ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠲᠠᠪᠤᠨ ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠵᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠤᠨ᠎ᠡ
ᠨᠡᠶ᠋ᠢᠲᠡᠯᠡᠭᠰᠡᠨ ᠴᠠᠭ᠄ 2023-11-13

 

       ᠲᠥᠷᠥ ᠵᠢᠨ ᠶᠠᠪᠤᠳᠠᠯ᠎ᠤᠨ ᠬᠣᠷᠢᠶ᠎ᠠ ᠣᠢ᠌ᠷ᠎ᠠ᠎ᠳᠤ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ 》 (  ᠳᠣᠷᠣᠭᠰᠢ 《  ᠰᠠᠨᠠᠯ》  ᠭᠡᠵᠦ ᠳᠥᠭᠥᠮᠴᠢᠯᠡᠨ᠎ᠡ )᠎ᠢ  ᠳᠠᠷᠤᠮᠠᠯᠯᠠᠨ ᠲᠠᠷᠬᠠᠭ᠋ᠠᠪᠠ ᠃ 《  ᠰᠠᠨᠠᠯ》 ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠣᠯᠭᠣᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠳᠡᠵᠦ ᠂  ᠰᠢᠨ᠎ᠡ ᠵᠠᠮ ᠨᠡᠭᠡᠭᠡᠬᠦ ᠂  ᠳᠤᠮᠳᠠ ᠲᠦᠪᠰᠢᠨ᠎ᠳᠤ  ᠣᠷᠣᠬᠤ ᠴᠠᠭ᠎ᠤᠨ ᠬᠦᠰᠦᠨᠦᠭᠲᠦ ᠪᠠ ᠵᠠᠮ ᠱᠤᠭᠤᠮ᠎ᠤᠨ ᠵᠢᠷᠤᠭ᠎ᠢ ᠲᠣᠳᠣᠷᠬᠠᠢ᠌ᠯᠠᠵᠤ ᠂  ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠵᠢᠯᠤᠭᠣᠳᠬᠤ ᠬᠥᠲᠥᠯᠪᠦᠷᠢ ᠵᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠠᠢ ᠃  ᠰᠤᠷᠪᠤᠯᠵᠢᠯᠠᠬ᠍ᠴᠢ 《ᠰᠠᠨᠠᠯ 》᠎ᠢ  ᠬᠡᠷᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠂  ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ᠎ᠢ ᠰᠤᠷᠪᠤᠯᠵᠢᠯᠠᠪᠠ ᠃

       ᠵᠠᠢ ᠶᠢᠩ ᠵᠢᠶᠦ᠋ᠨ ᠂  ᠨᠢᠭᠡ ᠬᠤᠪᠢ ᠵᠢᠨ ᠪᠠᠢ᠌ᠷᠢᠯᠠᠭᠤᠯᠤᠯᠲᠠ ᠂  ᠶᠢᠰᠦᠨ ᠬᠤᠪᠢ ᠵᠢᠨ ᠨᠠᠢ᠌ᠳᠠᠪᠤᠷᠢᠵᠢᠭᠤᠯᠤᠯᠲᠠ ᠃ 《ᠰᠠᠨᠠᠯ 》᠎ᠳᠤ  ᠰᠢᠨ᠎ᠡ ᠵᠢ ᠡᠭᠦᠳᠬᠦ ᠬᠥᠭᠵᠢᠯᠲᠡ ᠵᠢᠨ ᠴᠢᠳᠠᠪᠤᠷᠢ ᠵᠢ ᠴᠢᠩᠭ᠋ᠠᠳᠬᠠᠬᠤ ᠂  ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠂  ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠭᠦ ᠵᠡᠷᠭᠡ ᠲᠠᠯ᠎ᠠ ᠵᠢᠨ ᠲᠣᠭᠣᠷᠢᠨ᠎ᠳᠤ  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠡᠭᠦᠷᠭᠡᠯᠡᠵᠦ ᠪᠠᠢ᠌ᠭ᠎ᠠ ᠠᠵᠢᠯ᠎ᠤᠨ ᠡᠭᠦᠷᠭᠡ ᠵᠢ ᠲᠣᠳᠣᠷᠬᠠᠢ ᠲᠣᠭᠲᠠᠭ᠋ᠠᠪᠠ ᠃ 《ᠰᠠᠨᠠᠯ 》᠎ᠢ  ᠨᠡᠢ᠌ᠲᠡᠯᠡᠭᠰᠡᠨ᠎ᠤ ᠳᠠᠷᠠᠭ᠎ᠠ ᠂  ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠲᠡᠷᠡ ᠳᠠᠷᠤᠢ᠎ᠳᠤᠨᠢ ᠬᠤᠷᠠᠯ ᠬᠤᠷᠠᠯᠳᠤᠭᠤᠯᠤᠨ ᠤᠯᠠᠮᠵᠢᠯᠠᠨ ᠰᠤᠷᠤᠯᠴᠠᠵᠤ ᠂  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠂  ᠲᠡᠷᠡ ᠳᠠᠷᠤᠢ᠎ᠳᠤᠨᠢ 《ᠶᠠᠮᠤᠨ᠎ᠲᠠᠢ ᠬᠠᠷᠢᠯᠴᠠᠵᠤ ᠪᠡᠭᠡᠵᠢᠩ ᠣᠷᠣᠬᠤ 》  ᠠᠵᠢᠯ᠎ᠢ ᠵᠣᠯᠭ᠋ᠠᠭᠤᠯᠵᠤ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠦᠴᠦᠲᠡᠢ ᠳᠡᠮᠵᠢᠯᠭᠡ ᠵᠢ ᠴᠢᠷᠮᠠᠢ᠌ᠨ ᠣᠯᠵᠤ ᠂ 

