ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠵᠢᠭ᠋ᠠᠭᠰᠠᠨ ᠴᠢᠭᠯᠡᠯ ᠵᠶ᠋ᠡᠷ ᠦᠷᠭᠦᠯᠵᠢᠯᠡᠨ ᠤᠷᠤᠭᠰᠢᠯᠠᠵᠤ ᠢᠲᠡᠭᠡᠯ ᠲᠡᠭᠦᠯᠳᠡᠷ ᠵᠶ᠋ᠡᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠎ᠡ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠪᠦᠭᠦ ᠣᠷᠣᠨ᠎ᠤ ᠺᠠᠳ᠋ᠷ ᠣᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ
ᠨᠡᠶ᠋ᠢᠲᠡᠯᠡᠭᠰᠡᠨ ᠴᠠᠭ᠄ 2023-10-30

 

       ᠲᠦᠷᠦᠭᠦᠬᠡᠨ᠂ ᠲᠦᠷᠦ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (  ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ )᠎ᠢ ᠳᠠᠷᠤᠮᠠᠯᠯᠠᠨ ᠲᠠᠷᠬᠠᠭ᠋ᠠᠪᠠ᠂ ᠡᠨᠡ ᠪᠣᠯ ᠥᠪᠥᠷ ᠮᠣᠩᠭᠣᠯ᠎ᠤᠨ ᠲᠣᠮᠣ ᠶᠠᠪᠤᠳᠠᠯ᠂ ᠴᠢᠬᠤᠯᠠ ᠶᠠᠪᠤᠳᠠᠯ᠂ ᠪᠠᠶᠠᠷ᠎ᠤᠨ ᠶᠠᠪᠤᠳᠠᠯ ᠮᠥᠨ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠭᠦᠨ ᠬᠠᠢ᠌ᠷᠠᠯᠠᠵᠤ᠂ ᠥᠪᠥᠷ ᠮᠣᠩᠭᠣᠯ᠎ᠤᠨ ᠬᠥᠭᠵᠢᠯᠲᠡ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠬᠤ ᠰᠡᠳᠬᠢᠯᠭᠡ ᠵᠢ ᠠᠭᠤᠯᠵᠤ᠂ ᠪᠦᠭᠦ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠴᠠᠢ᠃ ᠤᠯᠠᠨ ᠵᠶ᠋ᠠᠷ ᠵᠶ᠋ᠠᠨ᠂ 《ᠰᠠᠨᠠᠯ》᠎ᠳᠤ ᠳᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠵᠢ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠪᠦᠲᠦᠭᠡᠨ ᠪᠠᠢ᠌ᠭᠤᠯᠬᠤ ᠠᠵᠢᠯᠯᠠᠭ᠋ᠠᠨ᠎ᠤ ᠵᠦᠭᠯᠡᠭᠦᠷ ᠪᠤᠯᠭ᠋ᠠᠵᠤ᠂ ᠰᠢᠨ᠎ᠡ ᠬᠥᠭᠵᠢᠯᠲᠡ ᠵᠢᠨ ᠠᠵᠠ ᠲᠣᠭᠢᠶᠠᠯ᠎ᠢ ᠠᠮᠵᠢᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠨ᠎ᠡ ᠭᠡᠵᠦ ᠢᠯᠡᠳᠬᠡᠵᠡᠭᠡᠪᠡ᠃

