ᠡᠪᠦᠯ᠎ᠤᠨ ᠡᠬᠢᠨ᠎ᠤ ᠦᠳᠡᠰᠢ᠎ᠪᠠᠷ ᠠᠭᠤᠷ ᠠᠮᠢᠰᠬᠤᠯ ᠠᠭ᠋ᠠᠵᠢᠮ ᠵᠶ᠋ᠠᠷ ᠬᠦᠢ᠍ᠲᠡᠷᠡᠪᠡ᠃ ᠣᠷᠳᠣᠰ ᠬᠤᠳᠠ ᠵᠢᠨ ᠭᠢᠶ᠎ᠠ ᠪᠠᠭᠰᠢ ᠲᠣᠭᠣᠷᠢᠭ᠎ᠤᠨ ᠺᠠᠩ ᠴᠧᠩ ᠨᠡᠢ᠌ᠭᠡᠮ ᠲᠣᠭᠣᠷᠢᠭ᠎ᠤᠨ ᠺᠠᠩ ᠽᠧ ᠶᠤᠸᠠᠨ ᠰᠠᠭᠤᠭ᠋ᠠᠯᠢ ᠠᠷᠠᠳ᠎ᠤᠨ ᠲᠣᠭᠣᠷᠢᠭ᠎ᠲᠤ ᠰᠠᠭᠤᠭ᠎ᠠ ᠨᠠᠰᠤᠲᠠᠨ ᠳ᠋ᠧᠦ ᠲᠢᠩ ᠯᠢᠶᠠᠩ ᠴᠠᠭᠢᠯᠭ᠋ᠠᠨ ᠭᠦᠳᠡᠯᠭᠡᠭᠦᠷᠲᠦ ᠳᠤᠭᠤᠢ ᠲᠡᠷᠭᠡ ᠤᠨᠤᠵᠤ᠂ ᠮᠧᠩ ᠰᠢᠨ ᠠᠭᠤᠳᠠᠮ ᠲᠠᠯᠠᠪᠠᠢ ᠵᠢᠨ ᠨᠢᠭᠡᠨ ᠪᠤᠤᠰᠠ ᠵᠢᠨ ᠳᠡᠯᠭᠡᠭᠦᠷ᠎ᠤᠨ ᠡᠭᠦᠳᠡᠨ ᠡᠮᠦᠨᠡᠬᠢ ᠲᠡᠷᠭᠡᠨ ᠵᠣᠭᠰᠣᠭ᠋ᠠᠯ ᠳᠡᠭᠡᠷ᠎ᠡ ᠵᠣᠭᠰᠣᠭ᠋ᠠᠪᠠ᠃ ᠱᠠᠯᠠᠮᠠᠭ᠋ᠠᠢ ᠬᠥᠳᠡᠯᠵᠦ ᠪᠠᠷᠢᠬᠤ ᠵᠢ᠎ᠨᠢ ᠦᠵᠡᠬᠦ᠎ᠳᠤ ᠲᠡᠭᠦᠨ᠎ᠤ 83 ᠨᠠᠰᠤᠲᠠᠢ ᠭᠡᠳᠡᠭ᠎ᠢ ᠢᠲᠡᠭᠡᠵᠦ ᠶᠠᠳᠠᠮᠠᠷ᠃
ᠨᠠᠰᠤᠲᠠᠨ ᠡᠨᠳᠡ ᠣᠷᠣᠢ ᠵᠢᠨ ᠬᠣᠭᠣᠯᠠ ᠢᠳᠡᠬᠦ᠎ᠪᠠᠷ ᠢᠷᠡᠵᠡᠢ᠃ ᠡᠨᠡ ᠵᠢᠯ᠎ᠤᠨ 10 ᠰᠠᠷ᠎ᠠ᠎ᠠᠴᠠ ᠡᠬᠢᠯᠡᠨ ᠭᠢᠶ᠎ᠠ ᠪᠠᠭᠰᠢ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ 70 ᠨᠠᠰᠤᠨ᠎ᠠᠴᠠ ᠳᠡᠭᠡᠭᠰᠢᠬᠢ ᠡᠷᠦᠭᠡ ᠠᠮᠠ ᠵᠢᠨ ᠬᠠᠷᠢᠶ᠎ᠠ᠎ᠲᠠᠢ ᠨᠠᠰᠤᠲᠠᠢ᠌ᠴᠤᠳ᠎ᠲᠤ ᠰᠠᠷ᠎ᠠ᠎ᠪᠠᠷ 《ᠪᠤᠭᠤᠷᠤᠯᠴᠤᠳ᠎ᠤᠨ ᠬᠤᠷᠠᠮᠳᠤᠯ ᠬᠤᠪᠢ》 ᠣᠯᠭᠣᠵᠤ᠂ ᠨᠡᠢ᠌ᠭᠡᠮ ᠲᠣᠭᠣᠷᠢᠭ ᠪᠤᠶᠤ ᠭᠡᠷ᠎ᠲᠡᠭᠡᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠳᠠᠯᠢ ᠪᠤᠰᠤ ᠲᠥᠷᠥᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠎ᠳᠤ ᠲᠤᠷᠰᠢᠨ ᠬᠡᠷᠡᠭᠯᠡᠭᠦᠯᠵᠦ᠂ ᠨᠠᠰᠤᠲᠠᠢ᠌ᠴᠤᠳ᠎ᠤᠨ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠨᠥᠬᠥᠪᠦᠷᠢ ᠵᠢ 《ᠢᠳᠡᠬᠦ》 ᠳᠡᠭᠡᠷ᠎ᠡ ᠬᠡᠷᠡᠭᠯᠡᠬᠦ ᠪᠣᠯ ᠬᠡᠰᠡᠭ ᠨᠠᠰᠤᠲᠠᠢ᠌ᠴᠤᠳ᠎ᠤᠨ ᠰᠣᠩᠭᠣᠯᠲᠠ ᠮᠥᠨ᠃
《ᠬᠣᠶᠠᠷ ᠪᠤᠤᠰᠠ᠂ ᠨᠢᠭᠡ ᠠᠶᠠᠭ᠎ᠠ ᠥᠨᠳᠡᠭᠡ᠎ᠲᠠᠢ ᠱᠥᠯᠥ᠂ ᠪᠠᠰᠠ ᠨᠢᠭᠡ ᠥᠨᠳᠡᠭᠡ᠎ᠲᠠᠢ ᠬᠠᠭ᠋ᠠᠷᠢᠭᠰᠠᠨ ᠪᠣᠣᠪᠣ ᠬᠢᠵᠦ ᠡᠪᠦᠭᠡᠨ᠎ᠳᠡᠭᠡᠨ ᠠᠪᠠᠴᠢᠵᠤ ᠥᠭᠭᠦᠶ᠎ᠡ》᠃ ᠳ᠋ᠧᠦ ᠲᠢᠩ ᠯᠢᠶᠠᠩ ᠨᠠᠰᠤᠲᠠᠨ ᠪᠤᠤᠰᠠ ᠵᠢᠨ ᠳᠡᠯᠭᠡᠭᠦᠷ᠎ᠲᠤ ᠣᠷᠣᠮᠠᠭᠴᠠ᠎ᠪᠠᠨ ᠬᠣᠭᠣᠯᠠ ᠵᠠᠬᠢᠶᠠᠯᠠᠵᠤ᠂ ᠦᠭᠡ ᠬᠡᠯᠡᠬᠦ ᠵᠢᠨ ᠵᠠᠭᠤᠷ᠎ᠠ ᠪᠠᠭᠤᠤ᠎ᠳᠠᠭᠠᠨ ᠵᠡᠭᠦᠭᠰᠡᠨ ᠲᠤᠰᠬᠠᠢ ᠪᠠᠭᠤᠪᠴᠢ᠎ᠪᠠᠨ ᠬᠤᠳᠠᠯᠳᠤᠭ᠋ᠠᠨ᠎ᠤ ᠡᠷᠦᠭᠡ ᠵᠢᠨ ᠺᠣᠳ᠋ ᠰᠢᠷᠪᠢᠭᠦᠷ ᠳᠡᠭᠡᠷ᠎ᠡ ᠰᠢᠷᠪᠢᠭᠦᠯᠦᠨ 1900 ᠬᠤᠷᠠᠮᠳᠤᠯ ᠬᠤᠪᠢ ᠬᠠᠰᠤᠭᠤᠯᠪᠠ᠃ ᠡᠨᠡ᠎ᠨᠢ 19 ᠲᠥᠭᠥᠷᠢᠭ ᠵᠠᠷᠤᠭᠰᠠᠨ᠎ᠲᠠᠢ ᠲᠡᠩᠴᠡᠨ᠎ᠡ᠃
《〈ᠪᠤᠭᠤᠷᠤᠯᠴᠤᠳ᠎ᠤᠨ ᠬᠤᠷᠠᠮᠳᠤᠯ ᠬᠤᠪᠢ〉 ᠪᠣᠯ ᠵᠠᠰᠠᠭ᠎ᠤᠨ ᠣᠷᠳᠣᠨ᠎ᠠᠴᠠ ᠪᠢᠳᠡᠨ᠎ᠳᠤ ᠥᠭᠭᠦᠭᠰᠡᠨ ᠨᠢᠭᠡ ᠵᠦᠢ᠍ᠯ᠎ᠤᠨ ᠠᠮᠢᠳᠤᠷᠠᠯ᠎ᠤᠨ ᠨᠥᠬᠥᠪᠦᠷᠢ ᠪᠠ ᠬᠠᠷᠠᠭ᠋ᠠᠯᠵᠠᠯ ᠮᠥᠨ᠃ ᠨᠢᠭᠡ ᠵᠦᠢ᠍ᠯ᠎ᠤᠨ ᠰᠢᠨ᠎ᠡ ᠵᠢ ᠡᠭᠦᠳᠬᠦ ᠴᠢᠨᠠᠷᠲᠠᠢ ᠣᠶᠤᠨᠴᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠠᠭᠪᠤᠷ ᠪᠣᠯᠣᠨ᠎ᠠ᠃ ᠮᠠᠨ᠎ᠤ ᠨᠠᠰᠤᠲᠠᠢ᠌ᠴᠤᠳ᠎ᠲᠤ ᠬᠥᠮᠥᠨ ᠪᠦᠷᠢ᠎ᠳᠤ ᠪᠠᠭᠤᠪᠴᠢ ᠵᠢ ᠦᠨ᠎ᠡ ᠲᠥᠯᠥᠪᠦᠷᠢ ᠦᠭᠡᠢ ᠥᠭᠴᠦ᠂ ᠳᠣᠲᠣᠷ᠎ᠠ᠎ᠨᠢ ᠬᠤᠷᠠᠮᠳᠤᠯ ᠬᠤᠪᠢ ᠪᠠᠢ᠌ᠪᠠᠯ ᠵᠣᠭᠣᠰ ᠪᠤᠯᠭ᠋ᠠᠵᠤ ᠵᠠᠷᠤᠵᠤ ᠪᠣᠯᠣᠨ᠎ᠠ᠂ ᠬᠡᠷᠡᠭᠯᠡᠬᠦ ᠦᠶ᠎ᠡ᠎ᠳᠤ ᠪᠠᠭᠤᠪᠴᠢ ᠵᠢ ᠰᠢᠷᠪᠢᠪᠡᠯ ᠪᠣᠯᠴᠢᠬᠠᠨ᠎ᠠ᠂ ᠡᠨᠡ᠎ᠨᠢ ᠮᠠᠰᠢ ᠳᠦᠭᠦᠮ᠃ ᠬᠠᠷᠠᠭ᠋ᠠᠴᠢ᠂ ᠪᠠᠭᠤᠪᠴᠢ᠎ᠨᠢ ᠬᠡᠷᠡᠭᠯᠡᠭᠡ ᠬᠢᠵᠦ ᠪᠤᠯᠬᠤ᠎ᠪᠠᠷ ᠪᠠᠷᠠᠬᠤ ᠦᠭᠡᠢ ᠪᠠᠰᠠ ᠣᠷᠣᠨ ᠪᠠᠢ᠌ᠷᠢ ᠲᠣᠭᠲᠠᠭ᠋ᠠᠬᠤ ᠴᠢᠳᠠᠮᠵᠢ᠎ᠲᠠᠢ ᠪᠠᠢ᠌ᠳᠠᠭ᠃ ᠳᠡᠭᠡᠷᠡᠬᠢ ᠤᠯᠠᠭ᠋ᠠᠨ ᠥᠩᠭᠡᠲᠡᠢ SOS ᠪᠠᠴᠢᠮ ᠠᠪᠤᠷᠠᠯᠳᠠ ᠵᠢᠨ ᠳᠠᠷᠤᠪᠴᠢ᠎ᠨᠢ ᠪᠠᠴᠢᠮ ᠪᠠᠢ᠌ᠳᠠᠯ᠎ᠳᠤ ᠲᠤᠯᠭ᠋ᠠᠷᠠᠪᠠᠯ ᠦᠷ᠎ᠡ ᠬᠡᠦᠬᠡᠳ᠎ᠲᠠᠢ᠎ᠪᠠᠨ ᠬᠣᠯᠪᠣᠭᠰᠠᠨ ᠭᠠᠷ ᠤᠲᠠᠰᠤ᠎ᠲᠠᠢ ᠨᠡᠪᠲᠡᠷᠡᠵᠦ ᠪᠣᠯᠣᠨ᠎ᠠ᠂ ᠳᠣᠣᠷᠠᠬᠢ ᠨᠣᠭᠣᠭ᠋ᠠᠨ ᠥᠩᠭᠡ᠎ᠲᠠᠢ ᠶᠠᠷᠢᠭᠤᠷ ᠳᠠᠷᠤᠪᠴᠢ᠎ᠪᠠᠷ ᠰᠢᠭᠤᠳ ᠦᠭᠡ ᠶᠠᠷᠢᠵᠤ ᠪᠣᠯᠣᠨ᠎ᠠ᠂ ᠡᠨᠡ ᠬᠦ᠌ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠦᠨᠡᠬᠡᠷ ᠣᠶᠤᠨᠴᠢ ᠪᠠᠢ᠌ᠨ᠎ᠠ!》 ᠭᠡᠵᠦ ᠨᠠᠰᠤᠲᠠᠨ ᠪᠠᠭᠤᠪᠴᠢ᠎ᠪᠠᠨ ᠣᠯᠠᠨ᠎ᠳᠤ ᠦᠵᠡᠭᠦᠯᠦᠨ ᠬᠡᠯᠡᠨ᠎ᠡ᠃
《ᠪᠤᠭᠤᠷᠤᠯᠴᠤᠳ᠎ᠤᠨ ᠬᠤᠷᠠᠮᠳᠤᠯ ᠬᠤᠪᠢ》 ᠪᠣᠯ ᠭᠢᠶ᠎ᠠ ᠪᠠᠭᠰᠢ ᠲᠣᠭᠣᠷᠢᠭ᠎ᠤᠨ 《ᠳ᠋ᠥᠸᠧ ᠳ᠋ᠥᠸᠧ ᠫᠢᠩ》 ᠲᠠᠪᠴᠠᠩ᠎ᠳᠤ ᠲᠦᠰᠢᠭᠯᠡᠨ ᠪᠠᠢ᠌ᠭᠤᠯᠤᠭᠰᠠᠨ ᠨᠢᠭᠡ ᠵᠦᠢ᠍ᠯ᠎ᠤᠨ ᠣᠶᠤᠨᠴᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠨ᠎ᠡ ᠵᠠᠭᠪᠤᠷ ᠪᠣᠯᠣᠨ᠎ᠠ᠃ 2023 ᠣᠨ᠎ᠤ ᠡᠬᠢ᠎ᠪᠠᠷ ᠭᠢᠶ᠎ᠠ ᠪᠠᠭᠰᠢ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ᠎ᠠᠴᠠ ᠭᠠᠷᠳᠠᠵᠤ 《ᠳ᠋ᠥᠸᠧ ᠳ᠋ᠥᠸᠧ ᠫᠢᠩ ᠺᠣᠳ᠋᠎ᠤᠨ ᠠᠮᠢᠳᠤᠷᠠᠯ》 ᠭᠡᠬᠦ ᠣᠶᠤᠨᠴᠢ ᠠᠷᠠᠳ᠎ᠲᠤ ᠲᠥᠭᠦᠮ ᠦᠵᠡᠭᠦᠯᠭᠦ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠨᠠᠰᠤᠲᠠᠢ᠌ᠴᠤᠳ᠎ᠲᠤ ᠲᠤᠰᠬᠠᠢ ᠨᠠᠰᠤᠵᠢᠯ᠎ᠤᠨ ᠦᠢ᠍ᠯᠡᠴᠢᠯᠡᠭᠡ ᠬᠠᠩᠭ᠋ᠠᠬᠤ 《ᠪᠤᠭᠤᠷᠤᠯᠴᠤᠳ᠎ᠤᠨ ᠬᠤᠷᠠᠮᠳᠤᠯ ᠬᠤᠪᠢ》 ᠵᠢᠨ ᠲᠥᠷᠥᠯ ᠵᠦᠢ᠍ᠯ᠎ᠢ ᠰᠤᠳᠤᠯᠤᠨ ᠨᠡᠭᠡᠭᠡᠪᠡ᠃ ᠬᠡᠷᠡᠭᠯᠡᠭᠡᠨ᠎ᠤ ᠠᠷᠭ᠎ᠠ ᠮᠠᠶᠢᠭ᠎ᠨᠢ ᠭᠣᠣᠯᠳᠠᠭᠤ ᠨᠠᠰᠤᠲᠠᠨ᠎ᠳᠤ ᠪᠠᠭᠤᠪᠴᠢ ᠲᠣᠬᠢᠷᠠᠭᠤᠯᠵᠤ᠂ ᠬᠤᠳᠠᠯᠳᠤᠭ᠋ᠠᠴᠢᠨ ᠡᠷᠦᠭᠡ᠎ᠳᠤ ᠺᠣᠳ᠋ ᠰᠢᠷᠪᠢᠭᠦᠷ ᠲᠣᠬᠢᠷᠠᠭᠤᠯᠵᠤ᠂ ᠨᠠᠰᠤᠲᠠᠨ ᠪᠠᠭᠤᠪᠴᠢ ᠰᠢᠷᠪᠢᠬᠦ᠎ᠪᠠᠷ ᠳᠠᠮᠵᠢᠨ ᠲᠣᠭᠲᠠᠭᠰᠠᠨ ᠴᠡᠭ᠎ᠤᠨ ᠬᠤᠳᠠᠯᠳᠤᠭ᠋ᠠᠴᠢᠨ ᠡᠷᠦᠭᠡ᠎ᠳᠤ ᠬᠦᠷᠴᠦ ᠬᠡᠷᠡᠭᠯᠡᠭᠡ ᠬᠢᠵᠦ᠂ ᠬᠤᠷᠠᠮᠳᠤᠯ ᠬᠤᠪᠢ ᠵᠢ ᠰᠢᠭᠤᠳ ᠲᠤᠯᠭ᠋ᠠᠨ ᠰᠠᠭᠤᠯᠭ᠋ᠠᠵᠤ ᠵᠣᠭᠣᠰ ᠪᠣᠯᠭ᠋ᠠᠨ ᠵᠠᠷᠤᠵᠤ ᠪᠣᠯᠣᠨ᠎ᠠ᠃
《ᠪᠤᠭᠤᠷᠤᠯᠴᠤᠳ᠎ᠤᠨ ᠬᠤᠷᠠᠮᠳᠤᠯ ᠬᠤᠪᠢ》᠎ᠳᠤ ᠲᠡᠭᠦᠨ᠎ᠤ ᠣᠯᠭᠣᠬᠤ ᠳᠦᠷᠢᠮ᠎ᠲᠠᠢ᠃ ᠭᠢᠶ᠎ᠠ ᠪᠠᠭᠰᠢ ᠲᠣᠭᠣᠷᠢᠭ᠎ᠤᠨ ᠡᠷᠦᠭᠡ ᠠᠮᠠ ᠵᠢᠨ ᠳᠠᠩᠰᠠ᠎ᠨᠢ 70– 74 ᠪᠦᠬᠦᠯᠢ ᠨᠠᠰᠤ᠂ 75 – 79 ᠪᠦᠬᠦᠯᠢ ᠨᠠᠰᠤ᠂ 80 ᠪᠦᠬᠦᠯᠢ ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠴᠢᠭᠯᠡᠭᠦᠯᠦᠨ᠂ ᠬᠥᠮᠥᠨ ᠪᠦᠷᠢ᠎ᠳᠤ ᠰᠠᠷ᠎ᠠ ᠪᠦᠷᠢ ᠲᠤᠰ ᠲᠤᠰ 10000 ᠬᠤᠷᠠᠮᠳᠤᠯ ᠬᠤᠪᠢ (100 ᠲᠥᠭᠥᠷᠢᠭ)᠂ 15000 ᠬᠤᠷᠠᠮᠳᠤᠯ ᠬᠤᠪᠢ (150 ᠲᠥᠭᠥᠷᠢᠭ) ᠪᠠ 20000 ᠬᠤᠷᠠᠮᠳᠤᠯ ᠬᠤᠪᠢ (200 ᠲᠥᠭᠥᠷᠢᠭ) ᠣᠯᠭᠣᠵᠤ᠂ ᠬᠤᠷᠠᠮᠳᠤᠯ ᠬᠤᠪᠢ ᠵᠢ ᠰᠠᠷ᠎ᠠ ᠪᠦᠷᠢ ᠵᠢᠨ ᠨᠢᠭᠡᠨ᠎ᠤ ᠡᠳᠦᠷ ᠲᠡᠭ ᠪᠣᠯᠭ᠋ᠠᠨ᠎ᠠ᠃ ᠨᠠᠰᠤᠲᠠᠢ᠌ᠴᠤᠳ 《ᠪᠤᠭᠤᠷᠤᠯᠴᠤᠳ᠎ᠤᠨ ᠬᠤᠷᠠᠮᠳᠤᠯ ᠬᠤᠪᠢ》᠎ᠪᠠᠨ ᠠᠪᠴᠤ ᠲᠣᠭᠲᠠᠭᠰᠠᠨ ᠪᠠᠢ᠌ᠭᠤᠯᠤᠮᠵᠢ᠎ᠳᠤ ᠬᠡᠷᠡᠭᠯᠡᠭᠡ ᠬᠢᠵᠦ᠂ ᠣᠢ᠌ᠷ᠎ᠠ ᠬᠠᠪᠢ᠎ᠳᠠᠭᠠᠨ ᠦᠪᠡᠰᠦᠪᠠᠨ ᠰᠣᠩᠭᠣᠬᠤ ᠬᠣᠭᠣᠯᠠ᠂ ᠡᠷᠡᠭᠦᠯᠵᠢᠭᠦᠯᠬᠦ ᠹᠢᠽᠢᠺ ᠵᠠᠰᠠᠯ᠂ ᠡᠳᠦᠷ ᠲᠤᠲᠤᠮ᠎ᠤᠨ ᠬᠠᠷᠠᠭ᠋ᠠᠯᠵᠠᠯ ᠵᠡᠷᠭᠡ ᠦᠢ᠍ᠯᠡᠴᠢᠯᠡᠭᠡ ᠬᠦᠷᠲᠡᠵᠦ ᠪᠣᠯᠣᠨ᠎ᠠ᠃ ᠴᠡᠭ ᠲᠣᠭᠲᠠᠭ᠋ᠠᠭᠰᠠᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠥᠳᠡᠯᠦᠩᠭᠦᠢ ᠲᠣᠬᠢᠷᠠᠭᠤᠯᠤᠯᠲᠠ ᠬᠢᠭᠰᠡᠨ ᠰᠢᠯᠭ᠋ᠠᠨ ᠬᠢᠨᠠᠬᠤ ᠲᠣᠭᠲᠠᠴᠠ ᠵᠢ ᠪᠠᠢ᠌ᠭᠤᠯᠵᠤ᠂ ᠰᠢᠯᠢᠳᠡᠭ᠎ᠢ᠎ᠨᠢ ᠰᠢᠯᠭ᠋ᠠᠷᠠᠭᠤᠯᠵᠤ ᠰᠢᠭ᠋ᠠᠷᠤ ᠵᠢ᠎ᠨᠢ ᠬᠠᠶᠠᠬᠤ ᠵᠢ ᠬᠡᠷᠡᠭᠵᠢᠭᠦᠯᠵᠦ᠂ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠨᠡᠷᠡᠰ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠭᠡᠮ᠎ᠳᠤ ᠨᠡᠢ᠌ᠲᠡᠯᠡᠵᠦ᠂ ᠨᠠᠰᠤᠲᠠᠳ᠎ᠤᠨ ᠰᠣᠩᠭᠣᠯᠲᠠ ᠬᠢᠬᠦ᠎ᠳᠤ ᠬᠠᠩᠭ᠋ᠠᠨ᠎ᠠ᠃ 《ᠪᠤᠭᠤᠷᠤᠯᠴᠤᠳ᠎ᠤᠨ ᠬᠤᠷᠠᠮᠳᠤᠯ ᠬᠤᠪᠢ》 ᠲᠥᠷᠥᠯ ᠵᠦᠢ᠍ᠯ᠎ᠢ ᠡᠨᠡ ᠵᠢᠯ᠎ᠤᠨ 10 ᠰᠠᠷ᠎ᠠ᠎ᠠᠴᠠ ᠡᠬᠢᠯᠡᠨ ᠭᠢᠶ᠎ᠠ ᠪᠠᠭᠰᠢ ᠲᠣᠭᠣᠷᠢᠭ᠎ᠲᠤ ᠪᠦᠭᠦ ᠲᠠᠯ᠎ᠠ᠎ᠪᠠᠷ ᠳᠡᠯᠭᠡᠷᠡᠭᠦᠯᠵᠦ᠂ ᠣᠳᠣᠬᠠᠨ᠎ᠳᠤ ᠨᠢᠭᠡᠨᠲᠡ 1329 ᠪᠠᠭᠤᠪᠴᠢ ᠲᠠᠷᠬᠠᠭ᠋ᠠᠵᠤ᠂ 73 ᠲᠣᠭᠲᠠᠮᠠᠯ ᠴᠡᠭ᠎ᠤᠨ ᠬᠤᠳᠠᠯᠳᠤᠭ᠋ᠠᠴᠢᠨ ᠡᠷᠦᠭᠡ ᠭᠠᠷᠭ᠋ᠠᠪᠠ᠃
ᠠᠵᠢᠯ᠎ᠠᠴᠠ᠎ᠪᠠᠨ ᠠᠮᠠᠷᠠᠭᠰᠠᠨ ᠴᠡᠴᠡᠭ ᠪᠠᠭᠰᠢ ᠦᠷᠭᠦᠯᠵᠢ ᠺᠠᠩ ᠴᠧᠩ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠤᠨ ᠰᠢᠩ ᠹᠦ᠋ ᠬᠣᠭᠣᠯᠠᠨ ᠭᠡᠷ᠎ᠲᠤ ᠡᠪᠦᠭᠡᠨ᠎ᠲᠠᠢ᠎ᠪᠠᠨ ᠬᠠᠮᠲᠤ ᠬᠣᠭᠣᠯᠠ ᠢᠳᠡᠳᠡᠭ᠃ 《ᠪᠤᠭᠤᠷᠤᠯᠴᠤᠳ᠎ᠤᠨ ᠬᠤᠷᠠᠮᠳᠤᠯ ᠬᠤᠪᠢ》 ᠵᠢᠨ ᠨᠥᠬᠥᠪᠦᠷᠢ᠎ᠲᠠᠢ ᠪᠣᠯᠤᠭᠰᠠᠨ ᠵᠢᠡᠷ ᠡᠪᠦᠭᠡᠨ ᠬᠥᠭᠰᠢᠨ ᠬᠣᠶᠠᠭᠤᠯᠠ ᠵᠢᠨ ᠬᠡᠷᠡᠭᠯᠡᠭᠡᠨ᠎ᠤ ᠦᠵᠡᠯᠲᠡ ᠴᠦ᠍ ᠬᠤᠪᠢᠷᠠᠵᠤ᠄ 《ᠪᠢ ᠡᠪᠦᠭᠡᠨ᠎ᠲᠠᠢ᠎ᠪᠠᠨ ᠰᠠᠷ᠎ᠠ ᠪᠦᠷᠢ ᠲᠤᠰ ᠪᠦᠷᠢ 10000 ᠬᠤᠷᠠᠮᠳᠤᠯ ᠬᠤᠪᠢ ᠣᠯᠳᠠᠭ᠃ ᠬᠣᠭᠣᠯᠠ ᠢᠳᠡᠬᠦ᠎ᠠᠴᠠ ᠭᠠᠳᠠᠨ᠎ᠠ ᠪᠠᠰᠠ ᠡᠮ ᠬᠤᠳᠠᠯᠳᠤᠨ ᠠᠪᠴᠤ᠂ ᠦᠰᠦ ᠵᠠᠰᠠᠵᠤ᠂ ᠹᠢᠽᠢᠺ ᠵᠠᠰᠠᠯ᠎ᠤᠨ ᠦᠢ᠍ᠯᠡᠴᠢᠯᠡᠭᠡ ᠭᠦᠷᠳᠡᠨ᠎ᠡ᠃ ᠤᠤᠯ᠎ᠳᠠᠭᠠᠨ ᠪᠢᠳᠡ ᠵᠣᠭᠣᠰ ᠵᠠᠷᠤᠬᠤ ᠳᠤᠷ᠎ᠠ ᠦᠭᠡᠢ᠂ ᠣᠳᠣ ᠡᠬᠢᠯᠡᠨ ᠠᠳᠠᠯᠢ ᠪᠤᠰᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠲᠤᠷᠰᠢᠵᠤ ᠪᠡᠶᠡᠴᠢᠯᠡᠨ ᠣᠢ᠌ᠯᠠᠭ᠋ᠠᠵᠤ ᠪᠠᠢ᠌ᠨ᠎ᠠ》 ᠭᠡᠪᠡ᠃
《〈ᠪᠤᠭᠤᠷᠤᠯᠴᠤᠳ᠎ᠤᠨ ᠬᠤᠷᠠᠮᠳᠤᠯ ᠬᠤᠪᠢ〉᠎ᠨᠢ ᠨᠠᠰᠤᠲᠠᠢ᠌ᠴᠤᠳ᠎ᠤᠨ ᠬᠡᠷᠡᠭᠯᠡᠭᠡᠨ᠎ᠤ ᠦᠵᠡᠯᠲᠡ ᠵᠢ ᠠᠯᠭᠤᠷ ᠵᠶ᠋ᠠᠷ ᠬᠤᠪᠢᠷᠠᠭᠤᠯᠵᠤ᠂ ᠠᠮᠢᠳᠤᠷᠠᠯ᠎ᠳᠤ ᠲᠦᠭᠦᠮ ᠦᠵᠡᠭᠦᠯᠭᠦ ᠵᠢᠨ ᠵᠡᠷᠭᠡ᠎ᠪᠠᠷ ᠨᠠᠰᠤᠲᠠᠢ᠌ᠴᠤᠳ᠎ᠤᠨ ᠦᠢ᠍ᠯᠡᠴᠢᠯᠡᠭᠡ᠎ᠳᠤ ᠨᠡᠩ ᠤᠯᠠᠨ ᠰᠣᠩᠭᠣᠯᠲᠠ᠎ᠲᠠᠢ ᠪᠣᠯᠭ᠋ᠠᠵᠠᠢ᠃ ᠭᠢᠶ᠎ᠠ ᠪᠠᠭᠰᠢ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠠᠵᠢᠯ᠎ᠤᠨ ᠪᠣᠳᠠᠲᠤ ᠪᠠᠢ᠌ᠳᠠᠯ᠎ᠢ ᠦᠨᠳᠦᠰᠦᠯᠡᠨ᠂ ᠵᠣᠬᠢᠬᠤ ᠬᠡᠮᠵᠢᠶᠡᠨ᠎ᠤ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠨᠠᠰᠤᠵᠢᠯ᠎ᠤᠨ ᠠᠰᠠᠷᠠᠮᠵᠢ ᠵᠢ ᠬᠥᠭᠵᠢᠭᠦᠯᠵᠦ᠂ ᠨᠠᠰᠤᠲᠠᠢ᠌ᠴᠤᠳ᠎ᠤᠨ ᠵᠦᠢ ᠵᠣᠬᠢᠰᠲᠠᠢ ᠬᠡᠷᠡᠭᠯᠡᠭᠡᠨ᠎ᠤ ᠳᠠᠳᠬᠠᠯ᠎ᠲᠠᠢ ᠪᠤᠯᠬᠤ ᠵᠢ ᠬᠥᠲᠥᠯᠥᠨ ᠵᠢᠯᠤᠭᠣᠳᠬᠤ ᠪᠣᠯ ᠲᠤᠢ᠌ᠯ᠎ᠤᠨ ᠴᠢᠬᠤᠯᠠ ᠶᠤᠮ᠃ ᠭᠢᠶ᠎ᠠ ᠪᠠᠭᠰᠢ ᠲᠣᠭᠣᠷᠢᠭ 〈ᠪᠤᠭᠤᠷᠤᠯᠴᠤᠳ᠎ᠤᠨ ᠬᠤᠷᠠᠮᠳᠤᠯ ᠬᠤᠪᠢ〉 ᠵᠢᠨ ᠬᠥᠰᠢᠭᠦᠷᠭᠡ᠎ᠪᠠᠷ ᠳᠠᠮᠵᠢᠭᠤᠯᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠬᠥᠭᠵᠢᠯᠲᠡ ᠪᠠ 〈ᠪᠤᠭᠤᠷᠤᠯᠴᠤᠳ᠎ᠤᠨ ᠠᠵᠤ ᠠᠬᠤᠢ〉 ᠵᠢᠨ ᠴᠡᠴᠡᠭᠯᠡᠯᠲᠡ ᠵᠢ ᠳᠠᠢ᠌ᠴᠢᠯᠠᠵᠤ᠂ ᠭᠢᠶ᠎ᠠ ᠪᠠᠭᠰᠢ᠎ᠳᠤ ᠠᠮᠢᠳᠤᠷᠠᠵᠤ ᠪᠠᠢ᠌ᠭ᠎ᠠ ᠨᠠᠰᠤᠲᠠᠳ᠎ᠲᠤ ᠥᠲᠡᠯᠦᠭᠡ ᠨᠠᠰᠤᠨ᠎ᠤ ᠵᠣᠯ ᠵᠢᠷᠭ᠋ᠠᠯᠲᠤ ᠠᠮᠢᠳᠤᠷᠠᠯ᠎ᠢ ᠡᠳ᠋ᠯᠡᠭᠦᠯᠵᠦ ᠪᠠᠢ᠌ᠨ᠎ᠠ》 ᠭᠡᠵᠦ ᠭᠢᠶ᠎ᠠ ᠪᠠᠭᠰᠢ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠵᠠᠩ ᠯᠢ ᠹᠠᠩ ᠲᠠᠨᠢᠯᠴᠠᠭᠤᠯᠤᠨ᠎ᠠ᠃