《ᠰᠠᠨᠠᠯ 》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠳᠤᠮᠳᠠ ᠡᠮᠦᠨ᠎ᠡ᠎ᠨᠢ ᠶᠠᠪᠤᠵᠤ ᠂  ᠦᠷ᠎ᠡ ᠪᠦᠲᠦᠮᠵᠢ ᠣᠯᠬᠤ᠎ᠪᠠᠷ ᠴᠢᠷᠮᠠᠢ᠌ᠵᠠᠢ ᠭᠡᠵᠦ ᠢᠯᠡᠳᠬᠡᠪᠡ ᠃

       ᠵᠠᠢ ᠶᠢᠩ ᠵᠢᠶᠦ᠋ᠨ ᠂  ᠪᠢᠳᠡ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠠᠵᠢᠯ᠎ᠢ ᠴᠢᠩᠭ᠋ᠠᠳᠬᠠᠬᠤ ᠡᠨᠡ ᠬᠦ᠌ ᠬᠥᠮᠥᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠭᠣᠣᠯ ᠰᠡᠳᠦᠪ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ ᠂  ᠲᠦᠷᠦ ᠵᠢᠨ ᠪᠣᠳᠣᠯᠭ᠎ᠠ ᠵᠢ ᠭᠦᠢ᠍ᠴᠡᠳ ᠰᠠᠢ᠌ᠲᠤᠷ ᠬᠡᠷᠡᠭᠯᠡᠵᠦ ᠂  ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠂  ᠠᠷᠠᠳ᠎ᠤᠨ ᠠᠮᠢᠳᠤᠷᠠᠯ᠎ᠢ ᠪᠠᠲᠤᠯᠠᠬᠤ ᠂  ᠬᠥᠭᠵᠢᠯᠲᠡ ᠵᠢ ᠠᠬᠢᠭᠤᠯᠬᠤ᠎ᠪᠠᠷ ᠬᠦᠴᠦᠯᠡᠵᠦ ᠂  ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠦᠨᠡᠨ ᠬᠦ᠌ ᠨᠥᠬᠥᠪᠦᠷᠢᠯᠡᠵᠦ ᠂  ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ ᠂  ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠮᠲᠤ᠎ᠪᠠᠷ ᠪᠠᠶᠠᠵᠢᠬᠤ ᠵᠢ  ᠠᠬᠢᠭᠤᠯᠬᠤ᠎ᠨᠢ ᠠᠵᠢᠯᠯᠠᠭ᠎ᠠ ᠳᠡᠭᠡᠷ᠎ᠡ᠎ᠪᠠᠨ ᠪᠠᠢ᠌ᠵᠤ ᠂  ᠳᠡᠷᠭᠡᠳᠡ᠎ᠨᠢ ᠪᠠᠢ᠌ᠬᠤ ᠵᠢ ᠦᠨᠡᠨ ᠬᠦ᠌ ᠮᠡᠳᠡᠷᠡᠭᠦᠯᠵᠦ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠥᠮᠥᠨ᠎ᠤ ᠬᠦᠴᠦᠨ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠠᠨ ᠡᠷᠭᠦᠨ᠎ᠡ ᠃  ᠪᠢᠳᠡ ᠲᠠᠪᠤᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠎ᠠ ᠭᠡᠵᠦ ᠬᠡᠯᠡᠪᠡ ᠃

       ᠨᠡᠩ ᠭᠦᠢ᠍ᠴᠡᠳ ᠨᠡᠩ ᠴᠢᠨᠠᠷ ᠰᠠᠢ᠌ᠲᠠᠢ ᠠᠵᠢᠯ ᠣᠯᠭᠣᠯᠲᠠ ᠵᠢ ᠪᠡᠶᠡᠯᠡᠭᠦᠯᠬᠦ ᠵᠢ ᠠᠬᠢᠭᠤᠯᠤᠨ᠎ᠠ ᠃  ᠠᠵᠢᠯ ᠣᠯᠭᠣᠯᠲᠠ ᠵᠢ ᠲᠡᠷᠢᠭᠦᠨ᠎ᠳᠤ  ᠲᠠᠯᠪᠢᠬᠤ ᠲᠦᠷᠦ ᠵᠢᠨ ᠪᠣᠳᠣᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂  ᠠᠵᠢᠯ ᠣᠯᠭᠣᠯᠲᠠ ᠵᠢᠨ ᠲᠦᠷᠦ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠵᠣᠬᠢᠴᠠᠭᠤᠯᠤᠨ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ ᠂  ᠳᠠᠷᠤᠭ᠋ᠠᠰᠤ ᠵᠢ ᠬᠥᠩᠭᠡᠷᠡᠭᠦᠯᠵᠦ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠣᠨᠣᠴᠠᠲᠠᠢ ᠪᠦᠲᠦᠮᠵᠢᠲᠡᠶ ᠬᠡᠷᠡᠭᠵᠢᠭᠦᠯᠵᠦ ᠂  ᠠᠷᠭ᠎ᠠ ᠪᠦᠭᠦᠨ᠎ᠢ ᠰᠦᠪᠡᠭᠴᠢᠯᠡᠨ ᠠᠵᠤ ᠠᠬᠤᠢ ᠵᠢ ᠲᠣᠭᠲᠠᠭᠤᠨ ᠪᠠᠢ᠌ᠯᠭ᠋ᠠᠵᠤ ᠂  ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠲᠣᠭᠲᠠᠪᠤᠷᠢᠵᠢᠭᠤᠯᠬᠤ᠎ᠪᠠᠷ ᠳᠠᠮᠵᠢᠭᠤᠯᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠂  ᠠᠵᠢᠯ ᠣᠯᠭᠣᠯᠲᠠ ᠵᠢ  ᠥᠷᠭᠡᠳᠬᠡᠨ᠎ᠡ ᠃  ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠵᠢ ᠲᠣᠪᠣᠢ᠌ᠮ᠎ᠠ ᠰᠠᠢ᠌ᠲᠤᠷ ᠠᠳᠬᠤᠵᠤ ᠂  ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠂  ᠴᠡᠷᠢᠭ᠎ᠠᠴᠠ ᠬᠠᠯᠠᠭᠳᠠᠭᠰᠠᠳ ᠂  ᠬᠥᠯᠥᠰᠦᠨ ᠮᠠᠯᠴᠢᠨ ᠲᠠᠷᠢᠶᠠᠴᠢᠨ ᠂  ᠠᠵᠢᠯ ᠠᠯᠳᠠᠭᠰᠠᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠳᠡᠮᠵᠢᠯᠭᠡ ᠦᠵᠡᠭᠦᠯᠭᠦ ᠵᠢ ᠴᠢᠩᠭ᠋ᠠᠳᠬᠠᠨ ᠂  ᠠᠵᠢᠯ ᠠᠯᠳᠠᠭᠰᠠᠳ ᠂  ᠠᠵᠢᠯ ᠣᠯᠬᠤ᠎ᠳᠤ ᠬᠦᠴᠢᠷᠲᠡᠢ ᠬᠥᠮᠥᠰ ᠂  ᠠᠵᠢᠯ᠎ᠲᠠᠢ ᠬᠥᠮᠥᠨ ᠦᠭᠡᠢ ᠭᠡᠷ ᠪᠦᠯᠢ ᠵᠢᠨ ᠪᠦᠷᠢᠯᠳᠦᠭᠦᠨ ᠂  ᠵᠡᠮᠳᠡᠭᠴᠦᠳ ᠵᠡᠷᠭᠡ ᠬᠦᠴᠢᠷᠳᠡᠯᠲᠡᠢ ᠬᠥᠮᠥᠰ᠎ᠤᠨ ᠦᠨᠳᠦᠰᠦᠨ ᠵᠦᠢ᠍ᠯ᠎ᠢ ᠪᠠᠲᠤᠯᠠᠨ ᠬᠠᠪᠰᠤᠷᠤᠨ ᠲᠡᠳᠬᠦᠬᠦ ᠠᠵᠢᠯ᠎ᠢ ᠨᠠᠷᠢᠯᠢᠭ ᠣᠨᠣᠴᠠᠲᠠᠢ᠎ᠪᠠᠷ ᠰᠠᠢ᠌ᠲᠤᠷ ᠬᠢᠨ᠎ᠡ ᠃ 《ᠤᠷ᠎ᠠ ᠴᠢᠳᠠᠪᠤᠷᠢ ᠵᠢᠨ ᠥᠪᠥᠷ ᠮᠣᠩᠭᠣᠯ᠎ᠤᠨ ᠠᠵᠢᠯᠯᠠᠭ᠎ᠠ 》 ᠵᠢ  ᠯᠠᠪᠳᠠᠭᠤᠨ ᠪᠠᠲᠤᠲᠠᠢ ᠠᠬᠢᠭᠤᠯᠵᠤ ᠂  ᠭᠣᠣᠯᠳᠠᠯᠭ᠎ᠠ᠎ᠲᠠᠢ ᠬᠥᠮᠥᠰ ᠂  ᠭᠣᠣᠯᠳᠠᠯᠭ᠎ᠠ᠎ᠲᠠᠢ ᠠᠵᠢᠯ ᠲᠥᠷᠥᠯ᠎ᠤᠨ ᠪᠣᠯᠪᠠᠰᠤᠷᠠᠯ᠎ᠢ ᠴᠢᠨᠠᠷ ᠰᠠᠢ᠌ᠲᠠᠢ ᠥᠷᠨᠢᠭᠦᠯᠵᠦ ᠂  ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠤᠨ᠎ᠠ ᠃ 《ᠦᠢ᠍ᠯᠡᠰ ᠪᠣᠰᠬᠠᠬᠤ ᠥᠪᠥᠷ ᠮᠣᠩᠭᠣᠯ᠎ᠤᠨ ᠠᠵᠢᠯᠯᠠᠭ᠎ᠠ 》 ᠵᠢ ᠭᠦᠨᠵᠡᠭᠡᠢ ᠬᠡᠷᠡᠭᠵᠢᠭᠦᠯᠵᠦ ᠂  ᠦᠢ᠍ᠯᠡᠰ ᠪᠣᠰᠬᠠᠬᠤ ᠪᠣᠯᠪᠠᠰᠤᠷᠠᠯ᠎ᠢ ᠴᠢᠩᠭ᠋ᠠᠳᠬᠠᠨ ᠂  ᠦᠢ᠍ᠯᠡᠰ ᠪᠣᠰᠬᠠᠬᠤ ᠨᠡᠪᠴᠢᠭᠦᠯᠬᠦ ᠰᠠᠭᠤᠷᠢᠨ ᠵᠡᠷᠭᠡ ᠠᠴᠢᠶᠠᠯᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠦᠢ᠍ᠯᠡᠰ ᠪᠣᠰᠬᠠᠬᠤ ᠪᠠᠲᠤᠯᠠᠭ᠋ᠠᠲᠤ ᠵᠢᠭᠡᠯᠡᠯᠭᠡ ᠲᠠᠯᠪᠢᠬᠤ ᠡᠷᠴᠢᠮ᠎ᠢ ᠴᠢᠩᠭ᠋ᠠᠷᠠᠭᠤᠯᠤᠨ ᠂  ᠡᠯ᠎ᠡ ᠲᠥᠷᠥᠯ᠎ᠤᠨ ᠬᠥᠮᠥᠰ᠎ᠤᠨ ᠦᠢ᠍ᠯᠡᠰ ᠪᠣᠰᠬᠠᠬᠤ ᠵᠢ ᠳᠡᠮᠵᠢᠨ᠎ᠡ ᠃  ᠤᠯᠠᠨ ᠨᠡᠢ᠌ᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ ᠂  ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ ᠂  ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ ᠂  ᠤᠯᠠᠨ ᠨᠡᠢ᠌ᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠭᠦ ᠵᠢᠱ᠌ᠢᠶ᠎ᠡ ᠦᠵᠡᠭᠦᠯᠭᠦ ᠲᠦᠷᠦᠯ ᠵᠦᠢ᠍ᠯ᠎ᠢ  ᠥᠨᠳᠥᠷ ᠪᠠᠷᠢᠮᠵᠢᠶ᠎ᠠ᠎ᠪᠠᠷ ᠬᠡᠷᠡᠭᠵᠢᠭᠦᠯᠵᠦ ᠂  ᠨᠢᠭᠡ ᠴᠣᠭᠴᠠᠵᠢᠭᠤᠯᠤᠭᠰᠠᠨ ᠠᠵᠢᠯ ᠣᠯᠭᠣᠯᠲᠠ ᠵᠢᠨ ᠮᠡᠳᠡᠭᠡ ᠵᠠᠩᠭᠢ ᠵᠢᠨ 《ᠨᠢᠭᠡ ᠬᠥᠮᠥᠷᠭᠡ ᠨᠢᠭᠡ ᠲᠠᠪᠴᠠᠩ 》᠎ᠢ  ᠲᠦᠷᠭᠡᠳᠬᠡᠨ ᠪᠠᠢ᠌ᠭᠤᠯᠵᠤ ᠂  ᠨᠡᠩ ᠤᠯᠠᠨ ᠤᠯᠠᠨ ᠲᠦᠮᠡᠨ᠎ᠤ 《ᠭᠡᠷ᠎ᠤᠨ ᠡᠭᠦᠳᠡᠨ 》 ᠎ᠳᠡᠭᠡᠨ ᠠᠵᠢᠯ ᠣᠯᠬᠤ᠎ᠳᠤ  ᠦᠢ᠍ᠯᠡᠴᠢᠯᠡᠬᠦ ᠦᠷᠳᠡᠭᠡ ᠵᠢ ᠪᠠᠢ᠌ᠭᠤᠯᠵᠤ ᠂  ᠬᠠᠩᠭ᠋ᠠᠯᠭ᠎ᠠ ᠬᠡᠷᠡᠭᠴᠡᠭᠡ ᠵᠢ ᠣᠨᠢᠨ ᠳᠡᠭᠡᠷ᠎ᠡ᠎ᠨᠢ ᠵᠣᠯᠭ᠋ᠠᠭᠤᠯᠬᠤ ᠵᠢ ᠠᠬᠢᠭᠤᠯᠤᠨ᠎ᠠ ᠃

       ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ ᠃  ᠪᠦᠭᠦ ᠠᠷᠠᠳ᠎ᠢ ᠬᠠᠮᠤᠷᠤᠭᠰᠠᠨ ᠂  ᠬᠤᠳᠠ ᠬᠥᠳᠡᠭᠡ ᠵᠢ ᠨᠢᠭᠡᠳᠦᠯᠲᠡᠢ ᠲᠥᠯᠥᠪᠵᠢᠭᠦᠯᠦᠭᠰᠡᠨ ᠂  ᠲᠥᠪ ᠭᠣᠣᠯᠴᠢ ᠨᠢᠭᠡᠳᠦᠯᠲᠡᠢ ᠂  ᠠᠮᠤᠷ ᠲᠦᠪᠰᠢᠨ ᠪᠥᠭᠡᠳ ᠵᠢᠷᠤᠮᠵᠢᠭᠤᠨ ᠂  ᠦᠷᠭᠦᠯᠵᠢᠯᠡᠬᠦ ᠤᠯᠠᠨ ᠲᠡᠰ ᠳᠠᠪᠬᠤᠷᠭ᠎ᠠ ᠵᠢᠨ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠬᠦᠴᠦᠯᠡᠨ ᠪᠦᠷᠢᠨᠰᠢᠭᠦᠯᠵᠦ ᠂  ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠠᠮᠤᠷ ᠲᠦᠪᠰᠢᠨ᠎ᠤ ᠲᠣᠣᠷ᠎ᠢ ᠨᠢᠭᠲᠠ ᠪᠥᠭᠡᠳ ᠪᠠᠲᠤ ᠰᠦᠯᠵᠢᠨ᠎ᠡ ᠃  ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠎ᠢ ᠪᠦᠭᠦ ᠤᠯᠤᠰ᠎ᠲᠤ ᠨᠢᠭᠡᠳᠦᠯᠲᠡᠢ ᠲᠥᠯᠥᠪᠵᠢᠭᠦᠯᠬᠦ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂  ᠬᠤᠪᠢ ᠬᠥᠮᠥᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠳᠦᠷᠢᠮ᠎ᠢ ᠪᠦᠭᠦ ᠲᠠᠯ᠎ᠠ᠎ᠪᠠᠷ ᠬᠡᠷᠡᠭᠵᠢᠭᠦᠯᠬᠦ ᠵᠢ ᠠᠬᠢᠭᠤᠯᠤᠨ ᠂  ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠠᠮᠤᠷᠬᠤ ᠬᠡᠪᠴᠢᠶ᠎ᠡ ᠵᠢ ᠥᠷᠭᠡᠳᠬᠡᠬᠦ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠰᠦᠪᠡᠭᠴᠢᠯᠡᠵᠦ ᠂  ᠠᠵᠢᠯ ᠠᠯᠳᠠᠭᠰᠠᠳ᠎ᠤᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠢ ᠲᠥᠯᠥᠪᠵᠢᠭᠦᠯᠬᠦ ᠵᠢ ᠪᠡᠬᠢᠵᠢᠭᠦᠯᠦᠨ ᠂  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠢ ᠲᠥᠯᠥᠪᠵᠢᠭᠦᠯᠬᠦ ᠵᠢ ᠲᠦᠷᠭᠡᠳᠬᠡᠨ᠎ᠡ ᠃  ᠪᠦᠭᠦ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠤᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ ᠂  ᠲᠣᠮᠣ ᠳ᠋ᠠᠢ᠌ᠲ᠋ᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ ᠳᠠᠭ᠋ᠠᠳᠬᠠᠯ᠎ᠳᠤ ᠣᠷᠣᠯᠴᠠᠭ᠋ᠠᠳᠤᠢ ᠡᠲᠡᠭᠡᠳ᠎ᠢ ᠣᠨᠣᠪᠴᠢᠲᠠᠶ ᠢᠯᠭ᠋ᠠᠨ ᠲᠠᠨᠢᠵᠤ ᠂  ᠡᠷᠦᠭᠡ᠎ᠳᠤ ᠬᠦᠷᠴᠦ ᠪᠠᠢ᠌ᠴᠠᠭ᠋ᠠᠯᠲᠠ ᠬᠢᠬᠦ ᠂  ᠲᠥᠷᠥ ᠵᠢᠨ ᠪᠣᠳᠣᠯᠭ᠎ᠠ ᠵᠢ ᠤᠬᠠᠭᠤᠯᠬᠤ ᠂  ᠳᠠᠭ᠋ᠠᠳᠬᠠᠯ᠎ᠳᠤ ᠣᠷᠤᠯᠴᠠᠬᠤ ᠵᠢ ᠳᠠᠢ᠌ᠴᠢᠯᠠᠬᠤ ᠵᠢ ᠢᠳᠡᠪᠬᠢᠲᠡᠢ  ᠎ᠪᠠᠷ ᠥᠷᠨᠢᠭᠦᠯᠵᠦ ᠂  ᠨᠡᠢ᠌ᠭᠡᠮ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠨ᠎ᠡ ᠃  ᠰᠠᠭᠤᠷᠢ ᠮᠥᠩᠭᠥ ᠵᠢᠨ ᠡᠷᠭᠢᠯᠲᠡ ᠵᠢ  ᠬᠢᠨᠠᠨ ᠰᠢᠨᠵᠢᠵᠦ ᠵᠠᠳᠠᠯᠬᠤ ᠵᠢ ᠴᠢᠩᠭ᠋ᠠᠳᠬᠠᠨ ᠂  ᠡᠯ᠎ᠡ ᠵᠦᠢ᠍ᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠮᠥᠩᠭᠥ ᠣᠯᠭᠣᠮᠵᠢ ᠵᠢ ᠴᠠᠭ ᠲᠤᠬᠠᠢ᠎ᠳᠤᠨᠢ ᠲᠣᠭ᠎ᠠ ᠶᠣᠰᠣᠭ᠋ᠠᠷ ᠭᠦᠢ᠍ᠴᠡᠳ ᠣᠯᠭᠣᠬᠤ ᠵᠢ ᠦᠨᠡᠨ ᠬᠦ᠌ ᠪᠠᠲᠤᠯᠠᠨ᠎ᠠ ᠃  ᠨᠡᠢ᠌ᠭᠡᠮ᠎ᠤᠨ ᠳᠠᠭ᠋ᠠᠳᠬᠠᠯ᠎ᠢ ᠰᠢᠯᠵᠢᠭᠦᠯᠦᠨ ᠵᠠᠯᠭ᠋ᠠᠬᠤ ᠥᠨᠳᠥᠷ ᠪᠦᠲᠦᠮᠵᠢᠲᠡᠶ ᠪᠥᠭᠡᠳ ᠳᠥᠭᠦᠮ ᠲᠦᠷᠭᠡᠨ ᠲᠣᠭᠲᠠᠴᠠ ᠵᠢ ᠲᠡᠭᠦᠯᠳᠡᠷᠵᠢᠭᠦᠯᠵᠦ ᠂  ᠰᠢᠯᠵᠢᠭᠦᠯᠦᠨ ᠵᠠᠯᠭ᠋ᠠᠯᠳᠤᠭᠤᠯᠬᠤ ᠴᠠᠭ᠎ᠤᠨ ᠬᠢᠵᠠᠭ᠋ᠠᠷ᠎ᠢ ᠤᠯᠠᠮ ᠴᠢᠨᠠᠭᠰᠢᠳᠠ ᠪᠠᠭ᠋ᠠᠰᠬᠠᠨ᠎ᠠ ᠃  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠰᠠᠭᠤᠷᠢ ᠮᠥᠩᠭᠥ ᠵᠢᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠵᠦ ᠂  ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠨ᠎ᠠ ᠃

       ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠰᠢᠨ᠎ᠡ ᠵᠢ ᠡᠭᠦᠳᠬᠦ ᠡᠷᠴᠢᠮ᠎ᠢ ᠴᠢᠩᠭ᠋ᠠᠷᠠᠭᠤᠯᠤᠨ᠎ᠠ ᠃  ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠶᠠᠰᠤ ᠴᠢᠨᠠᠷ᠎ᠢ ᠳᠡᠭᠡᠭᠰᠢᠯᠡᠭᠦᠯᠭᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ ᠂  ᠴᠢᠳᠠᠪᠤᠷᠢᠲᠠᠨ᠎ᠢ ᠬᠥᠮᠥᠵᠢᠭᠦᠯᠦᠨ ᠨᠡᠭᠡᠭᠡᠨ ᠬᠥᠭᠵᠢᠭᠦᠯᠬᠦ ᠂  ᠣᠷᠣᠭᠤᠯᠤᠨ ᠠᠪᠴᠢᠷᠠᠵᠤ ᠰᠢᠯᠵᠢᠭᠦᠯᠬᠦ ᠂  ᠦᠨᠡᠯᠡᠵᠦ ᠤᠷᠮᠠᠰᠢᠭᠤᠯᠬᠤ ᠂  ᠦᠢ᠍ᠯᠡᠴᠢᠯᠡᠵᠦ ᠪᠠᠲᠤᠯᠠᠬᠤ ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ ᠂  ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠬᠦ᠎ᠳᠤ ᠣᠶᠤᠨ᠎ᠤ ᠲᠤᠯᠭ᠋ᠠᠭᠤᠷᠢᠯᠠᠯ ᠬᠠᠩᠭ᠋ᠠᠨ᠎ᠠ ᠃  ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠪᠠ ᠬᠥᠭᠵᠢᠯᠲᠡ ᠵᠢᠨ ᠴᠢᠭᠯᠡᠯ᠎ᠤᠨ ᠲᠣᠭᠣᠷᠢᠨ᠎ᠳᠤ ᠂  ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ᠎ᠢ ᠬᠦᠷᠢᠶ᠎ᠡ ᠴᠠᠷᠠᠭ᠎ᠠ ᠬᠤᠪᠢᠶᠠᠨ ᠬᠥᠳᠡᠯᠦᠩᠭᠦᠢ᠎ᠪᠠᠷ ᠨᠡᠢ᠌ᠲᠡᠯᠡᠵᠦ ᠂《ᠴᠢᠳᠠᠪᠤᠷᠢᠲᠠᠨ + ᠲᠥᠷᠥᠯ ᠵᠦᠢ᠍ᠯ 》᠎ᠤᠨ  ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠠᠭᠪᠤᠷ᠎ᠢ ᠬᠡᠷᠡᠭᠵᠢᠭᠦᠯᠵᠦ ᠂  ᠪᠠᠴᠢᠮ ᠬᠡᠷᠡᠭᠴᠡᠭᠡ᠎ᠲᠠᠢ ᠲᠤᠲᠠᠭᠳᠠᠵᠤ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠳᠡᠪᠬᠢᠲᠡᠢ ᠬᠥᠮᠥᠵᠢᠭᠦᠯᠵᠦ ᠣᠷᠣᠭᠤᠯᠤᠨ ᠠᠪᠴᠢᠷᠠᠨ᠎ᠠ ᠃  ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ 《ᠳᠥᠷᠪᠡ ᠵᠢ ᠯᠡ ᠡᠷᠭᠢᠮᠯᠡᠭᠦ 》  ᠵᠤᠷᠰᠢᠯ ᠵᠢ  ᠡᠪᠳᠡᠬᠦ ᠪᠠ 《ᠰᠢᠨ᠎ᠡ ᠪᠠᠷᠢᠮᠵᠢᠶ᠎ᠠ 》  ᠲᠣᠭᠲᠠᠭ᠋ᠠᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ ᠂  ᠰᠢᠨ᠎ᠡ ᠵᠢ ᠡᠭᠦᠳᠬᠦ ᠴᠢᠳᠠᠪᠤᠷᠢ ᠂  ᠶᠠᠰᠤ ᠴᠢᠨᠠᠷ ᠂  ᠬᠤᠪᠢ ᠨᠡᠮᠡᠷᠢ᠎ᠪᠠᠷ ᠤᠳᠤᠷᠢᠳᠤᠮᠵᠢ ᠪᠤᠯᠭ᠋ᠠᠬᠰᠠᠨ ᠦᠨᠡᠯᠡᠯᠲᠡ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ ᠃《ᠵᠠᠭᠤ ᠮᠢᠩᠭ᠎ᠠ ᠲᠦᠮᠡ 》 ᠵᠢᠨ  ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ ᠂  ᠰᠢᠨ᠎ᠡ 《ᠨᠠᠢ᠍ᠮᠠᠨ ᠳᠡᠰ᠎ᠤᠨ ᠠᠵᠢᠯᠴᠢᠨ 》᠎ᠤ  ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠳᠦᠷᠢᠮ᠎ᠢ ᠰᠠᠢ᠌ᠲᠤᠷ ᠨᠠᠢ᠌ᠳᠠᠪᠤᠷᠢᠵᠢᠭᠤᠯᠬᠤ ᠂  ᠮᠡᠷᠭᠡᠵᠢᠯ᠎ᠤᠨ ᠠᠵᠢᠯᠲᠠᠨ᠎ᠤ ᠰᠤᠷᠭ᠋ᠠᠨ ᠬᠥᠮᠦᠵᠢᠯ᠎ᠢ ᠶᠡᠬᠡ᠎ᠪᠠᠷ ᠬᠥᠭᠵᠢᠭᠦᠯᠦᠨ ᠂  ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠰᠲ᠋ᠧᠮ᠎ᠢ  ᠲᠡᠭᠦᠯᠳᠡᠷᠵᠢᠭᠦᠯᠵᠦ ᠂  ᠳᠡᠭᠡᠳᠦ ᠲᠡᠰ᠎ᠤᠨ   ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠤᠨ᠎ᠠ ᠃

       ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠨᠠᠩ ᠰᠠᠢ᠌ᠲᠤᠷ ᠬᠠᠮᠠᠭ᠋ᠠᠯᠠᠨ᠎ᠠ ᠃  ᠰᠢᠨ᠎ᠡ ᠴᠠᠭ ᠦᠶ᠎ᠡ ᠵᠢᠨ ᠡᠶ᠎ᠡ ᠵᠣᠬᠢᠴᠠᠩᠭᠤᠢ ᠭᠦᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠯᠠᠪᠳᠠᠭᠤᠨ ᠵᠶ᠋ᠠᠷ ᠠᠬᠢᠭᠤᠯᠵᠤ ᠂  ᠭᠦᠳᠡᠯᠮᠦᠷᠢ ᠵᠢᠨ ᠬᠠᠷᠢᠴᠠᠭ᠎ᠠ ᠵᠢ ᠵᠣᠬᠢᠴᠠᠭᠤᠯᠬᠤ ᠭᠤᠷᠪᠠᠨ ᠲᠠᠯ᠎ᠠ ᠵᠢᠨ ᠲᠣᠭᠲᠠᠴᠠ ᠵᠢ ᠴᠢᠩᠭ᠋ᠠᠳᠬᠠᠵᠤ ᠂  ᠭᠦᠳᠡᠯᠮᠦᠷᠢ ᠠᠵᠢᠯᠴᠢᠨ ᠬᠡᠷᠡᠭᠯᠡᠬᠦ ᠦᠢ᠍ᠯᠡᠴᠢᠯᠡᠭᠡᠨ᠎ᠤ ᠵᠢᠯᠣᠭᠣᠳᠤᠯᠭ᠎ᠠ ᠵᠢ ᠴᠢᠩᠭ᠋ᠠᠳᠬᠠᠵᠤ ᠂  ᠠᠵᠢᠯ ᠣᠯᠭᠣᠯᠲᠠ ᠵᠢᠨ ᠰᠢᠨ᠎ᠡ ᠭᠡᠯᠪᠡᠷᠢ᠎ᠳᠠᠬᠢ ᠬᠥᠳᠡᠯᠮᠦᠷᠢᠴᠢᠳ᠎ᠤᠨ ᠭᠦᠳᠡᠯᠮᠦᠷᠢ ᠵᠢᠨ ᠪᠠᠲᠤᠯᠠᠭ᠎ᠠ ᠵᠢᠨ ᠡᠷᠬᠡ ᠠᠰᠢᠭ᠎ᠢ ᠰᠠᠢ᠌ᠲᠤᠷ ᠬᠠᠮᠠᠭ᠋ᠠᠯᠠᠵᠤ ᠂ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠪᠦᠭᠦ ᠬᠦᠷᠢᠶ᠎ᠡ ᠴᠠᠷᠠᠭ᠎ᠠ ᠂  ᠭᠦᠳᠡᠯᠮᠦᠷᠢ ᠠᠵᠢᠯᠴᠢᠨ ᠬᠡᠷᠡᠭᠯᠡᠬᠦ ᠪᠦᠭᠦ ᠬᠡᠯᠬᠢᠶ᠎ᠡ 》 ᠵᠢᠨ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ ᠂  ᠭᠦᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠬᠥᠨᠳᠡᠯᠡᠨ᠎ᠠᠴᠠ ᠲᠠᠰᠤᠯᠬᠤ ᠪᠠ ᠭᠦᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠤ ᠂  ᠲᠥᠷᠥ ᠵᠢᠨ ᠪᠣᠳᠣᠯᠭ᠎ᠠ ᠵᠢ ᠶᠡᠷᠦᠩᠬᠡᠢ᠌ᠯᠡᠨ ᠬᠡᠷᠡᠭᠵᠢᠭᠦᠯᠵᠦ   ᠴᠠᠯᠢᠩ ᠬᠥᠯᠥᠰᠦ ᠵᠢ  ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠢ ᠰᠠᠢ᠌ᠲᠤᠷ ᠬᠢᠵᠦ ᠂  ᠭᠦᠳᠡᠯᠮᠦᠷᠢ ᠵᠢᠨ ᠬᠠᠷᠢᠴᠠᠭ᠎ᠠ ᠵᠢᠨ ᠵᠠᠰᠠᠯᠲᠠ ᠵᠢᠨ ᠦᠷ᠎ᠡ ᠪᠦᠲᠦᠮᠵᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠵᠤ ᠂  ᠡᠶ᠎ᠡ ᠵᠣᠬᠢᠴᠠᠩᠭᠤᠢ ᠭᠦᠳᠡᠯᠮᠦᠷᠢ ᠵᠢᠨ ᠬᠠᠷᠢᠴᠠᠭ᠎ᠠ ᠵᠢ ᠢᠳᠡᠪᠬᠢᠲᠡᠢ ᠪᠠᠢ᠌ᠭᠤᠯᠤᠨ᠎ᠠ ᠃

       ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ ᠃ 

《ᠬᠣᠶᠠᠷ᠎ᠢ ᠰᠢᠯᠢᠳᠡᠭᠵᠢᠭᠦᠯᠬᠦ 》  ᠪᠠ 《ᠪᠠᠷᠢᠮᠵᠢᠶ᠎ᠠ ᠵᠢ ᠳᠡᠭᠡᠭᠰᠢᠯᠡᠭᠦᠯᠭᠦ ᠂  ᠬᠤᠷᠳᠤᠴᠠ ᠵᠢ ᠲᠦᠷᠭᠡᠳᠬᠡᠬᠦ ᠂  ᠦᠷ᠎ᠡ ᠪᠦᠲᠦᠮᠵᠢ ᠵᠢ ᠳᠡᠭᠡᠭᠰᠢᠯᠡᠭᠦᠯᠭᠦ 》  ᠲᠤᠰᠬᠠᠢ ᠠᠵᠢᠯᠯᠠᠭ᠎ᠠ ᠵᠢ ᠭᠦᠨᠵᠡᠭᠡᠢ᠌ᠷᠡᠭᠦᠯᠵᠦ ᠂ 《  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠺᠠᠳ᠋ᠷ ᠭᠠᠷ ᠬᠣᠯᠪᠣᠨ ᠬᠠᠪᠰᠤᠷᠤᠯᠴᠠᠭ᠎ᠠ ᠪᠠᠢ᠌ᠭᠤᠯᠵᠤ ᠦᠨᠳᠦᠰᠦᠨ ᠱᠠᠲᠤ᠎ᠲᠠᠢ ᠬᠠᠷᠢᠯᠴᠠᠬᠤ 》  ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ ᠂ 《ᠦᠨᠳᠦᠰᠦᠨ ᠱᠠᠲᠤᠨ᠎ᠳᠤ ᠭᠦᠨᠵᠡᠭᠡᠢ᠌ᠷᠡᠵᠦ ᠲᠥᠷᠥ ᠵᠢᠨ ᠪᠣᠳᠣᠯᠭ᠎ᠠ ᠬᠦᠷᠭᠡᠬᠦ 》᠂ 《ᠶᠠᠪᠤᠴᠠ ᠵᠢ  ᠪᠡᠶᠡᠯᠡᠭᠦᠯᠵᠦ ᠦᠢ᠍ᠯᠡᠴᠢᠯᠡᠭᠡ᠎ᠪᠠᠨ ᠰᠢᠯᠢᠳᠡᠭᠵᠢᠭᠦᠯᠬᠦ 》  ᠪᠠ ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ ᠂  ᠵᠠᠯᠠᠭᠤ ᠺᠠᠳ᠋ᠷ ᠴᠡᠭ᠎ᠲᠤ ᠰᠠᠭᠤᠵᠤ ᠪᠠᠢ᠌ᠴᠠᠭ᠋ᠠᠨ ᠰᠤᠳᠤᠯᠬᠤ ᠂  ᠴᠡᠷᠢᠭ ᠪᠤᠯᠪᠠᠰᠤᠷᠠᠭᠤᠯᠵᠤ ᠵᠡᠪᠰᠡᠭ᠎ᠤᠨ ᠮᠥᠷᠥᠢ᠌ᠴᠡᠭᠡᠨ ᠬᠢᠬᠦ ᠵᠡᠷᠭᠡ ᠠᠵᠢᠯᠯᠠᠭ᠎ᠠ ᠵᠢ ᠪᠠᠢ᠌ᠩᠭᠤ ᠥᠷᠨᠢᠭᠦᠯᠵᠦ ᠂  ᠨᠠᠩ ᠰᠢᠯᠢᠳᠡᠭ ᠰᠤᠷᠲᠠᠯ ᠵᠶ᠋ᠠᠷ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠨ᠎ᠠ ᠃  ᠲᠣᠭ᠎ᠠ ᠪᠦᠷᠢᠳᠬᠡᠯ ᠎ᠤᠨ  ᠲᠣᠭ᠎ᠠ ᠪᠠᠷᠢᠮᠲᠠ ᠵᠢᠨ ᠵᠠᠰᠠᠯᠲᠠ ᠵᠢ ᠴᠢᠩᠭ᠋ᠠᠳᠬᠠᠵᠤ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ ᠃  ᠣᠯᠠᠨ ᠲᠦᠮᠡᠨ᠎ᠤ ᠬᠡᠷᠡᠭᠴᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ ᠂  ᠦᠢ᠍ᠯᠡᠴᠢᠯᠡᠭᠡ ᠬᠠᠩᠭ᠋ᠠᠯᠭ᠎ᠠ ᠵᠢ ᠰᠢᠯᠢᠳᠡᠭᠵᠢᠭᠦᠯᠵᠦ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠣᠯᠠᠨ ᠨᠡᠢ᠌ᠲᠡ ᠵᠢᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ ᠂  ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠤᠴᠢᠷ ᠶᠠᠪᠤᠳᠠᠯ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ ᠂  ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠣᠯᠭᠣᠬᠤ ᠨᠠᠩ ᠣᠯᠠᠨ ᠲᠥᠷᠥ ᠵᠢᠨ ᠪᠣᠳᠣᠯᠭ᠎ᠠ ᠵᠢ 《ᠵᠥᠪᠰᠢᠶᠡᠷᠡᠭᠦᠯᠬᠦ ᠦᠭᠡᠢ᠎ᠪᠠᠷ ᠰᠢᠭᠤᠳ ᠡᠳ᠋ᠯᠡᠭᠦᠯᠭᠦ 》᠂ 《ᠰᠢᠭᠤᠳ ᠬᠦᠷᠭᠡᠵᠦ ᠲᠦᠷᠭᠡᠨ ᠡᠳ᠋ᠯᠡᠭᠦᠯᠭᠦ 》᠂ 《ᠶᠠᠪᠤᠴᠠ ᠦᠭᠡᠢ ᠣᠶᠤᠨᠴᠢ᠎ᠪᠠᠷ ᠭᠦᠢ᠍ᠴᠡᠳᠬᠡᠬᠦ 》  ᠪᠣᠯᠭ᠋ᠠᠨ᠎ᠠ ᠃  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠬᠢᠭᠡᠳ ᠨᠡᠢ᠌ᠭᠡᠮ ᠲᠣᠭᠣᠷᠢᠭ᠎ᠤᠨ ᠵᠠᠰᠠᠯᠲᠠ ᠵᠢ ᠣᠷᠭ᠋ᠠᠨᠢᠭ ᠵᠶ᠋ᠠᠷ ᠠᠭᠤᠰᠤᠯᠴᠠᠭᠤᠯᠬᠤ ᠦᠢ᠍ᠯᠡᠴᠢᠯᠡᠭᠡᠨ᠎ᠤ ᠵᠠᠭᠪᠤᠷ᠎ᠢ ᠪᠦᠭᠦ ᠲᠠᠯ᠎ᠠ᠎ᠪᠠᠷ ᠳᠡᠯᠭᠡᠷᠡᠭᠦᠯᠵᠦ ᠂  ᠦᠨᠳᠦᠰᠦᠨ ᠱᠠᠲᠤᠨ᠎ᠳᠠᠬᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢ ᠥᠷᠭᠡᠳᠬᠡᠬᠦ ᠵᠢ  ᠠᠬᠢᠭᠤᠯᠵᠤ ᠂  ᠣᠯᠠᠨ ᠲᠦᠮᠡᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠤᠬᠠᠢ᠌ᠯᠠᠭᠰᠠᠨ ᠠᠵᠢᠯ ᠵᠶ᠋ᠠᠨ ᠣᠢ᠌ᠷ᠎ᠠ ᠬᠠᠪᠢ ᠪᠠ ᠲᠤᠬᠠᠢ ᠵᠢᠨ ᠭᠠᠵᠠᠷ᠎ᠲᠠᠭᠠᠨ ᠭᠦᠢ᠍ᠴᠡᠳᠬᠡᠬᠦ᠎ᠳᠤ ᠲᠥᠭᠦᠮ ᠦᠵᠡᠭᠦᠯᠦᠨ᠎ᠡ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
《ᠪᠤᠭᠤᠷᠤᠯᠴᠤᠳ᠎ᠤᠨ ᠬᠤᠷᠠᠮᠳᠤᠯ ᠬᠤᠪᠢ》᠎ᠨᠢ ᠣᠶᠤᠨᠴᠢ ᠨᠠᠰᠤᠵᠢᠯ᠎ᠤᠨ ᠠᠰᠠᠷᠠᠮᠵᠢ ᠵᠢᠨ ᠰᠢᠨ᠎ᠡ ᠵᠠᠭᠪᠤᠷ᠎ᠢ ᠡᠬᠢᠯᠡᠭᠦᠯᠪᠡ
《ᠰᠠᠨᠠᠯ》᠎ᠠᠴᠠ ᠲᠥᠷᠥ ᠵᠢᠨ ᠪᠣᠳᠣᠯᠭ᠎ᠠ ᠬᠠᠢ᠌ᠵᠤ 《ᠰᠠᠨᠠᠯ》᠎ᠠᠴᠠ ᠲᠥᠷᠥᠯ ᠵᠦᠢ᠍ᠯ ᠡᠷᠢᠵᠦ ᠥᠪᠥᠷ ᠮᠣᠩᠭᠣᠯ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠪᠣᠳᠠᠲᠠᠢ ᠲᠥᠷᠥᠯ ᠵᠦᠢ᠍ᠯ ᠪᠤᠯᠭ᠋ᠠᠬᠤ᠎ᠪᠠᠷ ᠴᠢᠷᠮᠠᠢ᠌ᠵᠤ ᠪᠤᠶ
ᠬᠥᠳᠡᠯᠦᠮᠡᠭᠴᠡ ᠬᠦᠷᠴᠦ ᠲᠡᠢ᠌ᠯᠭᠦ ᠪᠡᠶ᠎ᠡ ᠴᠢᠭᠢᠷᠠᠭᠵᠢᠭᠤᠯᠬᠤ ᠲᠠᠯᠠᠪᠤᠷ ᠦᠬᠠᠢ᠌ᠴᠤᠳ᠎ᠲᠤ 《ᠲᠠᠮᠢᠷ᠎ᠤᠨ ᠬᠥᠳᠡᠯᠭᠡᠭᠡᠨ ᠬᠢᠬᠦ ᠴᠢᠯᠦᠭᠡᠲᠦ ᠣᠷᠣᠨ ᠵᠠᠢ》 ᠬᠠᠩᠭ᠋ᠠᠪᠠ
ᠥᠪᠥᠷ ᠮᠣᠩᠭᠣᠯ 《ᠡᠯᠡᠰᠦᠨ ᠴᠥᠯ ᠭᠣᠪᠢ ᠴᠦᠯᠯᠡᠷᠭᠡᠭ ᠣᠷᠣᠨ》᠎ᠳᠠᠬᠢ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ ᠪᠤᠢ
ᠬᠢᠩᠭ᠋ᠠᠨ ᠠᠢ᠌ᠮᠠᠭ 《ᠪᠣᠬᠢᠷᠳᠤᠯ ᠦᠭᠡᠢ》 ᠳᠤᠯᠠᠭ᠋ᠠᠯᠠᠭ᠎ᠠ᠎ᠪᠠᠷ ᠬᠠᠯᠠᠭᠤᠨ ᠳᠤᠯᠠᠭ᠋ᠠᠨ ᠵᠶ᠋ᠠᠷ ᠡᠪᠦᠯ ᠵᠶ᠋ᠠᠨ ᠥᠩᠭᠡᠷᠡᠭᠦᠯᠬᠦ ᠵᠢ ᠪᠠᠲᠤᠯᠠᠨ᠎ᠠ
 
             蒙ICP备05000248号