ᠲᠦᠷᠦᠭᠦᠬᠡᠨ ᠲᠥᠷᠥ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠬᠠᠢ᠌ᠷ᠎ᠠ ᠬᠠᠯᠠᠮᠵᠢ ᠪᠠ ᠬᠦᠰᠡᠯ ᠨᠠᠢ᠌ᠳᠠᠯᠭ᠎ᠠ ᠵᠢ ᠭᠦᠢ᠍ᠴᠡᠳ ᠢᠯᠡᠷᠡᠭᠦᠯᠪᠡ᠃ 《ᠰᠠᠨᠠᠯ》᠎ᠨᠢ ᠮᠠᠨ᠎ᠤ ᠣᠷᠣᠨ᠎ᠤ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ ᠪᠠ ᠰᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ ᠵᠢ ᠳᠡᠮᠵᠢᠬᠦ ᠵᠢᠨ ᠲᠣᠭᠣᠷᠢᠨ᠎ᠳᠤ᠂ ᠠᠯᠢ ᠣᠯᠠᠨ ᠴᠢᠬᠤᠯᠠ ᠶᠡᠬᠡ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠳᠤᠷᠠᠳᠪᠠ᠃ ᠪᠦᠭᠦ ᠣᠷᠣᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠢᠨ᠎ᠬᠢᠨ 《ᠰᠠᠨᠠᠯ》᠎ᠢ ᠬᠡᠷᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠬᠤ ᠲᠣᠭᠣᠷᠢᠨ᠎ᠳᠤ᠂ ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠱᠦᠵᠢ ᠵᠠᠩ ᠽᠢ ᠵᠢᠶᠦ᠋ᠨ᠎ᠢ ᠰᠤᠷᠪᠤᠯᠵᠢᠯᠠᠪᠠ᠃
《〈ᠰᠠᠨᠠᠯ〉᠎ᠤᠨ ᠨᠠᠢ᠍ᠮᠠᠳᠤᠭ᠋ᠠᠷ ᠬᠡᠰᠡᠭ᠎ᠲᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠬᠤ᠂ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠭᠦ᠂ ᠬᠢᠯᠢ ᠬᠢᠵᠠᠭ᠋ᠠᠷ᠎ᠢ ᠰᠠᠬᠢᠨ ᠬᠢᠯᠢ ᠬᠢᠵᠠᠭ᠋ᠠᠷ᠎ᠢ ᠪᠡᠬᠢᠵᠢᠭᠦᠯᠬᠦ ᠬᠢᠯᠢ ᠬᠢᠵᠠᠭ᠋ᠠᠷ᠎ᠢ ᠬᠥᠭᠵᠢᠭᠦᠯᠦᠨ ᠮᠠᠨᠳᠤᠭᠤᠯᠬᠤ ᠵᠢ ᠴᠢᠩᠭ᠋ᠠᠳᠬᠠᠬᠤ᠂ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠵᠡᠷᠭᠡ ᠲᠠᠪᠤᠨ ᠲᠠᠯ᠎ᠠ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠲᠤᠬᠠᠢ ᠪᠠᠢ᠌ᠷᠢᠯᠠᠭᠤᠯᠤᠯᠲᠠ ᠬᠢᠵᠡᠢ᠃ ᠪᠦᠭᠦ ᠣᠷᠣᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠪᠠᠢ᠌ᠭᠤᠯᠭ᠎ᠠ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ 〈ᠭᠣᠣᠯ ᠬᠦᠴᠦᠨ〉 ᠪᠣᠯᠤᠭᠰᠠᠨ᠎ᠤ ᠬᠤᠪᠢ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠨ᠂ ᠤᠯᠤᠰ ᠲᠥᠷᠥ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠬᠠᠤᠯᠢᠵᠢᠯ᠎ᠤᠨ ᠦᠨᠳᠦᠰᠦ ᠰᠠᠭᠤᠷᠢ ᠵᠢ ᠪᠡᠬᠢᠵᠢᠭᠦᠯᠬᠦ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠭᠡᠲᠦ᠎ᠳᠤ ᠠᠰᠢᠭᠲᠠᠢ ᠪᠠᠢ᠌ᠯᠭ᠋ᠠᠬᠤ ᠪᠠᠲᠤᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠶᠤᠯ ᠲᠦᠭᠰᠢᠭᠦᠷᠢ ᠵᠢ ᠰᠡᠷᠭᠡᠢ᠌ᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠴᠢᠨᠠᠷ ᠰᠠᠢ᠌ᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠢ᠌ᠨ ᠬᠤᠷᠰᠢᠯ᠎ᠢ ᠪᠡᠶᠡᠯᠡᠭᠦᠯᠬᠦ ᠵᠢ ᠠᠬᠢᠭᠤᠯᠵᠤ᠂ ᠰᠢᠨ᠎ᠡ ᠠᠮᠤᠷ ᠲᠦᠪᠰᠢᠨ᠎ᠤ ᠪᠠᠢ᠌ᠷᠢᠰᠢᠯ ᠵᠶ᠋ᠠᠷ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠲᠤᠯᠠᠵᠤ᠂ ᠮᠠᠨ᠎ᠤ ᠣᠷᠣᠨ᠎ᠤ ᠠᠵᠤ ᠠᠬᠤᠢ ᠵᠢᠨ ᠬᠥᠭᠵᠢᠯᠲᠡ᠂ ᠦᠨᠳᠦᠰᠦᠲᠡᠨ᠎ᠤ ᠪᠦᠯᠬᠦᠮᠳᠡᠯ᠂ ᠨᠡᠢ᠌ᠭᠡᠮ᠎ᠤᠨ ᠲᠣᠭᠲᠠᠭᠤᠨ᠂ ᠬᠢᠯᠢ ᠬᠢᠵᠠᠭ᠋ᠠᠷ ᠠᠮᠤᠷ ᠲᠣᠭᠲᠠᠭᠤᠨ ᠰᠠᠢ᠌ᠨ ᠪᠠᠢ᠌ᠳᠠᠯ ᠢᠦᠷᠭᠦᠯᠵᠢᠯᠡᠨ ᠪᠡᠬᠢᠵᠢᠭᠦᠯᠬᠦ ᠬᠡᠷᠡᠭᠲᠡᠢ》 ᠭᠡᠵᠦ ᠵᠠᠩ ᠽᠢ ᠵᠢᠶᠦ᠋ᠨ ᠬᠡᠯᠡᠪᠡ᠃
ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠪᠣᠯ ᠮᠥᠨ ᠴᠢᠨᠠᠷ ᠳᠡᠭᠡᠷ᠎ᠡ᠎ᠪᠠᠨ ᠬᠠᠤᠯᠢᠵᠢᠯ᠎ᠤᠨ ᠠᠵᠤ ᠠᠬᠤᠢ ᠮᠥᠨ᠂ ᠴᠢᠨᠠᠷ ᠰᠠᠢ᠌ᠲᠠᠢ ᠬᠥᠭᠵᠢᠯᠲᠡ᠎ᠨᠢ ᠡᠷᠬᠡᠪᠰᠢ ᠬᠠᠤᠯᠢᠵᠢᠯ᠎ᠳᠤ ᠲᠦᠰᠢᠭᠯᠡᠨ ᠪᠠᠲᠤ ᠪᠡᠬᠢ ᠰᠠᠭᠤᠷᠢ᠂ ᠥᠨᠢᠳᠡ ᠵᠢᠨ ᠬᠥᠳᠡᠯᠭᠡᠭᠴᠢ ᠬᠦᠴᠦᠨ᠂ ᠡᠷᠬᠡ ᠲᠡᠭᠰᠢ ᠲᠥᠪ ᠭᠣᠣᠯᠴᠢ ᠣᠷᠴᠢᠨ ᠨᠥᠬᠥᠴᠡᠯ᠎ᠢ ᠬᠠᠩᠭ᠋ᠠᠬᠤ ᠬᠡᠷᠡᠭᠲᠡᠢ᠃ ᠵᠠᠩ ᠽᠢ ᠵᠢᠶᠦ᠋ᠨ᠂ ᠪᠢᠳᠡ ᠬᠠᠤᠯᠢᠵᠢᠯ᠎ᠤᠨ ᠬᠥᠲᠥᠯᠥᠨ ᠳᠠᠭ᠋ᠠᠭᠤᠯᠬᠤ ᠵᠢᠷᠤᠮᠵᠢᠯ ᠪᠠᠲᠤᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠠᠭ᠋ᠠᠯᠠᠬᠤ ᠬᠡᠷᠡᠭᠲᠡᠢ᠃ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠢᠨᠠᠯᠲᠠ ᠵᠢ ᠴᠢᠩᠭ᠋ᠠᠳᠬᠠᠨ᠂ ᠵᠠᠰᠠᠭ᠎ᠤᠨ ᠣᠷᠳᠣᠨ᠎ᠳᠤ ᠬᠣᠯᠪᠣᠭᠳᠠᠭᠰᠠᠨ ᠬᠡᠷᠡᠭ᠎ᠢ ᠳᠠᠭᠤᠰᠬᠠᠬᠤ ᠲᠤᠰᠬᠠᠢ ᠠᠵᠢᠯᠯᠠᠭ᠎ᠠ ᠵᠢ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠢᠯᠢᠰ ᠪᠤᠷᠤᠭᠤ ᠬᠡᠷᠡᠭ᠎ᠢ ᠰᠡᠷᠭᠡᠢ᠌ᠯᠡᠬᠦ ᠪᠠ ᠵᠠᠯᠠᠷᠠᠭᠤᠯᠬᠤ ᠲᠣᠭᠲᠠᠴᠠ ᠵᠢ ᠪᠠᠢ᠌ᠭᠤᠯᠤᠨ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠡᠷᠡᠭ᠎ᠢ ᠰᠢᠢ᠍ᠳᠪᠦᠷᠢᠯᠡᠬᠦ 《ᠰᠠᠭ᠋ᠠᠳ ᠦᠭᠡᠢ ᠨᠡᠪᠲᠡᠷᠡᠬᠦ ᠵᠠᠮ》᠎ᠢ ᠨᠡᠭᠡᠭᠡᠵᠦ᠂ ᠠᠵᠤ ᠠᠬᠤᠢ᠌ᠯᠠᠯ᠎ᠤᠨ ᠲᠣᠭᠲᠠᠭ᠋ᠠᠯ᠎ᠳᠤ ᠨᠡᠢ᠌ᠴᠡᠭᠰᠡᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠬᠦ ᠬᠡᠷᠡᠭᠲᠡᠢ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠦᠭᠦ ᠬᠡᠯᠬᠢᠶ᠎ᠡ ᠵᠢ ᠬᠠᠮᠠᠭ᠋ᠠᠯᠠᠬᠤ ᠵᠢ ᠳᠣᠪᠤᠢ᠌ᠯᠭ᠋ᠠᠵᠤ᠂ ᠠᠵᠤ ᠠᠬᠤᠢ ᠮᠥᠩᠭᠥᠨ ᠭᠦᠢ᠍ᠯᠭᠡᠭᠡᠨ᠎ᠤ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠥᠮᠴᠢᠯᠡᠬᠦ ᠡᠷᠬᠡ ᠪᠠ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠬᠤ ᠬᠡᠷᠡᠭᠲᠡᠢ᠃ ᠣᠯᠠᠨ ᠨᠡᠢ᠌ᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠡᠷᠦᠭᠡ ᠠᠮᠠ ᠵᠢᠨ ᠲᠠᠩᠰᠠ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠨᠡᠭᠦᠳᠡᠯ ᠠᠷᠠᠳ ᠪᠠ ᠬᠢᠯᠢ᠎ᠪᠠᠷ ᠣᠷᠣᠵᠤ ᠭᠠᠷᠬᠤ᠂ ᠬᠠᠤᠯᠢ ᠴᠠᠭ᠋ᠠᠵᠠ ᠵᠢᠨ ᠲᠤᠰᠠᠯᠠᠮᠵᠢ᠂ ᠬᠠᠤᠯᠢ ᠴᠠᠭ᠋ᠠᠵᠠ ᠵᠢᠨ ᠠᠪᠤᠷᠠᠨ ᠲᠤᠰᠠᠯᠠᠯᠲᠠ ᠵᠡᠷᠭᠡ ᠬᠦᠷᠢᠶᠡᠨ᠎ᠳᠤ ᠠᠷᠠᠳ᠎ᠲᠤ ᠲᠥᠭᠦᠮ ᠦᠵᠡᠭᠦᠯᠵᠦ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠦᠷᠭᠦᠯᠵᠢᠯᠡᠨ ᠭᠠᠷᠭ᠋ᠠᠵᠤ᠂ ᠣᠯᠠᠨ ᠲᠦᠮᠡᠨ᠎ᠳᠤ ᠦᠨᠡᠨ ᠬᠦ᠌ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠢ᠃ 《ᠲᠠᠪᠤᠨ ᠶᠡᠬᠡ ᠡᠭᠦᠷᠭᠡ》 ᠵᠢ ᠰᠠᠢ᠌ᠲᠤᠷ ᠪᠡᠶᠡᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠢ ᠠᠬᠤᠢ ᠵᠢᠨ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠡᠷᠴᠢᠮ᠎ᠢ ᠴᠢᠩᠭ᠋ᠠᠷᠠᠭᠤᠯᠤᠨ᠂ ᠲᠣᠮᠣ ᠭᠡᠯᠪᠡᠷᠢ ᠵᠢᠨ ᠬᠠᠩᠭ᠋ᠠᠯᠭ᠎ᠠ ᠵᠢ ᠪᠠᠲᠤᠯᠠᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠪᠠ ᠡᠵᠡᠩᠨᠡᠯᠲᠡ ᠵᠢᠨ ᠬᠠᠤᠯᠢ ᠴᠠᠭ᠋ᠠᠵᠠ ᠵᠢᠨ ᠲᠦᠭᠰᠢᠭᠦᠷᠢ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠲᠠᠷᠢᠶᠠᠨ ᠭᠠᠵᠠᠷ ᠨᠤᠲᠤᠭ ᠪᠡᠯᠴᠢᠭᠡᠷ᠎ᠢ ᠡᠪᠳᠡᠭᠰᠡᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠠᠭᠤᠷᠮᠠᠭ ᠮᠠᠭᠤ ᠬᠡᠷᠡᠭᠰᠡᠯ᠎ᠢ ᠦᠢ᠍ᠯᠡᠳᠴᠦ ᠪᠣᠷᠣᠯᠠᠭᠤᠯᠤᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠵᠦ᠂ ᠭᠠᠳᠠᠭ᠋ᠠᠳᠤ᠎ᠳᠤ ᠬᠣᠯᠪᠣᠭᠳᠠᠭᠰᠠᠨ ᠠᠵᠤ ᠠᠬᠤᠢ ᠠᠷᠠᠯᠵᠢᠶ᠎ᠠ ᠬᠤᠳᠠᠯᠳᠤᠭ᠎ᠠ᠎ᠳᠤ ᠬᠣᠯᠪᠣᠭᠳᠠᠭᠰᠠᠨ ᠨᠢᠭᠡ ᠪᠦᠯᠦᠭ ᠬᠠᠮ ᠭᠡᠯᠪᠡᠷᠢ ᠵᠢᠨ ᠬᠠᠤᠯᠢᠵᠢᠯ᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢ ᠴᠢᠷᠮᠠᠢ᠌ᠨ ᠬᠠᠮᠠᠭ᠋ᠠᠯᠠᠬᠤ ᠬᠡᠷᠡᠭᠲᠡᠢ ᠭᠡᠪᠡ᠃
ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠪᠣᠯ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠨᠢᠭᠡᠨ ᠦᠨᠳᠦᠰᠦᠨ ᠲᠤᠷᠰᠢᠯᠭ᠎ᠠ ᠮᠥᠨ᠃ ᠵᠠᠩ ᠽᠢ ᠵᠢᠶᠦ᠋ᠨ᠂ ᠪᠢᠳᠠ ᠬᠠᠤᠯᠢᠵᠢᠯ᠎ᠤᠨ ᠵᠠᠮ ᠳᠡᠭᠡᠷ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠠᠢ᠌ᠭᠤᠯᠬᠤ᠎ᠳᠤ ᠦᠢ᠍ᠯᠡᠴᠢᠯᠡᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠭᠦ ᠠᠷᠠᠳ ᠵᠢᠡᠷ ᠵᠶ᠋ᠡᠨ ᠬᠠᠤᠯᠢ ᠵᠢ ᠰᠠᠬᠢᠬᠤ ᠪᠦᠭᠦ ᠶᠠᠪᠤᠴᠠ᠎ᠳᠤ ᠢᠯᠡᠷᠡᠭᠦᠯᠬᠦ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃ ᠦᠨᠳᠦᠰᠦᠲᠡᠨ᠎ᠤ ᠬᠦᠷᠢᠶᠡᠨ᠎ᠤ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠲᠡᠨ᠎ᠳᠤ ᠬᠣᠯᠪᠣᠭᠳᠠᠬᠤ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠣᠯᠣᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭ᠋ᠠᠬᠤ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠵᠢᠷᠤᠮᠵᠢᠬᠰᠠᠨ ᠦᠨᠳᠦᠰᠦᠯᠡᠯ᠂ ᠨᠡᠢ᠌ᠳᠬᠡᠬᠦ ᠠᠷᠭ᠎ᠠ ᠪᠠᠷᠢᠯ ᠪᠣᠯᠣᠨ ᠠᠯᠪᠠᠳᠠᠯᠭ᠎ᠠ ᠵᠢᠨ ᠪᠠᠲᠤᠯᠠᠭ᠎ᠠ ᠬᠠᠩᠭ᠋ᠠᠨ᠎ᠠ᠃ ᠨᠢᠭᠡ ᠯᠡ ᠠᠳᠠᠯᠢ᠎ᠪᠠᠷ ᠬᠠᠨᠳᠤᠬᠤ᠂ ᠨᠢᠭᠡ ᠯᠡ ᠠᠳᠠᠯᠢ᠎ᠪᠠᠷ ᠬᠠᠤᠯᠢ᠎ᠪᠠᠷ ᠵᠠᠰᠠᠬᠤ ᠵᠢ ᠪᠠᠷᠢᠮᠲᠠᠯᠠᠵᠤ᠂ ᠤᠳᠤᠷᠢᠳᠬᠤ ᠺᠠᠳ᠋ᠷᠴᠤᠳ᠎ᠤᠨ ᠬᠠᠤᠯᠢᠵᠢᠯ᠎ᠤᠨ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠤᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠨ᠎ᠠ᠃ ᠦᠨᠳᠦᠰᠦᠲᠡᠨ᠎ᠤ ᠠᠵᠢᠯ᠎ᠤᠨ ᠲᠠᠯ᠎ᠠ᠎ᠪᠠᠷ᠎ᠬᠢ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠂ 《ᠦᠨᠳᠦᠰᠦᠲᠡᠨ᠎ᠤ ᠬᠠᠤᠯᠢᠵᠢᠯ᠎ᠤᠨ ᠤᠬᠠᠭᠤᠯᠭ᠎ᠠ ᠵᠢᠨ
ᠭᠠᠷᠠᠭ》᠂ 《ᠪᠦᠭᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ》 ᠵᠡᠷᠭᠡ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠭᠡᠯᠡ ᠥᠰᠥᠭ ᠪᠢᠴᠢᠭ᠎ᠤᠨ ᠬᠠᠤᠯᠢ》 ᠵᠢ ᠶᠡᠬᠡ᠎ᠪᠠᠷ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠭ᠋ᠠᠷ ᠠᠵᠢᠯ ᠶᠠᠪᠤᠳᠠᠯ ᠭᠦᠢ᠍ᠴᠡᠳᠬᠡᠬᠦ᠂ ᠤᠴᠢᠷ ᠶᠠᠪᠤᠳᠠᠯ ᠳᠠᠭ᠋ᠠᠷᠠᠪᠠᠯ ᠬᠠᠤᠯᠢ ᠵᠢ ᠡᠷᠢᠬᠦ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠤᠯᠢ ᠵᠢ ᠬᠡᠷᠡᠭᠯᠡᠬᠦ᠂ ᠵᠥᠷᠢᠴᠡᠯ᠎ᠢ ᠨᠠᠮᠳᠠᠭᠤᠯᠬᠤ᠎ᠳᠤ ᠬᠠᠤᠯᠢ᠎ᠳᠤ ᠲᠦᠰᠢᠭᠯᠡᠬᠦ ᠪᠣᠯᠭ᠋ᠠᠨ᠎ᠠ᠃ ᠦᠨᠳᠦᠰᠦᠲᠡᠨ᠎ᠤ ᠬᠡᠷᠡᠭ ᠶᠠᠪᠤᠳᠠᠯ᠎ᠢ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠲᠤᠤᠷᠵᠢᠭᠤᠯᠤᠯᠲᠠ ᠵᠢᠨ ᠦᠢ᠍ᠯᠡᠴᠢᠯᠡᠭᠡ ᠬᠠᠮᠢᠶᠠᠷᠤᠯᠲᠠ᠎ᠳᠤ ᠣᠷᠣᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠪᠠᠢ᠌ᠷᠢᠰᠢᠯ᠎ᠢ ᠪᠤᠶ ᠪᠣᠯᠭ᠋ᠠᠨ᠎ᠠ ᠭᠡᠵᠦ ᠬᠡᠯᠡᠪᠡ᠃
《ᠡᠭᠦᠨ᠎ᠤ ᠬᠠᠮᠲᠤ᠂ ᠪᠢᠳᠡ ᠠᠮᠤᠷ ᠲᠣᠭᠲᠠᠭᠤᠨ᠎ᠢ ᠬᠠᠮᠠᠭ᠋ᠠᠯᠠᠬᠤ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠪᠦᠭᠦ ᠣᠷᠣᠨ᠎ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠶᠡᠬᠡ ᠲᠠᠯ᠎ᠠ ᠵᠢ ᠪᠠᠲᠤᠯᠠᠬᠤ ᠬᠡᠷᠡᠭᠲᠡᠢ᠃ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂ ᠠᠵᠤ ᠠᠬᠤᠢ᠂ ᠰᠣᠶᠣᠯ᠂ ᠨᠡᠢ᠌ᠭᠡᠮ᠂ ᠠᠮᠢ ᠠᠬᠤᠢ ᠵᠢᠨ ᠡᠯ᠎ᠡ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠣᠷᠣᠨ ᠪᠦᠰᠡ ᠵᠢᠨ ᠴᠢᠨᠠᠷᠲᠠᠢ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠪᠠ ᠭᠡᠨᠡᠳᠲᠡ ᠵᠢᠨ ᠬᠡᠷᠡᠭ᠎ᠢ ᠪᠠᠴᠢᠮ ᠠᠷᠭ᠋ᠠᠴᠠᠭ᠋ᠠᠬᠤ ᠲᠥᠰᠥᠯ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠤᠯᠠᠨ ᠨᠡᠢ᠌ᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠵᠠᠭᠪᠤᠷ᠎ᠤᠨ ᠤᠷᠢᠳᠴᠢᠯᠠᠨ ᠰᠡᠷᠭᠡᠢ᠌ᠯᠡᠬᠦ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠰᠢᠨ᠎ᠡ ᠴᠠᠭ ᠦᠶ᠎ᠡ ᠵᠢᠨ 〈ᠹᠧᠩ ᠴᠢᠶᠣᠤ ᠵᠢᠨ ᠲᠤᠷᠰᠢᠯᠭ᠎ᠠ〉 ᠵᠢ ᠪᠠᠷᠢᠮᠲᠠᠯᠠᠨ ᠬᠥᠭᠵᠢᠭᠦᠯᠵᠦ᠂ 〈ᠨᠢᠭᠡ ᠥᠷᠲᠡᠭᠡᠴᠢᠯᠡᠭᠰᠡᠨ ᠮᠠᠶᠢᠭ〉᠎ᠤᠨ ᠵᠥᠷᠢᠴᠡᠯ ᠵᠠᠭᠤᠷᠠᠯᠳᠤᠭ᠋ᠠᠨ᠎ᠢ ᠨᠠᠮᠳᠠᠭᠤᠯᠵᠤ ᠡᠶᠡᠳᠡᠭᠦᠯᠦᠨ ᠰᠢᠢ᠍ᠳᠪᠦᠷᠢᠯᠡᠬᠦ ᠲᠠᠪᠴᠠᠩ᠎ᠤᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠳᠦᠷᠢᠮ᠎ᠢ ᠶᠡᠬᠡ᠎ᠪᠠᠷ ᠬᠡᠷᠡᠭᠵᠢᠭᠦᠯᠵᠦ᠂ 〈ᠤᠳᠤᠷᠢᠳᠤᠯᠭ᠎ᠠ ᠰᠤᠷᠪᠤᠯᠵᠢᠯᠠᠯ᠎ᠢ ᠭᠥᠯᠢᠶᠡᠨ ᠠᠪᠬᠤ᠂ ᠺᠠᠳ᠋ᠷ ᠭᠡᠷ᠎ᠤᠨ ᠰᠤᠷᠪᠤᠯᠵᠢᠯᠠᠯ ᠬᠢᠬᠦ᠂ ᠨᠡᠢ᠌ᠭᠡᠮ ᠲᠣᠭᠣᠷᠢᠭ ᠣᠷᠣᠯᠠᠨ ᠭᠦᠢ᠍ᠴᠡᠳᠬᠡᠬᠦ᠂ ᠲᠥᠪ᠎ᠠᠴᠠ ᠡᠶᠡᠳᠡᠭᠦᠯᠦᠨ ᠨᠠᠮᠳᠠᠭᠤᠯᠬᠤ〉 ᠪᠦᠲᠦᠮᠵᠢᠲᠡᠶ ᠲᠣᠭᠲᠠᠴᠠ ᠵᠢ ᠪᠦᠷᠢᠯᠳᠦᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠨᠡᠢ᠌ᠭᠡᠮ᠎ᠤᠨ ᠠᠮᠤᠷ ᠲᠦᠪᠰᠢᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠢ᠌ᠩᠭᠤᠵᠢᠭᠤᠯᠤᠨ ᠠᠬᠢᠭᠤᠯᠵᠤ᠂ ᠱᠠᠯᠢᠭ ᠵᠠᠪᠬᠠᠢ ᠵᠦᠢ᠍ᠯ᠂ ᠵᠣᠭᠣᠰ ᠨᠠᠭ᠋ᠠᠳᠬᠤ᠂ ᠬᠣᠣᠷᠲᠤ ᠡᠳ᠋ ᠫᠠᠨᠽᠠᠯᠠᠵᠤ ᠲᠠᠲᠠᠬᠤ᠂ ᠢᠳᠡᠭᠡᠨ ᠤᠮᠳᠠᠭ᠋ᠠᠨ᠂ ᠡᠮ᠎ᠤᠨ ᠵᠦᠢ᠍ᠯᠡᠰ᠂ ᠣᠷᠴᠢᠨ ᠲᠣᠭᠣᠷᠢᠨ᠂ ᠬᠤᠯᠠᠭ᠋ᠠᠢ᠌ᠯᠠᠬᠤ᠂ ᠪᠤᠯᠢᠶᠠᠬᠤ᠂ ᠮᠡᠬᠡᠯᠡᠬᠦ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠢᠨ ᠬᠡᠷᠡᠭ᠎ᠢ ᠰᠡᠷᠭᠡᠢ᠌ᠯᠡᠨ ᠡᠵᠡᠮᠳᠡᠬᠦ ᠪᠠ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠪᠣᠭᠣᠮᠲᠠ ᠰᠢᠪᠲᠤᠯᠬᠤ ᠠᠵᠢᠯ᠎ᠢ ᠭᠦᠨᠵᠡᠭᠡᠢ᠌ᠷᠡᠭᠦᠯᠵᠦ᠂ ᠴᠠᠭᠢᠯᠭ᠋ᠠᠨ ᠬᠣᠯᠪᠤᠭ᠎ᠠ ᠰᠦᠯᠵᠢᠶᠡᠨ᠎ᠤ ᠮᠡᠬᠡᠯᠡᠯ᠎ᠳᠤ ᠴᠣᠬᠢᠯᠲᠠ ᠥᠭᠴᠦ ᠵᠠᠰᠠᠬᠤ ᠠᠵᠢᠯ᠎ᠢ ᠴᠢᠩᠭ᠋ᠠᠳᠬᠠᠨ᠎ᠠ》 ᠭᠡᠵᠦ ᠵᠠᠩ ᠽᠢ ᠵᠢᠶᠦ᠋ᠨ ᠬᠡᠯᠡᠪᠡ᠃
