ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ
ᠨᠡᠶ᠋ᠢᠲᠡᠯᠡᠭᠰᠡᠨ ᠴᠠᠭ᠄ 2023-11-02


                                   ᠲᠥᠷᠥ ᠵᠢᠨ  ᠶᠠᠪᠤᠳᠠᠯ᠎ᠤᠨ ᠬᠣᠷᠢᠶ᠎ᠠ ᠲᠠᠷᠬᠠᠭ᠋ᠠᠪᠠ

                                       [ 2023 ] 16 ᠳ᠋ᠤᠭ᠋ᠠᠷ ᠲᠣᠭ᠋ᠠᠲᠤ


ᠡᠯ᠎ᠡ ᠮᠤᠵᠢ ᠂  ᠥᠪᠡᠷᠲᠡᠭᠡᠨ ᠵᠠᠰᠠᠬᠤ ᠣᠷᠣᠨ ᠂  ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ  ᠡᠯ᠎ᠡ ᠶᠠᠮᠤᠨ ᠵᠥᠪᠯᠡᠯ ᠂  ᠡᠯ᠎ᠡ ᠰᠢᠭᠤᠳ ᠬᠠᠷᠢᠶ᠎ᠠ ᠪᠠᠢ᠌ᠭᠤᠯᠤᠮᠵᠢ᠎ᠳᠤ ᠄

       ᠴᠢᠨᠠᠷ ᠰᠠᠢ᠌ᠲᠠᠢ ᠬᠥᠭᠵᠢᠯᠲᠡ ᠡᠨᠡ ᠬᠦ᠌ ᠲᠡᠷᠢᠭᠦᠨ ᠴᠢᠬᠤᠯᠠ ᠡᠭᠦᠷᠭᠡ ᠵᠢᠨ ᠲᠣᠭᠣᠷᠢᠨ᠎ᠳᠤ ᠂  ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠂  ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠂  ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠂  ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠂  ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭ᠋ᠠᠨ ᠪᠦᠲᠦᠭᠡᠨ ᠪᠠᠢ᠌ᠭᠤᠯᠬᠤ ᠪᠣᠯ ᠶᠡᠷᠦᠩᠬᠡᠢ ᠱᠦᠵᠢ  ᠰᠢ ᠵᠢᠨ ᠫᠢᠩ  ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭᠲᠠᠭ᠋ᠠᠵᠤ  ᠥᠭᠭᠦᠭᠰᠡᠨ  ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠠ ᠴᠢᠬᠤᠯᠠ ᠶᠡᠬᠡ ᠬᠠᠷᠢᠭᠤᠴᠠᠯᠭ᠎ᠠ ᠪᠣᠯᠣᠨ᠎ᠠ ᠃  ᠶᠡᠷᠦᠩᠬᠡᠢ ᠱᠦᠵᠢ  ᠰᠢ ᠵᠢᠨ ᠫᠢᠩ᠎ᠤᠨ ᠴᠢᠬᠤᠯᠠ ᠶᠠᠷᠢᠶ᠎ᠠ ᠪᠣᠯᠣᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠥᠪᠥᠷ ᠮᠣᠩᠭᠣᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭ᠋ᠠᠵᠤ ᠂ 《ᠲᠠᠪᠤᠨ ᠶᠡᠬᠡ ᠡᠭᠦᠷᠭᠡ 》 ᠵᠢ  ᠲᠦᠷᠭᠡᠳᠬᠡᠨ ᠨᠠᠢ᠌ᠳᠠᠪᠤᠷᠢᠵᠢᠭᠤᠯᠵᠤ ᠂  ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ  ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠵᠢ ᠳᠡᠮᠵᠢᠬᠦ ᠵᠢᠨ  ᠲᠥᠯᠥᠭᠡ ᠂  ᠣᠲᠣ ᠳᠣᠣᠷᠠᠬᠢ ᠮᠡᠲᠦ ᠰᠠᠨᠠᠯ ᠳᠤᠷᠠᠳᠤᠶ᠎ᠠ ᠃

       ᠨᠢᠭᠡ ᠂  ᠶᠡᠷᠦᠩᠬᠡᠢ ᠱᠠᠭ᠋ᠠᠷᠳᠠᠯᠭ᠎ᠠ

      (ᠨᠢᠭᠡ )  ᠵᠢᠯᠤᠭᠣᠳᠬᠤ ᠦᠵᠡᠯ ᠰᠠᠨᠠᠭ᠎ᠠ

       ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂  ᠶᠡᠷᠦᠩᠬᠡᠢ ᠱᠦᠵᠢ  ᠰᠢ ᠵᠢᠨ ᠫᠢᠩ  ᠪᠣᠯᠣᠨ ᠨᠠᠮ᠎ᠤᠨ ᠲᠥᠪ ᠬᠣᠷᠢᠶ᠎ᠠ ᠵᠢᠨ  ᠥᠪᠥᠷ ᠮᠣᠩᠭᠣᠯ᠎ᠤᠨ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠳᠡᠵᠦ ᠂  ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠂  ᠵᠥᠪ ᠣᠨᠣᠪᠴᠢᠲᠠᠶ ᠂  ᠪᠦᠭᠦ ᠲᠠᠯ᠎ᠠ᠎ᠪᠠᠷ ᠲᠤᠭᠤᠰᠢᠯᠠᠭᠤᠯᠵᠤ ᠂  ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ ᠂  ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠂  ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭ᠋ᠠᠵᠤ ᠂  ᠠᠮᠢ ᠠᠬᠤᠢ ᠵᠢ ᠤᠷᠢᠳ ᠵᠶ᠋ᠡᠷ ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠵᠤ ᠂  ᠠᠵᠤ ᠠᠬᠤᠢ ᠵᠢᠨ ᠪᠦᠲᠦᠴᠡ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠣᠬᠢᠷᠠᠭᠤᠯᠤᠯᠲᠠ ᠵᠢ ᠲᠦᠷᠭᠡᠳᠬᠡᠵᠦ ᠂  ᠡᠬᠢ ᠪᠠᠶᠠᠯᠢᠭ᠎ᠤᠨ ᠮᠠᠶᠢᠭ᠎ᠤᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ᠎ᠢ ᠰᠦᠪᠡᠭᠴᠢᠯᠡᠵᠦ ᠂  ᠥᠪᠥᠷ ᠮᠣᠩᠭᠣᠯ᠎ᠤᠨ 《ᠬᠣᠶᠠᠷ ᠬᠠᠯᠬᠠᠪᠴᠢ 》᠂ 《ᠬᠣᠶᠠᠷ ᠰᠠᠭᠤᠷᠢᠨ 》᠂ 《ᠨᠢᠭᠡ ᠪᠡᠬᠢᠯᠡᠯᠲᠡ 》 ᠵᠢ  ᠪᠦᠲᠦᠭᠡᠨ ᠪᠠᠢ᠌ᠭᠤᠯᠬᠤ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ  ᠠᠬᠢᠭᠤᠯᠵᠤ ᠂  ᠤᠯᠤᠰ᠎ᠤᠨ ᠠᠮᠢ ᠠᠬᠤᠢ ᠂  ᠡᠨᠧᠷᠭᠢ ᠂  ᠠᠮᠤ ᠪᠤᠳᠠᠭ᠎ᠠ ᠂  ᠠᠵᠤ ᠦᠢ᠍ᠯᠡᠰ ᠪᠠ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠪᠠᠲᠤᠯᠠᠬᠤ ᠦᠢ᠍ᠯᠡᠳᠦᠯ ᠴᠢᠳᠠᠪᠬᠢ ᠵᠢ  ᠦᠨᠡᠨ ᠬᠦ᠌ ᠲᠡᠭᠡᠭᠰᠢᠯᠡᠭᠦᠯᠵᠦ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠵᠤ ᠂  ᠪᠦᠭᠦ ᠤᠯᠤᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠨ ᠪᠠᠲᠤᠯᠠᠬᠤ ᠴᠢᠬᠤᠯᠠ ᠲᠤᠯᠭ᠋ᠠᠭᠤᠷᠢᠯᠠᠯ ᠬᠠᠩᠭ᠋ᠠᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠂  ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠭᠦ ᠬᠡᠷᠡᠭᠲᠡᠢ ᠃

      (ᠬᠣᠶᠠᠷ )  ᠠᠵᠢᠯ᠎ᠤᠨ ᠵᠠᠷᠴᠢᠮ

      —  ᠠᠮᠢ ᠠᠬᠤᠢ ᠵᠢ ᠤᠷᠢᠳ ᠵᠶ᠋ᠡᠷ ᠪᠣᠳᠣᠯᠬᠢᠯᠠᠵᠤ ᠂  ᠪᠣᠬᠢᠷᠳᠤᠯ ᠦᠭᠡᠢ ᠬᠥᠭᠵᠢᠭᠦᠯᠦᠨ᠎ᠡ ᠃  ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠤᠢ ᠪᠤᠯᠭ᠋ᠠᠵᠤ ᠂  ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ ᠂  ᠨᠤᠲᠤᠭ ᠪᠡᠯᠴᠢᠭᠡᠷ ᠂  ᠤᠢ ᠰᠢᠭᠤᠢ ᠂  ᠨᠤᠭᠤ ᠭᠠᠵᠠᠷ ᠵᠡᠷᠭᠡ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠡᠷᠴᠢᠮ ᠵᠶ᠋ᠡᠨ ᠴᠢᠩᠭ᠋ᠠᠷᠠᠭᠤᠯᠵᠤ ᠂  ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠴᠢᠩᠭ᠋ᠠᠳᠬᠠᠵᠤ ᠂  ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ 《ᠨᠣᠮᠢᠨ ᠨᠣᠭᠣᠭ᠋ᠠᠨ ᠤᠷᠳᠤ ᠴᠠᠭ᠋ᠠᠨ ᠬᠡᠷᠡᠮ 》᠎ᠢ ᠴᠣᠭᠴᠠᠯᠠᠨ᠎ᠠ ᠃

      —  ᠭᠡᠯᠪᠡᠷᠢ᠎ᠪᠠᠨ ᠬᠤᠪᠢᠷᠠᠭᠤᠯᠵᠤ ᠂  ᠪᠦᠲᠦᠴᠡ᠎ᠪᠠᠨ ᠲᠣᠬᠢᠷᠠᠭᠤᠯᠤᠨ᠎ᠠ ᠃  ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ ᠂  ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ ᠂  ᠠᠵᠤ ᠠᠬᠤᠢ ᠵᠢᠨ ᠬᠥᠭᠵᠢᠯᠲᠡ ᠵᠢᠨ ᠭᠡᠯᠪᠡᠷᠢ ᠵᠢ  ᠬᠤᠪᠢᠷᠠᠭᠤᠯᠬᠤ ᠵᠢ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠂  ᠡᠬᠢ ᠪᠠᠶᠠᠯᠢᠭ᠎ᠤᠨ ᠭᠡᠯᠪᠡᠷᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠂  ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠨ ᠬᠥᠭᠵᠢᠭᠦᠯᠬᠦ ᠂  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠂  ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠎ᠯᠦᠭᠡ ᠬᠠᠷᠢᠯᠴᠠᠨ ᠤᠶᠠᠯᠳᠤᠭᠤᠯᠬᠤ ᠵᠢ ᠠᠬᠢᠭᠤᠯᠵᠤ ᠂  ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠦᠨᠡᠨ ᠬᠦ᠌ ᠳᠡᠭᠡᠭᠰᠢᠯᠡᠭᠦᠯᠦᠨ᠎ᠡ ᠃

      —  ᠥᠭᠡᠷᠡᠴᠢᠯᠡᠯᠲᠡ ᠨᠡᠭᠡᠭᠡᠯᠲᠡ ᠬᠢᠵᠦ ᠂  ᠳᠠᠪᠠᠭᠤᠯᠢᠭ᠎ᠢ ᠪᠤᠢ ᠪᠣᠯᠭ᠋ᠠᠨ᠎ᠠ ᠃ 《ᠬᠣᠶᠠᠷ ᠭᠤᠢ᠌ᠪᠢᠰᠢ ᠦᠭᠡᠢ ᠪᠠᠢ᠌ᠬᠤ 》 ᠵᠢ ᠨᠠᠢ᠌ᠳᠠᠪᠤᠷᠢᠵᠢᠭᠤᠯᠵᠤ ᠂  ᠡᠯᠧᠮᠧᠨ᠋ᠲ᠎ᠤᠨ ᠲᠣᠬᠢᠷᠠᠭᠤᠯᠤᠯᠲᠠ ᠵᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂  ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠦᠨ᠎ᠡ ᠃ 《ᠨᠢᠭᠡ ᠪᠦᠰᠡ ᠨᠢᠭᠡ ᠵᠠᠮ 》᠎ᠢ  ᠬᠠᠮᠲᠤ᠎ᠪᠠᠷ ᠪᠦᠲᠦᠭᠡᠨ ᠪᠠᠢ᠌ᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠵᠤ ᠂  ᠤᠯᠤᠰ᠎ᠤᠨ ᠳᠣᠲᠣᠭ᠋ᠠᠳᠤ ᠵᠢᠨ ᠪᠤᠰᠤᠳ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠂  ᠳᠣᠲᠣᠭ᠋ᠠᠳᠤ ᠭᠠᠳᠠᠭ᠋ᠠᠳᠤ ᠵᠢ ᠬᠣᠯᠪᠣᠭᠰᠠᠨ ᠂  ᠬᠥᠷᠰᠢ ᠵᠡᠷᠭᠡᠯᠡᠳᠡᠭᠡ ᠵᠢ ᠲᠠᠢ᠌ᠴᠢᠯᠠᠨ ᠨᠥᠯᠥᠭᠡᠯᠡᠭᠰᠡᠨ ᠂  ᠡᠬᠢ ᠪᠠᠶᠠᠯᠢᠭ᠎ᠢ ᠲᠥᠪᠯᠡᠷᠡᠭᠦᠯᠵᠦ ᠲᠠᠷᠬᠠᠭ᠋ᠠᠭᠰᠠᠨ ᠂  ᠬᠦᠴᠦᠨ ᠵᠦᠢ᠍ᠯ᠎ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠭᠦ ᠣᠷᠣᠨ ᠪᠦᠰᠡ ᠵᠢᠨ ᠨᠡᠭᠡᠭᠡᠯᠲᠡᠲᠤ ᠲᠠᠪᠴᠠᠩ᠎ᠢ  ᠪᠠᠢ᠌ᠭᠤᠯᠤᠨ᠎ᠠ ᠃

      —  ᠬᠣᠷᠢᠭ᠎ᠠ ᠱᠤᠭᠤᠮ᠎ᠤᠨ ᠰᠡᠳᠬᠢᠬᠦᠢ ᠵᠢ  ᠪᠠᠷᠢᠮᠲᠠᠯᠠᠵᠤ ᠂  ᠠᠮᠤᠷ ᠲᠦᠪᠰᠢᠨ᠎ᠢ ᠪᠠᠲᠤᠯᠠᠨ᠎ᠠ ᠃  ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ ᠂  ᠡᠨᠧᠷᠭᠢ ᠵᠢᠨ ᠠᠵᠤ ᠦᠢ᠍ᠯᠡᠰ ᠂  ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ ᠂  ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ᠎ᠢ ᠪᠠᠳᠠᠷᠠᠭᠤᠯᠵᠤ ᠂  ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠥᠷᠢᠰᠦᠯᠳᠦᠬᠦ ᠬᠦᠴᠦᠨ ᠪᠠ ᠠᠮᠤᠷ ᠲᠦᠪᠰᠢᠨ ᠴᠢᠨᠠᠷ᠎ᠢ ᠴᠢᠩᠭ᠋ᠠᠳᠬᠠᠵᠤ ᠂  ᠪᠦᠭᠦ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠪᠠ ᠪᠠᠲᠤᠯᠠᠬᠤ ᠳᠤᠮᠳᠠ ᠨᠠᠩ ᠶᠡᠬᠡ ᠦᠢ᠍ᠯᠡᠳᠦᠯ ᠦᠵᠡᠭᠦᠯᠦᠨ᠎ᠡ ᠃  ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠢ ᠦᠨᠡᠨ ᠬᠦ᠌ ᠰᠠᠢ᠌ᠲᠤᠷ ᠬᠢᠨ᠎ᠡ ᠃

      —  ᠠᠷᠠᠳ᠎ᠤᠨ ᠠᠮᠢᠳᠤᠷᠠᠯ᠎ᠢ ᠪᠠᠲᠤᠯᠠᠵᠤ ᠂  ᠠᠷᠠᠳ᠎ᠤᠨ ᠰᠡᠳᠬᠢᠯ᠎ᠢ ᠨᠢᠭᠲᠠᠷᠠᠭᠤᠯᠤᠨ᠎ᠠ ᠃  ᠠᠷᠠᠳ ᠲᠦᠮᠡᠨ ᠵᠶ᠋ᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠢ ᠪᠤᠯᠭ᠋ᠠᠵᠤ ᠂  ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠨᠡᠩ ᠴᠢᠬᠤᠯᠠᠴᠢᠯᠠᠵᠤ ᠂  ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂  ᠬᠠᠮᠲᠤ᠎ᠪᠠᠷ ᠪᠠᠶᠠᠵᠢᠬᠤ ᠵᠢ  ᠯᠠᠪᠳᠠᠭᠤᠨ ᠪᠠᠲᠤᠲᠠᠢ ᠠᠬᠢᠭᠤᠯᠵᠤ ᠂  ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠵᠤ ᠂  ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠨ᠎ᠡ ᠃

      (ᠭᠤᠷᠪᠠ )  ᠭᠣᠣᠯ ᠬᠠᠷᠠᠯᠲᠠ

      2027 ᠣᠨ ᠪᠤᠯᠬᠤ᠎ᠳᠤ ᠂  ᠶᠡᠷᠦᠩᠬᠡᠢ᠌ᠯᠡᠭᠰᠡᠨ ᠠᠵᠤ ᠠᠬᠤᠢ ᠵᠢᠨ ᠪᠣᠳᠠᠲᠤ ᠬᠦᠴᠦᠨ᠎ᠢ ᠪᠦᠭᠦ ᠤᠯᠤᠰ᠎ᠤᠨ ᠳᠤᠮᠳᠠ ᠲᠦᠪᠰᠢᠨ᠎ᠳᠤ ᠣᠷᠣᠭᠤᠯᠵᠤ ᠂  ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠪᠦᠭᠦ ᠤᠯᠤᠰ᠎ᠤᠨ ᠳᠤᠮᠳᠠᠴᠢ ᠲᠦᠪᠰᠢᠨ᠎ᠳᠤ ᠬᠦᠷᠭᠡᠵᠦ ᠂  ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠠᠰ ᠳᠡᠪᠰᠢᠭᠦᠯᠵᠦ ᠂  ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠭᠢᠯᠭ᠋ᠠᠨ᠎ᠤ ᠬᠡᠪᠴᠢᠶ᠎ᠡ᠎ᠠᠴᠠ ᠳᠠᠪᠠᠭᠤᠯᠵᠤ ᠂  ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ ᠂ 《ᠤᠮᠠᠷᠠᠲᠤ ᠵᠢᠨ  ᠭᠤᠷᠪᠠᠨ ᠣᠷᠣᠨ 》᠎ᠤ  ᠬᠠᠯᠬᠠᠪᠴᠢ ᠣᠶ ᠵᠢᠨ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠳᠤ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠵᠤ ᠂  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠢᠯᠡᠷᠬᠡᠢ ᠦᠷ᠎ᠡ ᠪᠦᠲᠦᠮᠵᠢ ᠵᠢ  ᠣᠯᠵᠤ ᠂  ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ 《  ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠢ ᠪᠦᠲᠦᠭᠡᠨ ᠪᠠᠢ᠌ᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ ᠂  ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠰᠢᠨ᠎ᠡ ᠬᠥᠭᠵᠢᠯᠲᠡ ᠵᠢ  ᠪᠡᠶᠡᠯᠡᠭᠦᠯᠦᠨ᠎ᠡ ᠃

      2035 ᠣᠨ ᠪᠤᠯᠬᠤ᠎ᠳᠤ ᠂  ᠶᠡᠷᠦᠩᠬᠡᠢ᠌ᠯᠡᠭᠰᠡᠨ ᠠᠵᠤ ᠠᠬᠤᠢ ᠵᠢᠨ ᠪᠣᠳᠠᠲᠤ ᠬᠦᠴᠦᠨ ᠶᠡᠬᠡ᠎ᠪᠠᠷ ᠳᠡᠭᠡᠭᠰᠢᠯᠡᠵᠦ ᠂  ᠠᠵᠤ ᠠᠬᠤᠢ ᠵᠢᠨ ᠶᠡᠷᠦᠩᠬᠡᠢ ᠬᠡᠮᠵᠢᠶ᠎ᠡ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠰᠢᠨ᠎ᠡ ᠳᠡᠭᠲᠡᠷ᠎ᠲᠤ ᠭᠠᠷᠴᠤ ᠂  ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠢ᠌ᠭᠤᠯᠵᠤ ᠂ 《ᠬᠣᠶᠠᠷ ᠬᠠᠯᠬᠠᠪᠴᠢ 》᠂ 《ᠬᠣᠶᠠᠷ ᠰᠠᠭᠤᠷᠢᠨ 》᠂ 《ᠨᠢᠭᠡ ᠪᠡᠬᠢᠯᠡᠯᠲᠡ 》 ᠵᠢᠨ  ᠦᠢ᠍ᠯᠡᠳᠦᠯ᠎ᠢ ᠤᠯᠠᠮ ᠳᠡᠭᠡᠭᠰᠢᠯᠡᠭᠦᠯᠵᠦ ᠂  ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠶᠠᠪᠤᠵᠤ ᠂  ᠪᠦᠭᠦ ᠤᠯᠤᠰ᠎ᠲᠠᠢ ᠵᠡᠷᠭᠡ᠎ᠪᠠᠷ ᠨᠡᠢ᠌ᠭᠡᠮ ᠵᠢᠷᠤᠮᠲᠤ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ ᠃

       ᠬᠣᠶᠠᠷ ᠂  ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ ᠂  ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠡ

      (ᠳᠥᠷᠪᠡ )  ᠴᠦᠯᠯᠡᠷᠭᠡᠭᠵᠢᠯ᠎ᠢ ᠶᠡᠷᠦᠩᠬᠡᠢ᠌ᠯᠡᠨ ᠵᠠᠰᠠᠬᠤ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠨ᠎ᠠ ᠃  ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠶᠠᠪᠤᠳᠠᠯ᠎ᠢ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠵᠢᠨ ᠭᠣᠣᠯ ᠡᠭᠦᠷᠭᠡ ᠪᠤᠯᠭ᠋ᠠᠵᠤ ᠂  ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂  ᠬᠦᠴᠦᠨ ᠵᠶ᠋ᠡᠨ ᠲᠥᠪᠯᠡᠷᠡᠭᠦᠯᠦᠨ ᠭᠣᠣᠯᠳᠠᠯᠭ᠎ᠠ᠎ᠲᠠᠢ ᠭᠠᠵᠠᠷ ᠣᠷᠣᠨ᠎ᠤ ᠬᠡᠪᠴᠢᠶᠡᠵᠢᠭᠦᠯᠦᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠠᠵᠢᠯ᠎ᠢ ᠥᠷᠨᠢᠭᠦᠯᠵᠦ ᠂  ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠬᠡ ᠢᠨᠵᠧᠨᠧᠷᠢᠩ ᠂ 《ᠤᠮᠠᠷᠠᠲᠤ ᠵᠢᠨ  ᠭᠤᠷᠪᠠᠨ ᠣᠷᠣᠨ 》᠎ᠤ  ᠬᠠᠯᠬᠠᠪᠴᠢ ᠣᠶ ᠵᠢᠨ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠬᠠᠮᠵᠢᠯᠴᠠᠨ ᠠᠬᠢᠭᠤᠯᠵᠤ ᠂  ᠭᠣᠣᠯᠳᠠᠯᠭ᠎ᠠ᠎ᠲᠠᠢ ᠡᠯᠡᠰᠦᠷᠬᠡᠭ ᠣᠷᠣᠨ᠎ᠤ ᠬᠣᠰᠢᠭᠤ ᠰᠢᠶᠠᠨ᠎ᠢ ᠨᠢᠭᠡᠳᠦᠯᠲᠡᠢ ᠲᠥᠯᠥᠪᠵᠢᠭᠦᠯᠦᠨ ᠴᠢᠬᠤᠯᠠ ᠶᠡᠬᠡ ᠢᠨᠵᠧᠨᠧᠷᠢᠩ᠎ᠢ ᠠᠬᠢᠭᠤᠯᠵᠤ ᠬᠡᠷᠡᠭᠵᠢᠭᠦᠯᠬᠦ ᠬᠡᠪᠴᠢᠶᠡᠨ᠎ᠳᠤ ᠤᠷᠤᠭᠤᠯᠬᠤ ᠵᠢ ᠰᠤᠳᠤᠯᠤᠨ᠎ᠠ ᠃  ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠂  ᠭᠡᠷᠡᠯᠴᠢ ᠴᠡᠨᠡᠭ ᠵᠶ᠋ᠡᠷ ᠡᠯᠡᠰᠦ ᠵᠢ ᠵᠠᠰᠠᠬᠤ ᠵᠡᠷᠭᠡ᠎ᠳᠠᠬᠢ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠷᠠᠭᠤᠯᠵᠤ ᠂  ᠬᠠᠲᠤᠨ ᠭᠣᠣᠯ᠎ᠤᠨ 《ᠶᠡᠬᠡ ᠲᠣᠬᠣᠢ 》 ᠵᠢᠨ  ᠠᠮᠢ ᠠᠬᠤᠢ ᠣᠷᠴᠢᠨ ᠲᠣᠭᠣᠷᠢᠨ᠎ᠢ ᠰᠢᠰᠲ᠋ᠧᠮ᠎ᠲᠠᠢ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠂  ᠬᠣᠷᠴᠢᠨ ᠪᠣᠯᠣᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ  ᠳᠠᠢ᠌ᠯᠠᠯᠳᠤᠭ᠋ᠠᠨ ᠂  ᠾᠧ ᠰᠢ ᠵᠢᠨ  ᠬᠣᠩᠭᠢᠯ —  ᠲᠠᠺᠯᠢᠮᠠᠺᠠᠨ ᠡᠯᠡᠰᠦᠨ ᠴᠥᠯ᠎ᠤᠨ ᠭᠦᠪᠡᠭᠡ ᠳᠠᠭ᠋ᠠᠤ ᠵᠢᠨ ᠬᠣᠷᠢᠭᠯᠠᠯᠲᠠ ᠵᠢᠨ  ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠂  ᠮᠤᠤᠠᠤᠰᠤ ᠵᠢᠨ ᠡᠯᠡᠰᠦᠷᠬᠡᠭ ᠭᠠᠵᠠᠷ ᠂  ᠬᠥᠪᠴᠢ ᠵᠢᠨ ᠡᠯᠡᠰᠦ ᠵᠡᠷᠭᠡ ᠭᠣᠣᠯᠳᠠᠯᠭ᠎ᠠ᠎ᠲᠠᠢ ᠵᠠᠰᠠᠯᠲᠠ ᠵᠢᠨ ᠣᠷᠣᠨ᠎ᠳᠤ ᠨᠢᠭᠡ ᠪᠦᠯᠦᠭ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠬᠡᠷᠡᠭᠵᠢᠭᠦᠯᠬᠦ ᠵᠢ ᠳᠡᠮᠵᠢᠵᠦ ᠂ 《ᠤᠮᠠᠷᠠᠲᠤ ᠵᠢᠨ  ᠭᠤᠷᠪᠠᠨ ᠣᠷᠣᠨ 》  ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠠᠮᠢ ᠠᠬᠤᠢ ᠣᠷᠴᠢᠨ ᠲᠣᠭᠣᠷᠢᠨ᠎ᠤ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ ᠂  ᠨᠡᠢ᠌ᠰᠯᠡᠯ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠨᠡᠨ ᠬᠦ᠌ ᠪᠠᠲᠤ ᠴᠣᠭᠴᠠᠯᠠᠨ᠎ᠠ ᠃

      (ᠲᠠᠪᠤ )  ᠨᠤᠲᠤᠭ ᠪᠡᠯᠴᠢᠭᠡᠷ ᠣᠶ ᠰᠢᠭᠤᠢ ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠨ᠎ᠠ ᠃  ᠶᠡᠬᠡ ᠬᠢᠩᠭ᠋ᠠᠨ ᠳᠠᠪᠠᠭ᠎ᠠ ᠵᠢᠨ ᠣᠶ ᠰᠢᠭᠤᠢ ᠵᠢᠨ ᠠᠮᠢ ᠠᠬᠤᠢ ᠵᠢ ᠬᠠᠮᠠᠭ᠋ᠠᠯᠠᠨ ᠪᠣᠢ᠌ᠵᠢᠭᠤᠯᠬᠤ ᠂  ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠵᠦ ᠵᠠᠰᠠᠬᠤ ᠂  ᠨᠤᠭᠤ ᠭᠠᠵᠠᠷ᠎ᠢ ᠬᠠᠮᠠᠭ᠋ᠠᠯᠠᠨ ᠰᠡᠷᠭᠦᠭᠡᠬᠦ ᠂  ᠬᠥᠷᠥᠰᠥ ᠰᠢᠷᠣᠢ ᠵᠢ ᠬᠠᠮᠠᠭ᠋ᠠᠯᠠᠬᠤ ᠂  ᠲᠠᠴᠢᠷᠳᠠᠭᠰᠠᠨ ᠣᠶ ᠰᠢᠭᠤᠢ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠵᠡᠷᠭᠡ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ ᠃  ᠮᠠᠯ ᠪᠡᠯᠴᠢᠭᠡᠷ᠎ᠤᠨ ᠲᠡᠩᠴᠡᠭᠦᠷᠢ ᠵᠢ  ᠪᠠᠲᠤᠯᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠰᠡᠯᠭᠦᠨ ᠮᠠᠯᠵᠢᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂  ᠨᠤᠲᠤᠭ ᠪᠡᠯᠴᠢᠭᠡᠷ᠎ᠢ ᠰᠡᠷᠭᠦᠭᠡᠨ ᠰᠠᠢ᠌ᠵᠢᠷᠠᠭᠤᠯᠬᠤ ᠵᠢ ᠠᠬᠢᠭᠤᠯᠤᠨ ᠂  ᠳᠠᠭ᠋ᠠᠭ᠋ᠠᠴᠠ᠎ᠠᠴᠠ᠎ᠨᠢ ᠬᠡᠲᠦᠷᠡᠭᠦᠯᠦᠨ ᠮᠠᠯᠵᠢᠬᠤ ᠵᠢ ᠰᠡᠷᠭᠡᠢ᠌ᠯᠡᠨ᠎ᠡ ᠃  ᠪᠠᠢ᠌ᠭ᠋ᠠᠯᠢᠯᠢᠭ ᠡᠯᠡᠰᠦ ᠪᠠ ᠪᠠᠢ᠌ᠭ᠋ᠠᠯᠢᠯᠢᠭ ᠤᠷᠭᠤᠮᠠᠯ᠎ᠤᠨ ᠪᠦᠷᠬᠦᠴᠡ ᠵᠢ ᠪᠢᠲᠡᠭᠦᠮᠵᠢᠯᠡᠨ ᠬᠠᠮᠠᠭ᠋ᠠᠯᠠᠬᠤ ᠳᠦᠷᠢᠮ᠎ᠢ ᠴᠢᠩᠭ᠎ᠠ ᠬᠡᠷᠡᠭᠵᠢᠭᠦᠯᠵᠦ ᠂  ᠭᠣᠣᠯ ᠪᠤᠯᠬᠤ ᠡᠯᠡᠰᠦᠨ ᠰᠢᠭᠤᠷᠭ᠎ᠠ ᠵᠢᠨ ᠠᠮᠠ ᠂  ᠡᠯᠡᠰᠦᠨ ᠰᠢᠭᠤᠷᠭ᠎ᠠ ᠵᠢᠨ ᠢᠷᠡᠯᠲᠡ ᠵᠢᠨ ᠣᠷᠣᠨ ᠪᠠ ᠡᠯᠡᠰᠦᠨ ᠰᠢᠭᠤᠷᠭ᠎ᠠ ᠵᠢᠨ ᠵᠠᠮ᠎ᠤᠨ ᠣᠷᠣᠨ᠎ᠳᠤ ᠡᠪᠦᠯ᠎ᠤᠨ ᠤᠯᠠᠷᠢᠯ᠎ᠳᠤ ᠬᠠᠭ᠋ᠠᠯᠪᠤᠷᠢᠯᠠᠬᠤ ᠦᠭᠡᠢ᠎ᠪᠠᠷ ᠭᠤᠤᠷᠰᠤ ᠦᠯᠡᠳᠡᠭᠡᠬᠦ ᠳᠦᠷᠢᠮ᠎ᠢ ᠬᠡᠷᠡᠭᠵᠢᠭᠦᠯᠦᠨ᠎ᠡ ᠃  ᠥᠪᠥᠷ ᠮᠣᠩᠭᠣᠯ᠎ᠤᠨ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠲᠤᠷᠰᠢᠯᠲᠠ ᠵᠢ ᠪᠡᠶ᠎ᠡ᠎ᠪᠠᠨ ᠳᠠᠭ᠋ᠠᠭ᠋ᠠᠵᠤ ᠥᠷᠨᠢᠭᠦᠯᠬᠦ ᠵᠢ ᠳᠡᠮᠵᠢᠨ᠎ᠡ ᠃  ᠠᠯᠠᠱ᠌ᠠ ᠠᠭᠤᠯᠠ ᠂  ᠳᠠᠯᠠᠨ ᠬᠠᠷ᠎ᠠ ᠠᠭᠤᠯᠠ ᠵᠡᠷᠭᠡ ᠤᠯᠤᠰ᠎ᠤᠨ ᠴᠡᠴᠡᠷᠯᠢᠭ᠎ᠢ ᠡᠭᠦᠳᠦᠨ ᠪᠠᠢ᠌ᠭᠤᠯᠵᠤ ᠂  ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠠᠮᠢ ᠠᠬᠤᠢ ᠵᠢᠨ ᠤᠬᠠᠭ᠋ᠠᠨ᠎ᠤ ᠪᠦᠭᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠪᠣᠢ᠌ᠵᠢᠭᠤᠯᠤᠨ ᠪᠦᠲᠦᠭᠡᠨ ᠪᠠᠢ᠌ᠭᠤᠯᠤᠨ᠎ᠠ ᠃  ᠥᠪᠥᠷ ᠮᠣᠩᠭᠣᠯ᠎ᠤᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠤᠷᠰᠢᠯᠲᠠ ᠵᠢᠨ ᠣᠷᠣᠨ᠎ᠢ ᠪᠠᠢ᠌ᠭᠤᠯᠬᠤ ᠵᠢ ᠳᠡᠮᠵᠢᠨ᠎ᠡ ᠃ 

