ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠭᠣᠣᠯᠯᠠᠵᠤ ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠳᠠᠭ᠋ᠠᠭ᠋ᠠᠨ ᠡᠷᠬᠢᠯᠡᠬᠦ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ (ᠳᠣᠷᠣᠭᠰᠢ
《ᠠᠷᠪᠠᠨ ᠳᠥᠷᠪᠡᠳᠦᠭᠡᠷ ᠡᠪᠦᠯ》 ᠭᠡᠵᠦ ᠲᠣᠪᠴᠢᠯᠠᠨ᠎ᠠ)᠎ᠢ ᠤᠤᠯ᠎ᠨᠢ 2020 ᠣᠨ᠎ᠤ 2 ᠳ᠋ᠤᠭ᠋ᠠᠷ ᠰᠠᠷ᠎ᠠ᠎ᠳᠤ ᠡᠷᠭᠢᠯᠡᠬᠦ᠎ᠪᠠᠷ ᠲᠣᠭᠲᠠᠭᠰᠠᠨ ᠪᠣᠯᠪᠠᠴᠤ ᠰᠢᠨ᠎ᠡ ᠲᠢᠲᠢᠮᠯᠢᠭ ᠠᠭᠤᠰᠬᠢᠨ ᠥᠷᠪᠢᠰᠦᠯ᠎ᠤᠨ ᠬᠢᠵᠢᠭ᠎ᠲᠤ ᠨᠥᠯᠦᠭᠡᠯᠡᠭᠳᠡᠭᠰᠡᠨ᠎ᠠᠴᠠ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ 2024 ᠣᠨ᠎ᠤ 2 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 27᠎ᠤ ᠡᠳᠦᠷ ᠮᠥᠨ ᠮᠠᠨ᠎ᠤ ᠣᠷᠣᠨ᠎ᠳᠤ ᠶᠠᠪᠤᠭᠳᠠᠭᠤᠯᠬᠤ᠎ᠪᠠᠷ ᠪᠣᠯᠵᠠᠢ᠃
《 ᠠᠷᠪᠠᠨ ᠳᠥᠷᠪᠡᠳᠦᠭᠡᠷ ᠡᠪᠦᠯ 》᠎ᠤᠨ ᠤᠷᠤᠯᠳᠤᠭ᠋ᠠᠨ᠎ᠤ ᠲᠦᠷᠦᠯ᠎ᠢ 2026 ᠣᠨ᠎ᠤ ᠮᠢᠯᠠᠨ᠎ᠤ ᠡᠪᠦᠯ᠎ᠤᠨ ᠣᠯᠧᠮᠫᠢᠺ ᠲᠠᠢ ᠪᠦᠬᠦ ᠲᠠᠯ᠎ᠠ᠎ᠪᠠᠷ ᠬᠠᠷᠭᠤᠭᠤᠯᠤᠨ ᠪᠠᠢ᠌ᠵᠤ᠂ ᠮᠥᠰᠥᠨ᠎ᠳᠤ ᠲᠡᠰᠢᠬᠦ ᠂ ᠴᠠᠰᠤᠨ᠎ᠳᠤ ᠭᠤᠯᠭᠤᠬᠤ ᠂ ᠡᠪᠦᠯ᠎ᠤᠨ ᠬᠣᠶᠠᠷ ᠲᠦᠷᠢᠯᠲᠡ᠂ ᠮᠥᠰᠥᠨ ᠳᠡᠪᠦᠷ᠎ᠡ ᠂ ᠮᠥᠰᠥᠨ ᠪᠥᠮᠪᠥᠭᠡ ᠂ ᠰᠤᠭᠰᠤᠷᠤᠭᠠ ᠂ ᠴᠢᠷᠭ᠎ᠠ ᠂ ᠴᠠᠨᠠᠯᠠᠨ ᠠᠭᠤᠯᠠ ᠠᠪᠠᠷᠢᠬᠤ ᠵᠡᠷᠭᠡ 