪᠡ᠃ 2019 ᠣᠨ᠎ᠠᠴᠠ ᠣᠲᠣ ᠪᠤᠯᠲᠠᠯ᠎ᠠ᠂ ᠢᠯᠢ ᠪᠦᠯᠦᠭᠯᠡᠯ ᠨᠢᠭᠡᠨᠲᠡ 400 ᠭᠠᠷᠤᠢ ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ ᠪᠦᠭᠦ ᠣᠷᠣᠨ᠎ᠳᠤ ᠰᠦ ᠵᠢᠨ ᠠᠵᠤ ᠦᠢ᠍ᠯᠡᠰ᠎ᠤᠨ ᠪᠦᠯᠦᠭᠵᠢᠯ᠎ᠤᠨ ᠲᠥᠷᠥᠯ ᠵᠦᠢ᠍ᠯ᠎ᠢ ᠣᠯᠠᠨ ᠪᠠᠢ᠌ᠭᠤᠯᠵᠤ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃
《 〈 ᠰᠠᠨᠠᠯ 〉᠎ᠳᠤ᠂ ᠴᠢᠨᠠᠷ ᠰᠠᠢ᠌ᠲᠠᠢ ᠲᠡᠵᠢᠭᠡᠯ ᠡᠪᠡᠰᠦᠨ᠎ᠤ ᠰᠠᠭᠤᠷᠢᠨ᠎ᠤ ᠪᠦᠲᠦᠭᠡᠨ ᠪᠠᠢ᠌ᠭᠤᠯᠤᠯᠲᠠ᠂ ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭ᠋ᠠᠬᠤ ᠬᠡᠷᠡᠭᠲᠡᠢ ᠭᠡᠵᠦ ᠳᠤᠷᠠᠳᠪᠠ᠃ ᠡᠳᠡᠭᠡᠷ ᠠᠰᠢᠭᠲᠠᠢ ᠮᠡᠳᠡᠭᠡ ᠵᠠᠩᠭᠢ᠎ᠨᠢ ᠤᠯᠤᠰ᠎ᠤᠨ ᠰᠦ ᠵᠢᠨ ᠦᠢ᠍ᠯᠡᠰ᠎ᠤᠨ ᠬᠥᠭᠵᠢᠯᠲᠡ ᠵᠢ ᠴᠢᠬᠤᠯᠠᠴᠢᠯᠠᠵᠤ ᠪᠠᠢ᠌ᠬᠤ ᠪᠠ ᠳᠡᠮᠵᠢᠵᠦ ᠪᠠᠢ᠌ᠬᠤ ᠵᠢ ᠪᠢᠳᠡᠨ᠎ᠳᠤ ᠮᠡᠳᠡᠷᠡᠭᠦᠯᠦᠭᠰᠡᠨ ᠪᠥᠭᠡᠳ ᠪᠢᠳᠡᠨ᠎ᠢ ᠨᠡᠩ ᠢᠲᠡᠭᠡᠯ᠎ᠲᠠᠢ᠂ ᠨᠡᠩ ᠡᠷᠴᠢ ᠵᠣᠷᠢᠭᠲᠠᠢ᠎ᠪᠠᠷ ᠬᠥᠭᠵᠢᠯᠲᠡ ᠵᠢ ᠡᠷᠢᠯᠬᠢᠯᠡᠬᠦ ᠪᠣᠯᠭ᠋ᠠᠵᠠᠢ᠃ ᠢᠷᠡᠭᠡᠳᠦᠢ᠎ᠳᠤ᠂ ᠢᠯᠢ ᠪᠦᠯᠦᠭᠯᠡᠯ ᠯᠠᠪᠲᠠᠢ ᠡᠷᠡᠮᠡᠬᠡᠢ᠌ᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠠᠴᠠ ᠣᠯᠭᠣᠭᠰᠠᠨ ᠰᠢᠨ᠎ᠡ ᠡᠭᠦᠷᠭᠡ ᠵᠢ ᠪᠠᠲᠤ ᠡᠵᠡᠮᠳᠡᠵᠦ᠂ ᠰᠦ ᠵᠢᠨ ᠦᠢ᠍ᠯᠡᠰ᠎ᠤᠨ ᠲᠠᠰᠤᠷᠠᠯᠲᠠ ᠦᠭᠡᠢ ᠲᠠᠰ ᠳᠡᠪᠰᠢᠬᠦ ᠵᠢ ᠦᠷᠭᠦᠯᠵᠢᠯᠡᠨ ᠳᠠᠢ᠌ᠴᠢᠯᠠᠵᠤ᠂ ᠥᠪᠥᠷ ᠮᠣᠩᠭᠣᠯ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ 》 ᠭᠡᠵᠦ ᠢᠯᠢ ᠪᠦᠯᠦᠭᠯᠡᠯ᠎ᠤᠨ ᠳᠡᠭᠡᠳᠦ ᠵᠡᠷᠭᠡ ᠵᠢᠨ ᠭᠦᠢ᠍ᠴᠡᠳᠭᠡᠭᠴᠢ ᠶᠡᠷᠦᠩᠬᠡᠢ ᠵᠠᠬᠢᠷᠤᠯ ᠵᠠᠩ ᠵᠢᠶᠠᠨ ᠴᠢᠦ ᠬᠡᠯᠡᠪᠡ᠃
ᠣᠷᠳᠣᠰ ᠬᠣᠲᠠ ᠵᠢᠨ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠧᠮ᠎ᠤᠨ ᠺᠠᠳ᠋ᠷ ᠣᠯᠠᠨ ᠲᠦᠮᠡᠨ ᠲᠤᠢ᠌ᠯ ᠵᠶ᠋ᠠᠷ ᠤᠷᠮᠠᠰᠢᠨ ᠵᠣᠷᠢᠭᠵᠢᠵᠠᠢ᠃ ᠣᠯᠠᠨ ᠵᠶ᠋ᠠᠷ ᠵᠶ᠋ᠠᠨ᠂ ᠠᠴᠢ ᠬᠠᠷᠢᠭᠤᠯᠠᠬᠤ ᠰᠡᠳᠬᠢᠯ ᠵᠶ᠋ᠡᠨ ᠡᠷᠡᠮᠡᠬᠡᠢ᠌ᠯᠡᠨ ᠳᠠᠪᠰᠢᠬᠤ ᠵᠣᠷᠢᠭ ᠪᠣᠯᠭ᠋ᠠᠨ ᠬᠤᠪᠢᠷᠠᠭᠤᠯᠵᠤ᠂ 《 ᠨᠢᠭᠡᠳᠦᠭᠡᠷ ᠠᠵᠤ ᠦᠢ᠍ᠯᠡᠰ᠎ᠢ ᠳᠠᠭᠢᠨ ᠴᠣᠭᠴᠠᠯᠠᠬᠤ 》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ 《 ᠬᠣᠶᠠᠳᠤᠭ᠋ᠠᠷ ᠠᠵᠤ ᠦᠢ᠍ᠯᠡᠰ ᠵᠶ᠋ᠡᠷ ᠨᠢᠭᠡᠳᠦᠭᠡᠷ ᠠᠵᠤ ᠦᠢ᠍ᠯᠡᠰ᠎ᠢ ᠳᠠᠢ᠌ᠴᠢᠯᠠᠵᠤ᠂ ᠠᠵᠤ ᠦᠢ᠍ᠯᠡᠳᠪᠦᠷᠢ᠎ᠪᠠᠷ ᠲᠠᠷᠢᠶᠠᠯᠠᠩ᠎ᠢ ᠲᠡᠳᠬᠦᠬᠦ 》 ᠵᠠᠭᠪᠤᠷ᠎ᠢ ᠰᠢᠰᠲ᠋ᠧᠮ᠎ᠲᠠᠢ ᠠᠬᠢᠭᠤᠯᠵᠤ᠂ 《 ᠰᠢᠯᠢᠳᠡᠭ ᠡᠭᠦᠯᠳᠡᠷ᠂ ᠰᠢᠯᠢᠳᠡᠭ ᠲᠠᠷᠢᠶ᠎ᠠ᠂ ᠰᠢᠯᠢᠳᠡᠭ ᠠᠵᠤ ᠠᠬᠤᠢ᠌ᠯᠠᠯ᠂ ᠰᠢᠯᠢᠳᠡᠭ ᠠᠷᠭ᠎ᠠ ᠪᠣᠳᠣᠯᠭ᠎ᠠ᠂ ᠰᠢᠯᠢᠳᠡᠭ ᠴᠢᠳᠠᠪᠤᠷᠢᠲᠠᠨ 》 ᠵᠡᠷᠭᠡ ᠲᠠᠪᠤᠨ ᠵᠠᠩᠭᠢᠯᠠᠭ᠎ᠠ ᠵᠢ ᠴᠢᠩᠭ᠎ᠠ ᠠᠳᠬᠤᠵᠤ᠂ ᠠᠮᠤ ᠪᠤᠳᠠᠭ᠎ᠠ᠂ ᠢᠮᠠᠭ᠋ᠠᠨ ᠨᠣᠣᠯᠣᠭᠤᠷ᠂ ᠮᠢᠬᠠᠨ᠎ᠤ ᠦᠬᠡᠷ᠂ ᠮᠢᠬᠠᠨ᠎ᠤ ᠬᠣᠨᠢ᠂ ᠰᠦ ᠵᠢᠨ ᠦᠢ᠍ᠯᠡᠰ ᠵᠡᠷᠭᠡ ᠲᠠᠪᠤᠨ ᠵᠠᠭᠤᠨ ᠳ᠋ᠦᠩᠰᠢᠭᠤᠷ᠎ᠤᠨ ᠲᠠᠰ᠎ᠤᠨ ᠠᠵᠤ ᠦᠢ᠍ᠯᠡᠰ᠎ᠢ ᠪᠠᠢ᠌ᠭᠤᠯᠵᠤ᠂ ᠪᠠᠲᠤ ᠴᠢᠩᠭ᠎ᠠ ᠤᠯᠤᠰ ᠲᠥᠷᠥ ᠵᠢᠨ ᠡᠭᠦᠷᠭᠡ ᠬᠠᠷᠢᠭᠤᠴᠠᠯᠭ᠋ᠠᠲᠤ ᠰᠡᠳᠬᠢᠯᠭᠡ᠎ᠪᠠᠷ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠨ᠎ᠠ ᠭᠡᠵᠦ ᠢᠯᠡᠳᠬᠡᠵᠡᠭᠡᠪᠡ᠃
ᠣᠢ᠌ᠷ᠎ᠠ ᠵᠢᠨ ᠡᠳᠦᠷ᠎ᠤᠳ᠎ᠲᠤ᠂ ᠣᠷᠳᠣᠰ ᠬᠣᠲᠠ ᠵᠢᠨ ᠮᠠᠯ ᠠᠵᠤ ᠠᠬᠤᠢ ᠲᠠᠷᠢᠶᠠᠯᠠᠩ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠣᠪᠴᠢᠶ᠎ᠠ᠎ᠳᠤ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠪᠠ᠃ ᠲᠠᠷᠠᠭ᠋ᠠᠴᠢ ᠵᠢᠨ ᠠᠯᠬᠤᠮ᠎ᠳᠤ᠂ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠬᠦ᠂ ᠠᠵᠤ ᠦᠢ᠍ᠯᠡᠰᠵᠢᠭᠰᠡᠨ ᠡᠵᠡᠩᠨᠡᠯᠲᠡ ᠵᠢᠨ ᠲᠦᠪᠰᠢᠨ᠎ᠢ ᠳᠡᠭᠡᠭᠰᠢᠯᠡᠭᠦᠯᠭᠦ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠠᠷᠭ᠎ᠠ ᠬᠡᠮᠵᠢᠶ᠎ᠡ᠎ᠪᠠᠨ ᠴᠢᠩᠭ᠋ᠠᠳᠬᠠᠵᠤ᠂ ᠨᠢᠭᠡ ᠪᠦᠯᠦᠭ ᠬᠥᠲᠥᠯᠥᠨ ᠳᠠᠭ᠋ᠠᠭᠤᠯᠬᠤ ᠴᠢᠨᠠᠷᠲᠠᠢ᠂ ᠵᠢᠱ᠌ᠢᠶ᠎ᠡ ᠦᠵᠡᠭᠦᠯᠭᠦ ᠴᠢᠨᠠᠷᠲᠠᠢ ᠢᠨᠵᠧᠨᠧᠷᠢᠩ᠎ᠢ ᠪᠤᠶ ᠪᠤᠯᠭ᠋ᠠᠵᠤ᠂ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠤᠨ᠎ᠠ᠃
ᠮᠧᠩ ᠨᠢᠦ ᠪᠦᠯᠦᠭᠯᠡᠯ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠭᠦᠢ᠍ᠴᠡᠳᠭᠡᠭᠴᠢ ᠶᠡᠷᠦᠩᠬᠡᠢ ᠵᠠᠬᠢᠷᠤᠯ ᠯᠢ ᠫᠧᠩ ᠴᠧᠩ᠂ 《ᠰᠠᠨᠠᠯ》 ᠳᠤ ᠠᠮᠢ ᠠᠬᠤᠢ ᠵᠢᠨ ᠮᠠᠯ ᠠᠵᠤ ᠠᠬᠤᠢ ᠲᠠᠷᠢᠶᠠᠯᠠᠩ᠎ᠢ ᠶᠡᠬᠡ᠎ᠪᠠᠷ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠭᠰᠠᠨ ᠪᠥᠭᠡᠳ ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ᠂ ᠰᠦ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠭᠦ᠂ ᠰᠦ ᠵᠢᠨ ᠦᠢ᠍ᠯᠡᠰ᠎ᠤᠨ ᠠᠷᠠᠯᠵᠢᠶᠠᠨ᠎ᠤ ᠲᠥᠪ᠎ᠤᠨ ᠪᠠᠢ᠌ᠭᠤᠯᠤᠯᠲᠠ ᠵᠡᠷᠭᠡ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠴᠤ᠂ ᠳᠤᠮᠳᠠᠳᠤ ᠤᠯᠤᠰ᠎ᠤᠨ ᠰᠦ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠮᠠᠨ᠎ᠤ ᠤᠯᠤᠰ᠎ᠤᠨ ᠰᠦ ᠵᠢᠨ ᠦᠢ᠍ᠯᠡᠰ᠎ᠤᠨ 《 ᠥᠪᠥᠷ ᠮᠣᠩᠭᠣᠯ ᠨᠡᠷᠡᠮᠵᠢᠲᠦ 》 ᠠᠵᠤ ᠠᠬᠤᠢ᠌ᠯᠠᠯ ᠪᠣᠯᠤᠭᠰᠠᠨ᠎ᠤ ᠬᠤᠪᠢ᠎ᠳᠤ᠂ ᠮᠧᠩ ᠨᠢᠦ ᠪᠦᠯᠦᠭᠯᠡᠯ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠪᠠ ᠬᠠᠮᠲᠤᠷᠠᠨ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠴᠢᠨᠠᠷ ᠰᠠᠢ᠌ᠲᠠᠢ ᠡᠪᠡᠰᠦᠨ᠎ᠤ ᠡᠭᠦᠯᠳᠡᠷ᠂ ᠰᠠᠭ᠋ᠠᠯᠢ ᠵᠢᠨ ᠦᠨᠢᠶ᠎ᠡ ᠵᠢᠨ ᠰᠠᠢ᠌ᠨ ᠡᠭᠦᠯᠳᠡᠷ᠎ᠢ ᠪᠣᠢ᠌ᠵᠢᠭᠤᠯᠬᠤ ᠪᠠ ᠦᠷᠡᠵᠢᠭᠦᠯᠦᠨ ᠳᠡᠯᠭᠡᠷᠡᠭᠦᠯᠬᠦ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠤᠯᠤᠰ᠎ᠲᠠᠭᠠᠨ ᠦᠢ᠍ᠯᠡᠳᠪᠦᠷᠢᠯᠡᠭᠰᠡᠨ ᠴᠢᠨᠠᠷ ᠰᠠᠢ᠌ᠲᠠᠢ ᠲᠡᠵᠢᠭᠡᠯ ᠡᠪᠡᠰᠦ ᠳᠠᠷᠢᠬᠤ᠂ ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠭᠦᠨ᠎ᠡ᠃ ᠪᠠᠰᠠ ᠳᠤᠮᠳᠠᠳᠤ ᠤᠯᠤᠰ᠎ᠤᠨ ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠬᠦᠷᠢᠶᠡᠯᠡᠩ ᠵᠶ᠋ᠡᠷ ᠭᠠᠷᠳᠠᠴᠠ ᠪᠤᠯᠭ᠋ᠠᠵᠤ᠂ ᠰᠦ ᠵᠢᠨ ᠦᠢ᠍ᠯᠡᠰ᠎ᠤᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠠᠮᠢ ᠠᠬᠤᠢ ᠵᠢᠨ ᠴᠠᠭ᠋ᠠᠷᠢᠭ᠎ᠢ ᠪᠠᠢ᠌ᠭᠤᠯᠵᠤ᠂ 《 ᠵᠠᠭᠤᠨ ᠲᠦᠮᠡᠨ ᠮᠦ᠍ ᠪᠡᠯᠴᠢᠭᠡᠷ᠂ ᠵᠠᠭᠤᠨ ᠲᠦᠮᠡᠨ ᠲᠣᠯᠣᠭ᠋ᠠᠢ ᠰᠠᠭ᠋ᠠᠯᠢ ᠵᠢᠨ ᠦᠨᠢᠶ᠎ᠡ᠂ ᠵᠠᠭᠤᠨ ᠲᠦᠮᠡᠨ ᠲᠣᠨ ᠰᠦ 》 ᠵᠢᠨ ᠰᠦ ᠵᠢᠨ ᠢᠷᠡᠯᠲᠡ ᠵᠢᠨ ᠪᠠᠢ᠌ᠷᠢᠰᠢᠭᠤᠯᠤᠯᠲᠠ ᠪᠠ 《 ᠳᠠᠷᠢᠵᠤ ᠲᠡᠵᠢᠭᠡᠬᠦ ᠡᠳ᠋ᠰᠢᠭᠦᠯᠬᠦ 》ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠴᠢᠨᠠᠷ ᠰᠠᠢ᠌ᠲᠠᠢ ᠰᠦ ᠵᠢᠨ ᠢᠷᠡᠯᠲᠡ ᠵᠢᠨ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠴᠢᠳᠠᠪᠤᠷᠢ ᠵᠢ ᠨᠡᠮᠡᠭᠳᠡᠭᠦᠯᠦᠨ᠎ᠡ᠃ᠥᠷᠭᠡᠨ ᠵᠢᠡᠷ ᠳᠠᠷᠢᠵᠤ ᠨᠣᠭᠣᠭ᠋ᠠᠷᠠᠭᠤᠯᠬᠤ᠂ ᠡᠯᠡᠰᠦ ᠵᠢ ᠵᠠᠰᠠᠵᠤ ᠦᠢ᠍ᠯᠡᠰ ᠪᠣᠰᠬᠠᠬᠤ 》 ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠷᠭᠦᠯᠵᠢᠯᠡᠬᠦ ᠬᠥᠭᠵᠢᠯᠲᠡ ᠵᠢᠨ ᠵᠠᠭᠪᠤᠷ᠎ᠢ ᠪᠠᠷᠢᠮᠲᠠᠯᠠᠵᠤ᠂ ᠰᠦ ᠵᠢᠨ ᠦᠢ᠍ᠯᠡᠰ᠎ᠤᠨ 《 ᠪᠣᠬᠢᠷᠳᠤᠯ ᠭᠠᠳᠠᠭᠰᠢᠯᠠᠭᠤᠯᠬᠤ ᠦᠭᠡᠢ 》 ᠵᠠᠭᠪᠤᠷ᠎ᠢ ᠪᠤᠶ ᠪᠣᠯᠭ᠋ᠠᠨ᠎ᠠ᠃