      (ᠵᠢᠷᠭᠤᠭ᠎ᠠ )  ᠣᠷᠴᠢᠨ ᠲᠣᠭᠣᠷᠢᠨ᠎ᠤ ᠪᠣᠬᠢᠷᠳᠤᠯ᠎ᠢ ᠰᠡᠷᠭᠡᠢ᠌ᠯᠡᠨ ᠵᠠᠰᠠᠬᠤ ᠵᠢ ᠭᠦᠨᠵᠡᠭᠡᠢ ᠥᠷᠨᠢᠭᠦᠯᠦᠨ᠎ᠡ ᠃  ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠵᠤ ᠂  ᠭᠣᠣᠯᠳᠠᠯᠭ᠎ᠠ᠎ᠲᠠᠢ ᠭᠠᠵᠠᠷ ᠣᠷᠣᠨ᠎ᠤ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢ ᠠᠬᠢᠭᠤᠯᠤᠨ᠎ᠠ ᠃  ᠭᠦᠭᠡᠬᠣᠲᠠ ᠪᠤᠭᠤᠲᠤ ᠣᠷᠳᠣᠰ ᠂  ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠪᠠ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢ ᠵᠠᠰᠠᠬᠤ ᠵᠢ ᠴᠢᠩᠭ᠋ᠠᠳᠬᠠᠨ᠎ᠠ ᠃  ᠬᠠᠲᠤᠨ ᠭᠣᠣᠯ᠎ᠳᠤ ᠣᠷᠣᠭᠤᠯᠬᠤ ᠰᠠᠯᠪᠤᠷᠢ ᠤᠷᠤᠰᠬᠠᠯ᠎ᠤᠨ ᠴᠢᠨᠠᠷ ᠮᠠᠭᠤ ᠵᠢ᠎ᠨᠢ ᠠᠷᠢᠯᠭ᠋ᠠᠬᠤ ᠪᠠ ᠭᠣᠣᠯ᠎ᠳᠤ ᠣᠷᠣᠭᠤᠯᠬᠤ ᠪᠣᠬᠢᠷᠳᠤᠯ ᠭᠠᠳᠠᠭᠰᠢᠯᠠᠭᠤᠯᠬᠤ ᠠᠮᠠ ᠵᠢ ᠲᠥᠷᠥᠯ ᠬᠤᠪᠢᠶᠠᠨ ᠴᠡᠭᠴᠡᠯᠡᠨ ᠵᠠᠰᠠᠬᠤ ᠵᠢ ᠪᠦᠭᠦ ᠲᠠᠯ᠎ᠠ᠎ᠪᠠᠷ ᠬᠡᠷᠡᠭᠵᠢᠭᠦᠯᠵᠦ ᠂  ᠬᠥᠯᠥᠨ ᠨᠠᠭᠤᠷ ᠂  ᠤᠯᠠᠭ᠋ᠠᠨᠰᠤᠬᠠᠢ ᠂  ᠲᠠᠭ᠎ᠠ ᠵᠢᠨ ᠨᠠᠭᠤᠷ ᠵᠢᠴᠢ ᠴᠠᠭ᠋ᠠᠨᠨᠠᠭᠤᠷ ᠵᠡᠷᠭᠡ ᠤᠰᠤᠨ᠎ᠤ ᠠᠮᠢ ᠠᠬᠤᠢ ᠵᠢ ᠶᠡᠷᠦᠩᠬᠡᠢ᠌ᠯᠡᠨ ᠵᠠᠰᠠᠬᠤ ᠵᠢ ᠲᠦᠷᠭᠡᠳᠬᠡᠨ ᠂  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠳᠤᠯ᠎ᠢ ᠴᠡᠭᠴᠡᠯᠡᠨ ᠵᠠᠰᠠᠬᠤ ᠵᠢ ᠴᠢᠩᠭ᠋ᠠᠳᠬᠠᠵᠤ ᠂  ᠬᠣᠭ ᠨᠣᠪᠰᠢ ᠪᠣᠬᠢᠷ ᠤᠰᠤ ᠵᠢ ᠬᠣᠷᠢᠶᠠᠨ ᠴᠤᠭᠯᠠᠭᠤᠯᠬᠤ ᠂  ᠰᠢᠯᠵᠢᠭᠦᠯᠦᠨ ᠲᠡᠭᠡᠭᠡᠪᠦᠷᠢᠯᠡᠬᠦ ᠂  ᠰᠢᠢ᠍ᠳᠪᠦᠷᠢᠯᠡᠬᠦ ᠲᠤᠨᠤᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ ᠃  ᠪᠣᠬᠢᠷᠲᠤᠭᠰᠠᠨ ᠲᠠᠷᠢᠶᠠᠨ ᠭᠠᠵᠠᠷ ᠂  ᠠᠭᠤᠷᠬᠠᠢ ᠵᠢᠨ ᠣᠷᠣᠨ᠎ᠤ ᠬᠡᠷᠡᠭᠯᠡᠬᠦ ᠭᠠᠵᠠᠷ ᠵᠡᠷᠭᠡ ᠵᠢᠨ ᠬᠥᠷᠥᠰᠥ ᠰᠢᠷᠣᠢ ᠵᠢᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠵᠢ ᠴᠢᠩᠭ᠋ᠠᠳᠬᠠᠨ᠎ᠠ ᠃ 《ᠬᠠᠶᠠᠭᠳᠠᠮᠠᠯ ᠦᠭᠡᠢ ᠬᠣᠲᠠ 》 ᠵᠢᠨ  ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠲᠠᠷᠢᠶᠠᠯᠠᠩ ᠮᠠᠯ ᠠᠵᠤ ᠠᠬᠤᠢ ᠵᠢᠨ ᠣᠯᠠᠨ ᠡᠬᠢᠲᠦ ᠪᠣᠬᠢᠷᠳᠤᠯ᠎ᠤᠨ ᠵᠠᠰᠠᠯᠲᠠ ᠵᠢ ᠠᠬᠢᠭᠤᠯᠤᠨ᠎ᠠ ᠃  ᠥᠪᠥᠷ ᠮᠣᠩᠭᠣᠯ᠎ᠤᠨ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠲᠤᠷᠰᠢᠯᠲᠠ ᠵᠢᠨ ᠴᠡᠭ᠎ᠢ ᠭᠦᠨᠵᠡᠭᠡᠢ᠌ᠷᠡᠭᠦᠯᠬᠦ ᠵᠢ  ᠳᠡᠮᠵᠢᠨ᠎ᠡ ᠃  ᠱᠤᠤᠭᠢᠶᠠᠨ᠎ᠤ ᠪᠣᠬᠢᠷᠳᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠨ᠎ᠠ ᠃

      (ᠳᠣᠯᠣᠭ᠎ᠠ )  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠵᠢ ᠠᠬᠢᠭᠤᠯᠤᠨ᠎ᠠ ᠃  ᠨᠡᠭᠦᠷᠡᠰᠦᠲᠥ᠋ᠷᠥᠭᠴᠢ ᠵᠢᠨ  ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠬᠢᠭᠤᠯᠵᠤ ᠂  ᠡᠨᠧᠷᠭᠢ ᠵᠢᠨ ᠬᠣᠷᠣᠭᠳᠠᠭᠤᠯᠤᠯ᠎ᠤᠨ ᠬᠣᠣᠰ ᠡᠵᠡᠮᠳᠡᠯ᠎ᠢ ᠠᠯᠬᠤᠮ ᠠᠯᠬᠤᠮ ᠵᠶ᠋ᠠᠷ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠪᠣᠯᠭ᠋ᠠᠨ ᠬᠤᠪᠢᠷᠠᠭᠤᠯᠬᠤ ᠵᠢ ᠠᠬᠢᠭᠤᠯᠤᠨ᠎ᠠ ᠃  ᠬᠣᠣᠯᠢᠨ ᠭᠣᠣᠯ ᠂  ᠪᠤᠭᠤᠲᠤ ᠵᠢᠨ ᠬᠥᠩᠭᠡᠨᠴᠠᠭ᠋ᠠᠨ᠎ᠤ ᠦᠢ᠍ᠯᠡᠰ ᠵᠡᠷᠭᠡ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ ᠂  ᠣᠷᠳᠣᠰ᠎ᠤᠨ ᠮᠧᠩ ᠰᠦ᠍ ᠂  ᠪᠤᠭᠤᠲᠤ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢ ᠠᠬᠢᠭᠤᠯᠤᠨ᠎ᠠ ᠃  ᠪᠦᠭᠦ ᠲᠠᠯ᠎ᠠ᠎ᠪᠠᠷ ᠠᠷᠪᠢᠯᠠᠨ ᠭᠠᠮᠨᠠᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠨ᠎ᠡ ᠃  ᠬᠣᠲᠠ ᠵᠢᠨ ᠬᠠᠶᠠᠭᠳᠠᠮᠠᠯ ᠪᠣᠳᠠᠰ᠎ᠢ ᠲᠥᠷᠥᠯ ᠬᠤᠪᠢᠶᠠᠨ ᠡᠭᠡᠭᠦᠯᠦᠨ ᠬᠤᠷᠢᠶᠠᠵᠤ ᠠᠰᠢᠭᠯᠠᠬᠤ ᠲᠤᠨᠤᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠵᠦ ᠂  ᠠᠰᠢᠭᠯᠠᠯᠲᠠ᠎ᠠᠴᠠ ᠭᠠᠷᠤᠭᠰᠠᠨ ᠬᠥᠳᠡᠯᠭᠡᠬᠦ ᠬᠦᠴᠦᠨ᠎ᠤ ᠳ᠋ᠢᠶᠠᠨ ᡂᠢ ᠂  ᠭᠡᠷᠡᠯᠴᠢ ᠴᠡᠨᠡᠭ᠎ᠤᠨ ᠤᠭᠰᠠᠷᠠᠭ᠎ᠠ ᠲᠣᠨᠣᠭ ᠂  ᠰᠠᠷᠬᠢᠷᠠᠭᠤᠯ ᠵᠡᠷᠭᠡ ᠰᠢᠨ᠎ᠡ᠎ᠪᠠᠷ ᠪᠤᠶ ᠪᠣᠯᠤᠭᠰᠠᠨ ᠠᠵᠤ ᠦᠢ᠍ᠯᠡᠰ᠎ᠤᠨ ᠬᠠᠶᠠᠭᠳᠠᠮᠠᠯ ᠪᠣᠳᠠᠰ᠎ᠢ ᠡᠷᠭᠢᠯᠳᠦᠭᠦᠯᠦᠨ ᠠᠰᠢᠭᠯᠠᠬᠤ ᠵᠢ ᠴᠢᠩᠭ᠋ᠠᠳᠬᠠᠨ᠎ᠠ ᠃  ᠣᠷᠳᠣᠰ᠎ᠤᠨ ᠨᠤᠨᠳᠠᠭ ᠨᠡᠭᠦᠷᠡᠰᠦᠨ ᠦᠨᠡᠰᠦ᠎ᠠᠴᠠ ᠢᠰᠦᠯᠳᠦᠭᠰᠡᠨ ᠬᠥᠩᠭᠡᠨᠴᠠᠭ᠋ᠠᠨ ᠭᠠᠷᠭ᠋ᠠᠵᠤ ᠠᠪᠬᠤ ᠶᠡᠷᠦᠩᠬᠡᠢ᠌ᠯᠡᠨ ᠠᠰᠢᠭᠯᠠᠬᠤ ᠰᠠᠭᠤᠷᠢᠨ᠎ᠢ ᠪᠦᠲᠦᠭᠡᠨ ᠪᠠᠢ᠌ᠭᠤᠯᠤᠨ᠎ᠠ ᠃  ᠪᠣᠬᠢᠷᠳᠤᠯ ᠦᠭᠡᠢ ᠬᠦᠨᠳᠦ ᠭᠡᠯᠪᠡᠷᠢ ᠵᠢᠨ ᠪᠠᠷᠠᠭ᠋ᠠᠨ᠎ᠤ ᠲᠡᠷᠭᠡ ᠵᠢ ᠳᠡᠯᠭᠡᠷᠡᠭᠦᠯᠵᠦ ᠂  ᠨᠡᠭᠦᠷᠡᠰᠦᠨ ᠠᠭᠤᠷᠬᠠᠢ ᠵᠢᠨ ᠣᠷᠣᠨ ᠂  ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠣᠷᠢᠭ ᠪᠣᠯᠣᠨ ᠪᠣᠯᠣᠳ ᠲᠡᠮᠦᠷ ᠂  ᠢᠯᠴᠢ ᠵᠢᠨ ᠴᠠᠭᠢᠯᠭ᠋ᠠᠨ ᠵᠡᠷᠭᠡ ᠬᠦᠷᠢᠶ᠎ᠡ ᠴᠠᠷᠠᠭ᠎ᠠ᠎ᠳᠤ ᠨᠢᠭᠡ ᠪᠦᠯᠦᠭ ᠴᠡᠪᠡᠷ ᠲᠡᠭᠡᠭᠡᠪᠦᠷᠢ ᠵᠢᠨ ᠠᠵᠤ ᠠᠬᠤᠢ᠌ᠯᠠᠯ᠎ᠢ ᠪᠣᠢ᠌ᠵᠢᠭᠤᠯᠤᠨ᠎ᠠ ᠃  ᠥᠪᠥᠷ ᠮᠣᠩᠭᠣᠯ᠎ᠤᠨ ᠨᠡᠭᠦᠷᠡᠰᠦᠲᠥ᠋ᠷᠥᠭᠴᠢ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠲᠤᠷᠰᠢᠯᠲᠠ ᠵᠢᠨ ᠴᠡᠭ᠎ᠤᠨ ᠠᠵᠢᠯ᠎ᠢ ᠭᠦᠨᠵᠡᠭᠡᠢ᠌ᠷᠡᠭᠦᠯᠵᠦ ᠂  ᠨᠡᠭᠦᠷᠡᠰᠦᠲᠥ᠋ᠷᠥᠭᠴᠢ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠮᠡᠷᠭᠡᠵᠢᠯ᠎ᠤᠨ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠦᠨ᠎ᠡ ᠃  ᠥᠪᠥᠷ ᠮᠣᠩᠭᠣᠯ᠎ᠳᠤ ᠨᠡᠭᠦᠷᠡᠰᠦᠲᠥ᠋ᠷᠥᠭᠴᠢ ᠵᠢᠨ ᠬᠡᠮᠵᠢᠯᠲᠡ ᠵᠢᠨ ᠲᠥᠪ᠎ᠢ ᠪᠦᠲᠦᠭᠡᠨ ᠪᠠᠢ᠌ᠭᠤᠯᠵᠤ ᠂  ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠴᠥᠯᠯᠡᠷᠭᠡᠭ ᠭᠠᠵᠠᠷ᠎ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠡᠮᠵᠢᠯᠲᠡ ᠵᠢᠨ ᠬᠢᠨᠠᠨ ᠰᠢᠨᠵᠢᠬᠦ ᠰᠢᠰᠲ᠋ᠧᠮ᠎ᠢ ᠪᠦᠷᠢᠨᠰᠢᠭᠦᠯᠦᠨ᠎ᠡ ᠃  ᠬᠥᠯᠥᠨ ᠪᠤᠢ᠌ᠷ ᠂  ᠬᠢᠩᠭ᠋ᠠᠨ ᠠᠢ᠌ᠮᠠᠭ ᠂  ᠤᠯᠠᠭ᠋ᠠᠨᠬᠠᠳᠠ ᠵᠡᠷᠭᠡ ᠭᠠᠵᠠᠷ ᠣᠷᠣᠨ᠎ᠤ ᠠᠮᠢ ᠠᠬᠤᠢ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠰᠦᠪᠡᠭᠴᠢᠯᠡᠬᠦ ᠵᠢ ᠳᠠᠮᠵᠢᠨ᠎ᠠ ᠃  ᠥᠪᠥᠷ ᠮᠣᠩᠭᠣᠯ᠎ᠤᠨ ᠪᠣᠬᠢᠷᠳᠤᠯ ᠦᠭᠡᠢ ᠮᠥᠩᠭᠥᠨ ᠭᠦᠢ᠍ᠯᠭᠡᠭᠡᠨ᠎ᠢ ᠬᠥᠭᠵᠢᠭᠦᠯᠬᠦ ᠵᠢ ᠳᠡᠮᠵᠢᠨ᠎ᠡ ᠃

       ᠭᠤᠷᠪᠠ ᠂  ᠠᠵᠤ ᠦᠢ᠍ᠯᠡᠰ᠎ᠤᠨ ᠪᠦᠲᠦᠴᠡ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠣᠬᠢᠷᠠᠭᠤᠯᠤᠨ ᠰᠢᠯᠢᠳᠡᠭᠵᠢᠭᠦᠯᠬᠦ ᠵᠢ  ᠠᠬᠢᠭᠤᠯᠵᠤ ᠂  ᠤᠯᠠᠨ ᠡᠰᠢᠵᠢᠨ ᠬᠥᠭᠵᠢᠵᠦ ᠂  ᠤᠯᠠᠨ ᠲᠤᠢ᠌ᠯ ᠵᠶ᠋ᠡᠷ ᠲᠤᠯᠭ᠋ᠠᠭᠤᠷᠢᠯᠠᠭᠤᠯᠤᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠢ ᠪᠠᠢ᠌ᠭᠤᠯᠤᠨ᠎ᠠ

      (ᠨᠠᠢ᠍ᠮᠠ )  ᠰᠢᠨ᠎ᠡ ᠵᠢ ᠡᠭᠦᠳᠦᠨ ᠬᠥᠭᠵᠢᠬᠦ ᠴᠢᠳᠠᠪᠤᠷᠢ ᠵᠢ ᠴᠢᠩᠭ᠋ᠠᠷᠠᠭᠤᠯᠤᠨ᠎ᠠ ᠃  ᠰᠢᠨ᠎ᠡ ᠡᠨᠧᠷᠭᠢ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂  ᠨᠡᠭᠦᠷᠡᠰᠦ᠎ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠂  ᠪᠠᠯ ᠴᠢᠯᠠᠭᠤᠨ  ᠠᠯᠺᠸᠨ ᠂  ᠤᠰᠤᠲᠥ᠋ᠷᠥᠭᠴᠢ ᠡᠨᠧᠷᠭᠢ ᠂  ᠠᠮᠢᠳᠤ ᠪᠣᠳᠠᠰ᠎ᠤᠨ ᠡᠮ ᠦᠢ᠍ᠯᠡᠳᠬᠦ ᠂  ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ ᠂  ᠡᠪᠡᠰᠦᠨ᠎ᠤ ᠦᠢ᠍ᠯᠡᠰ ᠵᠡᠷᠭᠡ ᠳᠠᠪᠠᠭᠤᠯᠢᠭ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂  ᠤᠯᠤᠰ᠎ᠤᠨ ᠲᠠᠰ᠎ᠤᠨ ᠰᠢᠨ᠎ᠡ ᠵᠢ ᠡᠭᠦᠳᠬᠦ ᠲᠠᠪᠴᠠᠩ᠎ᠢ ᠪᠠᠢ᠌ᠷᠢᠯᠠᠭᠤᠯᠤᠨ ᠪᠠᠢ᠌ᠭᠤᠯᠤᠨ᠎ᠠ ᠃  ᠭᠦᠭᠡᠬᠣᠲᠠ ᠪᠤᠭᠤᠲᠤ ᠣᠷᠳᠣᠰ᠎ᠤᠨ ᠳᠡᠰ ᠳᠠᠷᠠᠭ᠋ᠠᠯᠠᠯ ᠶᠣᠰᠣᠭ᠋ᠠᠷ ᠤᠯᠤᠰ᠎ᠠᠴᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠭᠦ ᠣᠷᠣᠨ᠎ᠢ ᠭᠤᠶᠤᠴᠢᠯᠠᠨ ᠡᠭᠦᠳᠦᠨ ᠪᠠᠢ᠌ᠭᠤᠯᠬᠤ ᠵᠢ ᠳᠠᠮᠵᠢᠨ᠎ᠠ ᠃  ᠤᠯᠤᠰ᠎ᠤᠨ ᠴᠠᠭ᠋ᠠᠨ ᠢᠳᠡᠭᠡᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠢ᠌ᠭᠤᠯᠬᠤ ᠵᠢ ᠲᠦᠷᠭᠡᠳᠬᠡᠨ ᠠᠬᠢᠭᠤᠯᠵᠤ ᠂  ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ ᠂  ᠡᠪᠡᠰᠦᠨ ᠦᠷ᠎ᠡ ᠵᠢᠨ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠡᠭᠦᠳᠦᠨ ᠪᠠᠢ᠌ᠭᠤᠯᠬᠤ ᠵᠢ ᠰᠤᠳᠤᠯᠤᠨ ᠳᠡᠮᠵᠢᠨ᠎ᠡ ᠃  ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ ᠵᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠢ᠌ᠵᠢᠭᠤᠯᠬᠤ ᠵᠡᠷᠭᠡ ᠬᠦᠷᠢᠶᠡᠨ᠎ᠳᠤ ᠪᠦᠭᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠠᠢ᠌ᠭᠤᠯᠬᠤ ᠵᠢ ᠵᠣᠷᠢᠭᠵᠢᠭᠤᠯᠤᠨ᠎ᠠ ᠃  ᠥᠪᠥᠷ ᠮᠣᠩᠭᠣᠯ᠎ᠤᠨ ᠳᠠᠪᠠᠭᠤᠯᠢᠭ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠴᠦᠨ ᠤᠯᠤᠰ᠎ᠤᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ ᠵᠢ ᠳᠡᠮᠵᠢᠵᠦ ᠂  ᠰᠢᠨ᠎ᠡ ᠡᠨᠧᠷᠭᠢ᠎ᠪᠠᠷ ᠴᠠᠭᠢᠯᠭ᠋ᠠᠨ ᠭᠠᠷᠭ᠋ᠠᠬᠤ ᠂  ᠪᠣᠬᠢᠷᠳᠤᠯ ᠦᠭᠡᠢ ᠤᠰᠤᠲᠥ᠋ᠷᠥᠭᠴᠢ ᠦᠢ᠍ᠯᠡᠳᠴᠦ ᠭᠠᠷᠭ᠋ᠠᠬᠤ ᠂  ᠨᠡᠭᠦᠷᠡᠰᠦ᠎ᠪᠠᠷ ᠥᠨᠳᠥᠷ ᠦᠷ᠎ᠡ ᠪᠦᠲᠦᠮᠵᠢᠲᠡᠶ ᠠᠮᠢᠳᠤᠯᠢᠭ ᠵᠶ᠋ᠠᠷ ᠴᠠᠭᠢᠯᠭ᠋ᠠᠨ ᠭᠠᠷᠭ᠋ᠠᠬᠤ ᠂  ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ ᠵᠡᠷᠭᠡ ᠵᠢᠨ ᠰᠤᠳᠤᠯᠭ᠋ᠠᠨ ᠪᠠ ᠦᠢ᠍ᠯᠡᠳᠦᠯᠭᠡ ᠵᠢ ᠥᠷᠨᠢᠭᠦᠯᠦᠨ᠎ᠡ ᠃  ᠤᠯᠤᠰ᠎ᠤᠨ ᠴᠢᠬᠤᠯᠠ ᠶᠡᠬᠡ ᠴᠢᠳᠠᠪᠤᠷᠢᠲᠠᠨ᠎ᠤ ᠢᠨᠵᠧᠨᠧᠷᠢᠩ᠎ᠤᠨ ᠲᠥᠯᠥᠪᠯᠡᠭᠡ ᠪᠠ ᠤᠯᠤᠰ᠎ᠤᠨ ᠴᠢᠳᠠᠪᠤᠷᠢᠲᠠᠨ᠎ᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠨ ᠲᠠᠯ᠎ᠠ᠎ᠪᠠᠷ ᠬᠡᠯᠪᠡᠢ᠌ᠯᠭᠡᠵᠦ ᠬᠠᠷᠠᠭ᠋ᠠᠯᠵᠠᠯ ᠦᠵᠡᠭᠦᠯᠦᠨ᠎ᠡ ᠃  ᠪᠠᠴᠢᠮ ᠬᠡᠷᠡᠭᠴᠡᠭᠡ᠎ᠲᠠᠢ ᠲᠤᠲᠠᠭᠳᠠᠵᠤ ᠪᠠᠢ᠌ᠭ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠵᠢ ᠳᠡᠮᠵᠢᠵᠦ ᠂  ᠭᠠᠵᠠᠷ ᠣᠷᠣᠨ᠎ᠤ ᠴᠢᠨᠠᠷᠲᠠᠢ ᠨᠥᠬᠥᠪᠦᠷᠢ ᠮᠥᠩᠭᠥ ᠵᠢᠨ ᠬᠠᠷᠠᠭ᠋ᠠᠯᠵᠠᠯ ᠦᠵᠡᠭᠦᠯᠭᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ ᠃

      (ᠶᠢᠰᠦ )  ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠲᠦᠷᠭᠡᠳᠬᠡᠨ᠎ᠡ ᠃  ᠰᠢᠨ᠎ᠡ ᠭᠡᠯᠪᠡᠷᠢ ᠵᠢᠨ  ᠠᠵᠤ ᠦᠢ᠍ᠯᠡᠳᠪᠦᠷᠢᠵᠢᠯᠲᠡ ᠵᠢ ᠶᠡᠬᠡ᠎ᠪᠠᠷ ᠠᠬᠢᠭᠤᠯᠵᠤ ᠂  ᠥᠪᠥᠷ ᠮᠣᠩᠭᠣᠯ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠪᠣᠢ᠌ᠵᠢᠭᠤᠯᠤᠨ ᠬᠥᠭᠵᠢᠭᠦᠯᠬᠦ ᠵᠢ ᠳᠡᠮᠵᠢᠨ᠎ᠡ ᠃  ᠪᠣᠯᠣᠳ ᠲᠡᠮᠦᠷ ᠂  ᠥᠩᠭᠡᠲᠦ ᠲᠡᠮᠦᠷᠯᠢᠭ ᠂  ᠪᠠᠷᠢᠯᠭ᠎ᠠ ᠵᠢᠨ ᠮᠠᠲ᠋ᠧᠷᠢᠶᠠᠯ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠡᠨᠧᠷᠭᠢ ᠠᠷᠪᠢᠯᠠᠵᠤ ᠪᠣᠬᠢᠷᠳᠤᠯ᠎ᠢ ᠪᠠᠭ᠋ᠠᠰᠬᠠᠨ ᠨᠡᠭᠦᠷᠡᠰᠦᠲᠥ᠋ᠷᠥᠭᠴᠢ ᠵᠢᠨ  ᠭᠠᠳᠠᠭᠰᠢᠯᠠᠭᠤᠯᠤᠯᠲᠠ ᠵᠢ  ᠪᠠᠭᠤᠷᠠᠭᠤᠯᠬᠤ ᠮᠡᠷᠭᠡᠵᠢᠯ᠎ᠤᠨ ᠥᠭᠡᠷᠡᠴᠢᠯᠡᠯᠲᠡ ᠵᠢ ᠥᠷᠨᠢᠭᠦᠯᠵᠦ ᠂  ᠨᠡᠭᠦᠷᠡᠰᠦ ᠬᠡᠦᠷᠰᠢᠭᠦᠯᠬᠦ ᠬᠢᠮᠢ ᠵᠢᠨ ᠠᠵᠤ ᠦᠢ᠍ᠯᠡᠳᠪᠦᠷᠢ ᠂  ᠾᠯᠣᠷ ᠱᠦᠯᠲᠦ ᠵᠢᠨ ᠬᠢᠮᠢ ᠵᠢᠨ ᠠᠵᠤ ᠦᠢ᠍ᠯᠡᠳᠪᠦᠷᠢ ᠂  ᠹᠯᠣᠷ ᠴᠠᠬᠢᠭᠤᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠎ᠠ ᠃  ᠲᠡᠮᠦᠷ᠎ᠤᠨ ᠬᠠᠢ᠌ᠯᠤᠰᠢ ᠂  ᠬᠡᠦᠷᠰᠢᠭᠦᠯᠬᠦ ᠵᠡᠷᠭᠡ ᠬᠦᠷᠢᠶᠡᠨ᠎ᠤ  ᠠᠵᠤ ᠠᠬᠤᠢ᠌ᠯᠠᠯ᠎ᠢ ᠰᠢᠯᠢᠳᠡᠭᠵᠢᠭᠦᠯᠦᠨ ᠲᠠᠭᠢᠨ ᠪᠠᠢ᠌ᠭᠤᠯᠬᠤ ᠵᠢ ᠵᠣᠷᠢᠭᠵᠢᠭᠤᠯᠤᠨ᠎ᠠ ᠃  ᠭᠡᠷᠡᠯᠴᠢ ᠴᠡᠨᠡᠭ ᠦᠢ᠍ᠯᠡᠳᠬᠦ ᠂  ᠦᠯᠢᠶᠡᠭᠦᠷ ᠮᠠᠰᠢᠨ ᠦᠢ᠍ᠯᠡᠳᠬᠦ ᠵᠡᠷᠭᠡ ᠣᠳᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ ᠦᠢ᠍ᠯᠡᠰ᠎ᠢ ᠡᠮᠬᠢ ᠵᠢᠷᠤᠮ᠎ᠲᠠᠢ ᠬᠥᠭᠵᠢᠭᠦᠯᠵᠦ ᠂  ᠡᠯᠧᠺᠲᠷᠣᠨ ᠳᠡᠰ᠎ᠤᠨ ᠲᠠᠯᠠᠰᠲᠤ ᠴᠠᠬᠢᠭᠤᠷ ᠂  ᠣᠨᠴᠠ ᠲᠥᠷᠥᠯ᠎ᠤᠨ ᠬᠠᠢ᠌ᠯᠤᠰᠢ ᠵᠡᠷᠭᠡ ᠰᠢᠨ᠎ᠡ ᠮᠠᠲ᠋ᠧᠷᠢᠶᠠᠯ᠎ᠢ ᠲᠦᠷᠭᠡᠳᠬᠡᠨ ᠬᠥᠭᠵᠢᠭᠦᠯᠦᠨ᠎ᠡ ᠃  ᠥᠪᠥᠷ ᠮᠣᠩᠭᠣᠯ᠎ᠳᠤ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ ᠪᠠᠢ᠌ᠷᠢᠯᠠᠭᠤᠯᠬᠤ ᠵᠢ ᠳᠡᠮᠵᠢᠵᠦ ᠂  ᠠᠷᠠᠳ᠎ᠤᠨ ᠠᠭ᠋ᠠᠷ᠎ᠤᠨ ᠠᠶᠠᠯᠠᠯ᠎ᠤᠨ  ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ ᠃  ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ )᠂  ᠲᠦᠭᠦᠬᠡᠢ ᠮᠠᠲ᠋ᠧᠷᠢᠶᠠᠯ᠎ᠤᠨ  ᠡᠮ ᠵᠡᠷᠭᠡ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠵᠢ

ᠠᠬᠢᠭᠤᠯᠤᠨ᠎ᠠ ᠃

      (ᠠᠷᠪᠠ )  ᠦᠢ᠍ᠯᠡᠴᠢᠯᠡᠭᠡᠨ᠎ᠤ ᠦᠢ᠍ᠯᠡᠰ᠎ᠤᠨ ᠴᠢᠨᠠᠷ ᠰᠠᠢ᠌ᠲᠠᠢ ᠥᠨᠳᠥᠷ ᠪᠦᠲᠦᠮᠵᠢᠲᠡᠢ ᠬᠥᠭᠵᠢᠯᠲᠡ ᠵᠢ ᠠᠬᠢᠭᠤᠯᠤᠨ᠎ᠠ ᠃  ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠬᠢᠭᠡᠳ ᠲᠡᠷᠢᠭᠦᠨ᠎ᠤ ᠦᠢ᠍ᠯᠡᠳᠬᠦ ᠦᠢ᠍ᠯᠡᠰ ᠂  ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠭᠤᠰᠤᠯᠴᠠᠨ ᠬᠥᠭᠵᠢᠬᠦ ᠵᠢ ᠵᠣᠷᠢᠭᠵᠢᠭᠤᠯᠤᠨ᠎ᠠ ᠃  ᠪᠤᠭᠤᠲᠤ ᠵᠢᠨ  ᠬᠣᠪᠣᠷ ᠰᠢᠷᠣᠢ ᠵᠢᠨ ᠪᠦᠲᠦᠭᠡᠭᠳᠡᠬᠦᠨ᠎ᠢ  ᠰᠢᠯᠭ᠋ᠠᠨ ᠪᠠᠢ᠌ᠴᠠᠭ᠋ᠠᠬᠤ ᠲᠥᠪ᠎ᠢ ᠲᠦᠷᠭᠡᠳᠬᠡᠨ ᠪᠠᠢ᠌ᠭᠤᠯᠤᠨ᠎ᠠ ᠃  ᠥᠪᠥᠷ ᠮᠣᠩᠭᠣᠯ᠎ᠤᠨ ᠬᠦᠢ᠍ᠰᠦ ᠪᠤᠯᠬᠤ ᠠᠵᠤ ᠠᠬᠤᠢ ᠵᠢᠨ ᠬᠥᠭᠵᠢᠯᠲᠡ ᠵᠢ  ᠳᠡᠮᠵᠢᠵᠦ ᠂  ᠤᠯᠤᠰ᠎ᠤᠨ ᠪᠠᠷᠠᠭ᠋ᠠᠨ᠎ᠤ ᠭᠦᠢ᠍ᠯᠭᠡᠭᠡ ᠵᠢᠨ  ᠬᠦᠢ᠍ᠰᠦ ᠂  ᠤᠯᠤᠰ᠎ᠤᠨ ᠭᠣᠣᠯᠯᠠᠬᠤ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠢᠨ  ᠰᠠᠭᠤᠷᠢᠨ᠎ᠤ  ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠵᠠᠰᠠᠮᠠᠯ ᠵᠠᠮ᠎ᠤᠨ ᠴᠢᠩᠭᠡᠯᠢᠭ᠎ᠤᠨ ᠬᠡᠰᠡᠭᠴᠢᠯᠡᠭᠰᠡᠨ ᠲᠡᠭᠡᠭᠡᠪᠦᠷᠢ ᠵᠢ ᠰᠤᠳᠤᠯᠤᠨ ᠬᠡᠷᠡᠭᠯᠡᠨ᠎ᠡ ᠃  ᠨᠠᠰᠤᠲᠠᠢ᠌ᠴᠤᠳ᠎ᠤᠨ ᠠᠵᠤ ᠠᠬᠤᠢ ᠵᠢ ᠪᠣᠢ᠌ᠵᠢᠭᠤᠯᠤᠨ ᠬᠥᠭᠵᠢᠭᠦᠯᠦᠨ᠎ᠡ ᠃  ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠬᠥᠭᠵᠢᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ ᠃  ᠪᠠᠷᠠᠭᠤᠨ ᠯᠢᠶᠣᠤᠾᠧ ᠭᠣᠣᠯ᠎ᠤᠨ ᠪᠣᠯᠪᠠᠰᠤᠨ᠎ᠤ ᠰᠤᠳᠤᠯᠭ᠋ᠠᠨ᠎ᠢ ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠨ ᠰᠢᠨᠵᠢᠯᠡᠬᠦ ᠢᠨᠵᠧᠨᠧᠷᠢᠩ᠎ᠳᠤ ᠣᠷᠣᠭᠤᠯᠵᠤ ᠂  ᠬᠤᠩᠱ᠌ᠠᠨ᠎ᠤ  ᠰᠣᠶᠣᠯ᠎ᠤᠨ ᠪᠠᠭᠤᠷᠢ ᠵᠢ ᠳᠡᠯᠡᠬᠡᠢ ᠵᠢᠨ ᠰᠣᠶᠣᠯ᠎ᠤᠨ ᠥᠪ ᠵᠶ᠋ᠡᠷ ᠮᠡᠳᠡᠭᠦᠯᠬᠦ ᠵᠢ ᠳᠠᠮᠵᠢᠨ᠎ᠠ ᠃  ᠣᠷᠳᠣ ᠴᠠᠭ᠋ᠠᠨ ᠬᠡᠷᠡᠮ ᠂  ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂  ᠷᠠᠰᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠨ ᠠᠮᠠᠷᠠᠬᠤ ᠣᠷᠣᠨ ᠪᠠᠢ᠌ᠭᠤᠯᠬᠤ ᠵᠢ ᠳᠡᠮᠵᠢᠨ᠎ᠡ ᠃  ᠵᠡᠭᠦᠨ ᠬᠠᠲᠠᠪᠴᠢ ᠵᠡᠷᠭᠡ ᠬᠢᠯᠢ ᠵᠢᠨ ᠬᠣᠰᠢᠭᠤ ᠰᠢᠶᠠᠨ᠎ᠳᠤ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ᠎ᠤ ᠥᠭᠡᠷᠡᠴᠢᠯᠡᠯᠲᠡ ᠵᠢᠨ ᠲᠤᠷᠰᠢᠯᠲᠠ ᠬᠢᠬᠦ ᠵᠢ ᠳᠠᠮᠵᠢᠨ᠎ᠠ ᠃  ᠬᠣᠷᠢᠨᠭᠡᠷ᠎ᠤᠨ  ᠮᠥᠩᠭᠥᠨ ᠭᠦᠢ᠍ᠯᠭᠡᠭᠡᠨ᠎ᠤ ᠳ᠋ᠠᠢ᠌ᠲ᠋ᠠ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠰᠤᠳᠤᠯᠤᠨ ᠪᠠᠢ᠌ᠭᠤᠯᠤᠨ᠎ᠠ ᠃  ᠥᠪᠥᠷ ᠮᠣᠩᠭᠣᠯ᠎ᠤᠨ ᠪᠡᠯᠡ ᠬᠤᠷᠠᠮᠳᠤᠭᠤᠯᠭ᠎ᠠ ᠵᠢ  ᠪᠠᠲᠤᠯᠠᠬᠤ ᠪᠠᠢ᠌ᠭᠤᠯᠤᠮᠵᠢ ᠵᠢᠨ  ᠤᠯᠤᠰ᠎ᠤᠨ ᠪᠡᠯᠡ ᠬᠤᠷᠠᠮᠳᠤᠭᠤᠯᠭ᠎ᠠ ᠵᠢᠨ  ᠪᠠᠲᠤᠯᠠᠬᠤ ᠰᠠᠭᠤᠷᠢ ᠮᠥᠩᠭᠥ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠳᠡᠮᠵᠢᠨ᠎ᠡ ᠃

      (ᠠᠷᠪᠠᠨ ᠨᠢᠭᠡ )  ᠰᠠᠭᠤᠷᠢ ᠲᠥᠬᠦᠭᠡᠷᠦᠮᠵᠢ ᠵᠢᠨ  ᠰᠢᠰᠲ᠋ᠧᠮ᠎ᠤᠨ  ᠪᠠᠢ᠌ᠭᠤᠯᠤᠯᠲᠠ ᠵᠢ ᠴᠢᠩᠭ᠋ᠠᠳᠬᠠᠨ᠎ᠠ ᠃  ᠭᠦᠭᠡᠬᠣᠲᠠ᠎ᠠᠴᠠ ᠨᠠᠨᠨᠢᠩ ᠬᠦᠷᠬᠦ ᠵᠠᠮ ᠪᠣᠯᠣᠨ ᠪᠤᠭᠤᠲᠤ (ᠢᠷᠭ᠋ᠠᠢ )᠎ᠠᠴᠠ  ᠬᠠᠢ᠌ᠺᠧᠦ ᠬᠦᠷᠬᠦ ᠵᠠᠮ᠎ᠢ  ᠵᠣᠯᠭ᠋ᠠᠭᠤᠯᠬᠤ ᠵᠢ  ᠰᠤᠳᠤᠯᠤᠨ ᠴᠢᠩᠭ᠋ᠠᠳᠬᠠᠵᠤ ᠂  ᠪᠤᠭᠤᠲᠤ᠎ᠠᠴᠠ ᠣᠷᠳᠣᠰ᠎ᠢ  ᠳᠠᠮᠵᠢᠭ᠋ᠠᠳ ᠲᠡᠮᠡᠭᠡᠲᠦ ᠬᠦᠷᠬᠦ ᠲᠡᠮᠦᠷ ᠵᠠᠮ ᠂  ᠯᠢᠨᠾᠧ᠎ᠠᠴᠠ ᠬᠠᠮᠢ ᠬᠦᠷᠬᠦ ᠲᠡᠮᠦᠷ ᠵᠠᠮ᠎ᠤᠨ ᠯᠢᠨᠾᠧ᠎ᠠᠴᠠ ᠡᠵᠡᠨ᠎ᠡ ᠬᠦᠷᠬᠦ ᠬᠡᠰᠡᠭ᠎ᠤᠨ ᠴᠢᠳᠠᠪᠤᠷᠢ ᠵᠢ  ᠥᠷᠭᠡᠳᠬᠡᠬᠦ ᠥᠭᠡᠷᠡᠴᠢᠯᠡᠯᠲᠡ ᠵᠢᠨ ᠢᠨᠵᠧᠨᠧᠷᠢᠩ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂  ᠴᠢᠴᠢᠬᠠᠷ᠎ᠠᠴᠠ ᠬᠠᠢ᠌ᠯᠠᠷ ᠬᠦᠷᠬᠦ ᠂  ᠬᠠᠢ᠌ᠯᠠᠷ᠎ᠠᠴᠠ ᠾᠧᠢ ᠱᠠᠨ ᠲᠧᠦ ᠬᠦᠷᠬᠦ ᠲᠡᠮᠦᠷ ᠵᠠᠮ᠎ᠢ ᠪᠦᠲᠦᠭᠡᠨ ᠪᠠᠢ᠌ᠭᠤᠯᠬᠤ ᠵᠢ  ᠰᠤᠳᠤᠯᠵᠤ ᠂  ᠤᠯᠠᠭ᠋ᠠᠨᠬᠣᠲᠠ᠎ᠠᠴᠠ ᠷᠠᠰᠢᠶᠠᠨ ᠬᠦᠷᠬᠦ ᠂  ᠷᠠᠰᠢᠶᠠᠨ᠎ᠠᠴᠠ ᠬᠠᠢ᠌ᠯᠠᠷ ᠬᠦᠷᠬᠦ ᠲᠡᠮᠦᠷ ᠵᠠᠮ ᠵᠶ᠋ᠠᠷ  ᠬᠥᠳᠡᠯᠭᠡᠬᠦ ᠬᠦᠴᠦᠨᠲᠦ ᠭᠠᠯᠲᠤ ᠲᠡᠷᠭᠡ ᠶᠠᠪᠤᠭᠤᠯᠬᠤ ᠥᠭᠡᠷᠡᠴᠢᠯᠡᠯᠲᠡ ᠵᠢ  ᠠᠬᠢᠭᠤᠯᠵᠤ ᠂  ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠬᠡᠰᠡᠭ᠎ᠢ ᠬᠣᠯᠪᠣᠬᠤ ᠲᠡᠮᠦᠷ ᠵᠠᠮ᠎ᠢ ᠪᠠᠢ᠌ᠭᠤᠯᠤᠨ᠎ᠠ ᠃  ᠣᠷᠣᠨ ᠨᠤᠲᠤᠭ᠎ᠤᠨ ᠥᠷᠢ ᠥᠭᠴᠡᠭᠡ ᠵᠢᠨ ᠲᠦᠭᠰᠢᠭᠦᠷᠢ ᠵᠢ ᠴᠢᠩᠭ᠎ᠠ ᠰᠡᠷᠭᠡᠢ᠌ᠯᠡᠭᠰᠡᠨ ᠤᠷᠢᠲᠠᠯ ᠳᠣᠣᠷ᠎ᠠ ᠂  ᠤᠯᠤᠰ᠎ᠤᠨ ᠲᠦᠷᠭᠡᠨ᠎ᠤ  ᠵᠠᠰᠠᠮᠠᠯ ᠵᠠᠮ᠎ᠤᠨ ᠭᠣᠣᠯ ᠱᠤᠭᠤᠮ᠎ᠤᠨ ᠥᠪᠥᠷ ᠮᠣᠩᠭᠣᠯ᠎ᠳᠠᠬᠢ ᠬᠡᠰᠡᠭ᠎ᠢ ᠪᠦᠭᠦᠨ᠎ᠢ ᠨᠡᠪᠲᠡᠷᠡᠭᠦᠯᠬᠦ ᠂  ᠠᠢ᠌ᠮᠠᠭ ᠬᠣᠲᠠ ᠵᠢᠨ ᠲᠦᠷᠭᠡᠨ᠎ᠤ  ᠵᠠᠰᠠᠮᠠᠯ ᠵᠠᠮ᠎ᠢ ᠨᠡᠪᠲᠡᠷᠡᠭᠦᠯᠬᠦ ᠂  ᠬᠣᠲᠠ ᠵᠢᠨ ᠲᠣᠭᠣᠷᠢᠭ᠎ᠤᠨ ᠬᠥᠮᠥᠨ ᠠᠮᠠ᠎ᠨᠢ 10 ᠲᠦᠮᠡ᠎ᠠᠴᠠ ᠳᠡᠭᠡᠭᠰᠢᠬᠢ ᠬᠣᠰᠢᠭᠤ ᠰᠢᠶᠠᠨ᠎ᠤ ᠲᠦᠷᠭᠡᠨ᠎ᠤ  ᠵᠠᠰᠠᠮᠠᠯ ᠵᠠᠮ᠎ᠢ ᠬᠣᠯᠪᠣᠨ ᠨᠡᠪᠲᠡᠷᠡᠭᠦᠯᠬᠦ ᠂  ᠭᠣᠣᠯᠳᠠᠯᠭ᠎ᠠ᠎ᠲᠠᠢ ᠪᠣᠭᠣᠮᠲᠠ ᠵᠢᠨ ᠲᠦᠷᠭᠡᠨ᠎ᠤ  ᠵᠠᠰᠠᠮᠠᠯ ᠵᠠᠮ᠎ᠢ ᠬᠣᠯᠪᠣᠨ ᠨᠡᠪᠲᠡᠷᠡᠭᠦᠯᠬᠦ ᠵᠢ ᠠᠬᠢᠭᠤᠯᠤᠨ᠎ᠠ ᠃  ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠤᠨᠤᠭ ᠲᠥᠬᠦᠭᠡᠷᠦᠮᠵᠢ ᠪᠣᠯᠣᠨ ᠠᠮᠤᠷ ᠲᠦᠪᠰᠢᠨ᠎ᠤ ᠰᠡᠷᠭᠡᠢ᠌ᠯᠡᠨ ᠬᠠᠮᠠᠭ᠋ᠠᠯᠠᠬᠤ ᠲᠤᠨᠤᠭ ᠲᠥᠬᠦᠭᠡᠷᠦᠮᠵᠢ ᠵᠢ ᠲᠡᠭᠦᠯᠳᠡᠷᠵᠢᠭᠦᠯᠦᠨ᠎ᠡ ᠃  ᠭᠣᠣᠯᠳᠠᠯᠭ᠎ᠠ᠎ᠲᠠᠢ ᠬᠣᠰᠢᠭᠤ ᠰᠢᠶᠠᠨ᠎ᠳᠤ ᠲᠡᠭᠡᠭᠡᠪᠦᠷᠢ ᠵᠢᠨ  ᠪᠣᠯᠣᠨ ᠨᠡᠢ᠌ᠳᠡᠮ᠎ᠤᠨ  ᠬᠡᠷᠡᠭᠯᠡᠭᠡᠨ᠎ᠤ ᠨᠢᠰᠬᠡᠯ᠎ᠤᠨ ᠪᠠᠭᠤᠳᠠᠯ ᠪᠦᠲᠦᠭᠡᠨ ᠪᠠᠢ᠌ᠭᠤᠯᠬᠤ ᠵᠢ ᠳᠡᠮᠵᠢᠨ᠎ᠡ ᠃  ᠥᠪᠥᠷ ᠮᠣᠩᠭᠣᠯ᠎ᠤᠨ ᠴᠠᠭᠢᠯᠭ᠋ᠠᠨ ᠬᠣᠯᠪᠣᠭ᠋ᠠᠨ᠎ᠤ ᠨᠡᠢ᠌ᠳᠡᠮ᠎ᠤᠨ  ᠦᠢ᠍ᠯᠡᠴᠢᠯᠡᠭᠡᠨ᠎ᠤ ᠲᠦᠪᠰᠢᠨ᠎ᠢ  ᠳᠡᠭᠡᠭᠰᠢᠯᠡᠭᠦᠯᠦᠨ᠎ᠡ ᠃  ᠳᠣᠣᠷ᠎ᠠ ᠠᠭ᠋ᠠᠷ᠎ᠤᠨ ᠣᠷᠣᠨ᠎ᠤ ᠥᠭᠡᠷᠡᠴᠢᠯᠡᠯᠲᠡ ᠵᠢ ᠥᠷᠨᠢᠭᠦᠯᠵᠦ ᠂  ᠳᠣᠣᠷ᠎ᠠ ᠠᠭ᠋ᠠᠷ᠎ᠤᠨ ᠠᠵᠤ ᠠᠬᠤᠢ ᠵᠢ ᠬᠥᠭᠵᠢᠭᠦᠯᠦᠨ᠎ᠡ ᠃  ᠪᠦᠭᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠲᠠ ᠵᠢᠨ  ᠬᠦᠴᠦᠨ᠎ᠤ ᠰᠦᠯᠵᠢᠶ᠎ᠡ ᠵᠢᠨ ᠥᠪᠥᠷ ᠮᠣᠩᠭᠣᠯ᠎ᠤᠨ ᠬᠦᠢ᠍ᠰᠦ ᠵᠠᠩᠭᠢᠯᠠᠭ᠎ᠠ ᠵᠢᠨ  ᠴᠡᠭ᠎ᠤᠨ  ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂  ᠬᠣᠷᠢᠨᠭᠡᠷ᠎ᠤᠨ  ᠳ᠋ᠠᠢ᠌ᠲ᠋ᠠ ᠵᠢᠨ  ᠲᠥᠪ᠎ᠤᠨ ᠪᠦᠯᠦᠭᠵᠢᠯ᠎ᠤᠨ 《ᠵᠡᠭᠦᠨ᠎ᠤ  ᠲᠣᠭ᠎ᠠ ᠵᠢ  ᠪᠠᠷᠠᠭᠤᠨ᠎ᠳᠤ ᠪᠤᠳᠤᠬᠤ 》  ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ ᠃  ᠥᠪᠥᠷ ᠮᠣᠩᠭᠣᠯ᠎ᠤᠨ ᠬᠦᠢ᠍ᠰᠦ ᠵᠠᠩᠭᠢᠯᠠᠭ᠎ᠠ ᠵᠢᠨ  ᠴᠡᠭ ᠬᠢᠭᠡᠳ ᠪᠤᠰᠤᠳ ᠪᠣᠳᠣᠯᠲᠠ ᠵᠢᠨ  ᠬᠦᠴᠦᠨ᠎ᠤ ᠬᠦᠢ᠍ᠰᠦ ᠵᠠᠩᠭᠢᠯᠠᠭ᠎ᠠ ᠵᠢᠨ  ᠴᠡᠭ᠎ᠤᠨ ᠬᠣᠭᠣᠷᠣᠨᠳᠣᠭᠢ ᠰᠦᠯᠵᠢᠶ᠎ᠡ᠎ᠪᠠᠷ ᠳᠠᠮᠵᠢᠭᠤᠯᠬᠤ ᠴᠢᠳᠠᠮᠵᠢ ᠵᠢ ᠳᠡᠭᠡᠭᠰᠢᠯᠡᠭᠦᠯᠭᠦ ᠵᠢ ᠠᠬᠢᠭᠤᠯᠵᠤ ᠂  ᠢᠨᠲ᠋ᠧᠷ ᠰᠦᠯᠵᠢᠶᠡᠨ᠎ᠤ ᠭᠠᠳᠠᠭ᠋ᠠᠳᠤ᠎ᠳᠤ ᠭᠠᠷᠭ᠋ᠠᠬᠤ ᠥᠷᠭᠡᠨ ᠪᠦᠰᠡ ᠵᠢ ᠥᠷᠭᠡᠳᠬᠡᠨ᠎ᠡ ᠃  ᠰᠢᠨ᠎ᠡ ᠭᠡᠯᠪᠡᠷᠢ ᠵᠢᠨ ᠢᠨᠲ᠋ᠧᠷ ᠰᠦᠯᠵᠢᠶᠡᠨ᠎ᠤ ᠰᠣᠯᠢᠯᠴᠠᠭ᠋ᠠᠨ᠎ᠤ ᠲᠥᠪ᠎ᠤᠨ ᠪᠣᠯᠣᠮᠵᠢᠲᠤ ᠴᠢᠨᠠᠷ᠎ᠢ ᠰᠤᠳᠤᠯᠤᠨ ᠨᠤᠲᠠᠯᠠᠬᠤ ᠠᠵᠢᠯ᠎ᠢ ᠥᠷᠨᠢᠭᠦᠯᠦᠨ᠎ᠡ ᠃  ᠥᠪᠥᠷ ᠮᠣᠩᠭᠣᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ  ᠰᠡᠷᠭᠡᠢ᠌ᠯᠡᠵᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠴᠢᠮᠡᠭᠡ ᠬᠣᠯᠪᠣᠭ᠋ᠠᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ ᠃

       ᠳᠥᠷᠪᠡ ᠂  ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂  ᠡᠬᠢ ᠪᠠᠶᠠᠯᠢᠭ᠎ᠤᠨ ᠮᠠᠶᠢᠭ᠎ᠤᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ

      (ᠠᠷᠪᠠᠨ ᠬᠣᠶᠠᠷ )  ᠠᠭᠤᠷᠬᠠᠢ ᠵᠢᠨ ᠡᠬᠢ ᠪᠠᠶᠠᠯᠢᠭ᠎ᠢ ᠡᠮᠬᠢ ᠵᠢᠷᠤᠮ᠎ᠲᠠᠢ ᠨᠡᠭᠡᠭᠡᠨ ᠠᠰᠢᠭᠯᠠᠬᠤ ᠵᠢ ᠠᠬᠢᠭᠤᠯᠤᠨ᠎ᠠ ᠃  ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠂  ᠬᠡᠷᠡᠭᠴᠡᠭᠡ ᠵᠢ ᠬᠠᠮᠢᠶᠠᠷᠬᠤ ᠪᠠ ᠠᠮᠢ ᠠᠬᠤᠢ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂  ᠡᠨᠧᠷᠭᠢ ᠡᠬᠢ ᠪᠠᠶᠠᠯᠢᠭ᠎ᠤᠨ ᠰᠠᠭᠤᠷᠢᠨ ᠂  ᠤᠯᠤᠰ᠎ᠠᠴᠠ ᠲᠥᠯᠥᠪᠵᠢᠭᠦᠯᠦᠭᠰᠡᠨ ᠠᠭᠤᠷᠬᠠᠢ ᠵᠢᠨ ᠣᠷᠣᠨ ᠂  ᠭᠣᠣᠯᠳᠠᠯᠭ᠎ᠠ᠎ᠲᠠᠢ ᠬᠠᠢ᠌ᠨ ᠪᠠᠢ᠌ᠴᠠᠭ᠋ᠠᠵᠤ ᠨᠡᠭᠡᠭᠡᠨ ᠮᠠᠯᠲᠠᠬᠤ ᠣᠷᠣᠨ ᠬᠢᠭᠡᠳ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠂  ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠵᠣᠯᠭ᠋ᠠᠭᠤᠯᠬᠤ ᠠᠵᠢᠯ᠎ᠢ ᠰᠠᠢ᠌ᠲᠤᠷ ᠬᠢᠵᠦ ᠂  ᠦᠨᠳᠦᠰᠦᠨ ᠨᠤᠲᠤᠭ ᠪᠡᠯᠴᠢᠭᠡᠷ᠎ᠤᠨ ᠳᠣᠲᠣᠷ᠎ᠠ ᠬᠠᠤᠯᠢ ᠲᠣᠭᠲᠠᠭ᠋ᠠᠯ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠴᠢᠬᠤᠯᠠ ᠶᠡᠬᠡ ᠠᠭᠤᠷᠬᠠᠢ ᠵᠢᠨ ᠡᠬᠢ ᠪᠠᠶᠠᠯᠢᠭ᠎ᠢ ᠬᠠᠢ᠌ᠨ ᠪᠠᠢ᠌ᠴᠠᠭ᠋ᠠᠵᠤ ᠨᠡᠭᠡᠭᠡᠨ ᠠᠰᠢᠭᠯᠠᠬᠤ ᠲᠥᠷᠥᠯ ᠵᠦᠢ᠍ᠯ᠎ᠢ ᠰᠢᠨ᠎ᠡ᠎ᠪᠠᠷ ᠪᠠᠢ᠌ᠭᠤᠯᠬᠤ ᠵᠢ ᠵᠥᠪᠰᠢᠶᠡᠷᠡᠨ᠎ᠡ ᠃  ᠪᠣᠬᠢᠷᠳᠤᠯ ᠦᠭᠡᠢ ᠬᠠᠢ᠌ᠨ ᠪᠠᠢ᠌ᠴᠠᠭ᠋ᠠᠯᠲᠠ ᠂  ᠪᠣᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠂  ᠠᠭᠤᠷᠬᠠᠢ ᠵᠢᠨ ᠠᠵᠤ ᠠᠬᠤᠢ᠌ᠯᠠᠯ ᠲᠡᠷᠢᠭᠦᠨ᠎ᠤ ᠮᠡᠷᠭᠡᠵᠢᠯ᠎ᠢ ᠬᠡᠷᠡᠭᠯᠡᠬᠦ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠰᠦᠪᠡᠭᠴᠢᠯᠡᠨ ᠲᠣᠭᠲᠠᠭ᠋ᠠᠨ᠎ᠠ ᠃  ᠠᠭᠤᠷᠬᠠᠢ ᠵᠢᠨ ᠡᠬᠢ ᠪᠠᠶᠠᠯᠢᠭ᠎ᠢ ᠠᠷᠪᠢᠯᠠᠬᠤ ᠬᠢᠭᠡᠳ ᠶᠡᠷᠦᠩᠬᠡᠢ᠌ᠯᠡᠨ ᠠᠰᠢᠭᠯᠠᠬᠤ ᠬᠣᠯᠪᠣᠭᠳᠠᠯ ᠪᠦᠬᠦᠢ ᠳᠦᠷᠢᠮ᠎ᠢ ᠲᠡᠭᠦᠯᠳᠡᠷᠵᠢᠭᠦᠯᠵᠦ ᠂  ᠠᠭᠤᠷᠬᠠᠢ ᠵᠢᠨ ᠠᠮᠤᠷ ᠲᠦᠪᠰᠢᠨ᠎ᠤ  ᠪᠠᠲᠤᠯᠠᠭ᠎ᠠ ᠵᠢᠨ ᠲᠥᠬᠦᠭᠡᠷᠦᠮᠵᠢ ᠪᠣᠯᠣᠨ ᠴᠢᠳᠠᠪᠤᠷᠢ ᠵᠢᠨ ᠪᠠᠢ᠌ᠭᠤᠯᠤᠯᠲᠠ ᠵᠢ ᠪᠣᠳᠠᠲᠠᠢ ᠵᠢ ᠡᠷᠬᠢᠮᠯᠡᠨ ᠴᠢᠩᠭ᠋ᠠᠳᠬᠠᠵᠤ ᠂  ᠠᠶᠤᠯᠭᠦᠢ ᠦᠢ᠍ᠯᠡᠳᠪᠦᠷᠢᠯᠡᠬᠦ ᠨᠥᠬᠥᠴᠡᠯ᠎ᠢ ᠪᠦᠷᠢᠯᠳᠦᠭᠦᠯᠦᠭᠡᠳᠦᠢ ᠠᠭᠤᠷᠬᠠᠢ ᠵᠢ ᠲᠥᠷᠥᠯ ᠬᠤᠪᠢᠶᠠᠨ ᠰᠢᠢ᠍ᠳᠪᠦᠷᠢᠯᠡᠵᠦ ᠂  ᠨᠡᠭᠦᠷᠡᠰᠦᠨ᠎ᠤ ᠪᠤᠰᠤ ᠠᠭᠤᠷᠬᠠᠢ ᠵᠢᠨ ᠡᠬᠢ ᠪᠠᠶᠠᠯᠢᠭ᠎ᠢ ᠨᠡᠢ᠌ᠳᠬᠡᠬᠦ ᠵᠢ  ᠠᠬᠢᠭᠤᠯᠵᠤ ᠂  ᠨᠡᠭᠦᠷᠡᠰᠦ ᠵᠢ ᠎ᠲᠠᠭᠠᠨ ᠪᠤᠢ ᠪᠤᠯᠬᠤ ᠡᠬᠢ ᠪᠠᠶᠠᠯᠢᠭ᠎ᠢ ᠶᠡᠷᠦᠩᠬᠡᠢ᠌ᠯᠡᠨ ᠨᠡᠭᠡᠭᠡᠨ ᠠᠰᠢᠭᠯᠠᠬᠤ ᠵᠢ  ᠵᠣᠷᠢᠭᠵᠢᠭᠤᠯᠤᠨ᠎ᠠ ᠃

      (ᠠᠷᠪᠠᠨ ᠭᠤᠷᠪᠠ )  ᠠᠭᠤᠷᠬᠠᠢ ᠵᠢᠨ ᠣᠷᠣᠨ᠎ᠢ ᠵᠠᠰᠠᠵᠤ ᠰᠡᠷᠭᠦᠭᠡᠬᠦ ᠵᠢ ᠴᠢᠩᠭ᠋ᠠᠳᠬᠠᠨ᠎ᠠ ᠃  ᠠᠭᠤᠷᠬᠠᠢ ᠵᠢᠨ  ᠦᠢ᠍ᠯᠡᠳᠪᠦᠷᠢᠯᠡᠯ᠎ᠤᠨ  ᠨᠢᠭᠡᠴᠢ ᠵᠢᠨ ᠎ᠬᠢᠨ ᠠᠭᠤᠷᠬᠠᠢ ᠵᠢᠨ ᠭᠠᠵᠠᠷ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠢᠭᠡᠳ ᠰᠡᠷᠭᠦᠭᠡᠨ ᠵᠠᠰᠠᠬᠤ ᠪᠠ ᠭᠠᠵᠠᠷ ᠰᠢᠷᠣᠢ ᠵᠢ ᠳᠠᠭᠢᠨ ᠬᠠᠭ᠋ᠠᠯᠪᠤᠷᠢᠯᠠᠬᠤ ᠡᠭᠦᠷᠭᠡ ᠵᠢ ᠪᠦᠭᠦ ᠲᠠᠯ᠎ᠠ᠎ᠪᠠᠷ ᠭᠦᠢ᠍ᠴᠡᠳᠬᠡᠬᠦ ᠵᠢ  ᠱᠠᠯᠠᠪᠳᠠᠭᠤᠯᠵᠤ ᠂  ᠭᠤᠷᠪᠠᠳᠠᠭᠴᠢ ᠲᠠᠯ᠎ᠠ᠎ᠠᠴᠠ ᠵᠠᠰᠠᠬᠤ ᠵᠠᠭᠪᠤᠷ᠎ᠢ ᠰᠦᠪᠡᠭᠴᠢᠯᠡᠨ ᠳᠡᠮᠵᠢᠨ᠎ᠡ ᠃  ᠠᠭᠤᠷᠬᠠᠢ ᠵᠢᠨ ᠪᠣᠬᠢᠷᠳᠤᠯ᠎ᠢ ᠵᠠᠰᠠᠬᠤ ᠪᠠ ᠠᠮᠢ ᠠᠬᠤᠢ ᠵᠢ ᠰᠡᠷᠭᠦᠭᠡᠬᠦ ᠵᠢ ᠬᠠᠮᠵᠢᠯᠴᠠᠨ ᠥᠷᠨᠢᠭᠦᠯᠦᠨ᠎ᠡ ᠃  ᠠᠭᠤᠷᠬᠠᠢ ᠵᠢᠨ ᠠᠵᠤ ᠠᠬᠤᠢ᠌ᠯᠠᠯ ᠠᠭᠤᠷᠬᠠᠢ ᠵᠢᠨ ᠭᠠᠵᠠᠷ᠎ᠤᠨ ᠣᠷᠴᠢᠨ ᠲᠣᠭᠣᠷᠢᠨ᠎ᠢ  ᠵᠠᠰᠠᠵᠤ ᠰᠡᠷᠭᠦᠭᠡᠬᠦ ᠰᠠᠭᠤᠷᠢ ᠮᠥᠩᠭᠥ ᠵᠢ ᠲᠣᠭ᠎ᠠ ᠶᠣᠰᠣᠭ᠋ᠠᠷ ᠪᠤᠳᠣᠵᠤ ᠠᠪᠬᠤ ᠂  ᠵᠢᠷᠤᠮᠵᠢᠭᠤᠯᠤᠨ ᠬᠠᠮᠢᠶᠠᠷᠴᠤ ᠬᠡᠷᠡᠭᠯᠡᠬᠦ ᠵᠢ  ᠱᠠᠯᠠᠪᠳᠠᠭᠤᠯᠤᠨ ᠵᠢᠯᠣᠭᠣᠳᠤᠨ᠎ᠠ ᠃  ᠨᠥᠬᠥᠴᠡᠯ ᠪᠦᠷᠢᠯᠳᠦᠭᠦᠯᠦᠭᠰᠡᠨ ᠠᠭᠤᠷᠬᠠᠢ ᠵᠢᠨ ᠣᠷᠣᠨ᠎ᠤ᠎ᠬᠢᠨ ᠭᠠᠵᠠᠷ ᠰᠢᠷᠣᠢ ᠵᠢ ᠬᠡᠪᠴᠢᠶᠡᠵᠢᠭᠦᠯᠦᠨ ᠶᠡᠷᠦᠩᠬᠡᠢ᠌ᠯᠡᠨ ᠵᠠᠰᠠᠬᠤ ᠠᠵᠢᠯ ᠥᠷᠨᠢᠭᠦᠯᠬᠦ ᠂  ᠬᠥᠷᠰᠢ ᠵᠡᠷᠭᠡᠯᠡᠳᠡᠭᠡ ᠠᠭᠤᠷᠬᠠᠢ ᠵᠢᠨ ᠠᠵᠤ ᠠᠬᠤᠢ᠌ᠯᠠᠯ᠎ᠤᠳ ᠲᠥᠪᠯᠡᠷᠡᠨ ᠵᠠᠯᠭ᠋ᠠᠯᠳᠤᠭᠤᠯᠵᠤ ᠶᠡᠷᠦᠩᠬᠡᠢ᠌ᠯᠡᠭᠰᠡᠨ ᠵᠠᠰᠠᠬᠤ ᠠᠵᠢᠯ ᠥᠷᠨᠢᠭᠦᠯᠬᠦ ᠵᠢ  ᠵᠣᠷᠢᠭᠵᠢᠭᠤᠯᠤᠨ᠎ᠠ ᠃  ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ᠎ᠳᠤ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠣᠷᠣᠭᠤᠯᠤᠯᠲᠠ ᠵᠢ ᠨᠡᠮᠡᠭᠳᠡᠭᠦᠯᠵᠦ ᠂  ᠨᠡᠢ᠌ᠭᠡᠮ᠎ᠤᠨ ᠬᠥᠷᠥᠩᠭᠡ ᠣᠷᠤᠯᠴᠠᠬᠤ ᠵᠢᠨ ᠬᠠᠮᠲᠤ ᠵᠦᠢ ᠵᠣᠬᠢᠰᠲᠠᠢ᠎ᠪᠠᠷ ᠠᠰᠢᠭ ᠣᠯᠬᠤ ᠵᠢ ᠵᠣᠷᠢᠭᠵᠢᠭᠤᠯᠤᠨ ᠳᠡᠮᠵᠢᠨ᠎ᠡ ᠃

      (ᠠᠷᠪᠠᠨ ᠳᠥᠷᠪᠡ )  ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠦᠨ᠎ᠡ ᠃  ᠡᠬᠢ ᠪᠠᠶᠠᠯᠢᠭ᠎ᠢ ᠨᠡᠭᠡᠭᠡᠨ ᠠᠰᠢᠭᠯᠠᠬᠤ ᠨᠥᠬᠥᠪᠦᠷᠢ ᠥᠭᠬᠦ ᠲᠣᠭᠲᠠᠴᠠ ᠪᠠ ᠠᠰᠢᠭ ᠲᠤᠰᠠ ᠵᠢᠨ ᠬᠤᠪᠢᠶᠠᠷᠢᠯᠠᠯᠲᠠ ᠵᠢᠨ ᠬᠠᠮᠲᠤ᠎ᠪᠠᠷ ᠡᠳ᠋ᠯᠡᠬᠦ ᠲᠣᠭᠲᠠᠴᠠ ᠵᠢ ᠪᠦᠷᠢᠨᠰᠢᠭᠦᠯᠵᠦ ᠂  ᠡᠬᠢ ᠪᠠᠶᠠᠯᠢᠭ᠎ᠤᠨ ᠭᠡᠯᠪᠡᠷᠢ ᠵᠢᠨ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠬᠠᠷᠢᠭᠤᠴᠠᠯᠭ᠎ᠠ ᠪᠠ ᠨᠡᠢ᠌ᠭᠡᠮ᠎ᠤᠨ ᠬᠠᠷᠢᠭᠤᠴᠠᠯᠭ᠎ᠠ ᠵᠢ ᠴᠢᠩᠭ᠋ᠠᠳᠬᠠᠵᠤ ᠂  ᠪᠣᠬᠢᠷᠳᠤᠯ ᠦᠭᠡᠢ᠎ᠪᠠᠷ ᠨᠡᠭᠡᠭᠡᠨ ᠠᠰᠢᠭᠯᠠᠬᠤ ᠂  ᠠᠰᠢᠭ ᠣᠷᠣᠯᠭ᠎ᠠ ᠵᠢ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ ᠃  ᠲᠣᠰᠬᠣᠨ᠎ᠤ ᠬᠠᠮᠲᠤ᠎ᠨᠢ ᠲᠦᠷᠢᠶᠡᠰᠦᠯᠡᠬᠦ ᠵᠡᠷᠭᠡ ᠭᠡᠯᠪᠡᠷᠢ᠎ᠪᠠᠷ ᠠᠭᠤᠷᠬᠠᠢ ᠵᠢᠨ ᠣᠷᠣᠨ᠎ᠤ ᠭᠠᠵᠠᠷ ᠰᠢᠷᠣᠢ ᠵᠢ ᠠᠰᠢᠭᠯᠠᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ ᠂  ᠣᠲᠣ ᠦᠶ᠎ᠡ ᠵᠢᠨ ᠲᠠᠷᠢᠶᠠᠯᠠᠩ᠎ᠤᠨ ᠲᠤᠨᠤᠭ ᠲᠥᠬᠦᠭᠡᠷᠦᠮᠵᠢ ᠵᠢ  ᠬᠠᠮᠲᠤ᠎ᠪᠠᠷ ᠪᠠᠢ᠌ᠭᠤᠯᠬᠤ ᠪᠣᠯᠣᠨ ᠰᠢᠨ᠎ᠡ ᠡᠨᠧᠷᠭᠢ ᠵᠢ ᠬᠥᠭᠵᠢᠭᠦᠯᠬᠦ ᠵᠢ  ᠰᠦᠪᠡᠭᠴᠢᠯᠡᠵᠦ ᠂  ᠠᠭᠤᠷᠬᠠᠢ ᠵᠢᠨ ᠣᠷᠣᠨ᠎ᠤ ᠰᠠᠭᠤᠭ᠋ᠠᠯᠢ ᠠᠷᠠᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠤᠨ᠎ᠠ ᠃  ᠮᠤᠵᠢ ᠣᠷᠣᠨ ᠠᠯᠤᠰᠯᠠᠨ ᠴᠠᠭᠢᠯᠭ᠋ᠠᠨ ᠬᠦᠷᠭᠡᠬᠦ ᠢᠨᠵᠧᠨᠧᠷᠢᠩ᠎ᠤᠨ ᠣᠷᠳᠣ ᠬᠤᠭᠤᠴᠠᠭ᠋ᠠᠨ᠎ᠤ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠨᠠᠢ᠌ᠳᠠᠪᠤᠷᠢᠵᠢᠭᠤᠯᠵᠤ ᠂  ᠮᠤᠵᠢ ᠣᠷᠣᠨ ᠠᠯᠤᠰᠯᠠᠨ ᠴᠠᠭᠢᠯᠭ᠋ᠠᠨ ᠬᠦᠷᠭᠡᠵᠦ ᠴᠠᠭᠢᠯᠭ᠋ᠠᠨ ᠬᠦᠯᠢᠶᠡᠬᠦ ᠤᠷᠢᠳ ᠵᠢᠡᠷ ᠴᠠᠭᠢᠯᠭ᠋ᠠᠨ ᠭᠠᠷᠭ᠋ᠠᠬᠤ ᠲᠥᠯᠥᠪᠯᠡᠭᠡ ᠵᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠂  ᠵᠠᠬ᠎ᠠ ᠳᠡᠯᠭᠡᠭᠦᠷᠴᠢᠯᠡᠭᠰᠡᠨ ᠭᠡᠯᠪᠡᠷᠢ᠎ᠪᠠᠷ ᠭᠠᠳᠠᠭᠰᠢ ᠬᠦᠷᠭᠡᠬᠦ ᠴᠠᠭᠢᠯᠭ᠋ᠠᠨ ᠬᠦᠴᠦᠨ᠎ᠤ ᠳᠤᠮᠳᠠ ᠣᠷᠳᠣ ᠬᠤᠭᠤᠴᠠᠭ᠋ᠠᠨ᠎ᠤ ᠠᠷᠠᠯᠵᠢᠶ᠎ᠠ ᠥᠷᠨᠢᠭᠦᠯᠬᠦ ᠵᠢ ᠵᠣᠷᠢᠭᠵᠢᠭᠤᠯᠵᠤ ᠂  ᠰᠢᠨ᠎ᠡ ᠡᠨᠧᠷᠭᠢ᠎ᠪᠠᠷ ᠴᠠᠭᠢᠯᠭ᠋ᠠᠨ ᠭᠠᠷᠭ᠋ᠠᠬᠤ ᠠᠵᠤ ᠠᠬᠤᠢ᠌ᠯᠠᠯ᠎ᠤᠨ ᠮᠤᠵᠢ ᠣᠷᠣᠨ᠎ᠤ ᠬᠣᠭᠣᠷᠣᠨᠳᠣᠭᠢ ᠪᠡᠯᠡᠨ ᠪᠠᠷᠠᠭ᠋ᠠᠨ᠎ᠤ ᠠᠷᠠᠯᠵᠢᠶ᠎ᠠ᠎ᠳᠤ ᠣᠷᠤᠯᠴᠠᠬᠤ ᠵᠢ ᠠᠬᠢᠭᠤᠯᠤᠨ᠎ᠠ ᠃  ᠲᠥᠪ᠎ᠤᠨ ᠠᠵᠤ ᠠᠬᠤᠢ᠌ᠯᠠᠯ᠎ᠤᠨ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠬᠤ ᠵᠢ ᠵᠣᠷᠢᠭᠵᠢᠭᠤᠯᠵᠤ ᠂  ᠭᠦᠭᠡᠬᠣᠲᠠ ᠵᠢᠨ  ᠡᠨᠧᠷᠭᠢ ᠡᠬᠢ ᠪᠠᠶᠠᠯᠢᠭ᠎ᠤᠨ ᠶᠡᠷᠦᠩᠬᠡᠢ ᠬᠡᠯᠲᠡᠰ ᠠᠵᠤ ᠠᠬᠤᠢ ᠲᠥᠪᠯᠡᠷᠡᠭᠰᠡᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ ᠃  ᠦᠬᠠᠢ ᠂  ᠣᠷᠳᠣᠰ ᠵᠡᠷᠭᠡ ᠥᠪᠥᠷ ᠮᠣᠩᠭᠣᠯ᠎ᠤᠨ ᠪᠠᠷᠠᠭᠤᠨ ᠬᠡᠰᠡᠭ ᠪᠣᠯᠣᠨ ᠦᠵᠦᠭᠦᠷ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠂  ᠠᠯᠠᠱ᠌ᠠ ᠵᠢᠨ ᠤᠰᠤᠲᠠᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠦᠷᠢᠶᠡᠯᠡᠩ ᠲᠣᠭᠣᠷᠢᠭ᠎ᠤᠨ ᠡᠬᠢ ᠪᠠᠶᠠᠯᠢᠭ᠎ᠢ ᠨᠡᠢ᠌ᠳᠬᠡᠵᠦ ᠂  ᠬᠠᠮᠢᠶᠠᠷᠤᠯᠲᠠ ᠵᠢᠨ ᠪᠠᠢ᠌ᠭᠤᠯᠤᠮᠵᠢ ᠵᠢ ᠰᠢᠯᠤᠭᠤᠳᠬᠠᠬᠤ ᠵᠢ ᠳᠡᠮᠵᠢᠨ᠎ᠡ ᠃

       ᠲᠠᠪᠤ ᠂  ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠪᠠᠢ᠌ᠭᠤᠯᠵᠤ ᠂  ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠨᠡᠮᠡᠭᠳᠡᠭᠦᠯᠦᠨ᠎ᠡ

      (ᠠᠷᠪᠠᠨ ᠲᠠᠪᠤ )  ᠤᠯᠠᠮᠵᠢᠯᠠᠯᠲᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃  ᠨᠡᠭᠦᠷᠡᠰᠦᠨ ᠴᠠᠭᠢᠯᠭ᠋ᠠᠨ ᠴᠢᠯᠠᠭᠤᠨ ᠲᠣᠰᠣ ᠰᠢᠲᠠᠮᠠᠬᠠᠢ ᠬᠡᠢ ᠵᠢᠨ ᠲᠡᠷᠢᠭᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠡᠮᠬᠢ ᠳᠢᠭᠯᠢᠮ᠎ᠲᠠᠢ ᠪᠠᠳᠠᠷᠠᠭᠤᠯᠵᠤ ᠂  ᠨᠡᠭᠦᠷᠡᠰᠦ ᠨᠥᠭᠡᠴᠡᠯᠡᠬᠦ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ ᠃  ᠥᠪᠥᠷ ᠮᠣᠩᠭᠣᠯ᠎ᠤᠨ ᠨᠡᠭᠦᠷᠡᠰᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢᠨ ᠨᠥᠭᠡᠴᠡᠯᠡᠯᠲᠡ ᠥᠷᠨᠢᠭᠦᠯᠬᠦ ᠵᠢ ᠤᠷᠢᠳ ᠵᠶ᠋ᠠᠷ ᠳᠡᠮᠵᠢᠵᠦ ᠂  ᠵᠣᠬᠢᠬᠤ ᠬᠡᠪᠴᠢᠶᠡᠨ᠎ᠤ ᠨᠡᠭᠦᠷᠡᠰᠦ ᠬᠡᠷᠡᠭᠯᠡᠬᠦ ᠣᠷᠭᠢᠯ᠎ᠤᠨ ᠬᠤᠭᠤᠴᠠᠭ᠋ᠠᠨ᠎ᠤ ᠲᠣᠬᠢᠷᠠᠭᠤᠯᠤᠯᠲᠠ ᠵᠢᠨ  ᠨᠥᠭᠡᠴᠡᠯᠡᠬᠦ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠢ᠌ᠭᠤᠯᠤᠨ᠎ᠠ ᠃  ᠨᠡᠭᠦᠷᠡᠰᠦᠨ ᠴᠠᠭᠢᠯᠭ᠋ᠠᠨ᠎ᠤ ᠦᠨᠳᠦᠰᠦᠨ ᠵᠦᠢ᠍ᠯ᠎ᠤᠨ ᠪᠠᠲᠤᠯᠠᠭ᠎ᠠ ᠵᠢ  ᠴᠢᠩᠭ᠋ᠠᠳᠬᠠᠵᠤ ᠂  ᠤᠯᠤᠰ᠎ᠤᠨ ᠲᠥᠯᠦᠪᠵᠢᠭᠦᠯᠭᠡ ᠳᠣᠲᠣᠷᠠᠬᠢ ᠨᠡᠭᠦᠷᠡᠰᠦᠨ ᠴᠠᠭᠢᠯᠭ᠋ᠠᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂  ᠨᠢᠭᠡ ᠪᠦᠯᠦᠭ ᠨᠡᠭᠦᠷᠡᠰᠦᠨ ᠴᠠᠭᠢᠯᠭ᠋ᠠᠨ᠎ᠤ ᠲᠥᠷᠥᠯ ᠵᠦᠢ᠍ᠯ᠎ᠢ ᠨᠥᠭᠡᠴᠡᠯᠡᠨ᠎ᠡ ᠃  ᠨᠡᠭᠦᠷᠡᠰᠦᠨ ᠴᠠᠭᠢᠯᠭ᠋ᠠᠨ᠎ᠤ ᠮᠠᠰᠢᠨ ᠴᠣᠭᠴᠠᠯᠠᠪᠤᠷᠢ ᠵᠢᠨ 《ᠭᠤᠷᠪᠠ ᠵᠢ ᠥᠭᠡᠷᠡᠴᠢᠯᠡᠵᠦ ᠬᠠᠮᠲᠤᠷᠠᠨ ᠬᠥᠳᠡᠯᠦᠯᠴᠡᠬᠦ 》 ᠵᠢ  ᠪᠦᠭᠦ ᠲᠠᠯ᠎ᠠ᠎ᠪᠠᠷ ᠠᠬᠢᠭᠤᠯᠤᠨ᠎ᠠ ᠃  ᠨᠡᠭᠦᠷᠡᠰᠦᠨ ᠴᠠᠭᠢᠯᠭ᠋ᠠᠨ᠎ᠤ  ᠬᠣᠴᠤᠷᠤᠩᠭᠤᠢ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠭᠰᠢᠭᠳᠡᠭᠦᠯᠬᠦ ᠵᠢ ᠦᠷᠭᠦᠯᠵᠢᠯᠡᠨ ᠠᠬᠢᠭᠤᠯᠵᠤ ᠂  ᠠᠮᠢ ᠨᠠᠰᠤ ᠵᠢ ᠤᠷᠲᠤᠳᠬᠠᠵᠤ ᠠᠵᠢᠯᠯᠠᠭᠤᠯᠬᠤ ᠂  ᠰᠢᠭᠰᠢᠭᠳᠡᠭᠦᠯᠬᠦ ᠬᠠᠭ᠋ᠠᠬᠤ ᠵᠣᠭᠰᠤᠭ᠋ᠠᠬᠤ ᠪᠠ 《ᠬᠠᠭ᠋ᠠᠭ᠋ᠠᠳ ᠨᠤᠷᠠᠭ᠋ᠠᠬᠤ ᠦᠭᠡᠢ 》  ᠪᠠᠢ᠌ᠬᠤ ᠵᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠴᠠᠭᠢᠯᠭ᠋ᠠᠨ᠎ᠤ  ᠢᠷᠡᠯᠲᠡ ᠪᠣᠯᠭ᠋ᠠᠨ ᠲᠦᠷᠦᠯ ᠬᠤᠪᠢᠶᠠᠨ ᠰᠢᠢ᠍ᠳᠪᠦᠷᠢᠯᠡᠨ᠎ᠡ ᠃  ᠥᠪᠥᠷ ᠮᠣᠩᠭᠣᠯ᠎ᠤᠨ ᠴᠢᠯᠠᠭᠤᠨ ᠲᠣᠰᠣ ᠰᠢᠲᠠᠮᠠᠬᠠᠢ ᠬᠡᠢ ᠵᠢ ᠬᠠᠢ᠌ᠨ ᠰᠢᠨᠵᠢᠯᠡᠵᠦ ᠨᠡᠭᠡᠭᠡᠨ ᠬᠥᠭᠵᠢᠭᠦᠯᠬᠦ ᠵᠢ ᠳᠡᠮᠵᠢᠵᠦ ᠂  ᠴᠢᠯᠠᠭᠤᠨ ᠲᠣᠰᠣ ᠰᠢᠲᠠᠮᠠᠬᠠᠢ ᠬᠡᠢ ᠵᠢ ᠬᠠᠢ᠌ᠨ ᠪᠠᠢ᠌ᠴᠠᠭ᠋ᠠᠬᠤ ᠣᠷᠣᠨ ᠬᠡᠰᠡᠭ᠎ᠤᠨ ᠡᠵᠡᠩᠨᠡᠯᠲᠡ ᠵᠢᠨ  ᠡᠷᠬᠡ ᠵᠢ  ᠰᠢᠯᠵᠢᠭᠦᠯᠬᠦ ᠡᠷᠴᠢᠮ᠎ᠢ ᠴᠢᠩᠭ᠋ᠠᠷᠠᠭᠤᠯᠤᠨ ᠂  ᠣᠷᠳᠣᠰ᠎ᠤᠨ ᠡᠩ᠎ᠤᠨ ᠪᠤᠰᠤ ᠪᠠᠢ᠌ᠭ᠋ᠠᠯᠢ ᠵᠢᠨ ᠰᠢᠲᠠᠮᠠᠬᠠᠢ ᠬᠡᠢ ᠵᠢ ᠬᠠᠢ᠌ᠨ ᠰᠢᠨᠵᠢᠯᠡᠵᠦ ᠨᠡᠭᠡᠭᠡᠨ ᠬᠥᠭᠵᠢᠭᠦᠯᠬᠦ ᠵᠢ ᠠᠬᠢᠭᠤᠯᠵᠤ ᠂  ᠣᠷᠳᠣᠰ᠎ᠤᠨ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠭᠦ ᠲᠣᠭᠣᠷᠢᠭ ᠪᠠ ᠨᠡᠭᠦᠷᠡᠰᠦ᠎ᠪᠠᠷ ᠲᠣᠰᠣ ᠬᠡᠢ ᠦᠢ᠍ᠯᠡᠳᠬᠦ ᠪᠠᠢ᠌ᠯᠳᠤᠬᠤ ᠪᠣᠳᠣᠯᠭ᠎ᠠ ᠵᠢᠨ ᠰᠠᠭᠤᠷᠢᠨ᠎ᠢ ᠴᠢᠨᠠᠷ ᠰᠠᠢ᠌ᠲᠠᠢ ᠪᠦᠲᠦᠭᠡᠨ ᠪᠠᠢ᠌ᠭᠤᠯᠵᠤ ᠂  ᠨᠡᠭᠦᠷᠡᠰᠦ᠎ᠪᠠᠷ ᠰᠠᠭᠤᠷᠢ ᠪᠤᠯᠭ᠋ᠠᠬᠰᠠᠨ ᠰᠢᠨ᠎ᠡ ᠮᠠᠲ᠋ᠧᠷᠢᠶᠠᠯ᠎ᠤᠨ ᠳᠡᠭᠡᠳᠦ ᠳᠡᠰᠵᠢᠭᠰᠡᠨ ᠬᠥᠭᠵᠢᠯᠲᠡ ᠵᠢ ᠳᠠᠶ᠋ᠢᠴᠢᠯᠠᠨ᠎ᠠ ᠃

      (ᠠᠷᠪᠠᠨ ᠵᠢᠷᠭᠤᠭ᠎ᠠ )  ᠲᠣᠮᠣ ᠭᠡᠯᠪᠡᠷᠢ ᠵᠢᠨ ᠰᠠᠯᠬᠢᠨ ᠬᠦᠴᠦᠨ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠬᠥᠪᠴᠢ ᠂  ᠲᠡᠭᠷᠢ ᠂  ᠤᠯᠠᠭ᠋ᠠᠨᠪᠤᠬ᠎ᠠ ᠂  ᠪᠠᠳᠠᠢ ᠵᠢᠨ ᠵᠢᠷᠠᠨ ᠵᠡᠷᠭᠡ ᠡᠯᠡᠰᠦ ᠂  ᠭᠣᠪᠢ ᠂  ᠴᠦᠯᠯᠡᠷᠭᠡᠭ ᠭᠠᠵᠠᠷ ᠣᠷᠣᠨ᠎ᠤ ᠲᠣᠮᠣ ᠭᠡᠯᠪᠡᠷᠢ ᠵᠢᠨ ᠰᠠᠯᠬᠢᠨ ᠬᠦᠴᠦᠨ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ ᠂  ᠲᠤᠯᠭ᠋ᠠᠭᠤᠷᠢᠯᠠᠬᠤ ᠴᠢᠨᠠᠷᠲᠠᠢ ᠴᠠᠭᠢᠯᠭ᠋ᠠᠨ ᠡᠭᠦᠰᠬᠡᠭᠴᠢ ᠵᠢᠴᠢ ᠭᠠᠳᠠᠭᠰᠢ ᠬᠦᠷᠭᠡᠬᠦ ᠰᠤᠪᠠᠭ᠎ᠤᠨ ᠪᠦᠲᠦᠭᠡᠨ ᠪᠠᠢ᠌ᠭᠤᠯᠤᠯᠲᠠ ᠵᠢ  ᠲᠦᠷᠭᠡᠳᠬᠡᠨ᠎ᠡ ᠃  ᠬᠤᠯᠠᠨ ᠰᠢᠷᠭ᠎ᠠ ᠲᠠᠭ᠎ᠠ ᠵᠢᠨ  ᠡᠯᠡᠰᠦᠷᠬᠡᠭ ᠭᠠᠵᠠᠷ᠎ᠠᠴᠠ ᠪᠡᠭᠡᠵᠢᠩ ᠲᠢᠶᠠᠨᠵᠢᠨ ᠾᠧᠪᠧᠢ᠎ᠳᠤ ᠴᠠᠭᠢᠯᠭ᠋ᠠᠨ ᠬᠦᠷᠭᠡᠬᠦ ᠵᠠᠮ᠎ᠤᠨ ᠪᠦᠲᠦᠭᠡᠨ ᠪᠠᠢ᠌ᠭᠤᠯᠤᠯᠲᠠ ᠵᠢ ᠰᠤᠳᠤᠯᠤᠨ ᠠᠬᠢᠭᠤᠯᠤᠨ᠎ᠠ ᠃  ᠬᠡᠪᠴᠢᠶᠡᠵᠢᠭᠦᠯᠬᠦ ᠬᠢᠭᠡᠳ ᠲᠠᠷᠬᠠᠬᠤ ᠭᠡᠯᠪᠡᠷᠢ ᠵᠢᠨ ᠨᠡᠭᠡᠭᠡᠯᠲᠡ ᠬᠢᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ ᠂  ᠥᠨᠳᠥᠷ ᠦᠷ᠎ᠡ ᠪᠦᠲᠦᠮᠵᠢᠲᠡᠶ ᠡᠨᠧᠷᠭᠢ ᠨᠥᠭᠡᠴᠡᠯᠡᠬᠦ ᠣᠷᠭᠢᠯ᠎ᠢ ᠲᠣᠬᠢᠷᠠᠭᠤᠯᠬᠤ ᠲᠣᠨᠣᠭᠯᠠᠯ᠎ᠢ ᠵᠡᠷᠭᠡ᠎ᠳᠤᠨᠢ ᠲᠣᠬᠢᠷᠠᠭᠤᠯᠵᠤ ᠂  ᠭᠡᠷᠡᠯ ᠢᠯᠴᠢ᠎ᠪᠠᠷ ᠴᠠᠭᠢᠯᠭ᠋ᠠᠨ ᠭᠠᠷᠭ᠋ᠠᠬᠤ ᠵᠢ ᠢᠳᠡᠪᠬᠢᠲᠡᠢ᠎ᠪᠠᠷ ᠬᠥᠭᠵᠢᠭᠦᠯᠦᠨ᠎ᠡ ᠃  ᠥᠪᠥᠷ ᠮᠣᠩᠭᠣᠯ᠎ᠤᠨ ᠰᠢᠨ᠎ᠡ ᠭᠡᠯᠪᠡᠷᠢ ᠵᠢᠨ ᠴᠠᠭᠢᠯᠭ᠋ᠠᠨ ᠬᠦᠴᠦᠨ᠎ᠤ ᠰᠢᠰᠲ᠋ᠧᠮ᠎ᠤᠨ ᠴᠢᠬᠤᠯᠠ ᠶᠡᠬᠡ ᠵᠢᠱ᠌ᠢᠶ᠎ᠡ ᠦᠵᠡᠭᠦᠯᠭᠦ ᠢᠨᠵᠧᠨᠧᠷᠢᠩ᠎ᠢ ᠪᠦᠲᠦᠭᠡᠨ ᠪᠠᠶ᠋ᠢᠭᠤᠯᠬᠤ ᠵᠢ ᠳᠡᠮᠵᠢᠵᠦ ᠂  ᠰᠢᠨ᠎ᠡ ᠡᠨᠧᠷᠭᠢ ᠵᠢᠨ ᠪᠢᠴᠢᠯ ᠴᠠᠭᠢᠯᠭ᠋ᠠᠨ ᠲᠣᠣᠷ᠎ᠤᠨ ᠬᠡᠷᠡᠭᠯᠡᠯᠲᠡ ᠥᠷᠨᠢᠭᠦᠯᠬᠦ ᠵᠢ ᠵᠣᠷᠢᠭᠵᠢᠭᠤᠯᠤᠨ᠎ᠠ ᠃  ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠠᠭᠢᠯᠭ᠋ᠠᠨ ᠲᠣᠣᠷ ᠬᠢᠭᠡᠳ ᠤᠮᠠᠷᠠᠲᠤ ᠵᠢᠨ ᠴᠠᠭᠢᠯᠭ᠋ᠠᠨ ᠲᠣᠣᠷ᠎ᠤᠨ ᠲᠣᠣᠷ ᠬᠣᠯᠪᠣᠬᠤ ᠠᠷᠭ᠎ᠠ ᠭᠡᠯᠪᠡᠷᠢ ᠵᠢ  ᠰᠤᠳᠤᠯᠤᠨ ᠰᠢᠯᠢᠳᠡᠭᠵᠢᠭᠦᠯᠦᠨ᠎ᠡ ᠃  ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠂ 500 ᠺᠢᠯᠣᠸᠠᠲ᠎ᠤᠨ ᠴᠠᠭᠢᠯᠭ᠋ᠠᠨ ᠲᠣᠣᠷ᠎ᠤᠨ ᠢᠨᠵᠧᠨᠧᠷᠢᠩ᠎ᠤᠨ ᠳᠦᠷᠢᠮ ᠲᠣᠭᠲᠠᠭ᠋ᠠᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠦᠨ᠎ᠡ ᠃  ᠴᠠᠭᠢᠯᠭ᠋ᠠᠨ ᠡᠭᠦᠰᠬᠡᠭᠴᠢ ᠴᠠᠭᠢᠯᠭ᠋ᠠᠨ ᠲᠣᠣᠷ᠎ᠢ ᠲᠥᠯᠥᠪᠵᠢᠭᠦᠯᠬᠦ ᠂  ᠬᠢᠨᠠᠨ ᠵᠥᠪᠰᠢᠶᠡᠷᠡᠬᠦ ᠂  ᠪᠦᠲᠦᠭᠡᠨ ᠪᠠᠶ᠋ᠢᠭᠤᠯᠬᠤ ᠂  ᠠᠵᠢᠯᠯᠠᠭᠤᠯᠬᠤ ᠵᠡᠷᠭᠡ ᠭᠣᠭᠴᠣᠭ᠎ᠠ ᠵᠢ  ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠨ᠎ᠠ ᠃

      (ᠠᠷᠪᠠᠨ ᠳᠣᠯᠣᠭ᠎ᠠ )  ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠢᠰᠲ᠋ᠧᠮ᠎ᠢ ᠲᠦᠷᠭᠡᠳᠬᠡᠨ ᠪᠠᠢ᠌ᠭᠤᠯᠤᠨ᠎ᠠ ᠃  ᠣᠷᠣᠨ ᠪᠦᠰᠡ ᠵᠢᠨ ᠨᠡᠭᠦᠷᠡᠰᠦᠨ᠎ᠤ ᠠᠷᠠᠯᠵᠢᠶᠠᠨ᠎ᠤ ᠲᠥᠪ᠎ᠢ ᠰᠤᠳᠤᠯᠤᠨ ᠪᠠᠢ᠌ᠭᠤᠯᠤᠨ᠎ᠠ ᠃  ᠰᠢᠨ᠎ᠡ ᠡᠨᠧᠷᠭᠢ ᠣᠷᠤᠯᠴᠠᠬᠤ᠎ᠳᠤ ᠵᠣᠬᠢᠴᠠᠭᠰᠠᠨ ᠴᠠᠭᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠳᠦᠷᠢᠮ᠎ᠢ ᠲᠡᠭᠦᠯᠳᠡᠷᠵᠢᠭᠦᠯᠵᠦ ᠂  ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠠᠭᠢᠯᠭ᠋ᠠᠨ ᠲᠣᠣᠷ ᠴᠠᠭᠢᠯᠭ᠋ᠠᠨ ᠬᠦᠴᠦᠨ᠎ᠤ ᠪᠠᠭᠲᠠᠭ᠋ᠠᠮᠵᠢ ᠵᠢᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠤᠷᠰᠢᠯᠲᠠ ᠵᠢᠨ ᠴᠡᠭ᠎ᠢ ᠰᠦᠪᠡᠭᠴᠢᠯᠡᠨ ᠥᠷᠨᠢᠭᠦᠯᠵᠦ ᠂  ᠳᠠᠬᠢᠯᠲᠠ ᠡᠨᠧᠷᠭᠢ ᠵᠢᠨ ᠢᠵᠢ ᠪᠦᠷᠢᠳᠦᠭᠰᠡᠨ ᠨᠡᠭᠦᠷᠡᠰᠦ ᠴᠠᠭᠢᠯᠭ᠋ᠠᠨ᠎ᠤ ᠲᠥᠷᠥᠯ ᠵᠦᠢ᠍ᠯ᠎ᠤᠨ ᠪᠠᠭᠲᠠᠭ᠋ᠠᠮᠵᠢ ᠵᠢ ᠨᠥᠬᠥᠪᠦᠷᠢᠯᠡᠬᠦ ᠲᠣᠭᠲᠠᠴᠠ ᠵᠢ ᠪᠠᠢ᠌ᠭᠤᠯᠤᠨ᠎ᠠ ᠃  ᠥᠪᠥᠷ ᠮᠣᠩᠭᠣᠯ᠎ᠤᠨ ᠴᠠᠭᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠪᠣᠬᠢᠷᠳᠤᠯ ᠦᠭᠡᠢ ᠴᠠᠭᠢᠯᠭ᠋ᠠᠨ ᠬᠦᠴᠦᠨ᠎ᠤ ᠠᠷᠠᠯᠵᠢᠶ᠎ᠠ ᠵᠢ ᠥᠷᠨᠢᠭᠦᠯᠦᠨ᠎ᠡ ᠃  ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠵᠠᠩᠭᠢᠯᠠᠭ᠎ᠠ ᠵᠢᠨ ᠮᠠᠲ᠋ᠧᠷᠢᠶᠠᠯ ᠂  ᠲᠣᠨᠣᠭ ᠲᠥᠬᠦᠭᠡᠷᠦᠮᠵᠢ ᠵᠢᠴᠢ ᠰᠡᠯᠪᠢᠭ ᠲᠣᠨᠣᠭ ᠵᠡᠷᠭᠡ ᠪᠦᠭᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠲᠦᠷᠭᠡᠳᠬᠡᠵᠦ ᠂  ᠰᠠᠯᠬᠢ ᠭᠡᠷᠡᠯ ᠤᠰᠤᠳᠤᠢ᠍ᠷᠦᠭᠴᠢᠵᠢᠭᠦᠯᠦᠨ ᠬᠠᠳᠠᠭ᠋ᠠᠯᠠᠬᠤ ᠠᠵᠤ ᠦᠢ᠍ᠯᠡᠰ᠎ᠤᠨ ᠪᠦᠯᠦᠭᠵᠢᠯ᠎ᠢ ᠪᠤᠵᠠᠭ᠋ᠠᠢ᠌ᠷᠠᠭᠤᠯᠤᠨ ᠂  ᠤᠯᠤᠰ᠎ᠤᠨ ᠲᠡᠰ᠎ᠤᠨ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ ᠰᠠᠭᠤᠷᠢᠨ᠎ᠢ ᠪᠦᠲᠦᠭᠡᠨ ᠪᠠᠢ᠌ᠭᠤᠯᠤᠨ᠎ᠠ ᠃  ᠰᠠᠯᠬᠢ ᠭᠡᠷᠡᠯ ᠵᠶ᠋ᠡᠷ ᠤᠰᠤᠲᠥ᠋ᠷᠥᠭᠴᠢ ᠦᠢ᠍ᠯᠡᠳᠬᠦ ᠂  ᠰᠢᠨ᠎ᠡ ᠭᠡᠯᠪᠡᠷᠢ ᠵᠢᠨ ᠡᠨᠧᠷᠭᠢ ᠨᠥᠭᠡᠴᠡᠯᠡᠬᠦ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠶᠡᠬᠡ ᠬᠡᠪᠴᠢᠶ᠎ᠡ᠎ᠪᠠᠷ ᠥᠷᠨᠢᠭᠦᠯᠵᠦ ᠂  ᠪᠣᠬᠢᠷᠳᠤᠯ ᠦᠭᠡᠢ ᠤᠰᠤᠲᠥ᠋ᠷᠥᠭᠴᠢ᠎ᠪᠠᠷ ᠪᠣᠬᠢᠷᠳᠤᠯ ᠦᠭᠡᠢ ᠰᠢᠪᠲᠦᠷ ᠦᠢ᠍ᠯᠡᠳᠬᠦ ᠂  ᠪᠣᠬᠢᠷᠳᠤᠯ ᠦᠭᠡᠢ ᠠᠯᠺᠤᠣᠯ ᠵᠢᠴᠢ ᠤᠰᠤᠲᠥ᠋ᠷᠥᠭᠴᠢ᠎ᠪᠠᠷ ᠲᠡᠮᠦᠷᠯᠢᠭ ᠪᠤᠯᠪᠠᠰᠤᠷᠠᠭᠤᠯᠬᠤ ᠵᠢ ᠠᠵᠤ ᠦᠢ᠍ᠯᠡᠰᠵᠢᠭᠦᠯᠦᠨ ᠬᠡᠷᠡᠭᠯᠡᠬᠦ ᠵᠢ ᠠᠬᠢᠭᠤᠯᠤᠨ᠎ᠠ ᠃  ᠠᠵᠢᠯ ᠲᠥᠷᠥᠯ᠎ᠤᠨ ᠪᠠᠷᠢᠮᠵᠢᠶ᠎ᠠ ᠵᠢ ᠲᠡᠭᠦᠯᠳᠡᠷᠵᠢᠭᠦᠯᠬᠦ ᠵᠡᠷᠭᠡ ᠤᠷᠢᠲᠠᠯ ᠳᠣᠣᠷ᠎ᠠ ᠂  ᠤᠯᠠᠭ᠋ᠠᠨᠴᠠᠪ᠎ᠠᠴᠠ ᠶᠠᠨᠱ᠌ᠠᠨ ᠬᠦᠷᠬᠦ ᠴᠢᠯᠠᠭᠤᠨ ᠲᠣᠰᠣ ᠬᠢᠮᠢ ᠵᠢᠨ ᠤᠰᠤᠲᠥ᠋ᠷᠥᠭᠴᠢ ᠳᠠᠮᠵᠢᠭᠤᠯᠬᠤ ᠬᠣᠭᠣᠯᠠᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠭᠡᠢ᠌ᠵᠢᠭᠦᠯᠭᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ ᠃  ᠰᠢᠨ᠎ᠡ ᠡᠨᠧᠷᠭᠢ ᠵᠢ ᠲᠤᠬᠠᠢ ᠵᠢᠨ ᠭᠠᠵᠠᠷ᠎ᠲᠤᠨᠢ ᠠᠰᠢᠭᠯᠠᠬᠤ ᠵᠢ ᠵᠣᠷᠢᠭᠵᠢᠭᠤᠯᠵᠤ ᠂   ᠲᠡᠷᠢᠭᠦᠨ᠎ᠤ ᠪᠣᠬᠢᠷᠳᠤᠯ ᠦᠭᠡᠢ ᠥᠨᠳᠥᠷ   ᠲᠠᠭ᠋ᠠᠭ᠋ᠠᠴᠠᠳᠤ ᠡᠨᠧᠷᠭᠢ ᠵᠢᠨ ᠠᠵᠤ ᠦᠢ᠍ᠯᠡᠰ᠎ᠢ ᠥᠪᠥᠷ ᠮᠣᠩᠭᠣᠯ᠎ᠤᠨ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ ᠲᠡᠢ᠌ᠰᠢ ᠰᠢᠯᠵᠢᠭᠦᠯᠦᠨ ᠪᠠᠢ᠌ᠷᠢᠰᠢᠭᠤᠯᠬᠤ ᠵᠢ ᠳᠡᠮᠵᠢᠨ᠎ᠡ ᠃

      (ᠠᠷᠪᠠᠨ ᠨᠠᠢ᠍ᠮᠠ )  ᠬᠣᠪᠣᠷ ᠰᠢᠷᠣᠢ ᠵᠡᠷᠭᠡ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠨ᠎ᠠ ᠃  ᠥᠪᠥᠷ ᠮᠣᠩᠭᠣᠯ᠎ᠤᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠰᠢᠰᠲ᠋ᠧᠮᠲᠦ ᠴᠢᠨᠠᠷᠲᠠᠢ ᠬᠠᠢ᠌ᠨ ᠪᠠᠢ᠌ᠴᠠᠭ᠋ᠠᠵᠤ ᠦᠨᠡᠯᠡᠬᠦ ᠂  ᠬᠠᠮᠠᠭ᠋ᠠᠯᠠᠯᠲᠠ ᠵᠢᠨ ᠴᠢᠨᠠᠷᠲᠠᠢ ᠨᠡᠭᠡᠭᠡᠬᠦ ᠂  ᠴᠢᠨᠠᠷᠵᠢᠭᠤᠨ ᠠᠰᠢᠭᠯᠠᠬᠤ ᠂  ᠵᠢᠷᠤᠮᠵᠢᠭᠤᠯᠤᠨ ᠬᠠᠮᠢᠶᠠᠷᠬᠤ ᠵᠢ ᠳᠡᠮᠵᠢᠵᠦ ᠂  ᠬᠣᠪᠣᠷ ᠰᠢᠷᠣᠢ ᠂  ᠲᠡᠮᠦᠷ ᠂  ᠨᠢᠺᠸᠯ ᠂  ᠵᠡᠰ ᠂  ᠸᠣᠯᠹᠷᠠᠮ ᠂  ᠴᠠᠭ᠋ᠠᠨ ᠲᠤᠭᠤᠯᠭ᠎ᠠ ᠂  ᠮᠤᠯᠢᠪᠳᠧᠨ ᠂  ᠠᠯᠲᠠ ᠂  ᠬᠠᠢ᠌ᠯᠤᠭᠤᠷ ᠵᠤᠩᠰᠢ ᠂  ᠲᠠᠯᠠᠰᠲᠤ ᠪᠠᠯ ᠴᠢᠯᠠᠭᠤ ᠂  ᠯᠢᠲ᠋ᠢ ᠂  ᠦᠷᠡᠨ ᠂  ᠾᠧᠯᠢ ᠬᠡᠢ ᠵᠡᠷᠭᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃  ᠳᠡᠭᠡᠳᠦ ᠴᠡᠪᠡᠷ ᠬᠣᠪᠣᠷ ᠰᠢᠷᠣᠢ ᠵᠢᠨ ᠲᠡᠮᠦᠷᠯᠢᠭ ᠂  ᠳᠡᠭᠡᠳᠦ ᠴᠢᠳᠠᠪᠬᠢᠲᠤ ᠬᠣᠪᠣᠷ ᠰᠢᠷᠣᠢ ᠵᠢᠨ ᠲᠣᠭᠲᠠᠮᠠᠯ ᠰᠣᠷᠢᠨᠵᠢᠨ ᠂  ᠳᠡᠭᠡᠳᠦ ᠴᠢᠳᠠᠪᠬᠢᠲᠤ ᠭᠢᠯᠠᠢ᠌ᠯᠭ᠋ᠠᠬᠤ ᠵᠡᠷᠭᠡ ᠳᠡᠭᠡᠳᠦ ᠲᠠᠰ᠎ᠤᠨ ᠬᠣᠪᠣᠷ ᠰᠢᠷᠣᠢ ᠵᠢᠨ ᠴᠢᠳᠠᠮᠵᠢᠲᠤ ᠮᠠᠲ᠋ᠧᠷᠢᠶᠠᠯ᠎ᠢ ᠲᠦᠷᠭᠡᠳᠬᠡᠨ ᠬᠥᠭᠵᠢᠭᠦᠯᠦᠨ᠎ᠡ ᠃  ᠬᠣᠪᠣᠷ ᠰᠢᠷᠣᠢ ᠵᠢᠨ ᠲᠦᠷᠭᠡᠳᠬᠡᠬᠦ ᠮᠠᠲ᠋ᠧᠷᠢᠶᠠᠯ᠎ᠢ ᠪᠣᠯᠣᠳ ᠲᠡᠮᠦᠷ ᠂  ᠱᠦᠢ᠍ᠨᠢ ᠂  ᠰᠢᠯ ᠂  ᠮᠠᠰᠢᠨ ᠲᠡᠷᠭᠡ ᠂  ᠢᠯᠴᠢ ᠵᠢᠨ ᠴᠠᠭᠢᠯᠭ᠋ᠠᠨ ᠵᠡᠷᠭᠡ ᠠᠵᠢᠯ ᠲᠥᠷᠥᠯ᠎ᠳᠤ ᠬᠡᠷᠡᠭᠯᠡᠬᠦ ᠵᠢ ᠥᠷᠭᠡᠳᠬᠡᠨ᠎ᠡ ᠃  ᠪᠤᠭᠤᠲᠤ ᠵᠢᠨ ᠬᠣᠪᠣᠷ ᠰᠢᠷᠣᠢ ᠵᠢᠨ ᠦᠢ᠍ᠯᠡᠳᠬᠦᠨ᠎ᠤ ᠠᠷᠠᠯᠵᠢᠶᠠᠨ᠎ᠤ ᠭᠠᠵᠠᠷ᠎ᠤᠨ ᠬᠠᠤᠯᠢ ᠲᠣᠭᠲᠠᠭ᠋ᠠᠯ ᠶᠣᠰᠣᠭ᠋ᠠᠷ ᠪᠦᠭᠦ ᠤᠯᠤᠰ᠎ᠲᠤ ᠬᠠᠨᠳᠤᠭᠤᠯᠤᠭᠰᠠᠨ ᠬᠣᠪᠣᠷ ᠰᠢᠷᠣᠢ ᠵᠢᠨ ᠦᠢ᠍ᠯᠡᠳᠬᠦᠨ᠎ᠤ ᠠᠷᠠᠯᠵᠢᠶᠠᠨ᠎ᠤ ᠲᠥᠪ᠎ᠢ ᠪᠦᠲᠦᠭᠡᠨ ᠪᠠᠶ᠋ᠢᠭᠤᠯᠬᠤ ᠵᠢ ᠳᠡᠮᠵᠢᠵᠦ ᠂  ᠪᠤᠭᠤᠲᠤ ᠵᠢ ᠪᠦᠭᠦ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠦᠭᠦ ᠳᠡᠯᠡᠬᠡᠢ᠎ᠳᠤ ᠲᠡᠷᠢᠭᠦᠯᠡᠭᠰᠡᠨ ᠬᠣᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ ᠪᠣᠯᠭ᠋ᠠᠨ ᠪᠦᠲᠦᠭᠡᠨ ᠪᠠᠢ᠌ᠭᠤᠯᠤᠨ᠎ᠠ ᠃

       ᠵᠢᠷᠭᠤᠭ᠎ᠠ ᠂  ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ ᠂  ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ  ᠶᠡᠷᠦᠩᠬᠡᠢ᠌ᠯᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠤᠨ᠎ᠠ

      (ᠠᠷᠪᠠ ᠶᠢᠰᠦ )  ᠲᠠᠷᠢᠶᠠᠯᠠᠩ ᠮᠠᠯ ᠠᠵᠤ ᠠᠬᠤᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠃  ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠲᠦᠷᠭᠡᠪᠴᠢᠯᠡᠨ ᠪᠠᠢ᠌ᠭᠤᠯᠵᠤ ᠂  ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠭᠦᠨ᠎ᠢ ᠠᠯᠬᠤᠮ ᠠᠯᠬᠤᠮ ᠵᠶ᠋ᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠠᠢ᠌ᠭᠤᠯᠤᠨ᠎ᠠ ᠃  ᠵᠡᠭᠦᠨ ᠬᠣᠢ᠌ᠲᠤ ᠵᠢᠨ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ ᠂  ᠬᠠᠷ᠎ᠠ ᠬᠥᠷᠥᠰᠥᠨ᠎ᠤ ᠢᠳᠡᠭᠳᠡᠯ᠎ᠤᠨ ᠭᠤᠤ ᠰᠤᠪᠠᠭ᠎ᠤᠨ ᠵᠠᠰᠠᠯᠲᠠ ᠵᠢ ᠴᠢᠩᠭ᠋ᠠᠳᠬᠠᠨ ᠂  ᠨᠥᠬᠥᠴᠡᠯ᠎ᠳᠤ ᠨᠡᠢ᠌ᠴᠡᠬᠦ ᠭᠠᠵᠠᠷ ᠣᠷᠣᠨ᠎ᠤ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠠᠵᠢᠯ ᠥᠷᠨᠢᠭᠦᠯᠬᠦ ᠵᠢ ᠳᠡᠮᠵᠢᠵᠦ ᠂  ᠣᠲᠣ ᠵᠢᠨ ᠪᠠᠢ᠌ᠭ᠎ᠠ ᠬᠤᠵᠢᠷᠯᠢᠭ ᠲᠠᠷᠢᠶᠠᠨ ᠭᠠᠵᠠᠷ᠎ᠢ ᠥᠭᠡᠷᠡᠴᠢᠯᠡᠨ ᠳᠡᠭᠡᠭᠰᠢᠯᠡᠭᠦᠯᠭᠦ ᠵᠢ ᠴᠢᠩᠭ᠋ᠠᠳᠬᠠᠨ ᠂  ᠪᠣᠷᠣᠳᠣᠬᠣᠢ ᠵᠡᠷᠭᠡ ᠲᠣᠮᠣ ᠳᠤᠮᠳᠠ ᠭᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠢ᠌ᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢ ᠠᠬᠢᠭᠤᠯᠤᠨ᠎ᠠ ᠃  ᠪᠠᠢ᠌ᠭ᠋ᠠᠯᠢ ᠵᠢᠨ ᠨᠤᠲᠤᠭ ᠪᠡᠯᠴᠢᠭᠡᠷ᠎ᠤᠨ ᠦᠢ᠍ᠯᠡᠳᠪᠦᠷᠢᠯᠡᠯ᠎ᠤᠨ ᠴᠢᠳᠠᠪᠤᠷᠢ ᠪᠠ ᠡᠪᠡᠰᠦᠨ ᠦᠷ᠎ᠡ ᠵᠢᠨ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ ᠂  ᠲᠥᠬᠥᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠵᠢ ᠲᠦᠷᠭᠡᠳᠬᠡᠨ ᠬᠥᠭᠵᠢᠭᠦᠯᠵᠦ ᠂  ᠠᠮᠤ ᠪᠤᠳᠠᠭ᠎ᠠ ᠳᠠᠷᠢᠬᠤ ᠵᠢ ᠡᠪᠡᠰᠦ ᠪᠣᠷᠳᠣᠭ᠎ᠠ ᠳᠠᠷᠢᠬᠤ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠴᠡᠭ᠎ᠤᠨ ᠠᠵᠢᠯ᠎ᠢ ᠥᠷᠭᠡᠳᠬᠡᠵᠦ ᠂  ᠬᠢᠶᠠᠭ ᠂  ᠴᠠᠷᠭ᠋ᠠᠰᠤ ᠂  ᠨᠣᠬᠠᠢ ᠵᠢᠨ ᠬᠣᠰᠢᠭᠤ ᠵᠡᠷᠭᠡ ᠴᠢᠨᠠᠷ ᠰᠠᠢ᠌ᠲᠠᠢ ᠡᠪᠡᠰᠦ ᠪᠣᠷᠳᠣᠭ᠋ᠠᠨ᠎ᠤ ᠰᠠᠭᠤᠷᠢᠨ᠎ᠢ ᠪᠦᠲᠦᠭᠡᠨ ᠪᠠᠢ᠌ᠭᠤᠯᠤᠨ᠎ᠠ ᠃  ᠲᠠᠷᠢᠶᠠᠯᠠᠩ ᠮᠠᠯ ᠠᠵᠤ ᠠᠬᠤᠢ ᠵᠢᠨ ᠮᠧᠬᠠᠨᠢᠭᠵᠢᠯᠲᠠ ᠂  ᠣᠶᠤᠨᠴᠢᠯᠠᠯᠲᠠ ᠵᠢ ᠠᠬᠢᠭᠤᠯᠵᠤ  ᠂  ᠤᠯᠤᠰ᠎ᠤᠨ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ ᠂  ᠬᠥᠳᠡᠭᠡ ᠲᠣᠰᠬᠣᠨ᠎ᠤ ᠠᠵᠤ ᠦᠢ᠍ᠯᠡᠰ᠎ᠢ ᠠᠭᠤᠰᠤᠯᠳᠤᠭᠤᠯᠤᠨ ᠬᠥᠭᠵᠢᠭᠦᠯᠬᠦ ᠬᠦᠷᠢᠶᠡᠯᠡᠩ ᠲᠣᠭᠣᠷᠢᠭ ᠪᠠ ᠲᠠᠷᠢᠶᠠᠯᠠᠩ᠎ᠤᠨ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠲᠦᠷᠭᠡᠪᠴᠢᠯᠡᠨ ᠪᠦᠲᠦᠭᠡᠨ ᠪᠠᠢ᠌ᠭᠤᠯᠤᠨ᠎ᠠ ᠃

      (ᠬᠣᠷᠢ )  ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠶᠡᠬᠡ᠎ᠪᠠᠷ ᠬᠥᠭᠵᠢᠭᠦᠯᠦᠨ᠎ᠡ ᠃  ᠠᠮᠤ ᠪᠤᠳᠠᠭ᠎ᠠ ᠲᠣᠰᠣ ᠵᠡᠷᠭᠡ ᠭᠣᠣᠯ ᠪᠤᠯᠬᠤ ᠲᠠᠷᠢᠮᠠᠯ᠎ᠤᠨ ᠶᠡᠬᠡ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠭᠦ ᠠᠵᠢᠯᠯᠠᠭ᠎ᠠ ᠵᠢ ᠥᠷᠨᠢᠭᠦᠯᠵᠦ ᠂  ᠠᠮᠤ ᠪᠤᠳᠠᠭ᠎ᠠ (ᠲᠣᠰᠣ ) ᠵᠢᠨ  ᠭᠠᠷᠤᠯᠲᠠ ᠶᠡᠬᠡᠲᠡᠢ ᠰᠢᠶᠠᠨ᠎ᠢ ᠱᠠᠩᠨᠠᠨ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ ᠃  ᠳᠠᠪᠠᠭᠤᠯᠢᠭ ᠣᠨᠴᠠᠯᠢᠭᠲᠤ ᠡᠭᠦᠯᠳᠡᠷ᠎ᠢ ᠪᠣᠢ᠌ᠵᠢᠭᠤᠯᠬᠤ ᠪᠠ ᠠᠮᠢᠲᠠᠨ ᠤᠷᠭᠤᠮᠠᠯ᠎ᠢ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠵᠦ ᠂  ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ ᠵᠢ ᠠᠵᠤ ᠦᠢ᠍ᠯᠡᠰᠵᠢᠭᠦᠯᠦᠨ ᠬᠡᠷᠡᠭᠯᠡᠬᠦ ᠲᠤᠷᠰᠢᠯᠲᠠ ᠵᠢᠨ  ᠴᠡᠭ᠎ᠤᠨ ᠠᠵᠢᠯ᠎ᠢ ᠳᠠᠮᠵᠢᠵᠤ ᠂  ᠰᠢᠷ᠎ᠠ ᠪᠤᠷᠴᠠᠭ ᠂  ᠡᠷᠳᠡᠨᠢ ᠰᠢᠰᠢ᠂  ᠲᠥᠮᠥᠰᠥ ᠵᠢᠨ ᠦᠷ᠎ᠡ ᠪᠣᠢ᠌ᠵᠢᠭᠤᠯᠬᠤ ᠲᠣᠮᠣ ᠰᠢᠶᠠᠨ᠎ᠢ ᠪᠦᠲᠦᠭᠡᠨ ᠪᠠᠢ᠌ᠭᠤᠯᠵᠤ ᠂  ᠤᠯᠤᠰ᠎ᠤᠨ ᠴᠢᠬᠤᠯᠠ 《  ᠠᠮᠤ ᠵᠢᠨ ᠰᠠᠩ 》᠎ᠢ  ᠪᠠᠢ᠌ᠭᠤᠯᠤᠨ᠎ᠠ ᠃  ᠰᠢᠬᠢᠷ ᠯᠤᠤᠪᠠᠩ᠎ᠤᠨ ᠦᠢ᠍ᠯᠡᠳᠪᠦᠷᠢᠯᠡᠯ᠎ᠢ ᠳᠡᠮᠵᠢᠵᠦ᠂  ᠰᠢᠬᠢᠷ ᠯᠤᠤᠪᠠᠩ᠎ᠤᠨ ᠰᠢᠬᠢᠷ᠎ᠤᠨ ᠭᠠᠷᠤᠯᠲᠠ ᠵᠢ ᠲᠣᠭᠲᠠᠭᠤᠨ ᠪᠠᠢ᠌ᠯᠭ᠋ᠠᠨ᠎ᠠ ᠃  ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠭᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠳᠠᠮᠵᠢᠵᠤ ᠂  ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠵᠢᠱ᠌ᠢᠶ᠎ᠡ ᠦᠵᠡᠭᠦᠯᠭᠦ ᠰᠢᠶᠠᠨ᠎ᠤ ᠲᠤᠷᠰᠢᠯᠲᠠ ᠵᠢᠨ ᠴᠡᠭ᠎ᠤᠨ ᠠᠵᠢᠯ᠎ᠢ ᠬᠡᠷᠡᠭᠵᠢᠭᠦᠯᠦᠨ᠎ᠡ ᠃  ᠰᠠᠭ᠋ᠠᠯᠢ ᠵᠢᠨ ᠦᠨᠢᠶᠡᠨ᠎ᠤ ᠡᠭᠦᠯᠳᠡᠷ ᠪᠣᠢ᠌ᠵᠢᠭᠤᠯᠬᠤ ᠵᠢᠨ ᠬᠠᠮᠲᠤᠷᠠᠨ ᠪᠣᠭᠣᠮᠲᠠ ᠰᠢᠪᠲᠤᠯᠬᠤ ᠠᠵᠢᠯ ᠥᠷᠨᠢᠭᠦᠯᠬᠦ ᠵᠢ ᠳᠡᠮᠵᠢᠵᠦ ᠂  ᠪᠦᠭᠦᠢ᠌ᠯᠡ ᠰᠢᠶᠠᠨ ᠵᠶ᠋ᠠᠷ ᠰᠦ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠭᠦ ᠵᠢ ᠠᠬᠢᠭᠤᠯᠵᠤ ᠂  ᠪᠦᠭᠦ ᠤᠯᠤᠰ᠎ᠲᠤ ᠬᠠᠨᠳᠤᠭᠤᠯᠤᠭᠰᠠᠨ ᠰᠦ ᠵᠢᠨ ᠦᠢ᠍ᠯᠡᠰ᠎ᠤᠨ ᠠᠷᠠᠯᠵᠢᠶᠠᠨ᠎ᠤ ᠲᠥᠪ᠎ᠢ ᠪᠠᠢ᠌ᠭᠤᠯᠤᠨ᠎ᠠ ᠃  ᠮᠠᠯ ᠠᠵᠤ ᠠᠬᠤᠢ ᠵᠢᠨ ᠰᠠᠢ᠌ᠨ ᠡᠭᠦᠯᠳᠡᠷ᠎ᠲᠤ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢ ᠯᠠᠪᠳᠠᠭᠤᠨ ᠵᠶ᠋ᠠᠷ ᠬᠡᠷᠡᠭᠵᠢᠭᠦᠯᠵᠦ᠂  ᠮᠢᠬᠠᠨ᠎ᠤ ᠦᠬᠡᠷ᠎ᠤᠨ ᠰᠦᠷᠦᠭ᠎ᠢ ᠥᠷᠭᠡᠳᠬᠡᠨ ᠴᠢᠨᠠᠷ᠎ᠢ ᠳᠡᠭᠡᠭᠰᠢᠯᠡᠭᠦᠯᠭᠦ ᠪᠠ ᠪᠣᠷᠳᠣᠨ ᠲᠠᠷᠭᠤᠯᠠᠭᠤᠯᠬᠤ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠪᠠ ᠪᠣᠬᠢᠷᠳᠤᠯ ᠦᠭᠡᠢ ᠣᠷᠭ᠋ᠠᠨᠢᠭ ᠲᠥᠷᠥᠯ ᠲᠡᠮᠳᠡᠭᠲᠦ ᠵᠢ ᠡᠭᠦᠳᠬᠦ ᠵᠢ ᠠᠬᠢᠭᠤᠯᠤᠨ᠎ᠠ ᠃  ᠲᠠᠷᠢᠶᠠᠯᠠᠩ᠎ᠤᠨ ᠠᠵᠤ ᠦᠢ᠍ᠯᠡᠰᠵᠢᠬᠦ ᠤᠯᠤᠰ᠎ᠤᠨ ᠭᠣᠣᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠢ᠌ᠯᠠᠯ᠎ᠢ ᠬᠢᠨᠠᠨ ᠲᠣᠭᠲᠠᠭ᠋ᠠᠬᠤ ᠵᠢ ᠳᠠᠮᠵᠢᠵᠤ ᠂  ᠲᠠᠷᠢᠶᠠᠯᠠᠩ ᠮᠠᠯ ᠠᠵᠤ ᠠᠬᠤᠢ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠤᠨ ᠰᠲ᠋ᠣᠺ ᠵᠶ᠋ᠡᠨ  ᠵᠠᠬ᠎ᠠ ᠳᠡᠯᠭᠡᠭᠦᠷ᠎ᠲᠤ ᠭᠠᠷᠭ᠋ᠠᠬᠤ ᠵᠢ ᠠᠬᠢᠭᠤᠯᠤᠨ᠎ᠠ ᠃  ᠪᠠᠶᠠᠨᠨᠠᠭᠤᠷ᠎ᠲᠠᠬᠢ ᠤᠯᠤᠰ᠎ᠤᠨ  ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠭᠦ ᠣᠷᠣᠨ ᠪᠠ ᠬᠢᠩᠭ᠋ᠠᠨ ᠠᠢ᠌ᠮᠠᠭ᠎ᠤᠨ ᠣᠳᠣ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠣᠷᠣᠨ᠎ᠢ ᠴᠢᠨᠠᠷ ᠰᠠᠢ᠌ᠲᠠᠢ ᠪᠦᠲᠦᠭᠡᠨ ᠪᠠᠢ᠌ᠭᠤᠯᠤᠨ᠎ᠠ ᠃

      (ᠬᠣᠷᠢᠨ ᠨᠢᠭᠡ )  ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠷᠠᠭᠤᠯᠤᠨ᠎ᠠ ᠃  ᠥᠪᠥᠷ ᠮᠣᠩᠭᠣᠯ᠎ᠤᠨ ᠤᠰᠤᠨ ᠲᠣᠣᠷ᠎ᠤᠨ ᠭᠣᠣᠯᠯᠠᠬᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂  ᠴᠤᠤᠯ ᠭᠣᠣᠯ᠎ᠠᠴᠠ ᠤᠰᠤ ᠲᠠᠲᠠᠵᠤ ᠯᠢᠶᠣᠤᠾᠧ ᠭᠣᠣᠯ᠎ᠳᠤ ᠨᠡᠮᠡᠷᠢᠯᠡᠬᠦ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠯᠠᠪᠳᠠᠭᠤᠨ ᠵᠶ᠋ᠠᠷ ᠬᠡᠷᠡᠭᠵᠢᠭᠦᠯᠦᠨ᠎ᠡ ᠃  ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠂  ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠂  ᠬᠣᠲᠠ ᠪᠠᠯᠭ᠋ᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭᠤᠷᠠᠭᠤᠯᠬᠤ ᠵᠢ ᠠᠬᠢᠭᠤᠯᠤᠨ᠎ᠠ ᠃  ᠨᠡᠭᠦᠷᠡᠰᠦᠨ ᠠᠭᠤᠷᠬᠠᠢ ᠵᠢᠨ ᠪᠣᠬᠢᠷᠳᠤᠯ ᠦᠭᠡᠢ᠎ᠪᠠᠷ ᠤᠰᠤ ᠵᠢ ᠬᠠᠮᠠᠭ᠋ᠠᠯᠠᠨ ᠨᠡᠭᠡᠭᠡᠨ ᠮᠠᠯᠲᠠᠬᠤ ᠪᠠ ᠠᠭᠤᠷᠬᠠᠢ ᠵᠢᠨ ᠬᠤᠳᠳᠤᠭ᠎ᠤᠨ ᠤᠰᠤ ᠵᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠵᠤ ᠂  ᠠᠭᠤᠷᠬᠠᠢ ᠵᠢᠨ ᠬᠤᠳᠳᠤᠭ᠎ᠤᠨ ᠤᠰᠤ ᠵᠢ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠠᠮᠢ ᠠᠬᠤᠢ ᠵᠢᠨ ᠤᠰᠤ ᠨᠥᠬᠥᠪᠦᠷᠢᠯᠡᠬᠦ ᠪᠠ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠵᠢ ᠵᠣᠷᠢᠭᠵᠢᠭᠤᠯᠤᠨ᠎ᠠ ᠃  ᠪᠠᠷᠠᠭᠤᠨ ᠯᠢᠶᠣᠤᠾᠧ ᠭᠣᠣᠯ ᠂  ᠣᠷᠳᠣᠰ ᠳᠡᠨᠵᠢ ᠵᠢᠨ  ᠡᠬᠡ ᠭᠠᠵᠠᠷ᠎ᠤᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠮᠠᠯᠲᠠᠭᠰᠠᠨ᠎ᠢ ᠵᠠᠰᠠᠬᠤ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ ᠃  ᠬᠠᠲᠤᠨ ᠭᠣᠣᠯ᠎ᠤᠨ ᠪᠦᠳᠦᠭᠦᠯᠢᠭ ᠡᠯᠡᠰᠦ ᠰᠢᠪᠠᠷ ᠲᠥᠪᠯᠡᠷᠡᠭᠰᠡᠨ ᠢᠷᠡᠯᠲᠡ ᠵᠢᠨ ᠣᠷᠣᠨ᠎ᠤ ᠡᠯᠡᠰᠦ ᠬᠠᠰᠢᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠨ᠎ᠡ ᠃  ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠤᠰᠤ ᠬᠠᠩᠭ᠋ᠠᠬᠤ ᠬᠡᠮᠵᠢᠯᠲᠡ ᠵᠢᠨ ᠰᠢᠰᠲ᠋ᠧᠮ᠎ᠢ  ᠲᠦᠷᠭᠡᠳᠬᠡᠨ ᠲᠡᠭᠦᠯᠳᠡᠷᠵᠢᠭᠦᠯᠵᠦ ᠂  ᠣᠨᠣᠴᠠᠲᠠᠢ᠎ᠪᠠᠷ ᠨᠥᠬᠥᠪᠦᠷᠢ ᠥᠭᠬᠦ ᠪᠠ ᠤᠰᠤ ᠠᠷᠪᠢᠯᠠᠬᠤ ᠵᠢ ᠱᠠᠩᠨᠠᠬᠤ ᠲᠣᠭᠲᠠᠴᠠ ᠵᠢ ᠪᠠᠢ᠌ᠭᠤᠯᠤᠨ᠎ᠠ ᠃  ᠠᠢ᠌ᠮᠠᠭ ᠬᠣᠲᠠ ᠵᠢᠨ ᠬᠣᠭᠣᠷᠣᠨᠳᠣᠭᠢ ᠤᠰᠤᠨ᠎ᠤ ᠡᠷᠬᠡ ᠵᠢᠨ ᠠᠷᠠᠯᠵᠢᠶ᠎ᠠ ᠵᠢ ᠠᠬᠢᠭᠤᠯᠵᠤ ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠦᠨ᠎ᠡ ᠃

      (ᠬᠣᠷᠢᠨ ᠬᠣᠶᠠᠷ )  ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ  ᠃  ᠭᠠᠵᠠᠷ ᠰᠢᠷᠣᠢ ᠂  ᠬᠠᠳᠤᠯᠠᠩ ᠪᠡᠯᠴᠢᠭᠡᠷ᠎ᠤᠨ  ᠡᠵᠡᠩᠨᠡᠬᠦ ᠡᠷᠬᠡ ᠵᠢ ᠭᠦᠢ᠍ᠯᠭᠡᠭᠡᠬᠦ ᠦᠢ᠍ᠯᠡᠴᠢᠯᠡᠭᠡᠨ᠎ᠤ  ᠰᠢᠰᠲᠸᠮ᠎ᠢ ᠪᠦᠷᠢᠨᠰᠢᠭᠦᠯᠵᠦ ᠂  ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ  ᠡᠷᠬᠡ ᠵᠢ ᠨᠤᠲᠠᠯᠠᠨ ᠵᠥᠪᠰᠢᠶᠡᠷᠡᠵᠦ ᠳᠠᠩᠰᠠᠯᠠᠨ ᠦᠨᠡᠮᠯᠡᠯ ᠣᠯᠭᠣᠬᠤ ᠵᠢ ᠠᠬᠢᠭᠤᠯᠤᠭᠰᠠᠨ ᠰᠠᠭᠤᠷᠢᠨ ᠳᠡᠭᠡᠷ᠎ᠡ ᠂  ᠥᠨᠳᠥᠷ ᠪᠦᠲᠦᠮᠵᠢᠲᠡᠢ ᠠᠰᠢᠭᠯᠠᠬᠤ ᠲᠤᠷᠰᠢᠯᠲᠠ ᠵᠢᠨ  ᠴᠡᠭ᠎ᠤᠨ ᠠᠵᠢᠯ᠎ᠢ ᠰᠦᠪᠡᠭᠴᠢᠯᠡᠨ ᠥᠷᠨᠢᠭᠦᠯᠦᠨ᠎ᠡ ᠃  ᠤᠯᠤᠰ᠎ᠤᠨ ᠪᠠᠢ᠌ᠷᠢᠯᠠᠭᠤᠯᠤᠯᠲᠠ ᠶᠣᠰᠣᠭ᠋ᠠᠷ ᠂  ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠵᠤ ᠠᠷᠪᠢᠯᠠᠨ ᠭᠠᠷᠭ᠋ᠠᠬᠤ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠵᠢ ᠵᠢᠷᠤᠮᠵᠢᠭᠤᠯᠤᠨ ᠥᠷᠨᠢᠭᠦᠯᠵᠦ ᠂  ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠵᠠᠬ᠎ᠠ ᠳᠡᠯᠭᠡᠭᠦᠷ᠎ᠲᠤ ᠣᠷᠣᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠡᠮᠬᠢ ᠵᠢᠷᠤᠮ᠎ᠲᠠᠢ ᠥᠷᠨᠢᠭᠦᠯᠦᠨ ᠂  ᠮᠠᠯᠵᠢᠬᠤ ᠲᠠᠷᠢᠶᠠᠯᠠᠬᠤ ᠣᠷᠣᠨ᠎ᠤ ᠦᠯᠡᠳᠡᠭᠡᠯ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠯᠠᠪᠳᠠᠭᠤᠨ ᠵᠶ᠋ᠠᠷ ᠠᠮᠢᠳᠤᠯᠢᠭᠵᠢᠭᠤᠯᠤᠨ ᠠᠰᠢᠭᠯᠠᠨ᠎ᠠ ᠃ 《ᠬᠥᠨᠳᠡᠢ᠌ᠷᠡᠭᠰᠡᠨ ᠲᠣᠰᠬᠣᠨ 》᠎ᠤ  ᠵᠠᠰᠠᠯᠲᠠ ᠵᠢ ᠭᠦᠨᠵᠡᠭᠡᠢ ᠠᠬᠢᠭᠤᠯᠤᠨ᠎ᠠ ᠃  ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠳᠠᠪᠠᠭᠤᠯᠢᠭ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠭ᠋ᠠᠳᠬᠠᠯ᠎ᠢ ᠥᠷᠨᠢᠭᠦᠯᠵᠦ ᠂  ᠨᠥᠬᠥᠴᠡᠯ᠎ᠳᠤ ᠨᠡᠢ᠌ᠴᠡᠬᠦ ᠲᠠᠷᠢᠶᠠᠯᠠᠩ ᠮᠠᠯ ᠠᠵᠤ ᠠᠬᠤᠢ ᠵᠢᠨ ᠳᠠᠭ᠋ᠠᠳᠬᠠᠯ᠎ᠳᠤ ᠵᠣᠬᠢᠬᠤ ᠨᠥᠬᠥᠪᠦᠷᠢ ᠣᠯᠭᠣᠨ᠎ᠠ ᠃

       ᠳᠣᠯᠣᠭ᠎ᠠ ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠳᠤ ᠢᠳᠡᠪᠬᠢᠲᠡᠢ ᠠᠭᠤᠰᠤᠯᠴᠠᠵᠤ ᠂  ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ

      (ᠬᠣᠷᠢᠨ ᠭᠤᠷᠪᠠ )  ᠨᠡᠭᠡᠭᠡᠯᠲᠡ ᠬᠢᠬᠦ ᠶᠡᠬᠡ ᠵᠠᠮ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠷᠠᠭᠤᠯᠤᠨ᠎ᠠ ᠃  ᠮᠠᠨᠵᠤᠤᠷ ᠪᠣᠭᠣᠮᠲᠠ᠎ᠪᠠᠷ ᠵᠠᠩᠭᠢᠯᠠᠭ᠎ᠠ ᠵᠢᠨ  ᠴᠡᠭ ᠪᠤᠯᠭ᠋ᠠᠵᠥ ᠂  ᠳᠣᠲᠣᠭ᠋ᠠᠳᠤ᠎ᠳᠠᠭᠠᠨ ᠳ᠋ᠠᠯᠢᠶᠠᠨ ᠭᠠᠷᠠᠮ᠂  ᠴᠢᠨ ᠬᠤᠸᠠᠩ ᠳ᠋ᠣᠣ ᠭᠠᠷᠠᠮ ᠪᠣᠯᠣᠨ ᠵᠡᠭᠦᠨ ᠬᠣᠢ᠌ᠲᠤ ᠣᠷᠣᠨ᠎ᠲᠠᠢ ᠬᠣᠯᠪᠣᠵᠤ ᠂   ᠭᠠᠳᠠᠭᠰᠢ᠎ᠪᠠᠨ ᠣᠷᠣᠰ ᠮᠣᠩᠭᠣᠯ ᠴᠢᠨᠠᠭᠰᠢᠯᠠᠨ ᠡᠸᠦ᠋ᠷᠦᠫᠡ ᠲᠢᠪ᠎ᠲᠤ ᠵᠠᠯᠭ᠋ᠠᠬᠤ ᠪᠦᠬᠦᠢ ᠤᠮᠠᠷᠠᠰᠢ ᠨᠡᠭᠡᠭᠡᠯᠲᠡ ᠬᠢᠬᠦ ᠵᠡᠭᠦᠨ ᠵᠠᠮ᠎ᠢ ᠲᠦᠷᠭᠡᠳᠬᠡᠨ ᠪᠦᠲᠦᠭᠡᠨ ᠪᠠᠢ᠌ᠭᠤᠯᠵᠤ ᠂  ᠡᠷᠢᠶᠡᠨ ᠬᠣᠲᠠ ᠵᠢᠨ ᠪᠣᠭᠣᠮᠲᠠ᠎ᠪᠠᠷ ᠵᠠᠩᠭᠢᠯᠠᠭ᠎ᠠ ᠵᠢᠨ  ᠴᠡᠭ ᠪᠤᠯᠭ᠋ᠠᠵᠤ ᠂  ᠳᠤᠮᠳᠠᠳᠤ ᠮᠣᠩᠭᠣᠯ ᠣᠷᠣᠰ᠎ᠤᠨ ᠳᠤᠮᠳᠠᠳᠤ ᠱᠤᠭᠤᠮ᠎ᠤᠨ ᠲᠡᠮᠦᠷ ᠵᠠᠮ ᠵᠶ᠋ᠠᠷ ᠲᠤᠯᠭ᠋ᠠᠭᠤᠷᠢ ᠪᠣᠯᠭ᠋ᠠᠨ ᠂  ᠳᠣᠲᠣᠭ᠋ᠠᠳᠤ᠎ᠳᠠᠭᠠᠨ ᠲᠢᠶᠠᠨᠵᠢᠨ ᠭᠠᠷᠠᠮ ᠪᠣᠯᠣᠨ ᠪᠡᠭᠡᠵᠢᠩ ᠲᠢᠶᠠᠨᠵᠢᠨ ᠾᠧᠪᠧᠢ᠎ᠲᠠᠢ ᠬᠣᠯᠪᠣᠵᠤ ᠂  ᠭᠠᠳᠠᠭᠰᠢ᠎ᠪᠠᠨ ᠣᠷᠣᠰ ᠮᠣᠩᠭᠣᠯ ᠴᠢᠨᠠᠭᠰᠢᠯᠠᠨ ᠡᠸᠦ᠋ᠷᠦᠫᠡ ᠲᠢᠪ᠎ᠲᠤ ᠵᠠᠯᠭ᠋ᠠᠬᠤ ᠤᠮᠠᠷᠠᠰᠢ ᠨᠡᠭᠡᠭᠡᠯᠲᠡ ᠬᠢᠬᠦ ᠳᠤᠮᠳᠠ ᠵᠠᠮ᠎ᠢ ᠲᠦᠷᠭᠡᠳᠬᠡᠨ ᠪᠦᠲᠦᠭᠡᠨ ᠪᠠᠢ᠌ᠭᠤᠯᠵᠤ  ᠂  ᠪᠠᠷᠠᠭ᠎ᠠ ᠪᠣᠭᠣᠮᠲᠠ᠎ᠪᠠᠷ ᠥᠩᠭᠡᠷᠡᠭᠦᠯᠬᠦ ᠂  ᠪᠠᠷᠠᠭ᠋ᠠᠨ᠎ᠤ ᠭᠦᠢ᠍ᠯᠭᠡᠭᠡᠨ᠎ᠤ ᠠᠷᠠᠯᠵᠢᠶ᠎ᠠ ᠪᠣᠯᠣᠨ ᠦᠢ᠍ᠯᠡᠳᠪᠦᠷᠢᠯᠡᠵᠦ ᠡᠳ᠋ᠰᠢᠭᠦᠯᠬᠦ ᠴᠢᠳᠠᠮᠵᠢ ᠵᠢ ᠲᠡᠭᠦᠯᠳᠡᠷᠵᠢᠭᠦᠯᠦᠨ᠎ᠡ ᠃  ᠮᠠᠨᠵᠤᠤᠷ ᠂  ᠡᠷᠢᠶᠡᠨ ᠬᠣᠲᠠ ᠵᠢᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠪᠣᠭᠣᠮᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ ᠂  ᠥᠪᠥᠷ ᠮᠣᠩᠭᠣᠯ᠎ᠠᠴᠠ ᠮᠣᠷᠳᠠᠬᠤ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠭᠦ ᠵᠢ ᠠᠬᠢᠭᠤᠯᠵᠤ ᠂  ᠮᠣᠩᠭᠣᠯ ᠤᠯᠤᠰ᠎ᠲᠤ ᠶᠠᠪᠤᠭᠤᠯᠬᠤ ᠵᠢᠰᠢᠶᠠᠨ᠎ᠤ ᠭᠠᠯᠲᠤ ᠲᠡᠷᠭᠡ ᠵᠢ ᠵᠢᠷᠤᠭ᠎ᠲᠤ ᠲᠣᠭᠲᠠᠭ᠋ᠠᠭᠰᠠᠨ ᠱᠤᠭᠤᠮ᠎ᠳᠤ ᠣᠷᠣᠭᠤᠯᠬᠤ ᠵᠢ ᠰᠤᠳᠤᠯᠤᠨ᠎ᠠ ᠃  ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢ ᠲᠥᠪᠯᠡᠷᠡᠭᠦᠯᠵᠦ ᠲᠠᠷᠬᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃  ᠳᠤᠮᠳᠠᠳᠤ ᠮᠣᠩᠭᠣᠯ ᠣᠷᠣᠰ᠎ᠤᠨ ᠳᠤᠮᠳᠠ ᠱᠤᠭᠤᠮ᠎ᠤᠨ ᠲᠡᠮᠦᠷ ᠵᠠᠮ᠎ᠢ ᠳᠡᠰ ᠳᠡᠪᠰᠢᠭᠦᠯᠦᠨ ᠥᠭᠡᠷᠡᠴᠢᠯᠡᠬᠦ ᠪᠣᠯᠣᠮᠵᠢᠲᠤ ᠴᠢᠨᠠᠷ᠎ᠤᠨ ᠰᠤᠳᠤᠯᠭ᠋ᠠᠨ᠎ᠢ ᠲᠦᠷᠭᠡᠳᠬᠡᠨ ᠠᠬᠢᠭᠤᠯᠵᠤ ᠂  ᠤᠯᠠᠭ᠋ᠠᠨᠴᠠᠪ᠎ᠠᠴᠠ ᠤᠯᠠᠭ᠋ᠠᠨᠪᠠᠭ᠋ᠠᠲᠤᠷ ᠪᠠ ᠤᠯᠠᠭ᠋ᠠᠨ ᠦᠳᠡ ᠬᠦᠷᠬᠦ ᠬᠢᠯᠢ ᠠᠯᠤᠰᠯᠠᠭᠰᠠᠨ ᠲᠡᠮᠦᠷ ᠵᠠᠮ᠎ᠢ ᠳᠡᠰ ᠳᠡᠪᠰᠢᠭᠦᠯᠦᠨ ᠥᠭᠡᠷᠡᠴᠢᠯᠡᠬᠦ ᠵᠢ ᠬᠠᠮᠵᠢᠯᠴᠠᠨ ᠠᠬᠢᠭᠤᠯᠤᠨ᠎ᠠ ᠃  ᠭᠠᠭᠴᠠᠮᠣᠳᠤ ᠂  ᠴᠡᠭᠡ ᠵᠡᠷᠭᠡ ᠪᠣᠭᠣᠮᠲᠠ ᠵᠢᠨ ᠬᠢᠯᠢ ᠠᠯᠤᠰᠯᠠᠭᠰᠠᠨ ᠲᠡᠮᠦᠷ ᠵᠠᠮ᠎ᠤᠨ ᠡᠮᠦᠨᠡᠬᠢ ᠬᠤᠭᠤᠴᠠᠭ᠋ᠠᠨ᠎ᠤ ᠰᠤᠳᠤᠯᠭ᠋ᠠᠨ ᠪᠣᠯᠣᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠠᠬᠢᠭᠤᠯᠤᠨ᠎ᠠ ᠃ 《ᠣᠶᠤᠨᠴᠢ ᠪᠣᠭᠣᠮᠲᠠ 》᠂ 《ᠲᠣᠭ᠋ᠠᠴᠢᠯᠠᠭᠰᠠᠨ ᠤᠯᠤᠰ᠎ᠤᠨ ᠡᠭᠦᠳᠡ 》 ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂  ᠪᠣᠭᠣᠮᠲᠠ᠎ᠪᠠᠷ ᠥᠩᠭᠡᠷᠡᠬᠦ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ ᠃

      (ᠬᠣᠷᠢᠨ ᠳᠥᠷᠪᠡ )  ᠨᠡᠭᠡᠭᠡᠯᠲᠡᠲᠤ ᠭᠡᠯᠪᠡᠷᠢ ᠵᠢᠨ ᠠᠵᠤ ᠠᠬᠤᠢ ᠵᠢ ᠲᠦᠷᠭᠡᠳᠬᠡᠨ ᠬᠥᠭᠵᠢᠭᠦᠯᠦᠨ᠎ᠡ ᠃  ᠳᠤᠮᠳᠠᠳᠤ ᠤᠯᠤᠰ (ᠥᠪᠥᠷ ᠮᠣᠩᠭᠣᠯ )᠎ᠤᠨ  ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠳᠡᠰ ᠳᠠᠷᠠᠭ᠋ᠠᠯᠠᠯ ᠶᠣᠰᠣᠭ᠋ᠠᠷ ᠭᠤᠶᠤᠴᠢᠯᠠᠨ ᠪᠠᠢ᠌ᠭᠤᠯᠬᠤ ᠵᠢ ᠳᠠᠮᠵᠢᠨ᠎ᠠ ᠃  ᠮᠠᠨᠵᠤᠤᠷ ᠂  ᠡᠷᠢᠶᠡᠨ ᠬᠣᠲᠠ ᠵᠢᠨ ᠵᠠᠬ᠎ᠠ ᠵᠢᠨ ᠠᠷᠠᠯᠵᠢᠶᠠᠨ᠎ᠤ ᠲᠣᠭᠣᠷᠢᠭ᠎ᠤᠨ ᠡᠳ᠋ᠰᠢᠭᠦᠯᠬᠦ ᠂  ᠪᠡᠯᠡ ᠣᠷᠣᠭᠤᠯᠬᠤ ᠂  ᠠᠷᠠᠯᠵᠢᠶᠠᠯᠠᠬᠤ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠲᠦᠷᠭᠡᠳᠬᠡᠨ᠎ᠡ ᠃  ᠬᠢᠯᠢ ᠵᠢᠨ ᠪᠣᠭᠣᠮᠲᠠ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠠᠢ᠌ᠷᠢᠯᠠᠭᠤᠯᠤᠯᠲᠠ ᠵᠢ ᠰᠤᠳᠤᠯᠤᠨ ᠰᠢᠯᠢᠳᠡᠭᠵᠢᠭᠦᠯᠵᠦ ᠂  ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ ᠃  ᠮᠠᠨᠵᠤᠤᠷ ᠬᠢᠭᠡᠳ ᠵᠠᠯᠠᠢ᠌ᠨᠠᠭᠤ ᠂  ᠤᠯᠠᠭ᠋ᠠᠨᠴᠠᠪ ᠬᠢᠭᠡᠳ ᠡᠷᠢᠶᠡᠨ ᠬᠣᠲᠠ ᠵᠡᠷᠭᠡ ᠭᠠᠵᠠᠷ ᠣᠷᠣᠨ᠎ᠤ ᠬᠠᠮᠢᠶᠠᠷᠤᠯᠲᠠ ᠵᠢᠨ ᠵᠠᠭᠪᠤᠷ᠎ᠲᠤ ᠰᠢᠨ᠎ᠡ ᠵᠢ ᠡᠭᠦᠳᠬᠦ ᠵᠢ ᠠᠬᠢᠭᠤᠯᠵᠤ ᠂  ᠪᠣᠭᠣᠮᠲᠠ ᠪᠠ ᠳᠣᠲᠣᠷ ᠭᠠᠵᠠᠷ᠎ᠤᠨ ᠬᠠᠮᠲᠤᠷᠠᠨ ᠬᠥᠳᠡᠯᠦᠯᠴᠡᠵᠦ ᠬᠥᠭᠵᠢᠬᠦ ᠵᠢ ᠠᠬᠢᠭᠤᠯᠤᠨ᠎ᠠ ᠃  ᠠᠵᠤ ᠦᠢ᠍ᠯᠡᠰ᠎ᠤᠨ ᠰᠠᠭᠤᠷᠢ ᠵᠢ ᠤᠯᠠᠮ ᠴᠢᠨᠠᠭᠰᠢᠳᠠ ᠪᠡᠬᠢᠵᠢᠭᠦᠯᠵᠦ ᠂  ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ ᠃  ᠮᠣᠩᠭᠣᠯ ᠤᠯᠤᠰ ᠂  ᠣᠷᠣᠰ᠎ᠯᠤᠭ᠎ᠠ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭ᠋ᠠᠰᠤᠨ ᠠᠵᠤ ᠠᠬᠤᠢ ᠂  ᠡᠨᠧᠷᠭᠢ ᠠᠭᠤᠷᠬᠠᠢ ᠵᠢᠨ ᠭᠠᠷᠤᠯᠲᠠ ᠂  ᠰᠠᠭᠤᠷᠢ ᠲᠥᠬᠦᠭᠡᠷᠦᠮᠵᠢ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠠᠬᠢᠭᠤᠯᠤᠨ᠎ᠠ ᠃  ᠮᠣᠩᠭᠣᠯ ᠤᠯᠤᠰ ᠵᠡᠷᠭᠡ ᠡᠷᠭᠢᠨ ᠲᠣᠭᠣᠷᠢᠨ᠎ᠤ ᠡᠯᠡᠰᠦᠨ᠎ᠤ ᠡᠬᠢ ᠡᠭᠦᠰᠦᠯ ᠤᠯᠤᠰ᠎ᠯᠤᠭ᠎ᠠ ᠡᠯᠡᠰᠦᠨ ᠰᠢᠭᠤᠷᠭ᠎ᠠ ᠵᠢᠨ ᠡᠬᠢ ᠵᠢ ᠬᠢᠨᠠᠨ ᠰᠢᠨᠵᠢᠬᠦ ᠬᠢᠭᠡᠳ ᠶᠡᠷᠦᠩᠬᠡᠢ᠌ᠯᠡᠨ ᠵᠠᠰᠠᠬᠤ ᠂  ᠠᠮᠢ ᠠᠬᠤᠢ ᠣᠷᠴᠢᠨ ᠲᠣᠭᠣᠷᠢᠨ ᠬᠢᠭᠡᠳ ᠠᠮᠢ ᠠᠬᠤᠢ ᠵᠢ ᠰᠡᠷᠭᠦᠭᠡᠬᠦ ᠵᠡᠷᠭᠡ ᠬᠦᠷᠢᠶ᠎ᠡ᠎ᠳᠠᠬᠢ ᠮᠡᠷᠭᠡᠵᠢᠯ ᠪᠠ ᠲᠥᠷᠥᠯ ᠵᠦᠢ᠍ᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠴᠢᠩᠭ᠋ᠠᠳᠬᠠᠨ᠎ᠠ ᠃  ᠥᠪᠥᠷ ᠮᠣᠩᠭᠣᠯ᠎ᠤᠨ  ᠰᠢᠩᠭ᠋ᠠᠫᠤᠷ ᠵᠡᠷᠭᠡ ᠤᠯᠤᠰ᠎ᠯᠤᠭ᠎ᠠ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠥᠷᠭᠡᠳᠬᠡᠬᠦ ᠵᠢ ᠳᠡᠮᠵᠢᠨ᠎ᠡ ᠃