ᠥᠪᠥᠷ ᠮᠣᠩᠭᠣᠯ᠎ᠳᠤ ᠪᠠᠢ᠌ᠯᠳᠤᠬᠤ ᠪᠣᠳᠣᠯᠭ᠎ᠠ ᠵᠢᠨ ᠠᠮᠤᠷ ᠲᠦᠪᠰᠢᠨ᠎ᠤ ᠬᠣᠰᠢᠭᠤᠷᠠᠯ ᠪᠠ ᠨᠡᠭᠡᠭᠡᠯᠲᠡᠲᠤ ᠬᠥᠭᠵᠢᠯᠲᠡ ᠵᠢᠨ ᠳᠣᠲᠣᠷ ᠭᠠᠵᠠᠷ᠎ᠤᠨ 《ᠳᠠᠪᠬᠤᠷ ᠰᠢᠨᠵᠢ ᠴᠢᠨᠠᠷ》᠎ᠲᠠᠢ ᠶᠤᠮ᠃ ᠡᠭᠦᠨ᠎ᠳᠤ᠂ ᠵᠠᠩ ᠽᠢ ᠵᠢᠶᠦ᠋ᠨ᠂ ᠪᠢᠳᠠ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠵᠢ ᠬᠦᠴᠦᠷᠬᠡᠭᠵᠢᠭᠦᠯᠵᠦ ᠰᠡᠷᠭᠡᠢ᠌ᠯᠡᠯᠲᠡ ᠵᠢ ᠪᠡᠬᠢᠵᠢᠭᠦᠯᠬᠦ ᠵᠢ ᠪᠠᠷᠢᠮᠲᠠᠯᠠᠵᠤ᠂ ᠬᠢᠯᠢ ᠬᠢᠵᠠᠭ᠋ᠠᠷ᠎ᠤᠨ ᠠᠮᠤᠷ ᠲᠦᠪᠰᠢᠨ ᠲᠣᠭᠲᠠᠭᠤᠨ ᠥᠨᠳᠥᠷᠯᠢᠭ ᠪᠠ ᠬᠢᠯᠢ ᠳᠠᠭ᠋ᠠᠤ ᠨᠡᠭᠡᠭᠡᠯᠲᠡ ᠬᠢᠬᠦ ᠴᠢᠬᠤᠯᠠ ᠲᠤᠯᠭ᠋ᠠᠭᠤᠷᠢᠯᠠᠯ᠎ᠢ ᠴᠣᠭᠴᠠᠯᠠᠬᠤ ᠬᠡᠷᠡᠭᠲᠡᠢ᠃ ᠬᠢᠯᠢ ᠬᠢᠵᠠᠭ᠋ᠠᠷ ᠵᠶ᠋ᠠᠨ ᠬᠦᠴᠦᠷᠬᠡᠭᠵᠢᠭᠦᠯᠬᠦ᠂ ᠬᠢᠯᠢ ᠬᠢᠵᠠᠭ᠋ᠠᠷ ᠵᠶ᠋ᠠᠨ ᠠᠮᠤᠷᠵᠢᠭᠤᠯᠬᠤ᠂ ᠬᠢᠯᠢ ᠬᠢᠵᠠᠭ᠋ᠠᠷ ᠵᠶ᠋ᠠᠨ ᠪᠡᠬᠢᠵᠢᠭᠦᠯᠬᠦ᠂ ᠬᠢᠯᠢ ᠬᠢᠵᠠᠭ᠋ᠠᠷ ᠵᠶ᠋ᠠᠨ ᠪᠠᠶᠠᠵᠢᠭᠤᠯᠬᠤ᠂ ᠬᠢᠯᠢ ᠬᠢᠵᠠᠭ᠋ᠠᠷ ᠵᠶ᠋ᠠᠨ ᠡᠶ᠎ᠡ ᠨᠠᠢ᠌ᠷᠠᠮᠳᠠᠭᠤ ᠪᠠᠢ᠌ᠯᠭ᠋ᠠᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠢᠯᠢ ᠬᠢᠵᠠᠭ᠋ᠠᠷ ᠵᠶ᠋ᠠᠨ ᠪᠡᠬᠢᠵᠢᠭᠦᠯᠦᠨ ᠬᠢᠯᠢ ᠬᠢᠵᠠᠭ᠋ᠠᠷ ᠵᠶ᠋ᠠᠨ ᠮᠠᠨᠳᠤᠭᠤᠯᠵᠤ ᠠᠷᠠᠳ ᠵᠶ᠋ᠠᠨ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠂ ᠬᠢᠯᠢ ᠵᠢᠨ ᠴᠡᠴᠡᠭᠯᠡᠨ ᠬᠥᠭᠵᠢᠬᠦ᠂ ᠬᠢᠯᠢ ᠵᠢᠨ ᠠᠷᠠᠳ᠎ᠤᠨ ᠪᠦᠯᠬᠦᠮᠳᠡᠨ ᠵᠣᠯ ᠵᠢᠷᠭ᠋ᠠᠯ᠎ᠲᠠᠢ ᠪᠠᠢ᠌ᠬᠤ᠂ ᠬᠢᠯᠢ ᠵᠢᠨ ᠬᠠᠮᠠᠭ᠋ᠠᠯᠠᠯᠲᠠ ᠵᠢᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠠᠬᠢᠭᠤᠯᠤᠨ᠎ᠠ᠃ ᠠᠮᠤᠷ ᠠᠮᠤᠭᠤᠯᠠᠩ ᠬᠢᠯᠢ ᠬᠢᠵᠠᠭ᠋ᠠᠷ᠎ᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠲᠠᠯ᠎ᠠ ᠨᠤᠲᠤᠭ᠎ᠤᠨ 110᠂ ᠬᠢᠯᠢ ᠵᠢᠨ ᠬᠠᠮᠠᠭ᠋ᠠᠯᠠᠯᠲᠠ ᠵᠢᠨ ᠴᠠᠭᠳᠠᠭ᠋ᠠᠨ᠎ᠤ ᠶᠠᠪᠤᠳᠠᠯ᠎ᠤᠨ ᠲᠠᠰᠤᠭ᠂