       ᠪᠠᠶᠠᠨᠨᠠᠭᠤᠷ ᠬᠣᠲᠠ ᠵᠢᠨ ᠯᠢᠨᠾᠧ ᠲᠣᠭᠣᠷᠢᠭ᠎ᠤᠨ ᠤᠯᠤᠰ᠎ᠤᠨ ᠡᠵᠡᠩᠨᠡᠯᠲᠡ ᠵᠢᠨ ᠰᠢᠨ ᠬᠤᠸᠠ ᠣᠶ ᠰᠢᠭᠤᠢ ᠵᠢᠨ ᠲᠠᠯᠠᠪᠠᠶ ᠵᠢᠨ ᠳᠠᠷᠤᠭ᠎ᠠ ᠳ᠋ᠦ᠋ ᠸᠸᠨ ᠬᠤᠸᠠ᠄ 《〈ᠰᠠᠨᠠᠯ〉᠎ᠢ ᠨᠡᠢ᠌ᠲᠡᠯᠡᠭᠰᠡᠨ᠎ᠨᠢ ᠪᠢᠳᠡᠨ᠎ᠤ ᠢᠲᠡᠭᠡᠯ ᠵᠣᠷᠢᠭ᠎ᠢ ᠬᠥᠪᠴᠢᠯᠡᠵᠡᠢ᠂ ᠬᠣᠢ᠌ᠰᠢᠳᠠ ᠪᠢᠳᠡ ᠣᠢ᠌ᠵᠢᠭᠤᠯᠵᠤ ᠡᠯᠡᠰᠦ ᠵᠢ ᠵᠠᠰᠠᠬᠤ ᠠᠵᠢᠯ᠎ᠳᠤ ᠨᠠᠩ ᠴᠢᠷᠮᠠᠢ᠌ᠨ ᠣᠷᠣᠯᠴᠠᠵᠤ᠂ ᠣᠶ ᠰᠢᠭᠤᠢ ᠵᠢᠨ ᠲᠠᠯᠠᠪᠠᠶ ᠵᠢᠨ ᠣᠶ ᠰᠢᠭᠤᠢ ᠵᠢᠨ ᠪᠦᠷᠬᠦᠴᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ !》 ᠭᠡᠪᠡ᠃  《ᠰᠠᠨᠠᠯ》᠎ᠨᠢ ᠪᠠᠶᠠᠨᠨᠠᠭᠤᠷ ᠬᠣᠲᠠ ᠵᠢᠨ ᠡᠯ᠎ᠡ ᠱᠠᠲᠤᠨ᠎ᠤ ᠺᠠᠳ᠋ᠷ ᠣᠯᠠᠨ ᠲᠦᠮᠡᠨ᠎ᠤ ᠤᠷᠮ᠎ᠠ ᠵᠣᠷᠢᠭ᠎ᠢ ᠬᠥᠭᠵᠢᠭᠡᠵᠦ᠂ ᠣᠯᠠᠨ ᠵᠶ᠋ᠠᠷ ᠵᠶ᠋ᠠᠨ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠶ ᠪᠤᠯᠭ᠋ᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠨᠤᠲᠤᠭ ᠪᠡᠯᠴᠢᠭᠡᠷ᠂ ᠣᠶ ᠰᠢᠭᠤᠢ᠂ ᠨᠤᠭᠤ ᠭᠠᠵᠠᠷ ᠵᠡᠷᠭᠡ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠴᠦᠯᠯᠡᠷᠭᠡᠭᠵᠢᠯ᠎ᠢ ᠰᠡᠷᠭᠡᠢ᠌ᠯᠡᠵᠦ ᠶᠡᠷᠦᠩᠬᠡᠢ᠌ᠯᠡᠨ ᠵᠠᠰᠠᠬᠤ ᠵᠢ ᠴᠢᠩᠭ᠋ᠠᠳᠬᠠᠵᠤ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ 《ᠣᠷᠳᠣ ᠴᠠᠭ᠋ᠠᠨ ᠬᠡᠷᠡᠮ》᠎ᠢ ᠴᠣᠭᠴᠠᠯᠠᠨ᠎ᠠ ᠭᠡᠵᠦ ᠢᠯᠡᠳᠬᠡᠵᠡᠭᠡᠪᠡ᠃

       ᠪᠤᠭᠤᠲᠤ ᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠯᠢᠦ ᠶᠦᠩ ᠮᠢᠩ᠂ ᠪᠤᠭᠤᠲᠤ ᠬᠣᠲᠠ᠎ᠨᠢ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠶᠡᠬᠡ ᠠᠵᠤ ᠦᠢ᠍ᠯᠡᠳᠪᠦᠷᠢ ᠵᠢᠨ ᠬᠣᠲᠠ ᠪᠣᠯᠤᠭᠰᠠᠨ᠎ᠤ ᠬᠤᠪᠢ᠎ᠳᠤ᠂ 《ᠰᠠᠨᠠᠯ》᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠪᠦᠭᠦ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠦᠭᠦ ᠳᠡᠯᠡᠬᠡᠢ ᠵᠢᠨ ᠲᠡᠷᠢᠭᠦᠨ᠎ᠤ ᠬᠣᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ᠎ᠢ ᠪᠦᠲᠦᠭᠡᠨ ᠪᠠᠢ᠌ᠭᠤᠯᠬᠤ ᠬᠡᠷᠡᠭᠲᠡᠢ》᠂ 《ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢ ᠰᠠᠢ᠌ᠲᠤᠷ ᠬᠢᠬᠦ ᠬᠡᠷᠡᠭᠲᠡᠢ》 ᠭᠡᠬᠦ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ᠂ ᠬᠣᠪᠣᠷ ᠰᠢᠷᠣᠢ ᠪᠣᠯᠣᠨ ᠲᠠᠯᠠᠰᠲᠤ ᠴᠠᠬᠢᠭᠤᠷ᠎ᠤᠨ ᠭᠡᠷᠡᠯᠴᠢ ᠴᠡᠨᠡᠭ ᠬᠣᠶᠠᠷ ᠶᠡᠬᠡ ᠬᠣᠰᠢᠭᠤᠴᠢ ᠠᠵᠤ ᠦᠢ᠍ᠯᠡᠰ᠎ᠢ ᠲᠦᠷᠭᠡᠳᠬᠡᠨ ᠪᠤᠵᠠᠭ᠋ᠠᠢ᠌ᠷᠠᠭᠤᠯᠵᠤ ᠰᠢᠯᠢᠳᠡᠭᠵᠢᠭᠦᠯᠵᠦ᠂ ᠡᠬᠡ ᠬᠠᠭᠤᠷᠠᠢ ᠳᠡᠭᠡᠷᠡᠬᠢ ᠰᠠᠯᠬᠢᠨ ᠬᠦᠴᠦᠨ᠎ᠤ ᠴᠠᠭᠢᠯᠭ᠋ᠠᠨ᠎ᠤ ᠲᠣᠨᠣᠭ ᠲᠥᠬᠦᠭᠡᠷᠦᠮᠵᠢ᠂ ᠲᠡᠷᠢᠭᠦᠨ᠎ᠤ ᠲᠡᠮᠦᠷᠯᠢᠭ ᠮᠠᠲ᠋ᠧᠷᠢᠶᠠᠯ᠂ ᠨᠡᠭᠦᠷᠡᠰᠦᠲᠥ᠋ᠷᠥᠭᠴᠢ ᠰᠢᠷᠬᠡᠭ ᠵᠢᠴᠢ ᠳᠡᠭᠡᠳᠦ ᠮᠣᠯᠧᠺᠦ᠋ᠯᠲᠦ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠵᠢᠴᠢ ᠲᠥᠬᠥᠷᠵᠢᠭᠦᠯᠦᠭᠰᠡᠨ ᠲᠣᠨᠣᠭᠯᠠᠯ᠂ ᠤᠰᠤᠲᠥ᠋ᠷᠥᠭᠴᠢ ᠡᠨᠧᠷᠭᠢ ᠬᠠᠳᠠᠭ᠋ᠠᠯᠠᠬᠤ ᠵᠡᠷᠭᠡ ᠲᠠᠪᠤᠨ ᠶᠡᠬᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠢ᠌ᠵᠢᠭᠦᠯᠤᠨ ᠬᠥᠭᠵᠢᠭᠦᠯᠬᠦ ᠵᠢ ᠲᠦᠷᠭᠡᠳᠬᠡᠨ ᠠᠬᠢᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠢᠡᠷ ᠯᠠᠪᠳᠠᠭᠤᠨ ᠪᠠᠲᠤᠲᠠᠢ ᠶᠠᠪᠤᠵᠤ᠂ ᠪᠦᠭᠦ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠤᠭᠤᠲᠤ ᠵᠢᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃

       ᠦᠬᠠᠢ ᠬᠤᠳᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠥᠭᠡᠷᠡᠴᠢᠯᠡᠯᠲᠡ ᠬᠥᠭᠵᠢᠯᠲᠡ ᠪᠣᠯᠣᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠠᠯᠠᠭ᠋ᠠᠨ᠎ᠤ ᠳᠡᠳ᠋ ᠳᠠᠷᠤᠭ᠎ᠠ ᠫᠠᠨ ᠷᠦ᠋ ᠢᠦᠢ ᠄ 《〈ᠰᠠᠨᠠᠯ〉᠎ᠳᠤ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ᠎ᠢ ᠰᠦᠪᠡᠭᠴᠢᠯᠡᠬᠦ ᠲᠤᠬᠠᠢ ᠲᠣᠳᠣᠷᠬᠠᠢ ᠪᠠᠢ᠌ᠷᠢᠯᠠᠭᠤᠯᠤᠯᠲᠠ ᠬᠢᠵᠡᠢ᠂ ᠡᠨᠡ ᠪᠣᠯ ᠮᠠᠨ᠎ᠤ ᠬᠣᠢ᠌ᠰᠢᠳᠠ ᠵᠢᠨ ᠠᠵᠢᠯ ᠵᠶ᠋ᠠᠨ ᠥᠷᠨᠢᠭᠦᠯᠬᠦ ᠠᠵᠢᠯᠯᠠᠭ᠋ᠠᠨ᠎ᠤ ᠬᠥᠲᠥᠯᠪᠦᠷᠢ ᠪᠤᠯᠬᠤ ᠪᠥᠭᠡᠳ ᠦᠬᠠᠢ ᠬᠤᠳᠠ ᠵᠢᠨ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ᠎ᠳᠤ ᠰᠢᠨ᠎ᠡ ᠴᠢᠭᠯᠡᠯ᠎ᠢ ᠵᠢᠭ᠋ᠠᠵᠤ ᠥᠭᠴᠡᠢ᠃ ᠵᠠᠯᠭ᠋ᠠᠭ᠋ᠠᠳ ᠪᠢᠳᠡ 〈ᠰᠠᠨᠠᠯ〉᠎ᠳᠤ ᠳᠤᠷᠠᠳᠤᠭᠰᠠᠨ ᠰᠢᠨ᠎ᠡ ᠬᠠᠷᠠᠯᠲᠠ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠵᠠᠷ ᠣᠷᠣᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠬᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠢ᠌ᠪᠢᠰᠢ ᠦᠭᠡᠢ ᠰᠠᠢ᠌ᠲᠤᠷ ᠵᠠᠮᠨᠠᠵᠤ᠂ ᠠᠭᠤᠷᠬᠠᠢ ᠵᠢᠨ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ᠂ ᠠᠭᠤᠷᠬᠠᠢ ᠵᠢᠨ ᠣᠷᠣᠨ᠎ᠢ ᠵᠠᠰᠠᠵᠤ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠪᠡ᠃

       ᠣᠷᠳᠣᠰ ᠬᠣᠲᠠ ᠵᠢᠨ ᠡᠨᠧᠷᠭᠢ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠾᠥᠸᠧ ᠯᠢ ᠫᠢᠩ ᠄

《ᠣᠷᠳᠣᠰ ᠬᠤᠳᠠ ᠵᠢᠨ ᠡᠨᠧᠷᠭᠢ ᠵᠢᠨ ᠰᠢᠰᠲ᠋ᠧᠮ᠎ᠤᠨ᠎ᠬᠢᠨ 〈ᠰᠠᠨᠠᠯ〉᠎ᠤᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠨ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠨᠧᠷᠭᠢ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠭᠣᠣᠯ ᠰᠡᠳᠦᠪ ᠪᠤᠯᠭ᠋ᠠᠵᠤ᠂ ᠡᠨᠧᠷᠭᠢ ᠡᠬᠢ ᠪᠠᠶᠠᠯᠢᠭ᠎ᠤᠨ ᠨᠡᠭᠡᠭᠡᠨ ᠠᠰᠢᠭᠯᠠᠯᠲᠠ ᠪᠠ ᠠᠮᠢ ᠠᠬᠤᠢ ᠵᠢᠨ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠦᠨ᠂ ᠳᠡᠯᠡᠬᠡᠢ ᠵᠢᠨ ᠲᠡᠰ᠎ᠤᠨ ᠡᠨᠧᠷᠭᠢ ᠵᠢᠨ ᠠᠵᠤ ᠦᠢ᠍ᠯᠡᠰ᠎ᠢ ᠪᠠᠢ᠌ᠭᠤᠯᠬᠤ ᠬᠠᠷᠠᠯᠲᠠ᠎ᠪᠠᠷ ᠭᠠᠷᠳᠠᠴᠠ ᠪᠤᠯᠭ᠋ᠠᠵᠦ᠂ ᠤᠯᠠᠮᠵᠢᠯᠠᠯᠲᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠂ ᠨᠡᠭᠦᠷᠡᠰᠦ ᠴᠠᠭᠢᠯᠭ᠋ᠠᠨ ᠲᠣᠰᠣ ᠰᠢᠲᠠᠮᠠᠬᠠᠢ ᠬᠡᠢ ᠵᠢᠨ ᠲᠡᠷᠢᠭᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠡᠮᠬᠢ ᠵᠢᠷᠤᠮ᠎ᠲᠠᠢ᠎ᠪᠠᠷ ᠪᠠᠳᠠᠷᠠᠭᠤᠯᠵᠤ᠂ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ 〈ᠡᠯᠡᠰᠦ ᠭᠣᠪᠢ ᠴᠦᠯ〉᠎ᠤᠨ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠂ ᠲᠤᠯᠭ᠋ᠠᠭᠤᠷᠢᠯᠠᠬᠤ ᠴᠢᠨᠠᠷᠲᠠᠢ ᠴᠠᠭᠢᠯᠭ᠋ᠠᠨ ᠡᠭᠦᠰᠬᠡᠭᠴᠢ ᠵᠢᠴᠢ ᠭᠠᠳᠠᠭᠰᠢ ᠬᠦᠷᠭᠡᠬᠦ ᠵᠠᠮ᠎ᠢ ᠲᠦᠷᠭᠡᠳᠬᠡᠨ ᠪᠠᠢ᠌ᠭᠤᠯᠵᠤ᠂ ᠡᠮᠦᠨ᠎ᠡ᠎ᠨᠢ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ᠣᠷᠳᠣᠰ᠎ᠤᠨ ᠵᠢᠳᠬᠦᠯ ᠴᠢᠷᠮᠠᠢ᠌ᠯᠭ᠎ᠠ ᠪᠠ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠦᠨ᠂ ᠡᠨᠧᠷᠭᠢ ᠵᠢᠨ ᠭᠡᠯᠪᠡᠷᠢ ᠵᠢᠨ ᠬᠤᠪᠢᠷᠠᠯᠲᠠ᠎ᠪᠠᠷ ᠠᠵᠤ ᠦᠢ᠍ᠯᠡᠰ᠎ᠤᠨ ᠳᠡᠰ ᠳᠠᠪᠰᠢᠯᠲᠠ ᠵᠢ ᠳᠠᠢ᠌ᠴᠢᠯᠠᠵᠦ᠂ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠵᠤ᠂ ᠡᠬᠢ ᠪᠠᠶᠠᠯᠢᠭ᠎ᠤᠨ ᠭᠡᠯᠪᠡᠷᠢ ᠵᠢᠨ ᠬᠣᠲᠠ ᠵᠢᠨ ᠪᠣᠬᠢᠷᠳᠤᠯ ᠦᠭᠡᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠨ᠎ᠠ》 ᠭᠡᠵᠦ ᠬᠡᠯᠡᠪᠡ᠃

       ᠲᠦᠩᠯᠢᠶᠣᠣ ᠬᠣᠲᠠ ᠵᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠣᠪᠴᠢᠶ᠎ᠠ ᠵᠢᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠋ᠠᠨ᠎ᠤ ᠳᠠᠷᠤᠭ᠎ᠠ ᠵᠢᠢ ᠹᠧᠩ ᠬᠣᠶ ᠄ 《〈ᠰᠠᠨᠠᠯ〉᠎ᠨᠢ ᠲᠦᠩᠯᠢᠶᠣᠣ ᠬᠣᠲᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠵᠢᠴᠢ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢ ᠠᠬᠢᠭᠤᠯᠬᠤ᠎ᠳᠤ ᠣᠯᠳᠠᠬᠤᠶ᠎ᠠ ᠪᠡᠷᠬᠡ ᠠᠵᠠ ᠲᠣᠭᠢᠶᠠᠯ ᠣᠯᠭᠣᠪᠠ᠃ ᠲᠠᠷᠠᠭ᠋ᠠᠴᠢ ᠵᠢᠨ ᠠᠯᠬᠤᠮ᠎ᠳᠤ ᠮᠠᠨ᠎ᠤ ᠬᠣᠲᠠ 〈ᠰᠠᠨᠠᠯ〉᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠭᠣᠣᠯᠳᠠᠯᠭ᠎ᠠ ᠪᠤᠯᠭ᠋ᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠭᠦᠶᠦᠬᠡᠨ ᠪᠤᠯᠠᠵᠤ ᠳᠤᠰᠤᠯᠭ᠋ᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠵᠶ᠋ᠡᠷ ᠭᠣᠣᠯ ᠪᠤᠯᠭ᠋ᠠᠬᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠬᠡᠷᠡᠭᠵᠢᠭᠦᠯᠵᠦ᠂ ᠰᠢᠨ᠎ᠡ᠎ᠪᠠᠷ ᠪᠠᠢ᠌ᠭᠤᠯᠬᠤ ᠪᠠ ᠥᠭᠡᠷᠡᠴᠢᠯᠡᠨ ᠰᠠᠢ᠌ᠵᠢᠷᠠᠭᠤᠯᠵᠤ ᠳᠡᠭᠡᠭᠰᠢᠯᠡᠭᠦᠯᠭᠦ ᠵᠢ ᠵᠡᠷᠭᠡ᠎ᠪᠠᠷ ᠠᠬᠢᠭᠤᠯᠬᠤ ᠵᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠣᠨ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠨ ᠠᠰᠢᠭᠯᠠᠬᠤ᠂ ᠬᠤᠵᠢᠷᠰᠢᠭᠰᠠᠨ ᠲᠠᠷᠢᠶᠠᠨ ᠭᠠᠵᠠᠷ᠎ᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠵᠢ ᠪᠠᠷᠢᠮᠲᠠᠯᠠᠵᠤ᠂ ᠤᠰᠤ ᠠᠷᠪᠢᠯᠠᠬᠤ ᠪᠠ ᠠᠮᠤ ᠪᠤᠳᠠᠭ᠎ᠠ ᠵᠢ ᠨᠡᠮᠡᠭᠳᠡᠭᠦᠯᠵᠦ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠣᠯᠣᠨ ᠠᠮᠢ ᠠᠬᠤᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠲᠦᠩᠯᠢᠶᠣᠣ ᠵᠢᠨ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠬᠡᠯᠡᠪᠡ᠃

       ᠬᠢᠩᠭ᠋ᠠᠨ ᠠᠢ᠌ᠮᠠᠭ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠤᠨ ᠳᠠᠷᠤᠭ᠎ᠠ ᠯᠢ ᠭᠦᠸᠧ ᠬᠣᠩ᠂ 《ᠰᠠᠨᠠᠯ》᠎ᠢ ᠨᠡᠢ᠌ᠲᠡᠯᠡᠭᠰᠡᠨ᠎ᠨᠢ ᠬᠢᠩᠭ᠋ᠠᠨ ᠠᠢ᠌ᠮᠠᠭ᠎ᠤᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠢᠲᠡᠭᠡᠯ ᠵᠣᠷᠢᠭ᠎ᠢ ᠨᠡᠮᠡᠭᠳᠡᠭᠦᠯᠵᠦ᠂ ᠬᠥᠳᠡᠯᠭᠡᠬᠦ ᠬᠦᠴᠦᠨ ᠨᠡᠮᠡᠷᠢᠯᠡᠪᠡ᠃

《ᠲᠠᠷᠠᠭ᠋ᠠᠴᠢ ᠵᠢᠨ ᠠᠯᠬᠤᠮ᠎ᠳᠤ᠂ ᠪᠢᠳᠡ〈ᠰᠠᠨᠠᠯ〉᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠵᠢᠨ ᠭᠣᠣᠯ ᠰᠢᠵᠢᠮ ᠪᠤᠯᠭ᠋ᠠᠵᠦ᠂ 〈ᠲᠠᠪᠤᠨ ᠶᠡᠬᠡ ᠡᠭᠦᠷᠭᠡ〉 ᠵᠢ ᠨᠠᠢ᠌ᠳᠠᠪᠤᠷᠢᠵᠢᠭᠤᠯᠬᠤ ᠪᠣᠭᠣᠮᠲᠠ ᠰᠢᠪᠲᠤᠯᠬᠤ ᠠᠵᠢᠯᠯᠠᠭ᠎ᠠ᠂ ᠪᠦᠭᠦ ᠤᠯᠤᠰ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠭᠦ ᠠᠢ᠌ᠮᠠᠭ᠎ᠤᠨ ᠡᠭᠦᠳᠦᠨ ᠪᠠᠢ᠌ᠭᠤᠯᠬᠤ ᠠᠵᠢᠯᠯᠠᠭ᠎ᠠ ᠪᠠ 〈ᠰᠠᠢ᠌ᠨ ᠰᠠᠢ᠌ᠬᠠᠨ ᠠᠮᠢᠳᠤᠷᠠᠯ᠎ᠢ ᠴᠣᠭᠴᠠᠯᠠᠬᠤ〉 ᠠᠷᠠᠳ᠎ᠤᠨ ᠠᠮᠢᠳᠤᠷᠠᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠢ᠌ᠳᠠᠯᠭ᠎ᠠ ᠵᠢ ᠪᠠᠲᠤ ᠴᠡᠭᠡᠵᠢᠯᠡᠨ᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ᠂ ᠦᠨᠡᠨ ᠬᠦ᠌ ᠠᠳᠬᠤᠵᠤ ᠪᠣᠳᠠᠲᠠᠢ ᠬᠢᠵᠦ᠂ ᠭᠠᠪᠰᠢᠭ᠋ᠠᠢ᠌ᠯᠠᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠡᠮᠦᠨ᠎ᠡ᠎ᠨᠢ ᠶᠠᠪᠤᠵᠤ ᠦᠯᠢᠭᠡᠷ ᠳᠠᠭᠤᠷᠢᠶᠠᠯ ᠪᠤᠯᠬᠤ᠎ᠪᠠᠷ ᠴᠢᠷᠮᠠᠢ᠌ᠨ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠬᠢᠩᠭ᠋ᠠᠨ᠎ᠤ ᠬᠦᠴᠦᠨ ᠴᠢᠳᠠᠯ ᠵᠶ᠋ᠠᠨ

ᠡᠷᠭᠦᠨ᠎ᠡ》 ᠭᠡᠵᠦ ᠢᠯᠡᠳᠬᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠡᠷᠴᠢ ᠵᠣᠷᠢᠭ ᠵᠢᠡᠨ ᠬᠥᠪᠴᠢᠯᠡᠨ ᠰᠢᠷᠭ᠋ᠠᠭᠤ ᠬᠠᠲᠠᠭᠤᠵᠢᠯᠲᠠᠢ ᠠᠵᠢᠯᠯᠠᠵᠤ ᠡᠬᠡ ᠤᠯᠤᠰ᠎ᠤᠨ ᠤᠮᠠᠷᠠᠲᠤ ᠵᠢᠨ ᠨᠠᠩ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠪᠦᠲᠦᠭᠡᠨ ᠪᠠᠢ᠌ᠭᠤᠯᠤᠨ᠎ᠠ
ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ
ᠢᠳᠡᠰᠢᠨ ᠨᠣᠭᠣᠭ᠎ᠠ᠎ᠠᠴᠠ ᠰᠤᠨᠤᠯᠵᠠᠭᠰᠠᠨ ᠠᠵᠤ ᠦᠢ᠍ᠯᠡᠰ᠎ᠤᠨ ᠬᠡᠯᠬᠢᠶ᠎ᠡ
ᠡᠯ᠎ᠡ ᠠᠢ᠌ᠮᠠᠭ ᠬᠣᠲᠠ ᠬᠤᠷᠠᠯ ᠬᠤᠷᠠᠯᠳᠤᠭᠤᠯᠵᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠰᠠᠨᠠᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ – ᠴᠢᠬᠤᠯᠠ ᠶᠡᠬᠡ ᠠᠵᠠ ᠲᠣᠭᠢᠶᠠᠯ᠎ᠢ ᠠᠳᠬᠤᠵᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ
ᠠᠷᠠᠳ᠎ᠤᠨ ᠠᠮᠢᠳᠤᠷᠠᠯ᠎ᠢ ᠬᠠᠯᠠᠮᠵᠢᠯᠠᠵᠤ ᠵᠢᠷᠭ᠋ᠠᠯᠲᠤ ᠲᠥᠷᠥᠭᠳᠡᠯ᠎ᠢ ᠨᠡᠮᠡᠭᠳᠡᠭᠦᠯᠦᠨ᠎ᠡ
 
             蒙ICP备05000248号