      (ᠬᠣᠷᠢᠨ ᠲᠠᠪᠤ )  ᠣᠷᠣᠨ ᠪᠦᠰᠡ ᠵᠢᠨ ᠬᠠᠮᠵᠢᠯᠴᠠᠨ ᠬᠥᠳᠡᠯᠦᠯᠴᠡᠬᠦ ᠵᠢ ᠴᠢᠩᠭ᠋ᠠᠳᠬᠠᠨ᠎ᠠ ᠃  ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ᠎ᠳᠤ ᠢᠳᠡᠪᠬᠢᠲᠡᠢ ᠠᠭᠤᠰᠤᠯᠴᠠᠵᠤ ᠂  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠦᠨ᠂  ᠥᠪᠥᠷ ᠮᠣᠩᠭᠣᠯ ᠬᠢᠭᠡᠳ ᠪᠡᠭᠡᠵᠢᠩ᠎ᠤᠨ ᠠᠵᠢᠯ ᠲᠥᠷᠥᠯ ᠵᠶ᠋ᠡᠷ ᠵᠶ᠋ᠡᠨ ᠬᠠᠮᠲᠤᠷᠠᠯᠴᠠᠬᠤ ᠵᠢ ᠰᠦᠪᠡᠭᠴᠢᠯᠡᠨ ᠠᠬᠢᠭᠤᠯᠤᠨ᠎ᠠ ᠃  ᠲᠢᠶᠠᠨᠵᠢᠨ ᠂  ᠾᠧᠪᠧᠢ ᠂  ᠯᠢᠶᠣᠤᠨᠢᠩ ᠵᠡᠷᠭᠡ ᠮᠤᠵᠢ ᠬᠣᠲᠠ᠎ᠯᠤᠭ᠎ᠠ ᠭᠠᠷᠠᠮ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠠ ᠳᠣᠲᠣᠭ᠋ᠠᠳᠤ ᠬᠠᠭᠤᠷᠠᠢ ᠵᠢᠨ ᠭᠠᠷᠠᠮ᠎ᠤᠨ ᠬᠠᠮᠲᠤᠷᠠᠯᠴᠠᠭ᠎ᠠ ᠥᠷᠨᠢᠭᠦᠯᠬᠦ ᠵᠢ ᠳᠡᠮᠵᠢᠨ᠎ᠡ ᠃  ᠴᠢᠭᠤᠯᠤᠯᠲᠤ ᠬᠠᠭ᠋ᠠᠯᠭ᠎ᠠ ᠂  ᠴᠧᠩᠳᠧ ᠂  ᠳ᠋ᠠᠲ᠋ᠦ᠋ᠩ ᠂  ᠰᠢᠨᠵᠧᠦ ᠂  ᠲᠡᠮᠡᠭᠡᠲᠦ ᠂  ᠱ᠌ᠢ ᠽᠦᠢ ᠱᠠᠨ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠂  ᠰᠠᠭᠤᠷᠢ ᠲᠥᠬᠦᠭᠡᠷᠦᠮᠵᠢ ᠵᠢᠨ ᠬᠣᠯᠪᠤᠭ᠋ᠠᠯᠠᠨ ᠨᠡᠪᠲᠡᠷᠡᠯᠴᠡᠬᠦ ᠂  ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠬᠠᠮᠲᠤᠷᠠᠯᠴᠠᠭ᠎ᠠ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠎ᠠ ᠃  ᠥᠪᠥᠷ ᠮᠣᠩᠭᠣᠯ᠎ᠤᠨ ᠵᠡᠭᠦᠨ ᠬᠡᠰᠡᠭ (ᠤᠯᠠᠭ᠋ᠠᠨᠬᠠᠳᠠ —  ᠲᠦᠩᠯᠢᠶᠣᠣ )᠎ᠤᠨ  ᠠᠵᠤ ᠦᠢ᠍ᠯᠡᠰ᠎ᠤᠨ ᠰᠢᠯᠵᠢᠯᠲᠡ᠎ᠲᠠᠢ ᠵᠣᠯᠭ᠋ᠠᠭᠤᠯᠬᠤ ᠵᠢᠱ᠌ᠢᠶ᠎ᠡ ᠦᠵᠡᠭᠦᠯᠭᠦ ᠣᠷᠣᠨ᠎ᠢ ᠲᠦᠷᠭᠡᠳᠬᠡᠨ ᠪᠠᠢ᠌ᠭᠤᠯᠤᠨ᠎ᠠ ᠃  ᠬᠥᠬᠡᠮᠥ᠋ᠷᠡᠨ᠎ᠤ ᠭᠤᠷᠪᠠᠯᠵᠢᠨ ᠬᠣᠢ᠌ᠭ ᠂  ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠂  ᠵᠡᠭᠦᠨ ᠬᠣᠢ᠌ᠲᠤ ᠵᠢᠨ ᠭᠤᠷᠪᠠᠨ ᠮᠤᠵᠢ ᠵᠡᠷᠭᠡ ᠣᠷᠣᠨ ᠪᠦᠰᠡ ᠵᠢᠨ ᠬᠠᠷᠢᠯᠴᠠᠨ ᠠᠰᠢᠭ ᠬᠦᠷᠲᠡᠭᠡᠬᠦ ᠬᠠᠮᠲᠤᠷᠠᠯᠴᠠᠭ᠎ᠠ ᠵᠢ ᠴᠢᠩᠭ᠋ᠠᠳᠬᠠᠵᠤ ᠂  ᠬᠦᠷᠢᠶᠡᠯᠡᠩ ᠲᠣᠭᠣᠷᠢᠭ ᠂  ᠭᠠᠵᠠᠷ ᠣᠷᠣᠨ ᠠᠯᠤᠰᠯᠠᠭᠰᠠᠨ ᠠᠵᠤ ᠠᠬᠤᠢ ᠂  ᠣᠨᠳᠣᠣ ᠭᠠᠵᠠᠷ᠎ᠲᠤ ᠨᠡᠪᠴᠢᠭᠦᠯᠬᠦ ᠵᠡᠷᠭᠡ ᠠᠷᠭ᠎ᠠ ᠭᠡᠯᠪᠡᠷᠢ᠎ᠪᠠᠷ ᠳᠠᠮᠵᠢᠭᠤᠯᠤᠨ ᠠᠵᠤ ᠦᠢ᠍ᠯᠡᠰ᠎ᠤᠨ ᠰᠢᠯᠵᠢᠯᠲᠡ ᠵᠢ ᠭᠥᠯᠢᠶᠡᠨ ᠠᠪᠤᠨ᠎ᠠ ᠃  ᠮᠠᠨᠵᠤᠤᠷ ᠂  ᠡᠷᠢᠶᠡᠨ ᠬᠣᠲᠠ ᠂  ᠭᠠᠭᠴᠠᠮᠣᠳᠤ ᠂  ᠴᠡᠭᠡ ᠵᠡᠷᠭᠡ ᠬᠢᠯᠢ ᠳᠠᠭ᠋ᠠᠤ ᠭᠠᠵᠠᠷ ᠣᠷᠣᠨ᠎ᠳᠤ ᠬᠢᠯᠢ ᠳᠠᠭ᠋ᠠᠤ ᠵᠢᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠳ᠎ᠢ ᠨᠡᠢ᠌ᠳᠬᠡᠵᠦ ᠪᠦᠲᠦᠭᠡᠨ ᠪᠠᠢ᠌ᠭᠤᠯᠬᠤ ᠵᠢ ᠰᠤᠳᠤᠯᠵᠤ ᠂  ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ᠎ᠪᠠᠷ ᠬᠦᠷᠢᠶᠡᠯᠡᠩ ᠲᠣᠭᠣᠷᠢᠭ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠡᠷᠭᠡ᠎ᠳᠤ ᠵᠣᠬᠢᠬᠤ ᠳᠡᠮᠵᠢᠯᠭᠡ ᠦᠵᠡᠭᠦᠯᠵᠦ ᠂  ᠬᠢᠯᠢ ᠳᠠᠭ᠋ᠠᠤ ᠵᠢᠨ  ᠨᠡᠭᠡᠭᠡᠯᠲᠡ ᠬᠢᠬᠦ ᠰᠢᠨ᠎ᠡ ᠥᠨᠳᠥᠷᠯᠢᠭ᠎ᠢ ᠡᠭᠦᠳᠦᠨ ᠴᠣᠭᠴᠠᠯᠠᠨ᠎ᠠ ᠃

       ᠨᠠᠢ᠍ᠮᠠ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ  ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠦᠨ᠎ᠡ

      (ᠬᠣᠷᠢᠨ ᠵᠢᠷᠭᠤᠭ᠎ᠠ )  ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠤᠨ᠎ᠠ ᠃  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠭᠦ ᠡᠭᠦᠳᠦᠨ ᠪᠠᠢ᠌ᠭᠤᠯᠤᠯᠲᠠ ᠵᠢ ᠥᠷᠨᠢᠭᠦᠯᠵᠦ ᠂  ᠰᠤᠳᠤᠯᠭ᠋ᠠᠨ᠎ᠤ ᠰᠠᠭᠤᠷᠢᠨ ᠪᠠ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠤ  ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠵᠤ  ᠂  ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠭᠦ ᠲᠠᠯ᠎ᠠ᠎ᠪᠠᠷ ᠬᠡᠷᠡᠭᠯᠡᠬᠦ ᠵᠢ ᠡᠷᠡᠰ ᠭᠤᠢ᠌ᠪᠢᠰᠢ ᠦᠭᠡᠢ ᠠᠬᠢᠭᠤᠯᠵᠤ ᠂  ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠰᠠᠢ᠌ᠲᠤᠷ ᠡᠵᠡᠮᠰᠢᠨ ᠬᠡᠷᠡᠭᠯᠡᠬᠦ ᠵᠢ ᠦᠨᠡᠨ ᠬᠦ᠌ ᠪᠠᠲᠤᠯᠠᠨ᠎ᠠ ᠃  ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠪᠡᠬᠢᠵᠢᠭᠦᠯᠦᠨ ᠭᠦᠨᠵᠡᠭᠡᠢ᠌ᠷᠡᠭᠦᠯᠵᠦ ᠂  ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ 《ᠭᠤᠷᠪᠠᠨ ᠲᠥᠯᠥᠪᠯᠡᠭᠡ 》 ᠵᠢ  ᠦᠷᠭᠦᠯᠵᠢᠯᠡᠨ ᠥᠷᠨᠢᠭᠦᠯᠦᠨ᠎ᠡ ᠃  ᠦᠨᠳᠦᠰᠦᠲᠡᠨ᠎ᠤ ᠬᠦᠷᠢᠶᠡᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠪᠠᠢ᠌ᠭᠤᠯᠤᠮᠵᠢ ᠲᠣᠭᠲᠠᠴᠠ ᠵᠢ ᠲᠡᠭᠦᠯᠳᠡᠷᠵᠢᠭᠦᠯᠦᠨ᠎ᠡ ᠃  ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠪᠠᠢ᠌ᠷᠢᠰᠢᠭᠤᠯᠤᠯᠲᠠ ᠵᠢᠨ ᠲᠥᠯᠦᠪᠵᠢᠭᠦᠯᠭᠡ ᠪᠠ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ ᠂  ᠨᠡᠩ ᠲᠡᠭᠦᠯᠳᠡᠷᠵᠢᠭᠰᠡᠨ ᠪᠦᠬᠦᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ ᠂  ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠂  ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠨᠡᠢ᠌ᠭᠡᠮ᠎ᠤᠨ ᠨᠥᠬᠥᠴᠡᠯ᠎ᠢ ᠡᠭᠦᠳᠴᠦ  ᠂  ᠰᠢᠨ᠎ᠡ ᠴᠠᠭ ᠦᠶ᠎ᠡ᠎ᠳᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》᠎ᠤ  ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠨ᠎ᠠ ᠃

      (ᠬᠣᠷᠢᠨ ᠳᠣᠯᠣᠭ᠎ᠠ )  ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ ᠃  ᠠᠵᠢᠯ ᠣᠯᠭᠣᠯᠲᠠ ᠵᠢ ᠤᠷᠢᠳ ᠵᠶ᠋ᠠᠷ  ᠪᠣᠳᠣᠯᠬᠢᠯᠠᠬᠤ ᠲᠥᠷᠥ ᠵᠢᠨ ᠪᠣᠳᠣᠯᠭ᠎ᠠ ᠵᠢ ᠨᠠᠷᠢᠯᠢᠭ ᠨᠠᠢ᠌ᠳᠠᠪᠤᠷᠢᠵᠢᠭᠤᠯᠵᠤ ᠂  ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠂  ᠴᠡᠷᠢᠭ᠎ᠠᠴᠠ ᠬᠠᠯᠠᠭᠳᠠᠭᠰᠠᠳ ᠂  ᠬᠥᠯᠥᠰᠦᠨ ᠲᠠᠷᠢᠶᠠᠴᠢᠨ ᠂  ᠠᠵᠢᠯ ᠠᠯᠳᠠᠭᠰᠠᠳ᠎ᠤᠨ ᠠᠵᠢᠯ ᠣᠯᠭᠣᠯᠲᠠ ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠎ᠠ ᠃  ᠣᠯᠠᠨ ᠨᠡᠢ᠌ᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠭᠦ ᠲᠥᠷᠥᠯ ᠵᠦᠢ᠍ᠯ ᠥᠷᠨᠢᠭᠦᠯᠬᠦ ᠵᠢ ᠳᠡᠮᠵᠢᠵᠦ ᠂  ᠨᠥᠬᠥᠴᠡᠯ᠎ᠳᠤ ᠨᠡᠢ᠌ᠴᠡᠬᠦ ᠣᠷᠣᠨ ᠨᠤᠲᠤᠭ᠎ᠤᠨ ᠣᠯᠠᠨ ᠨᠡᠢ᠌ᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠪᠠᠢ᠌ᠭᠤᠯᠬᠤ ᠵᠢ ᠳᠡᠮᠵᠢᠵᠦ ᠂  ᠦᠢ᠍ᠯᠡᠰ ᠪᠣᠰᠬᠠᠵᠤ ᠰᠢᠨ᠎ᠡ ᠵᠢ ᠡᠭᠦᠳᠬᠦ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠭᠣᠣᠯᠳᠠᠯᠭ᠎ᠠ᠎ᠲᠠᠢ ᠢᠨᠵᠧᠨᠧᠷᠢᠩ ᠪᠣᠯᠣᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ ᠵᠢ ᠳᠡᠯᠭᠡᠷᠡᠭᠦᠯᠵᠦ ᠂  ᠭᠦᠳᠡᠯᠮᠦᠷᠢ ᠦᠢ᠍ᠯᠡᠴᠢᠯᠡᠭᠡᠨ᠎ᠤ ᠬᠥᠯᠥᠰᠦ ᠣᠯᠭᠣᠮᠵᠢ ᠣᠯᠭᠣᠬᠤ ᠬᠠᠷᠢᠴᠠᠯ᠎ᠢ ᠵᠣᠬᠢᠰᠲᠠᠢ ᠳᠡᠭᠡᠭᠰᠢᠯᠡᠭᠦᠯᠤᠨ᠎ᠠ ᠃  ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂  ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠳᠤᠲᠠᠭᠤᠳᠠᠯ᠎ᠢ ᠨᠥᠬᠥᠪᠦᠷᠢᠯᠡᠵᠦ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠨᠢᠭᠡ ᠪᠦᠯᠦᠭ ᠭᠣᠣᠯᠳᠠᠯᠭ᠎ᠠ᠎ᠲᠠᠢ ᠳᠦᠷᠦᠯ ᠵᠦᠢ᠍ᠯ᠎ᠢ ᠬᠡᠷᠡᠭᠵᠢᠭᠦᠯᠬᠦ ᠵᠢ ᠲᠡᠮᠵᠢᠵᠤ ᠂  ᠣᠨᠳᠣᠣ ᠭᠠᠵᠠᠷ᠎ᠲᠤ ᠨᠡᠭᠦᠯᠭᠡᠨ ᠲᠥᠪᠯᠡᠷᠡᠭᠦᠯᠦᠨ ᠲᠥᠪᠬᠢᠨᠡᠭᠦᠯᠬᠦ ᠴᠡᠭ᠎ᠤᠨ ᠵᠠᠯᠭ᠋ᠠᠮᠵᠢ ᠲᠡᠳᠬᠦᠮᠵᠢ ᠵᠢ ᠴᠢᠩᠭ᠋ᠠᠳᠬᠠᠨ᠎ᠠ ᠃  ᠶᠠᠳᠠᠭᠤ᠎ᠠᠴᠠ ᠠᠩᠭᠢᠵᠢᠷᠠᠭᠰᠠᠨ ᠭᠡᠷ ᠪᠦᠯᠢ ᠂  ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠭᠡᠷ ᠪᠦᠯᠢ ᠂  ᠠᠵᠢᠯ᠎ᠲᠠᠢ ᠬᠥᠮᠥᠨ ᠦᠭᠡᠢ ᠭᠡᠷ ᠪᠦᠯᠢ ᠂  ᠵᠡᠮᠳᠡᠭᠴᠦᠳ ᠵᠡᠷᠭᠡ ᠬᠦᠴᠢᠷᠳᠡᠯᠲᠡᠢ ᠬᠥᠮᠥᠰ᠎ᠢ ᠠᠵᠢᠯ ᠣᠯᠭᠣᠵᠤ ᠬᠠᠪᠰᠤᠷᠤᠨ ᠲᠡᠳᠬᠦᠬᠦ ᠵᠢ ᠴᠢᠩᠭ᠋ᠠᠳᠬᠠᠵᠤ ᠂  ᠣᠷᠣᠯᠭ᠎ᠠ ᠪᠠᠭ᠋ᠠᠲᠠᠢ ᠬᠥᠮᠥᠰ᠎ᠤᠨ ᠣᠷᠣᠯᠭ᠎ᠠ ᠵᠢ ᠨᠡᠮᠡᠭᠳᠡᠭᠦᠯᠵᠦ ᠂  ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ᠎ᠢ ᠥᠷᠭᠡᠳᠬᠡᠵᠦ ᠂  ᠤᠯᠤᠰ᠎ᠤᠨ ᠳᠦᠷᠦ ᠵᠢᠨ ᠪᠣᠳᠣᠯᠭ᠎ᠠ ᠵᠢᠨ ᠪᠣᠷᠣ ᠲᠥᠯᠥᠪ᠎ᠤᠨ ᠳᠣᠲᠣᠷ᠎ᠠ ᠬᠠᠲᠠᠭᠤᠵᠢᠯᠲᠠᠢ ᠬᠢᠯᠢ ᠬᠢᠵᠠᠭ᠋ᠠᠷ ᠣᠷᠣᠨ᠎ᠤ ᠨᠥᠬᠥᠪᠦᠷᠢ ᠮᠥᠩᠭᠥ ᠵᠢ ᠬᠡᠷᠡᠭᠵᠢᠭᠦᠯᠬᠦ ᠬᠡᠪᠴᠢᠶ᠎ᠡ ᠪᠣᠯᠣᠨ ᠳᠦᠷᠦᠯ ᠵᠦᠢ᠍ᠯ᠎ᠢ ᠵᠣᠬᠢᠰᠲᠠᠢ ᠲᠣᠬᠢᠷᠠᠭᠤᠯᠵᠤ ᠂  ᠣᠷᠣᠯᠭ᠎ᠠ ᠵᠢᠨ  ᠬᠤᠪᠢᠶᠠᠷᠢᠯᠠᠯᠲᠠ ᠵᠢᠨ ᠪᠠᠢ᠌ᠷᠢᠰᠢᠯ᠎ᠢ ᠰᠢᠯᠢᠳᠡᠭᠵᠢᠭᠦᠯᠵᠦ ᠂  ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠬᠤ ᠪᠦᠲᠦᠮᠵᠢᠲᠡᠢ ᠠᠷᠭ᠎ᠠ ᠵᠠᠮ᠎ᠢ ᠰᠦᠪᠡᠭᠴᠢᠯᠡᠨ᠎ᠡ ᠃

      (ᠬᠣᠷᠢᠨ ᠨᠠᠢ᠍ᠮᠠ )  ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ ᠃  ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠬᠣᠯᠪᠤᠭ᠎ᠠ ᠪᠠᠢ᠌ᠭᠤᠯᠬᠤ ᠵᠢ ᠳᠡᠮᠵᠢᠵᠦ᠂  ᠰᠤᠷᠭ᠋ᠠᠨ ᠬᠥᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭ᠋ᠠᠭᠤᠯᠢ ᠵᠢᠨ ᠬᠠᠪᠰᠤᠷᠤᠯᠴᠠᠭ᠎ᠠ ᠪᠠᠢ᠌ᠭᠤᠯᠤᠨ ᠥᠪᠥᠷ ᠮᠣᠩᠭᠣᠯ᠎ᠤᠨ ᠣᠷᠣᠨ ᠨᠤᠲᠤᠭ᠎ᠤᠨ ᠶᠡᠬᠡ ᠳᠡᠭᠡᠳᠦ ᠰᠤᠷᠭ᠋ᠠᠭᠤᠯᠢ ᠵᠢ ᠬᠠᠪᠰᠤᠷᠤᠨ ᠲᠡᠳᠬᠦᠬᠦ ᠵᠢ ᠠᠬᠢᠭᠤᠯᠤᠨ᠎ᠠ ᠃  ᠥᠪᠥᠷ ᠮᠣᠩᠭᠣᠯ᠎ᠤᠨ ᠣᠷᠣᠨ ᠨᠤᠲᠤᠭ᠎ᠤᠨ ᠶᠡᠬᠡ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ ᠪᠠ ᠠᠰᠫᠢᠷᠠᠨᠲ ᠬᠥᠮᠥᠵᠢᠭᠦᠯᠬᠦ ᠬᠡᠪᠴᠢᠶ᠎ᠡ ᠵᠢ ᠵᠦᠢ ᠵᠣᠬᠢᠰᠲᠠᠢ ᠲᠣᠭᠲᠠᠭ᠋ᠠᠵᠤ ᠂  ᠢᠳᠡᠭᠡᠨ᠎ᠤ ᠰᠢᠨᠵᠢᠯᠡᠬᠦ ᠤᠬᠠᠭ᠋ᠠᠨ ᠂  ᠠᠮᠢ ᠠᠬᠤᠢ ᠵᠢᠨ ᠤᠬᠠᠭ᠋ᠠᠨ ᠂  ᠡᠪᠡᠰᠦᠨ᠎ᠤ ᠤᠬᠠᠭ᠋ᠠᠨ ᠂  ᠲᠡᠮᠦᠷᠯᠢᠭ ᠬᠠᠢ᠌ᠯᠤᠭᠤᠯᠬᠤ ᠬᠣᠪᠣᠷ ᠰᠢᠷᠣᠢ ᠂  ᠡᠮᠴᠢᠯᠡᠭᠡᠨ᠎ᠤ ᠠᠨᠠᠭ᠋ᠠᠬᠤ ᠤᠬᠠᠭ᠋ᠠᠨ ᠂  ᠰᠡᠷᠭᠡᠢ᠌ᠯᠡᠬᠦ ᠠᠨᠠᠭ᠋ᠠᠬᠤ ᠤᠬᠠᠭ᠋ᠠᠨ ᠵᠡᠷᠭᠡ ᠬᠢᠴᠢᠶᠡᠯ ᠳᠦᠷᠦᠯ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢ ᠳᠡᠮᠵᠢᠵᠦ ᠂  ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ 《  ᠬᠣᠣᠰ ᠲᠡᠷᠢᠭᠦᠨ 》᠎ᠤ  ᠪᠠᠢ᠌ᠭᠤᠯᠤᠯᠲᠠ ᠵᠢ ᠴᠢᠩᠭ᠋ᠠᠳᠬᠠᠬᠤ ᠵᠢ ᠳᠡᠮᠵᠢᠨ᠎ᠡ ᠃  ᠥᠪᠥᠷ ᠮᠣᠩᠭᠣᠯ᠎ᠤᠨ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ ᠪᠣᠯᠣᠨ ᠵᠢᠩᠬᠢᠨᠢ ᠠᠩᠭᠢ ᠵᠢᠨ ᠳᠡᠰ ᠳᠠᠪᠬᠤᠷᠭ᠎ᠠ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ ᠃  ᠲᠥᠯᠦᠪᠵᠢᠭᠦᠯᠭᠡ ᠶᠣᠰᠣᠭ᠋ᠠᠷ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ ᠂  ᠤᠯᠤᠰ᠎ᠤᠨ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠰᠠᠭᠤᠷᠢᠨ᠎ᠤ  ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ ᠂  ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠥᠭᠡᠷᠡᠴᠢᠯᠡᠯᠲᠡ ᠬᠢᠭᠡᠳ ᠴᠢᠨᠠᠷ ᠰᠠᠢ᠌ᠲᠠᠢ ᠬᠥᠭᠵᠢᠯᠲᠡ ᠵᠢᠨ ᠵᠢᠱ᠌ᠢᠶ᠎ᠡ ᠦᠵᠡᠭᠦᠯᠭᠦ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠨ ᠂  ᠰᠢᠶᠠᠨ᠎ᠤ ᠬᠡᠪᠴᠢᠶᠡᠨ᠎ᠤ ᠨᠢᠭᠲᠠᠷᠠᠭᠰᠠᠨ ᠡᠮᠴᠢᠯᠡᠭᠡᠨ᠎ᠤ ᠬᠠᠮᠲᠤ ᠵᠢᠨ ᠴᠣᠭᠴᠠ ᠵᠢ ᠲᠦᠷᠭᠡᠳᠬᠡᠨ ᠪᠠᠢ᠌ᠭᠤᠯᠤᠨ᠎ᠠ ᠃  ᠪᠦᠷᠢᠨ ᠪᠦᠲᠦᠨ ᠨᠡᠢ᠌ᠭᠡᠮ ᠲᠣᠭᠣᠷᠢᠭ᠎ᠤᠨ ᠲᠤᠷᠰᠢᠯᠲᠠ ᠵᠢᠨ ᠴᠡᠭ᠎ᠤᠨ ᠠᠵᠢᠯ᠎ᠢ  ᠥᠷᠨᠢᠭᠦᠯᠵᠦ ᠂  ᠭᠠᠴᠠᠭ᠎ᠠ ᠲᠣᠰᠬᠣᠨ (ᠨᠡᠢ᠌ᠭᠡᠮ ᠲᠣᠭᠣᠷᠢᠭ )᠎ᠤ  ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠪᠠ ᠴᠢᠳᠠᠪᠤᠷᠢ ᠵᠢ ᠥᠷᠭᠡᠳᠬᠡᠨ ᠳᠡᠰ ᠳᠡᠪᠰᠢᠭᠦᠯᠬᠦ ᠲᠥᠷᠥᠯ ᠵᠦᠢ᠍ᠯ᠎ᠢ ᠬᠡᠷᠡᠭᠵᠢᠭᠦᠯᠵᠦ ᠂  ᠨᠡᠢ᠌ᠭᠡᠮ ᠲᠣᠭᠣᠷᠢᠭ᠎ᠤᠨ ᠠᠵᠢᠯᠲᠠᠨ᠎ᠤ ᠴᠠᠯᠢᠩ ᠣᠯᠭᠣᠮᠵᠢ ᠵᠢ ᠳᠡᠭᠡᠭᠰᠢᠯᠡᠭᠦᠯᠦᠨ᠎ᠡ ᠃  ᠥᠪᠥᠷ ᠮᠣᠩᠭᠣᠯ᠎ᠤᠨ ᠬᠡᠰᠡᠭ ᠭᠠᠵᠠᠷ ᠣᠷᠣᠨ᠎ᠤ ᠤᠤᠯ᠎ᠤᠨ ᠭᠠᠵᠠᠷ ᠵᠶ᠋ᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ᠎ᠤᠨ ᠨᠠᠰᠤᠵᠢᠯ᠎ᠤᠨ ᠳᠠᠭ᠋ᠠᠳᠬᠠᠯ᠎ᠤᠨ ᠲᠤᠰᠠᠭ᠋ᠠᠷ ᠪᠠᠢ᠌ᠭᠤᠯᠬᠤ ᠳᠦᠷᠢᠮ᠎ᠤᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠵᠢ ᠳᠡᠮᠵᠢᠵᠦ ᠂  ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠠᠮᠤᠷᠬᠤ ᠬᠡᠪᠴᠢᠶ᠎ᠡ ᠵᠢ ᠥᠷᠭᠡᠳᠬᠡᠬᠦ ᠠᠷᠭ᠎ᠠ ᠬᠡᠮᠵᠢᠶ᠎ᠡ ᠵᠢ ᠰᠦᠪᠡᠭᠴᠢᠯᠡᠨ᠎ᠡ ᠃  ᠦᠷᠡᠭᠳᠡᠭᠰᠡᠨ ᠪᠠᠭ᠋ᠠᠲᠤᠷᠴᠤᠳ᠎ᠢ ᠳᠤᠷᠠᠰᠬᠠᠬᠤ ᠲᠥᠬᠦᠭᠡᠷᠦᠮᠵᠢ ᠂  ᠢᠷᠠᠭᠤ ᠠᠯᠳᠠᠷ᠎ᠤᠨ ᠬᠦᠷᠢᠶᠡᠯᠡᠩ ᠂  ᠠᠰᠠᠷᠠᠨ ᠬᠠᠷᠠᠭ᠋ᠠᠯᠵᠠᠬᠤ ᠡᠮᠨᠡᠯᠭᠡ ᠵᠢᠨ ᠬᠣᠷᠢᠶ᠎ᠠ ᠂  ᠴᠡᠷᠢᠭ᠎ᠤᠨ ᠬᠠᠩᠭ᠋ᠠᠯᠭ᠎ᠠ ᠵᠢᠨ ᠦᠷᠳᠡᠭᠡ ᠵᠡᠷᠭᠡ ᠵᠢᠨ ᠪᠦᠲᠦᠭᠡᠨ ᠪᠠᠢ᠌ᠭᠤᠯᠤᠯᠲᠠ ᠵᠢ ᠲᠡᠮᠵᠢᠵᠤ ᠂  ᠠᠰᠠᠷᠠᠨ ᠬᠠᠷᠠᠭ᠋ᠠᠯᠵᠠᠬᠤ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠦᠨ᠎ᠡ ᠃