《ᠬᠤᠪᠢᠰᠬᠠᠯᠲᠤ ᠪᠡᠬᠢᠯᠡᠯᠲᠡ ᠡᠷᠦᠭᠡ》᠂ 《ᠠᠷᠪᠠᠨ ᠡᠷᠦᠭᠡ ᠬᠣᠯᠪᠤᠭ᠋ᠠᠯᠠᠨ ᠰᠡᠷᠭᠡᠢ᠌ᠯᠡᠬᠦ》 ᠵᠡᠷᠭᠡ ᠪᠦᠲᠦᠮᠵᠢᠲᠡᠶ ᠠᠷᠭ᠎ᠠ ᠬᠢᠳᠡᠯ᠎ᠢ ᠬᠡᠷᠡᠭᠵᠢᠭᠦᠯᠵᠦ᠂ 《ᠲᠣᠭ᠋ᠠᠴᠢᠯᠠᠭᠰᠠᠨ ᠬᠢᠯᠢ ᠵᠢᠨ ᠬᠠᠮᠠᠭ᠋ᠠᠯᠠᠯᠲᠠ》᠂ 《ᠣᠶᠤᠨᠴᠢ ᠬᠢᠯᠢ ᠵᠢᠨ ᠬᠠᠮᠠᠭ᠋ᠠᠯᠠᠯᠲᠠ》 ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠷᠠᠳ᠎ᠤᠨ ᠰᠡᠷᠭᠡᠢ᠌ᠯᠡᠯᠲᠡ᠂ ᠪᠣᠳᠠᠰ᠎ᠤᠨ ᠰᠡᠷᠭᠡᠢ᠌ᠯᠡᠯᠲᠡ᠂ ᠮᠡᠷᠭᠡᠵᠢᠯ᠎ᠤᠨ ᠰᠡᠷᠭᠡᠢ᠌ᠯᠡᠯᠲᠡ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠬᠢᠯᠢ ᠵᠢᠨ ᠬᠠᠮᠢᠶᠠᠷᠤᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠢᠯᠢ ᠳᠠᠭ᠋ᠠᠤ ᠣᠷᠣᠨ᠎ᠤ 《ᠤᠰᠤ ᠴᠠᠭᠢᠯᠭ᠋ᠠᠨ ᠵᠠᠮ ᠴᠢᠮᠡᠭᠡ ᠬᠣᠯᠪᠤᠭ᠎ᠠ》 ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠲᠤᠢ᠌ᠯ᠎ᠤᠨ ᠣᠨᠣᠪᠴᠢᠲᠠᠶ ᠵᠦᠷᠢᠶᠡᠴᠢᠯᠡᠭᠰᠡᠨ ᠲᠥᠷᠥ ᠵᠢᠨ ᠪᠣᠳᠣᠯᠭ᠎ᠠ ᠲᠣᠭᠲᠠᠭ᠋ᠠᠬᠤ ᠵᠢ ᠢᠳᠡᠪᠬᠢᠲᠡᠢ ᠠᠬᠢᠭᠤᠯᠤᠨ᠂ 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠢ ᠬᠢᠯᠢ ᠬᠢᠵᠠᠭ᠋ᠠᠷ ᠣᠷᠣᠨ᠎ᠳᠤ ᠣᠷᠣᠭᠤᠯᠬᠤ》 ᠠᠵᠢᠯᠯᠠᠭ᠎ᠠ ᠵᠢ ᠥᠷᠨᠢᠭᠦᠯᠵᠦ᠂ ᠬᠢᠯᠢ ᠳᠠᠭ᠋ᠠᠤ ᠣᠷᠣᠨ᠎ᠤ ᠦᠨᠳᠦᠰᠦᠨ ᠣᠯᠠᠨ ᠨᠡᠢ᠌ᠲᠡ ᠵᠢᠨ ᠦᠢ᠍ᠯᠡᠴᠢᠯᠡᠭᠡ ᠪᠠ ᠴᠢᠬᠤᠯᠠ ᠶᠡᠬᠡ ᠰᠠᠭᠤᠷᠢ ᠲᠥᠬᠦᠭᠡᠷᠦᠮᠵᠢ ᠵᠢᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠪᠣᠭᠣᠮᠲᠠ ᠵᠢᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠨᠢᠭᠲᠠ ᠴᠢᠩᠭ᠎ᠠ ᠰᠢᠰᠲ᠋ᠧᠮ᠎ᠢ ᠪᠠᠢ᠌ᠭᠤᠯᠤᠨ᠂ ᠭᠣᠣᠯᠳᠠᠯᠭ᠎ᠠ᠎ᠲᠠᠢ ᠡᠳ᠋ ᠪᠣᠳᠠᠰ ᠲᠡᠷᠭᠡ ᠬᠥᠰᠬᠡ ᠵᠢᠨ ᠬᠢᠯᠢ ᠵᠢᠨ ᠪᠠᠢ᠌ᠴᠠᠭ᠋ᠠᠯᠲᠠ ᠵᠢᠨ 《ᠰᠠᠭ᠋ᠠᠳ ᠦᠭᠡᠢ ᠨᠡᠪᠲᠡᠷᠡᠬᠦ ᠵᠠᠮ》 《ᠲᠦᠷᠭᠡᠨ ᠨᠡᠪᠲᠡᠷᠡᠬᠦ ᠵᠠᠮ》᠎ᠢ ᠪᠠᠢ᠌ᠭᠤᠯᠵᠤ᠂ 《ᠥᠯᠥ ᠬᠦᠯᠢᠶᠡᠯᠭᠡᠨ》 ᠠᠵᠢᠯᠯᠠᠬᠤ᠂ 《ᠥᠯᠥ ᠬᠣᠢ᠌ᠰᠢᠯᠠᠭᠤᠯᠤᠨ》 ᠰᠢᠯᠭ᠋ᠠᠨ ᠥᠩᠭᠡᠷᠡᠭᠦᠯᠬᠦ ᠵᠢ ᠬᠡᠷᠡᠭᠵᠢᠭᠦᠯᠦᠨ᠂ ᠪᠣᠭᠣᠮᠲᠠ ᠵᠢᠨ ᠶᠡᠬᠡ᠎ᠪᠠᠷ ᠭᠠᠷᠭ᠋ᠠᠵᠤ ᠶᠡᠬᠡ᠎ᠪᠠᠷ ᠣᠷᠣᠭᠤᠯᠬᠤ᠂ ᠲᠦᠷᠭᠡᠨ ᠭᠠᠷᠭ᠋ᠠᠵᠤ ᠲᠦᠷᠭᠡᠨ ᠣᠷᠣᠭᠤᠯᠬᠤ᠂ ᠲᠣᠭᠲᠠᠭᠤᠨ ᠵᠶ᠋ᠠᠷ ᠭᠠᠷᠭ᠋ᠠᠵᠤ ᠲᠣᠭᠲᠠᠭᠤᠨ ᠵᠶ᠋ᠠᠷ ᠣᠷᠣᠭᠤᠯᠬᠤ ᠵᠢ ᠠᠬᠢᠭᠤᠯᠵᠤ᠂ ᠨᠠᠩ ᠥᠨᠳᠥᠷ ᠲᠦᠪᠰᠢᠨ ᠵᠶ᠋ᠡᠷ ᠤᠮᠠᠷᠠᠰᠢ ᠨᠡᠭᠡᠭᠡᠯᠲᠡ ᠬᠢᠬᠦ ᠵᠢ ᠪᠠᠲᠤᠯᠠᠨ᠎ᠠ ᠭᠡᠵᠦ ᠬᠡᠯᠡᠪᠡ᠃