8 ᠶᠡᠬᠡ ᠲᠦᠷᠦᠯ ᠂ 16 ᠬᠤᠪᠢᠶᠠᠷᠢ ᠲᠦᠷᠦᠯ ᠂ 176 ᠪᠠᠭ᠎ᠠ ᠲᠦᠷᠦᠯ᠎ᠢ ᠳᠣᠬᠢᠷᠠᠭᠤᠯᠤᠭᠰᠠᠨ ᠮᠥᠷᠲᠡᠭᠡᠨ 《 ᠠᠷᠪᠠᠨ ᠳᠥᠷᠪᠡᠳᠦᠭᠡᠷ ᠡᠪᠦᠯ 》᠎ᠤᠨ ᠮᠥᠰᠥᠨ ᠳᠡᠭᠡᠷᠡᠬᠢ ᠤᠷᠤᠯᠳᠤᠭ᠋ᠠᠨ᠎ᠤ ᠲᠦᠷᠦᠯ᠎ᠢ ᠥᠪᠥᠷ ᠮᠣᠩᠭᠣᠯ᠎ᠤᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠤ ᠪᠣᠯᠪᠠᠰᠤᠷᠠᠯ᠎ᠤᠨ ᠲᠥᠪ ( ᠬᠥᠯᠥᠨ ᠪᠤᠢ᠍ᠢ᠍ᠷ ᠬᠤᠳᠠ ᠵᠢᠨ ᠬᠠᠢ᠌ᠯᠠᠷ ᠲᠣᠭᠣᠷᠢᠭ )᠎ᠲᠤ ᠲᠣᠬᠢᠷᠠᠭᠤᠯᠪᠠ ; ᠴᠠᠰᠤᠨ ᠳᠡᠭᠡᠷᠡᠬᠢ ᠲᠥᠷᠥᠯ᠎ᠢ ᠬᠥᠯᠥᠨ ᠪᠣᠶ᠋ᠢᠷ᠎ᠤᠨ ᠵᠠᠯᠠᠨ ᠠᠢ᠌ᠯ᠎ᠤᠨ ᠵᠢᠨ ᠯᠦᠩ ᠱᠠᠨ ᠠᠭᠤᠯᠠᠨ᠎ᠤ ᠴᠠᠨᠠᠯᠠᠬᠤ ᠲᠠᠯᠠᠪᠠᠶ᠂ ᠤᠯᠠᠭ᠋ᠠᠨᠬᠠᠳᠠ ᠵᠢᠨ ᠬᠠᠷᠠᠴᠢᠨ᠎ᠤ ᠮᠡᠶ᠋ᠢᠷᠡᠨ ᠭᠤᠤ ᠵᠢᠨ ᠴᠠᠨᠠᠯᠠᠬᠤ ᠲᠠᠯᠠᠪᠠᠶ᠂ ᠤᠯᠠᠭ᠋ᠠᠨᠴᠠᠪ᠎ᠤᠨ ᠯᠢᠶᠡᠩᠴᠧᠩ ᠬᠣᠲᠠ ᠵᠢᠨ ᠴᠠᠨᠠᠯᠠᠬᠤ ᠲᠠᠯᠠᠪᠠᠶ᠎ᠳᠤ ᠳᠣᠬᠢᠷᠠᠭᠤᠯᠵᠠᠢ ᠃ ᠵᠢᠱ᠌ᠢᠯᠲᠡ᠎ᠪᠠᠷ 3700 ᠭᠠᠷᠤᠢ ᠲᠠᠮᠢᠷᠴᠢᠳ ᠤᠷᠤᠯᠳᠤᠭ᠋ᠠᠨ᠎ᠳᠤ ᠣᠷᠣᠯᠴᠠᠬᠤ ᠪᠥᠭᠡᠳ 《ᠠᠷᠪᠠᠨ ᠳᠥᠷᠪᠡᠳᠦᠭᠡᠷ ᠡᠪᠦᠯ》᠎ᠨᠢ ᠥᠩᠭᠡᠷᠡᠭᠰᠡᠨ ᠬᠡᠳᠦᠨ ᠬᠤᠭᠤᠴᠠᠭ᠎ᠠ᠎ᠲᠠᠢ ᠬᠠᠷᠢᠴᠠᠭᠤᠯᠪᠠᠯ ᠬᠡᠪᠴᠢᠶ᠎ᠡ᠎ᠪᠠᠷ ᠬᠠᠮᠤᠭ ᠶᠡᠬᠡ᠂ ᠤᠷᠤᠯᠳᠤᠭ᠋ᠠᠨ᠎ᠤ ᠲᠥᠷᠥᠯ ᠬᠠᠮᠤᠭ ᠣᠯᠠᠨ᠂ ᠪᠠᠷᠢᠮᠵᠢᠶ᠎ᠠ ᠬᠠᠮᠤᠭ ᠥᠨᠳᠥᠷ ᠨᠢᠭᠡ ᠬᠤᠭᠤᠴᠠᠭ᠎ᠠ ᠪᠣᠯᠬᠤ ᠪᠣᠯᠣᠨ᠎ᠠ᠃
《ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ ᠵᠶ᠋ᠠᠷ ᠠᠷᠠᠳ᠎ᠲᠤ ᠠᠰᠢᠭ ᠬᠦᠷᠲᠡᠭᠡᠬᠦ》 ᠪᠥᠬᠥ ᠠᠷᠠᠳ ᠵᠶ᠋ᠡᠷ ᠵᠶ᠋ᠡᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ᠎ᠨᠢ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠮᠡᠳᠡᠯᠭᠡ᠂ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠲᠦᠰᠦᠯ᠎ᠤᠨ ᠰᠤᠷᠲᠠᠯᠴᠢᠯᠠᠭ᠎ᠠ ᠵᠢ ᠪᠥᠬᠥ ᠬᠡᠪᠴᠢᠶᠡᠨ᠎ᠳᠤ ᠳᠥᠷᠪᠡᠨ ᠤᠯᠠᠷᠢᠯ᠎ᠤᠨ ᠪᠥᠬᠥ ᠠᠷᠠᠳ ᠵᠶ᠋ᠠᠷ ᠵᠶ᠋ᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ᠎ᠳᠤ ᠠᠭᠤᠰᠤᠯᠴᠠᠭᠤᠯᠵᠤ ᠂ 《ᠬᠥᠮᠥᠨ ᠪᠦᠷᠢ ᠤᠬᠠᠭᠤᠯᠤᠭᠴᠢ᠂ ᠬᠥᠮᠥᠨ ᠪᠦᠷᠢ ᠤᠷᠢᠭᠴᠢ ᠪᠣᠯᠬᠤ》 ᠵᠢ ᠤᠷᠢᠶᠠᠯᠠᠨ᠂ 《ᠠᠷᠪᠠᠨ ᠳᠥᠷᠪᠡᠳᠦᠭᠡᠷ ᠡᠪᠦᠯ》᠎ᠢ ᠬᠠᠯᠠᠮᠵᠢᠯᠠᠵᠤ ᠠᠩᠬᠠᠷᠬᠤ᠎ᠪᠠᠷ ᠳᠠᠮᠵᠢᠭᠤᠯᠤᠨ ᠪᠥᠬᠥ ᠠᠷᠠᠳ ᠵᠶ᠋ᠠᠷ ᠵᠶ᠋ᠠᠨ ᠪᠡᠶ᠎ᠡ ᠴᠢᠭᠢᠷᠠᠭᠵᠢᠭᠤᠯᠬᠤ ᠥᠷᠨᠢᠯᠲᠡ ᠵᠢ ᠪᠣᠶ ᠪᠣᠯᠭ᠋ᠠᠨ ᠂ ᠪᠥᠬᠥ ᠠᠷᠠᠳ ᠵᠶ᠋ᠠᠷ ᠵᠶ᠋ᠠᠨ ᠪᠡᠶ᠎ᠡ ᠴᠢᠭᠢᠷᠠᠭᠵᠢᠭᠤᠯᠬᠤ᠎ᠪᠠᠷ ᠳᠠᠮᠵᠢᠭᠤᠯᠤᠨ ᠡᠪᠦᠯ᠎ᠤᠨ ᠤᠯᠠᠷᠢᠯ᠎ᠤᠨ ᠤᠷᠤᠯᠳᠤᠭ᠋ᠠᠨ᠎ᠤ ᠲᠥᠷᠥᠯ᠎ᠢ ᠴᠢᠨᠠᠭᠰᠢᠳᠠ ᠤᠯᠠᠮ ᠲᠦᠭᠡᠮᠡᠯᠵᠢᠭᠦᠯᠦᠨ ᠳᠡᠯᠭᠡᠷᠡᠭᠦᠯᠵᠦ᠂ ᠣᠯᠠᠨ ᠲᠦᠮᠡᠨ᠎ᠤ ᠮᠥᠰᠥ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ ᠤᠷᠮᠠᠰᠢᠯ᠎ᠢ ᠬᠥᠭᠵᠢᠭᠡᠨ᠎ᠡ᠃