– 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠪᠦᠭᠦ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠰᠢᠰᠲ᠋ᠧᠮ᠎ᠳᠤ ᠴᠢᠩᠭ᠎ᠠ ᠲᠤᠰᠬᠠᠯ ᠭᠠᠷᠪᠠ
ᠣᠢ᠌ᠷ᠎ᠠ᠎ᠳᠤ᠂ ᠲᠦᠷᠦ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠂ ᠡᠨᠡ᠎ᠨᠢ ᠮᠠᠨ᠎ᠤ ᠣᠷᠣᠨ᠎ᠤ ᠬᠥᠭᠵᠢᠯᠲᠡ ᠵᠢᠨ ᠲᠡᠦᠬᠡᠨ᠎ᠳᠤ ᠬᠥᠰᠢᠶ᠎ᠡ ᠲᠡᠮᠳᠡᠭ᠎ᠤᠨ ᠴᠢᠨᠠᠷᠲᠠᠢ ᠠᠴᠢ ᠬᠣᠯᠪᠣᠭᠳᠠᠯ᠎ᠲᠠᠢ ᠶᠤᠮ᠃ ᠪᠦᠭᠦ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠰᠢᠰᠲ᠋ᠧᠮ᠎ᠳᠤ 《ᠰᠠᠨᠠᠯ》 ᠵᠢ ᠰᠤᠷᠤᠯᠴᠠᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠠᠯᠠᠭᠤᠨ ᠥᠷᠨᠢᠯᠲᠡ ᠲᠦᠷᠭᠡᠨ ᠭᠠᠷᠴᠤ᠂ ᠣᠯᠠᠨ ᠵᠶ᠋ᠠᠷ ᠵᠶ᠋ᠠᠨ ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠬᠥᠰᠡᠷᠳᠡᠭᠦᠯᠬᠦ ᠦᠭᠡᠢ᠎ᠪᠠᠷ ᠲᠡᠦᠬᠡ ᠵᠢᠨ ᠠᠵᠠ ᠲᠣᠭᠢᠶᠠᠯ᠎ᠢ ᠴᠢᠩᠭ᠎ᠠ ᠠᠳᠬᠤᠵᠤ᠂ ᠵᠣᠷᠢᠭᠲᠠᠢ᠎ᠪᠠᠷ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ 〈ᠰᠠᠨᠠᠯ〉᠎ᠳᠤ ᠪᠠᠢ᠌ᠷᠢᠯᠠᠭᠤᠯᠤᠭᠰᠠᠨ ᠭᠣᠣᠯ ᠡᠭᠦᠷᠭᠡ ᠵᠢᠨ ᠨᠢᠭᠡ ᠪᠣᠯᠣᠨ᠎ᠠ᠃ ᠪᠢᠳᠡ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠬᠢᠨ ᠬᠠᠮᠠᠭ᠋ᠠᠯᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠵᠢᠨ ᠴᠠᠭᠳᠠᠭ᠋ᠠᠨ᠎ᠤ ᠶᠠᠪᠤᠳᠠᠯ᠎ᠤᠨ ᠳᠠᠭ᠋ᠠᠷᠢᠯᠲᠠ ᠰᠡᠷᠭᠡᠢ᠌ᠯᠡᠯᠲᠡ ᠵᠢᠨ ᠬᠠᠮᠵᠢᠯᠴᠠᠬᠤ ᠰᠢᠰᠲᠸᠮ᠎ᠢ ᠪᠦᠭᠦ ᠲᠠᠯ᠎ᠠ᠎ᠪᠠᠷ ᠪᠠᠢ᠌ᠭᠤᠯᠵᠤ᠂ 〈ᠭᠤᠷᠪᠠᠨ ᠱᠤᠭᠤᠮ〉᠎ᠢ ᠡᠷᠡᠰ ᠪᠠᠲᠤ ᠰᠠᠬᠢᠨ᠎ᠠ᠃ ᠨᠢᠭᠡ᠎ᠳᠤ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠦᠷᠭᠦᠯᠵᠢᠯᠡᠨ ᠰᠠᠢ᠌ᠲᠤᠷ ᠬᠢᠵᠦ᠂ ᠣᠷᠴᠢᠨ ᠲᠣᠭᠣᠷᠢᠨ᠎ᠢ ᠪᠣᠬᠢᠷᠲᠤᠭᠤᠯᠬᠤ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠴᠢᠨᠠᠷ ᠰᠠᠢ᠌ᠲᠠᠢ ᠬᠥᠭᠵᠢᠯᠲᠡ᠎ᠳᠤ ᠪᠣᠬᠢᠷᠳᠤᠯ ᠦᠭᠡᠢ ᠳᠡᠪᠢᠰᠬᠡᠷ ᠥᠩᠭᠡ ᠪᠠ ᠶᠠᠰᠤ ᠴᠢᠨᠠᠷ᠎ᠤᠨ ᠬᠠᠷᠢᠴᠠᠯ᠎ᠢ ᠨᠡᠮᠡᠷᠢᠯᠡᠨ᠎ᠡ᠃ ᠬᠣᠶᠠᠷ᠎ᠲᠤ᠂ ᠡᠬᠢ ᠪᠠᠶᠠᠯᠢᠭ᠎ᠢ ᠠᠰᠢᠭᠯᠠᠬᠤ ᠳᠡᠭᠡᠳᠦ ᠱᠤᠭᠤᠮ᠎ᠢ ᠪᠠᠲᠤ ᠰᠠᠬᠢᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠡᠪᠳᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠡᠨᠧᠷᠭᠢ ᠵᠢᠨ ᠠᠮᠤᠷ ᠲᠦᠪᠰᠢᠨ᠎ᠢ ᠬᠠᠮᠠᠭ᠋ᠠᠯᠠᠨ᠎ᠠ᠃ ᠭᠤᠷᠪᠠ᠎ᠳᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ᠂ ᠬᠣᠪᠣᠷ ᠨᠠᠨᠳᠢᠨ ᠮᠥᠬᠥᠬᠦ ᠰᠢᠬᠠᠭᠰᠠᠨ ᠬᠡᠭᠡᠷ᠎ᠡ ᠵᠢᠨ ᠠᠮᠢᠳᠠᠨ᠎ᠳᠤ ᠬᠣᠣᠷ ᠬᠥᠨᠥᠭᠡᠯ ᠤᠴᠠᠷᠠᠭᠤᠯᠤᠭᠰᠠᠨ᠂ ᠬᠠᠤᠯᠢ ᠪᠤᠰᠤ᠎ᠪᠠᠷ ᠠᠩ ᠠᠩᠨᠠᠭᠰᠠᠨ᠂ ᠡᠷᠲᠡᠨ᠎ᠤ ᠮᠣᠳᠣ ᠨᠡᠷᠡᠳᠦ ᠮᠣᠳᠣ ᠵᠢ ᠡᠪᠳᠡᠭᠰᠡᠨ᠂ ᠤᠯᠤᠰ᠎ᠤᠨ ᠭᠣᠣᠯᠳᠠᠯᠭ᠎ᠠ᠎ᠲᠠᠢ ᠬᠠᠮᠠᠭ᠋ᠠᠯᠠᠯᠲᠠ ᠵᠢᠨ ᠤᠷᠭᠤᠮᠠᠯ᠎ᠳᠤ ᠬᠣᠣᠷ ᠬᠥᠨᠥᠭᠡᠯ ᠤᠴᠠᠷᠠᠭᠤᠯᠤᠭᠰᠠᠨ ᠵᠡᠷᠭᠡ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠠᠮᠢ ᠠᠬᠤᠢ ᠵᠢᠨ ᠰᠢᠰᠲᠸᠮ᠎ᠤᠨ ᠠᠮᠤᠷ ᠲᠦᠪᠰᠢᠨ᠎ᠢ ᠬᠦᠴᠦᠯᠡᠨ ᠬᠠᠮᠠᠭ᠋ᠠᠯᠠᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠣᠷᠴᠢᠨ ᠲᠣᠭᠣᠷᠢᠨ ᠢᠳᠡᠭᠡᠨ ᠡᠮ᠎ᠤᠨ ᠵᠦᠢ᠍ᠯᠡᠰ᠎ᠢ ᠲᠤᠷᠰᠢᠨ ᠪᠠᠢ᠌ᠴᠠᠭ᠋ᠠᠬᠤ ᠶᠡᠷᠦᠩᠬᠡᠢ ᠠᠩᠭᠢ ᠵᠢᠨ ᠶᠡᠷᠦᠩᠬᠡᠢ ᠠᠩᠭᠢ ᠵᠢᠨ ᠳᠠᠷᠤᠭ᠎ᠠ᠂ ᠤᠢ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠠᠷᠤᠭ᠎ᠠ ᠮᠢᠶᠣᠣ ᠬᠠᠢ ᠪᠢᠨ ᠬᠡᠯᠡᠪᠡ᠃
《ᠰᠠᠨᠠᠯ》᠎ᠢ ᠪᠠᠭᠤᠯᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠰᠤᠷᠤᠯᠴᠠᠨ ᠲᠤᠭᠤᠰᠢᠯᠠᠭᠤᠯᠬᠤ ᠠᠵᠢᠯ᠎ᠢ ᠦᠳᠲᠡᠷ ᠲᠦᠷᠭᠡᠨ ᠵᠣᠬᠢᠶᠠᠨ ᠪᠠᠢ᠌ᠭᠤᠯᠪᠠ᠃ ᠤᠯᠠᠨ ᠵᠶ᠋ᠠᠷ ᠵᠶ᠋ᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ᠂ ᠰᠢᠭᠦᠨ ᠲᠠᠰᠤᠯᠬᠤ ᠡᠭᠦᠷᠭᠡ ᠴᠢᠳᠠᠪᠬᠢ ᠵᠢᠨ ᠦᠢ᠍ᠯᠡᠳᠦᠯ ᠵᠶ᠋ᠡᠨ ᠢᠳᠡᠪᠬᠢᠲᠡᠢ ᠪᠠᠳᠠᠷᠠᠭᠤᠯᠵᠤ᠂ 《ᠬᠣᠶᠠᠷ ᠬᠠᠯᠬᠠᠪᠴᠢ》 ᠵᠢ ᠪᠠᠲᠤ ᠴᠣᠭᠴᠠᠯᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠨ᠎ᠡ᠃ 《ᠬᠥᠯᠥᠨ ᠨᠠᠭᠤᠷ᠂ ᠤᠯᠠᠭ᠋ᠠᠨᠰᠤᠬᠠᠢ᠂ ᠳᠠᠭ᠎ᠠ ᠵᠢᠨ ᠨᠠᠭᠤᠷ》᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠡᠷᠴᠢᠮ᠎ᠢ ᠴᠢᠩᠭ᠋ᠠᠳᠬᠠᠵᠤ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠬᠡᠷᠡᠭ᠎ᠢ ᠲᠥᠪᠯᠡᠷᠡᠭᠦᠯᠦᠨ ᠬᠠᠮᠢᠶᠠᠷᠤᠨ ᠬᠠᠷᠢᠶᠠᠯᠠᠬᠤ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡᠳᠦᠯᠲᠡᠢ ᠲᠥᠯᠥᠪᠵᠢᠭᠦᠯᠦᠨ ᠵᠠᠰᠠᠬᠤ᠎ᠳᠤ ᠦᠢ᠍ᠯᠡᠴᠢᠯᠡᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠬᠦᠴᠦ ᠨᠡᠮᠡᠷᠢᠯᠡᠨ᠎ᠡ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠡᠷᠡᠰ ᠲᠤᠭᠤᠰᠢᠯᠠᠭᠤᠯᠵᠤ᠂ ᠦᠨᠳᠦᠰᠦᠲᠡᠨ᠎ᠤ ᠪᠦᠯᠬᠦᠮᠳᠡᠯ ᠪᠠ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠡᠷᠡᠰ ᠬᠠᠮᠠᠭ᠋ᠠᠯᠠᠨ᠎ᠠ᠃ ᠵᠠᠷᠭᠤ ᠵᠢᠨ ᠡᠬᠢ ᠰᠤᠷᠪᠤᠯᠵᠢ ᠵᠢᠨ ᠵᠠᠰᠠᠯᠲᠠ ᠵᠢ ᠪᠣᠳᠠᠲᠠᠢ ᠬᠢᠵᠦ ᠰᠢᠯᠢᠳᠡᠭᠵᠢᠭᠦᠯᠦᠨ᠂ 《ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ + ᠰᠢᠭᠦᠬᠦ ᠬᠣᠷᠢᠶ᠎ᠠ》 ᠵᠢᠨ ᠰᠢᠨ᠎ᠡ ᠵᠠᠭᠪᠤᠷ᠎ᠢ ᠪᠦᠭᠦ ᠲᠠᠯ᠎ᠠ᠎ᠪᠠᠷ ᠳᠡᠯᠭᠡᠷᠡᠭᠦᠯᠵᠦ᠂ 《ᠤᠯᠤᠰ ᠲᠥᠷᠥ ᠵᠢᠨ ᠵᠥᠪᠯᠡᠯᠭᠡᠨ + ᠰᠢᠭᠦᠬᠦ ᠬᠣᠷᠢᠶ᠎ᠠ》 ᠵᠢᠨ ᠤᠯᠠᠨ ᠡᠰᠢᠲᠦ ᠵᠢᠭᠤᠷᠠᠭ᠋ᠠᠨ᠎ᠢ ᠰᠢᠢ᠍ᠳᠪᠦᠷᠢᠯᠡᠬᠦ ᠵᠠᠭᠪᠤᠷ᠎ᠢ ᠪᠡᠬᠢᠵᠢᠭᠦᠯᠦᠨ ᠭᠦᠨᠵᠡᠭᠡᠢ᠌ᠷᠡᠭᠦᠯᠵᠦ᠂ 《ᠹᠧᠩ ᠴᠢᠶᠣᠤ ᠮᠠᠶᠢᠭ᠎ᠤᠨ ᠠᠷᠠᠳ᠎ᠤᠨ ᠰᠢᠭᠦᠬᠦ ᠲᠢᠩᠬᠢᠮ》᠎ᠢ ᠪᠠᠢ᠌ᠭᠤᠯᠵᠤ᠂ ᠤᠯᠠᠨ ᠡᠰᠢᠲᠦ ᠵᠢᠭᠤᠷᠠᠭ᠋ᠠᠨ᠎ᠢ ᠰᠢᠢ᠍ᠳᠪᠦᠷᠢᠯᠡᠬᠦ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠰᠢᠭᠦᠬᠦ ᠬᠣᠷᠢᠶ᠎ᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠦᠴᠦᠲᠡᠢ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠨ᠎ᠠ ᠭᠡᠵᠦ ᠢᠯᠡᠳᠬᠡᠵᠡᠭᠡᠪᠡ᠃
10 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ 《ᠰᠠᠨᠠᠯ》᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ ᠲᠤᠰᠬᠠᠢ ᠰᠡᠳᠦᠪᠲᠦ ᠵᠢᠯᠣᠭᠣᠳᠤᠯᠭ᠎ᠠ ᠬᠢᠪᠡ᠃ ᠪᠠᠢ᠌ᠴᠠᠭ᠋ᠠᠬᠤ ᠺᠠᠳ᠋ᠷ ᠴᠠᠭᠳᠠᠭ᠎ᠠ ᠨᠠᠷ᠂ 《ᠰᠠᠨᠠᠯ》 ᠪᠣᠯ ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠵᠢᠯᠤᠭᠣᠳᠬᠤ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠥᠪᠥᠷ ᠮᠣᠩᠭᠣᠯ᠎ᠤᠨ ᠲᠠᠪᠤᠨ ᠶᠡᠬᠡ ᠡᠭᠦᠷᠭᠡ ᠵᠢ ᠰᠠᠢ᠌ᠲᠤᠷ ᠪᠡᠶᠡᠯᠡᠭᠦᠯᠬᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ ᠥᠭᠭᠦᠭᠰᠡᠨ ᠵᠶ᠋ᠡᠷ ᠪᠠᠷᠠᠬᠤ ᠦᠭᠡᠢ ᠪᠠᠰᠠ ᠪᠠᠢ᠌ᠴᠠᠭ᠋ᠠᠬᠤ ᠪᠠᠢ᠌ᠭᠤᠯᠭ᠎ᠠ᠎ᠳᠤ ᠨᠡᠩ ᠬᠦᠨᠳᠦ ᠤᠯᠤᠰ ᠲᠦᠷᠦ ᠵᠢᠨ ᠬᠠᠷᠢᠭᠤᠴᠠᠯᠭ᠎ᠠ ᠳᠠᠭ᠋ᠠᠭ᠋ᠠᠯᠭ᠋ᠠᠵᠠᠢ᠃ ᠤᠯᠠᠨ ᠵᠶ᠋ᠠᠷ ᠵᠶ᠋ᠠᠨ᠂ ᠢᠳᠡᠪᠬᠢᠲᠡᠢ ᠠᠵᠢᠯᠯᠠᠵᠤ᠂ ᠬᠠᠮᠤᠭ᠎ᠤᠨ ᠡᠷᠡᠰ ᠣᠪᠣᠷ᠂ ᠬᠠᠮᠤᠭ᠎ᠤᠨ ᠪᠣᠳᠠᠲᠠᠢ ᠵᠢ ᠡᠷᠬᠢᠮᠯᠡᠭᠰᠡᠨ ᠠᠷᠭ᠎ᠠ ᠪᠠᠷᠢᠯ ᠪᠠ ᠬᠠᠮᠤᠭ᠎ᠤᠨ ᠬᠦᠴᠦᠲᠡᠢ ᠠᠵᠢᠯᠯᠠᠭ᠎ᠠ᠎ᠪᠠᠷ ᠵᠶ᠋ᠠᠨ 《ᠳᠦᠷᠪᠡᠨ ᠶᠡᠬᠡ ᠪᠠᠢ᠌ᠴᠠᠭ᠋ᠠᠬᠤ ᠠᠵᠢᠯ》᠎ᠤᠨ ᠡᠭᠦᠷᠭᠡ ᠴᠢᠳᠠᠪᠬᠢ᠎ᠪᠠᠨ ᠭᠦᠢ᠍ᠴᠡᠳ ᠪᠠᠳᠠᠷᠠᠭᠤᠯᠵᠤ᠂ ᠪᠠᠢ᠌ᠴᠠᠭ᠋ᠠᠬᠤ ᠺᠠᠳ᠋ᠷ ᠴᠠᠭᠳᠠᠭ᠎ᠠ ᠵᠢᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠡᠭᠦᠷᠭᠡᠯᠡᠯ ᠵᠢᠡᠨ ᠢᠯᠡᠷᠡᠭᠦᠯᠦᠨ᠎ᠡ᠃ ᠡᠭᠦᠨ᠎ᠤ ᠬᠠᠮᠲᠤ᠂ ᠪᠦᠭᠦ ᠣᠷᠣᠨ᠎ᠤ ᠪᠠᠢ᠌ᠴᠠᠭ᠋ᠠᠬᠤ ᠪᠠᠢ᠌ᠭᠤᠯᠭ᠎ᠠ 《ᠰᠠᠨᠠᠯ》᠎ᠳᠤ ᠳᠤᠷᠠᠳᠤᠭᠰᠠᠨ ᠲᠤᠯᠤᠭ᠋ᠠᠨ ᠲᠠᠯ᠎ᠠ ᠵᠢᠨ ᠭᠣᠣᠯ ᠡᠭᠦᠷᠭᠡ ᠵᠢᠨ ᠲᠣᠭᠣᠷᠢᠨ᠎ᠳᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠶᠣᠰᠣᠭ᠋ᠠᠷ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠴᠢᠩᠭ᠋ᠠᠳᠬᠠᠵᠤ᠂ ᠨᠠᠩ ᠰᠢᠯᠢᠳᠡᠭ ᠪᠠᠢ᠌ᠴᠠᠭ᠋ᠠᠬᠤ ᠠᠵᠢᠯ᠎ᠤᠨ ᠠᠮᠵᠢᠯᠲᠠ ᠪᠦᠲᠦᠮᠵᠢ᠎ᠪᠠᠷ ᠵᠢᠡᠨ ᠥᠪᠥᠷ ᠮᠣᠩᠭᠣᠯ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠠᠤᠭ᠎ᠠ ᠲᠥᠰᠥᠪ᠎ᠢ ᠰᠠᠢ᠌ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠭᠡᠰᠢᠭᠦᠨ ᠺᠠᠳ᠋ᠷᠴᠤᠳ᠂ 《ᠰᠠᠨᠠᠯ》᠎ᠤᠨ ᠵᠣᠷᠢᠭ ᠰᠠᠨᠠᠭ᠎ᠠ ᠵᠢ ᠭᠦᠨᠵᠡᠭᠡᠢ ᠰᠢᠰᠲ᠋ᠧᠮ᠎ᠲᠠᠢ ᠰᠤᠷᠤᠯᠴᠠᠵᠤ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠭᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠢ᠌ᠷᠡᠭᠦᠯᠬᠦ᠂ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ᠂ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠭᠦ᠂ ᠭᠠᠳᠠᠭ᠋ᠠᠳᠤ᠎ᠳᠤ ᠬᠣᠯᠪᠣᠭᠳᠠᠬᠤ ᠬᠠᠤᠯᠢᠵᠢᠯ᠎ᠤᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠭᠦ ᠵᠡᠷᠭᠡ ᠲᠠᠯ᠎ᠠ᠎ᠪᠠᠷ ᠳᠠᠷᠤᠯᠲᠠ᠎ᠪᠠᠨ ᠨᠡᠮᠡᠭᠳᠡᠭᠦᠯᠦᠨ ᠬᠦᠴᠦᠯᠡᠵᠦ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠳᠤ ᠲᠠᠯᠠᠷᠬᠠᠬᠤ ᠰᠡᠳᠬᠢᠯᠭᠡ᠎ᠪᠠᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠬᠦ᠂ ᠠᠴᠢ ᠬᠠᠷᠢᠭᠤᠯᠵᠤ ᠡᠷᠡᠮᠡᠬᠡᠢ᠌ᠯᠡᠨ ᠤᠷᠤᠭᠰᠢᠯᠠᠬᠤ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠤᠨ᠎ᠠ᠃ ᠡᠭᠦᠨ᠎ᠤ ᠬᠠᠮᠲᠤ᠂ ᠪᠦᠭᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ᠎ᠬᠢᠨ ᠬᠠᠤᠯᠢᠵᠢᠯ᠎ᠤᠨ ᠪᠠᠢ᠌ᠭᠤᠯᠤᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠪᠠ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠪᠠᠢ᠌ᠴᠠᠭ᠋ᠠᠯᠲᠠ ᠦᠨᠡᠯᠡᠯᠲᠡ ᠵᠢᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ 2023 ᠵᠠᠭᠤᠨ ᠡᠳᠦᠷ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ 《ᠮᠢᠩᠭ᠋ᠠᠨ ᠺᠠᠳ᠋ᠷ ᠴᠠᠭᠳᠠᠭ᠎ᠠ ᠦᠨᠳᠦᠰᠦᠨ ᠱᠠᠲᠤᠨ᠎ᠳᠤ ᠪᠠᠭᠤᠬᠤ》᠂ 《ᠲᠦᠮᠡᠨ ᠬᠠᠤᠯᠢᠴᠢ ᠬᠥᠳᠡᠭᠡ ᠲᠣᠰᠬᠣᠨ᠎ᠳᠤ ᠣᠴᠢᠬᠤ》 ᠠᠵᠢᠯᠯᠠᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠪᠦᠭᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠥᠪᠥᠷ ᠮᠣᠩᠭᠣᠯ᠎ᠤᠨ ᠬᠢᠯᠢ᠎ᠪᠠᠷ ᠭᠠᠷᠴᠤ ᠣᠷᠣᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠯᠲᠠ ᠵᠢᠨ ᠶᠡᠷᠦᠩᠬᠡᠢ ᠥᠷᠲᠡᠭᠡ ᠵᠢᠨ ᠥᠷᠭᠡᠨ ᠣᠯᠠᠨ ᠠᠷᠠᠳ᠎ᠤᠨ ᠴᠠᠭᠳᠠᠭ᠎ᠠ᠂ 《ᠰᠠᠨᠠᠯ》᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠥᠪᠥᠷ ᠮᠣᠩᠭᠣᠯ᠎ᠤᠨ ᠬᠥᠭᠵᠢᠯᠲᠡ ᠪᠦᠲᠦᠭᠡᠨ ᠪᠠᠢ᠌ᠭᠤᠯᠤᠯᠲᠠ ᠵᠢᠨ ᠲᠤᠬᠠᠢ ᠭᠦᠨ ᠵᠤᠵᠠᠭ᠋ᠠᠨ ᠬᠠᠢ᠌ᠷ᠎ᠠ ᠬᠠᠯᠠᠮᠵᠢ ᠵᠢ ᠭᠦᠨᠵᠡᠭᠡᠢ ᠢᠯᠡᠷᠡᠭᠦᠯᠵᠦ᠂ ᠨᠡᠩ ᠴᠤ᠌ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ᠎ᠳᠠᠬᠢ ᠴᠢᠩ ᠰᠡᠳᠬᠢᠯ᠎ᠤᠨ ᠬᠦᠰᠡᠯ ᠡᠷᠡᠮᠡᠯᠵᠡᠯ᠎ᠢ ᠨᠠᠩ ᠠᠭᠤᠯᠵᠤ ᠪᠠᠢ᠌ᠨ᠎ᠠ ᠭᠡᠵᠦ ᠰᠠᠨᠠᠯ ᠨᠢᠭᠡᠲᠡᠢ ᠦᠵᠡᠪᠡ᠃ ᠣᠯᠠᠨ ᠵᠶ᠋ᠠᠷ ᠵᠶ᠋ᠠᠨ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠣᠯᠣᠨ ᠴᠢᠬᠤᠯᠠ ᠶᠡᠬᠡ ᠬᠠᠷᠢᠭᠤᠴᠠᠯᠭ᠎ᠠ ᠵᠢ ᠪᠠᠲᠤ ᠴᠡᠭᠡᠵᠢᠯᠡᠵᠦ᠂ ᠨᠠᠮ᠎ᠤᠨ ᠤᠳᠤᠷᠢᠳᠤᠯᠭ᠎ᠠ ᠵᠢ ᠥᠪᠥᠷ ᠮᠣᠩᠭᠣᠯ᠎ᠤᠨ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠠᠵᠢᠯ᠎ᠤᠨ ᠣᠳᠣᠬᠢᠴᠢᠯᠠᠯᠲᠠ ᠵᠢ ᠠᠬᠢᠭᠤᠯᠬᠤ ᠪᠦᠭᠦ ᠶᠠᠪᠤᠴᠠ ᠡᠯ᠎ᠡ ᠲᠠᠯ᠎ᠠ᠎ᠳᠤ ᠢᠮᠠᠭᠲᠠ ᠲᠤᠭᠤᠰᠢᠯᠠᠭᠤᠯᠵᠤ᠂ ᠬᠢᠯᠢ ᠬᠢᠵᠠᠭ᠋ᠠᠷ᠎ᠤᠨ ᠪᠣᠰᠣᠭ᠎ᠠ ᠴᠣᠭᠴᠠᠲᠤ ᠰᠡᠷᠭᠡᠢ᠌ᠯᠡᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢ ᠪᠦᠭᠦ ᠬᠦᠴᠦ᠎ᠪᠠᠷ ᠵᠢᠨᠨ ᠠᠬᠢᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠬᠢᠵᠠᠭ᠋ᠠᠷ᠎ᠢ ᠬᠦᠴᠦᠷᠬᠡᠭᠵᠢᠭᠦᠯᠵᠦ ᠰᠡᠷᠭᠡᠢ᠌ᠯᠡᠯᠲᠡ ᠵᠢ ᠪᠡᠬᠢᠵᠢᠭᠦᠯᠬᠦ ᠵᠢ ᠴᠢᠩᠭ᠋ᠠᠳᠬᠠᠵᠤ᠂ 《ᠦᠵᠡᠯ ᠰᠠᠨᠠᠭ᠎ᠠ᠎ᠪᠠᠷ ᠬᠢᠯᠢ ᠬᠢᠵᠠᠭ᠋ᠠᠷ᠎ᠢ ᠴᠣᠭᠴᠠᠯᠠᠬᠤ᠂ ᠵᠣᠬᠢᠶᠠᠨ ᠪᠠᠢ᠌ᠭᠤᠯᠤᠯᠲᠠ᠎ᠪᠠᠷ ᠬᠢᠯᠢ ᠬᠢᠵᠠᠭ᠋ᠠᠷ᠎ᠢ ᠪᠡᠬᠢᠵᠢᠭᠦᠯᠬᠦ᠂ ᠠᠷᠠᠳ᠎ᠢ ᠪᠠᠶᠠᠵᠢᠭᠤᠯᠤᠨ ᠬᠢᠯᠢ ᠬᠢᠵᠠᠭ᠋ᠠᠷ᠎ᠢ ᠬᠥᠭᠵᠢᠭᠦᠯᠬᠦ᠂ ᠬᠠᠪᠰᠤᠷᠤᠨ ᠲᠡᠳᠬᠦᠵᠦ ᠬᠢᠯᠢ ᠬᠢᠵᠠᠭ᠋ᠠᠷ᠎ᠢ ᠬᠦᠴᠦᠷᠬᠡᠭᠵᠢᠭᠦᠯᠬᠦ᠂ ᠬᠠᠮᠲᠤ᠎ᠪᠠᠷ ᠪᠠᠢ᠌ᠭᠤᠯᠵᠤ ᠬᠢᠯᠢ ᠬᠢᠵᠠᠭ᠋ᠠᠷ᠎ᠢ ᠲᠣᠭᠲᠠᠭᠤᠨ ᠪᠠᠢ᠌ᠯᠭ᠋ᠠᠬᠤ》 ᠲᠠᠪᠤᠨ ᠬᠢᠯᠢ ᠵᠢᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠦᠵᠡᠮᠵᠢ ᠵᠢᠨ ᠣᠷᠣᠨ᠎ᠢ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠤᠨ᠎ᠠ ᠭᠡᠵᠦ ᠢᠯᠡᠳᠬᠡᠵᠡᠭᠡᠪᠡ᠃