      (ᠬᠣᠷᠢ ᠶᠢᠰᠦ )  ᠬᠢᠯᠢ ᠬᠢᠵᠠᠭ᠋ᠠᠷ᠎ᠢ ᠰᠠᠬᠢᠨ ᠪᠡᠬᠢᠵᠢᠭᠦᠯᠵᠦ ᠬᠢᠯᠢ ᠬᠢᠵᠠᠭ᠋ᠠᠷ᠎ᠢ ᠬᠥᠭᠵᠢᠭᠦᠯᠦᠨ ᠮᠠᠨᠳᠤᠭᠤᠯᠬᠤ ᠵᠢ  ᠴᠢᠩᠭ᠋ᠠᠳᠬᠠᠨ᠎ᠠ ᠃  ᠬᠢᠯᠢ ᠬᠢᠵᠠᠭ᠋ᠠᠷ᠎ᠤᠨ ᠵᠠᠩᠭᠢᠯᠠᠭ᠎ᠠ ᠵᠢᠨ  ᠴᠡᠭ᠎ᠤᠨ  ᠲᠣᠰᠬᠣᠨ ᠪᠠᠯᠭ᠋ᠠᠰᠤ ᠵᠢᠨ ᠰᠠᠭᠤᠷᠢ ᠲᠥᠬᠦᠭᠡᠷᠦᠮᠵᠢ ᠵᠢᠨ ᠳᠡᠰ ᠳᠡᠪᠰᠢᠭᠦᠯᠬᠦ ᠢᠨᠵᠧᠨᠧᠷᠢᠩ᠎ᠢ ᠬᠡᠷᠡᠭᠵᠢᠭᠦᠯᠵᠦ ᠂  ᠬᠢᠯᠢ ᠬᠢᠵᠠᠭ᠋ᠠᠷ᠎ᠤᠨ ᠭᠠᠵᠠᠷ ᠣᠷᠣᠨ᠎ᠤ ᠤᠰᠤ ᠴᠠᠭᠢᠯᠭ᠋ᠠᠨ ᠵᠠᠮ ᠴᠢᠮᠡᠭᠡ ᠬᠣᠯᠪᠤᠭ᠎ᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠢ᠌ᠭᠤᠯᠤᠯᠲᠠ ᠵᠢ ᠳᠠᠮᠵᠢᠵᠤ ᠂  ᠬᠢᠯᠢ ᠬᠢᠵᠠᠭ᠋ᠠᠷ᠎ᠤᠨ ᠠᠢ᠌ᠯ ᠲᠣᠰᠬᠣᠨ ᠂  ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠂  ᠬᠢᠯᠢ ᠬᠢᠵᠠᠭ᠋ᠠᠷ᠎ᠤᠨ ᠲᠣᠮᠢᠯᠠᠭᠰᠠᠨ ᠰᠠᠯᠪᠤᠷᠢ ᠪᠠ ᠬᠢᠯᠢ ᠬᠢᠵᠠᠭ᠋ᠠᠷ᠎ᠲᠤ ᠬᠦᠷᠬᠦ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠤᠨ ᠤᠤᠭᠤᠬᠤ ᠤᠰᠤ ᠂  ᠴᠠᠭᠢᠯᠭ᠋ᠠᠨ ᠬᠦᠴᠦᠨ ᠂  ᠴᠢᠮᠡᠭᠡ ᠬᠣᠯᠪᠤᠭ᠎ᠠ ᠂  ᠷᠠᠳᠢᠣ᠋ ᠲᠧᠯᠸᠢᠰ᠎ᠢ ᠨᠡᠢ᠌ᠳᠡᠮ ᠪᠦᠷᠬᠦᠭᠦᠯᠬᠦ ᠵᠢ ᠪᠡᠶᠡᠯᠡᠭᠦᠯᠦᠨ᠎ᠡ ᠃  ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠤ ᠲᠥᠪ ᠬᠣᠲᠠ ᠪᠠᠯᠭ᠋ᠠᠰᠤᠨ᠎ᠤ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ  ᠴᠡᠭ᠎ᠤᠨ ᠠᠵᠢᠯ᠎ᠢ ᠭᠦᠨᠵᠡᠭᠡᠢ ᠥᠷᠨᠢᠭᠦᠯᠦᠨ᠎ᠡ ᠃ 《ᠠᠷᠠᠳ᠎ᠤᠨ  ᠡᠵᠡᠩᠨᠡᠯᠲᠡ ᠵᠢᠨ  ᠠᠵᠤ ᠠᠬᠤᠢ᠌ᠯᠠᠯ ᠬᠢᠯᠢ ᠬᠢᠵᠠᠭ᠋ᠠᠷ ᠣᠷᠣᠨ᠎ᠳᠤ ᠨᠤᠲᠤᠭᠰᠢᠬᠤ 》  ᠠᠵᠢᠯᠯᠠᠭ᠎ᠠ ᠵᠢ ᠥᠷᠨᠢᠭᠦᠯᠦᠨ ᠂  ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢᠨ ᠢᠨᠵᠧᠨᠧᠷᠢᠩ᠎ᠢ ᠬᠡᠷᠡᠭᠵᠢᠭᠦᠯᠵᠦ᠂  ᠬᠢᠯᠢ ᠵᠢᠨ ᠠᠷᠠᠳ᠎ᠤᠨ ᠲᠤᠬᠠᠢ ᠵᠢᠨ ᠭᠠᠵᠠᠷ᠎ᠲᠠᠭᠠᠨ ᠣᠢ᠌ᠷ᠎ᠠ ᠬᠠᠪᠢ᠎ᠳᠠᠭᠠᠨ ᠠᠵᠢᠯ ᠣᠯᠬᠤ ᠪᠠ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢ ᠠᠬᠢᠭᠤᠯᠤᠨ᠎ᠠ ᠃  ᠦᠨᠳᠦᠰᠦᠲᠡᠨ᠎ᠤ ᠠᠷᠠᠯᠵᠢᠶ᠎ᠠ ᠪᠠ ᠦᠨᠳᠦᠰᠦᠲᠡᠨ᠎ᠤ ᠣᠨᠴᠠ ᠬᠡᠷᠡᠭᠴᠡᠭᠡᠨ᠎ᠤ ᠲᠠᠸᠠᠷ᠎ᠤᠨ ᠦᠢ᠍ᠯᠡᠳᠪᠦᠷᠢᠯᠡᠯ᠎ᠢ ᠲᠡᠳᠬᠦᠨ ᠲᠡᠮᠵᠢᠨ᠎ᠠ ᠃  ᠬᠢᠯᠢ ᠵᠢᠨ 

《ᠳᠥᠷᠪᠡᠨ ᠬᠠᠮᠲᠤ 》  ᠬᠣᠩᠭᠢᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠶᠡᠬᠡ ᠬᠢᠩᠭ᠋ᠠᠨ ᠳᠠᠪᠠᠭ᠎ᠠ ᠵᠢᠨ ᠰᠢᠭᠤᠢ᠌ᠲᠤ ᠣᠷᠣᠨ᠎ᠤ ᠭᠠᠯ ᠰᠡᠷᠭᠡᠢ᠌ᠯᠡᠬᠦ ᠵᠠᠮ ᠪᠠ ᠬᠢᠯᠢ ᠬᠢᠵᠠᠭ᠋ᠠᠷ᠎ᠲᠤ ᠬᠦᠷᠬᠦ ᠠᠢ᠌ᠯ ᠲᠣᠰᠬᠣᠨ᠎ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ ᠃  ᠬᠢᠯᠢ ᠳᠠᠭ᠋ᠠᠤ ᠤᠯᠤᠰ᠎ᠤᠨ ᠵᠠᠮ᠎ᠤᠨ 331 ᠱᠤᠭᠤᠮ᠎ᠢ ᠨᠡᠪᠲᠡᠷᠡᠭᠦᠯᠬᠦ ᠪᠠ ᠳᠣᠣᠷ᠎ᠠ ᠲᠠᠰ᠎ᠤᠨ ᠵᠠᠮ᠎ᠤᠨ ᠬᠡᠰᠡᠭ᠎ᠢ ᠪᠦᠲᠦᠭᠡᠨ ᠪᠠᠢ᠌ᠭᠤᠯᠵᠤ ᠥᠭᠡᠷᠡᠴᠢᠯᠡᠨ ᠰᠢᠨᠡᠳᠬᠡᠬᠦ ᠵᠢ ᠲᠦᠷᠭᠡᠳᠬᠡᠵᠦ  ᠂  ᠬᠢᠯᠢ ᠳᠠᠭ᠋ᠠᠤ ᠤᠯᠤᠰ᠎ᠤᠨ ᠵᠠᠮ᠎ᠤᠨ ᠵᠡᠷᠭᠡᠴᠡᠭᠡ ᠱᠤᠭᠤᠮ᠎ᠤᠨ ᠪᠦᠲᠦᠭᠡᠨ ᠪᠠᠢ᠌ᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ ᠃  ᠬᠢᠯᠢ ᠬᠢᠵᠠᠭ᠋ᠠᠷ᠎ᠲᠤ ᠬᠦᠷᠬᠦ ᠰᠢᠶᠠᠩ ᠪᠠᠯᠭ᠋ᠠᠰᠤᠨ᠎ᠤ ᠠᠵᠢᠯ᠎ᠤᠨ ᠬᠦᠴᠦᠨ᠎ᠢ ᠴᠢᠩᠭ᠋ᠠᠳᠬᠠᠬᠤ ᠲᠤᠬᠠᠢ ᠰᠤᠳᠤᠯᠵᠤ ᠂  ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠬᠢᠵᠠᠭ᠋ᠠᠷ᠎ᠢ ᠬᠦᠴᠦᠷᠬᠡᠭᠵᠢᠭᠦᠯᠵᠦ ᠰᠡᠷᠭᠡᠢ᠌ᠯᠡᠯᠲᠡ ᠵᠢ ᠪᠡᠬᠢᠵᠢᠭᠦᠯᠬᠦ ᠵᠢ ᠴᠢᠩᠭ᠋ᠠᠳᠬᠠᠵᠤ ᠂ 《ᠠᠮᠤᠭᠤᠯᠠᠩᠲᠤ ᠤᠮᠠᠷᠠᠲᠤ ᠬᠢᠯᠢ ᠂  ᠣᠶᠤᠨᠲᠤ ᠬᠢᠯᠢ ᠵᠢᠨ ᠬᠠᠮᠠᠭ᠋ᠠᠯᠠᠯᠲᠠ 》 ᠵᠢᠨ  ᠪᠠᠢ᠌ᠭᠤᠯᠤᠯᠲᠠ ᠵᠢ ᠠᠬᠢᠭᠤᠯᠤᠨ᠎ᠠ ᠃

      (ᠭᠤᠴᠢ )  ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠨ᠎ᠠ ᠃  ᠬᠣᠲᠠ ᠵᠢᠨ ᠠᠮᠤᠷ ᠲᠦᠪᠰᠢᠨ᠎ᠤ ᠤᠶᠠᠨ ᠬᠠᠲᠠᠨ ᠴᠢᠨᠠᠷ᠎ᠢ ᠳᠡᠭᠡᠭᠰᠢᠯᠡᠭᠦᠯᠭᠦ ᠂  ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠳᠡᠭᠡᠭᠰᠢᠯᠡᠭᠦᠯᠭᠦ ᠂  ᠨᠡᠢ᠌ᠭᠡᠮ᠎ᠤᠨ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠰᠢᠰᠲ᠋ᠧᠮ ᠂  ᠣᠯᠠᠨ ᠨᠡᠢ᠌ᠲᠡ ᠵᠢᠨ ᠠᠮᠤᠷ ᠲᠦᠪᠰᠢᠨ᠎ᠤ ᠸᠢᠳᠢᠤ᠋᠎ᠪᠠᠷ ᠬᠢᠨᠠᠨ ᠡᠵᠡᠮᠳᠡᠬᠦ ᠪᠠᠢ᠌ᠭᠤᠯᠤᠯᠲᠠ ᠵᠢᠨ ᠲᠤᠤᠷᠵᠢᠭᠤᠯᠤᠬᠰᠠᠨ ᠬᠡᠷᠡᠭᠯᠡᠯᠲᠡ ᠂  ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠣᠶᠤᠨᠴᠢ ᠨᠢᠭᠡᠴᠢ ᠵᠢᠨ ᠪᠠᠢ᠌ᠭᠤᠯᠤᠯᠲᠠ ᠵᠡᠷᠭᠡ ᠢᠨᠵᠧᠨᠧᠷᠢᠩ᠎ᠢ ᠬᠡᠷᠡᠭᠵᠢᠭᠦᠯᠦᠨ᠎ᠡ ᠃  ᠭᠦᠭᠡᠬᠣᠲᠠ ᠵᠢᠨ ᠤᠯᠤᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠪᠠᠢ᠌ᠭᠤᠯᠬᠤ ᠵᠢ ᠳᠡᠮᠵᠢᠵᠦ ᠂  ᠬᠥᠯᠥᠨ ᠪᠤᠢ᠌ᠷ  ᠂  ᠤᠯᠠᠭ᠋ᠠᠨᠬᠠᠳᠠ ᠂  ᠦᠬᠠᠢ ᠵᠡᠷᠭᠡ ᠣᠷᠣᠨ ᠪᠦᠰᠡ ᠵᠢᠨ ᠬᠥᠮᠥᠷᠭᠡ ᠪᠠ ᠬᠡᠰᠡᠭ ᠬᠣᠰᠢᠭᠤ ᠰᠢᠶᠠᠨ (ᠬᠣᠲᠠ ᠂  ᠲᠣᠭᠣᠷᠢᠭ )᠎ᠤ  ᠭᠣᠣᠯ ᠬᠥᠮᠥᠷᠭᠡ ᠵᠢ ᠪᠠᠢ᠌ᠷᠢᠰᠢᠭᠤᠯᠤᠨ ᠪᠠᠢ᠌ᠭᠤᠯᠤᠨ᠎ᠠ ᠃  ᠬᠥᠯᠥᠨ ᠪᠤᠢ᠌ᠷ᠎ᠤᠨ ᠣᠶ ᠰᠢᠭᠤᠢ ᠵᠢᠨ ᠭᠠᠯ᠎ᠢ ᠰᠡᠷᠭᠡᠢ᠌ᠯᠡᠨ ᠤᠨᠲᠠᠷᠠᠭ᠋ᠠᠬᠤ ᠳᠠᠳᠤᠯᠭ᠎ᠠ ᠪᠣᠯᠪᠠᠰᠤᠷᠠᠯ ᠂  ᠤᠮᠠᠷᠠᠲᠤ ᠵᠢᠨ ᠠᠭ᠋ᠠᠷ᠎ᠤᠨ ᠠᠶᠠᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠬᠤ ᠵᠡᠷᠭᠡ ᠰᠠᠭᠤᠷᠢᠨ᠎ᠢ ᠪᠦᠲᠦᠭᠡᠨ ᠪᠠᠢ᠌ᠭᠤᠯᠵᠤ ᠂  ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠲᠦᠭᠰᠢᠭᠦᠷᠢᠳᠤ ᠣᠷᠣᠨ᠎ᠢ ᠶᠡᠷᠦᠩᠬᠡᠢ᠌ᠯᠡᠨ ᠵᠠᠰᠠᠬᠤ ᠵᠢ ᠳᠡᠮᠵᠢᠨ᠎ᠡ ᠃  ᠳᠤᠮᠳᠠ ᠵᠢᠵᠢᠭ ᠪᠠᠩᠬᠢ ᠵᠢᠨ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠂  ᠬᠥᠷᠥᠩᠭᠡ ᠵᠢ ᠨᠥᠬᠥᠪᠦᠷᠢᠯᠡᠬᠦ ᠪᠠ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠯᠠᠪᠳᠠᠭᠤᠨ ᠵᠶ᠋ᠠᠷ ᠠᠬᠢᠭᠤᠯᠤᠨ᠎ᠠ ᠃  ᠮᠤᠵᠢ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠂  ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂  ᠣᠷᠣᠨ ᠨᠤᠲᠤᠭ᠎ᠤᠨ ᠥᠷᠢ ᠥᠭᠴᠡᠭᠡᠨ᠎ᠤ ᠠᠶᠤᠯ ᠲᠦᠭᠰᠢᠭᠦᠷᠢ ᠵᠢ ᠬᠦᠴᠦᠲᠡᠢ ᠪᠥᠭᠡᠳ ᠡᠮᠬᠢ ᠵᠢᠷᠤᠮ᠎ᠲᠠᠢ ᠰᠡᠷᠭᠡᠢ᠌ᠯᠡᠨ ᠠᠷᠢᠯᠭ᠋ᠠᠵᠤ ᠂  ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠬᠤ ᠬᠣᠷᠢᠭ᠎ᠠ ᠱᠤᠭᠤᠮ᠎ᠢ ᠡᠷᠡᠰ ᠰᠠᠬᠢᠨ᠎ᠠ ᠃  ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂  ᠡᠯ᠎ᠡ ᠲᠥᠷᠥᠯ᠎ᠤᠨ ᠬᠦᠨᠳᠦ ᠶᠡᠬᠡ ᠠᠮᠤᠷ ᠲᠦᠪᠰᠢᠨ᠎ᠤ ᠠᠳᠠᠯ᠎ᠢ ᠪᠦᠲᠦᠮᠵᠢᠲᠡᠢ ᠰᠡᠷᠭᠡᠢ᠌ᠯᠡᠨ᠎ᠡ ᠃

       ᠶᠢᠰᠦ ᠂  ᠪᠠᠲᠤᠯᠠᠭ᠎ᠠ ᠵᠢᠨ ᠠᠷᠭ᠎ᠠ ᠬᠡᠮᠵᠢᠶ᠎ᠡ

      (ᠭᠤᠴᠢᠨ ᠨᠢᠭᠡ )  ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ ᠃  ᠨᠠᠮ᠎ᠤᠨ ᠪᠦᠭᠦ ᠲᠠᠯ᠎ᠠ ᠵᠢ ᠶᠡᠷᠦᠩᠬᠡᠢ᠌ᠯᠡᠨ ᠡᠵᠡᠮᠳᠡᠬᠦ ᠂  ᠡᠯ᠎ᠡ ᠲᠠᠯ᠎ᠠ ᠵᠢ ᠵᠣᠬᠢᠴᠠᠭᠤᠯᠬᠤ ᠤᠳᠤᠷᠢᠳᠬᠤ ᠭᠣᠣᠯᠯᠠᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ 《ᠬᠣᠶᠠᠷ᠎ᠢ ᠲᠣᠭᠲᠠᠭ᠋ᠠᠭᠰᠠᠨ 》᠎ᠤ  ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ ᠂ 《ᠳᠥᠷᠪᠡᠨ ᠤᠬᠠᠮᠰᠠᠷ 》 ᠵᠶ᠋ᠡᠨ  ᠴᠢᠩᠭ᠋ᠠᠳᠬᠠᠵᠤ ᠂ 《  ᠳᠥᠷᠪᠡᠨ ᠢᠲᠡᠭᠡᠯ 》 ᠵᠶ᠋ᠡᠨ  ᠪᠠᠲᠤᠳᠬᠠᠵᠤ ᠂ 

《  ᠬᠣᠶᠠᠷ᠎ᠢ ᠬᠠᠮᠠᠭ᠋ᠠᠯᠠᠬᠤ 》 ᠵᠢ ᠪᠡᠶᠡᠯᠡᠭᠦᠯᠵᠦ ᠂  ᠨᠠᠮ᠎ᠤᠨ ᠤᠳᠤᠷᠢᠳᠤᠯᠭ᠎ᠠ ᠵᠢ ᠢᠮᠠᠭᠲᠠ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠦᠭᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠨ᠎ᠠ ᠃  ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠪᠠ ᠵᠣᠬᠢᠶᠠᠨ ᠪᠠᠢ᠌ᠭᠤᠯᠤᠯᠲᠠ ᠵᠢᠨ ᠴᠢᠳᠠᠮᠵᠢ ᠵᠢ ᠴᠢᠩᠭ᠋ᠠᠳᠬᠠᠵᠤ ᠂  ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠢ᠌ᠴᠢᠨ ᠪᠡᠬᠢᠯᠡᠯᠲᠡ ᠪᠠ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂  ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠪᠠᠢ᠌ᠭ᠋ᠠᠳ 《  ᠮᠣᠩᠭᠣᠯ ᠮᠣᠷᠢᠨ᠎ᠤ ᠵᠣᠷᠢᠭ ᠰᠠᠨᠠᠭ᠎ᠠ 》  ᠪᠠ 《  ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ 》 ᠵᠢ ᠶᠡᠬᠡ᠎ᠪᠠᠷ ᠪᠠᠳᠠᠷᠠᠭᠤᠯᠵᠤ ᠂  ᠡᠯ᠎ᠡ ᠱᠠᠲᠤᠨ᠎ᠤ ᠺᠠᠳ᠋ᠷ᠎ᠤᠨ ᠢᠳᠡᠪᠬᠢᠵᠢᠯ ᠂  ᠰᠠᠨᠠᠭ᠋ᠠᠴᠢᠯᠠᠭ᠋ᠠᠲᠤ ᠴᠢᠨᠠᠷ ᠂  ᠪᠦᠲᠦᠭᠡᠯᠴᠢ ᠴᠢᠨᠠᠷ᠎ᠢ ᠪᠦᠭᠦ ᠲᠠᠯ᠎ᠠ᠎ᠪᠠᠷ ᠳᠠᠢ᠌ᠴᠢᠯᠠᠵᠤ ᠂  ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠂  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ ᠂  ᠡᠯ᠎ᠡ ᠲᠠᠯ᠎ᠠ ᠵᠢᠨ ᠬᠠᠮᠲᠤᠷᠠᠯ ᠬᠦᠴᠦᠨ᠎ᠢ ᠨᠢᠭᠲᠠᠷᠠᠭᠤᠯᠵᠤ ᠂  ᠨᠠᠮ᠎ᠤᠨ ᠲᠥᠪ ᠬᠣᠷᠢᠶ᠎ᠠ ᠵᠢᠨ  ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ ᠃

      (ᠭᠤᠴᠢᠨ ᠬᠣᠶᠠᠷ )  ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ ᠃  ᠴᠢᠬᠤᠯᠠ ᠶᠡᠬᠡ ᠲᠥᠷᠥᠯ ᠵᠦᠢ᠍ᠯ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ ᠂  ᠨᠥᠬᠥᠴᠡᠯ᠎ᠳᠤ ᠨᠡᠢ᠌ᠴᠡᠬᠦ ᠲᠥᠷᠥᠯ ᠵᠦᠢ᠍ᠯ᠎ᠢ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠳᠡᠮᠵᠢᠬᠦ ᠬᠡᠪᠴᠢᠶᠡᠨ᠎ᠳᠤ ᠣᠷᠣᠭᠤᠯᠤᠨ᠎ᠠ ᠃  ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢᠨ ᠬᠡᠷᠡᠭᠴᠡᠭᠡ ᠵᠢ ᠦᠨᠳᠦᠰᠦᠯᠡᠨ ᠂  ᠰᠢᠨ᠎ᠡ ᠡᠨᠧᠷᠭᠢ ᠂  ᠰᠢᠨ᠎ᠡ ᠮᠠᠲ᠋ᠧᠷᠢᠶᠠᠯ ᠂  ᠣᠲᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ ᠂  ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠂  ᠰᠦ ᠵᠢᠨ  ᠦᠢ᠍ᠯᠡᠰ ᠂  ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠵᠡᠷᠭᠡ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠂  ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠂  ᠴᠢᠬᠤᠯᠠ ᠶᠡᠬᠡ ᠲᠥᠷᠥᠯ ᠵᠦᠢ᠍ᠯ᠎ᠢ ᠨᠠᠢ᠌ᠳᠠᠪᠤᠷᠢᠵᠢᠭᠤᠯᠬᠤ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ ᠃  ᠥᠪᠥᠷ ᠮᠣᠩᠭᠣᠯ ᠬᠢᠭᠡᠳ ᠲᠥᠪ᠎ᠤᠨ  ᠪᠠ ᠲᠥᠷᠥ ᠵᠢᠨ ᠪᠠᠢ᠌ᠭᠤᠯᠭ᠎ᠠ ᠂  ᠵᠡᠭᠦᠨ ᠬᠡᠰᠡᠭ᠎ᠤᠨ  ᠲᠠᠯᠠᠢ ᠳᠠᠭ᠋ᠠᠤ ᠭᠠᠵᠠᠷ ᠣᠷᠣᠨ᠎ᠤ  ᠬᠣᠭᠣᠷᠣᠨᠳᠤ ᠬᠣᠯᠪᠣᠭᠳᠠᠯ ᠪᠦᠬᠦᠢ ᠲᠣᠭᠲᠠᠭ᠋ᠠᠯ ᠪᠣᠯᠣᠨ ᠺᠠᠳ᠋ᠷ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ  ᠶᠣᠰᠣᠭ᠋ᠠᠷ ᠺᠠᠳ᠋ᠷ᠎ᠢ ᠲᠤᠰᠢᠶᠠᠯ ᠡᠭᠦᠷᠭᠡᠯᠡᠭᠦᠯᠦᠨ ᠰᠣᠯᠢᠯᠴᠠᠬᠤ ᠵᠢ ᠲᠡᠮᠵᠢᠨ᠎ᠡ ᠃  ᠴᠢᠳᠠᠪᠤᠷᠢᠲᠠᠨ ᠬᠥᠮᠥᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ ᠂  ᠥᠪᠥᠷ ᠮᠣᠩᠭᠣᠯ᠎ᠢ ᠪᠠᠷᠠᠭᠤᠨ ᠣᠷᠣᠨ᠎ᠢ ᠭᠣᠣᠯᠳᠠᠯᠭ᠎ᠠ᠎ᠲᠠᠢ ᠳᠡᠮᠵᠢᠬᠦ ᠭᠠᠵᠠᠷ ᠣᠷᠣᠨ ᠪᠤᠯᠭ᠋ᠠᠵᠤ ᠂  ᠳᠡᠭᠡᠳᠦ ᠲᠠᠰ᠎ᠤᠨ ᠴᠢᠳᠠᠪᠤᠷᠢᠲᠠᠨ᠎ᠤ ᠥᠪᠥᠷ ᠮᠣᠩᠭᠣᠯ᠎ᠢ ᠲᠤᠰᠠᠯᠠᠬᠤ ᠵᠢ

ᠠᠬᠢᠭᠤᠯᠤᠨ᠎ᠠ ᠃

      (ᠭᠤᠴᠢᠨ ᠭᠤᠷᠪᠠ )  ᠠᠵᠢᠯ ᠨᠠᠢ᠌ᠳᠠᠪᠤᠷᠢᠵᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ ᠂  ᠠᠵᠢᠯ᠎ᠤᠨ ᠨᠠᠷᠢᠨ ᠳᠠᠩᠰᠠ ᠲᠣᠭᠲᠠᠭ᠋ᠠᠨ ᠂  ᠴᠠᠭ᠎ᠤᠨ  ᠬᠦᠰᠦᠨᠦᠭᠲᠦ ᠂  ᠪᠠᠷᠢᠯᠭ᠎ᠠ ᠵᠢᠨ ᠵᠢᠷᠤᠭ᠎ᠢ ᠲᠣᠳᠣᠷᠬᠠᠢ᠌ᠯᠠᠵᠤ ᠂  ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠂  ᠲᠤᠰ ᠰᠠᠨᠠᠯ᠎ᠳᠤ ᠲᠣᠭᠲᠠᠭ᠋ᠠᠭᠰᠠᠨ ᠬᠠᠷᠠᠯᠲᠠ ᠡᠭᠦᠷᠭᠡ ᠵᠢ ᠦᠨᠳᠦᠰᠦᠯᠡᠨ ᠂  ᠵᠢᠯᠣᠭᠣᠳᠤᠨ ᠵᠣᠬᠢᠴᠠᠭᠤᠯᠬᠤ᠎ᠪᠠᠨ ᠴᠢᠩᠭ᠋ᠠᠳᠬᠠᠵᠤ ᠂  ᠢᠵᠢ ᠲᠥᠬᠥᠷ ᠲᠥᠷᠥ ᠵᠢᠨ ᠪᠣᠳᠣᠯᠭ᠎ᠠ ᠲᠣᠭᠲᠠᠭ᠋ᠠᠨ ᠂  ᠥᠪᠥᠷ ᠮᠣᠩᠭᠣᠯ᠎ᠤᠨ 《  ᠲᠠᠪᠤᠨ ᠶᠡᠬᠡ ᠡᠭᠦᠷᠭᠡ 》 ᠵᠢ ᠨᠠᠢ᠌ᠳᠠᠪᠤᠷᠢᠵᠢᠭᠤᠯᠬᠤ᠎ᠳᠤ ᠬᠦᠴᠦᠲᠡᠢ ᠳᠡᠮᠵᠢᠯᠭᠡ ᠦᠵᠡᠭᠦᠯᠭᠦ ᠬᠡᠷᠡᠭᠲᠡᠢ ᠃  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠲᠣᠰ ᠰᠠᠨᠠᠯ᠎ᠤᠨ ᠬᠡᠷᠡᠭᠵᠢᠭᠦᠯᠦᠯᠲᠡ ᠵᠢ ᠮᠥᠷᠳᠡᠵᠦ ᠦᠨᠡᠯᠡᠨ ᠵᠢᠱ᠌ᠢᠬᠦ᠎ᠪᠠᠨ ᠴᠢᠩᠭ᠋ᠠᠳᠬᠠᠵᠤ ᠂  ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ ᠂  ᠲᠣᠪᠣᠢ᠌ᠮ᠎ᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ ᠂  ᠴᠢᠬᠤᠯᠠ ᠪᠠᠢ᠌ᠳᠠᠯ᠎ᠢ ᠴᠠᠭ ᠲᠤᠬᠠᠢ᠎ᠳᠤᠨᠢ ᠨᠠᠮ᠎ᠤᠨ ᠲᠥᠪ ᠬᠣᠷᠢᠶ᠎ᠠ ᠂  ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠢ ᠃

                              

                                                                    ᠲᠦᠷᠦ ᠵᠢᠨ  ᠶᠠᠪᠤᠳᠠᠯ᠎ᠤᠨ ᠬᠣᠷᠢᠶ᠎ᠠ                                       

                                                                          2023 ᠣᠨ᠎ᠤ 10 ᠰᠠᠷ᠎ᠠ ᠵᠢᠨ 5᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠢᠳᠡᠰᠢᠨ ᠨᠣᠭᠣᠭ᠎ᠠ᠎ᠠᠴᠠ ᠰᠤᠨᠤᠯᠵᠠᠭᠰᠠᠨ ᠠᠵᠤ ᠦᠢ᠍ᠯᠡᠰ᠎ᠤᠨ ᠬᠡᠯᠬᠢᠶ᠎ᠡ
ᠡᠯ᠎ᠡ ᠠᠢ᠌ᠮᠠᠭ ᠬᠣᠲᠠ ᠬᠤᠷᠠᠯ ᠬᠤᠷᠠᠯᠳᠤᠭᠤᠯᠵᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠰᠠᠨᠠᠯ》᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ – ᠴᠢᠬᠤᠯᠠ ᠶᠡᠬᠡ ᠠᠵᠠ ᠲᠣᠭᠢᠶᠠᠯ᠎ᠢ ᠠᠳᠬᠤᠵᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ
ᠠᠷᠠᠳ᠎ᠤᠨ ᠠᠮᠢᠳᠤᠷᠠᠯ᠎ᠢ ᠬᠠᠯᠠᠮᠵᠢᠯᠠᠵᠤ ᠵᠢᠷᠭ᠋ᠠᠯᠲᠤ ᠲᠥᠷᠥᠭᠳᠡᠯ᠎ᠢ ᠨᠡᠮᠡᠭᠳᠡᠭᠦᠯᠦᠨ᠎ᠡ
ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢᠨ ᠥᠪᠥᠷ ᠮᠣᠩᠭᠣᠯ᠎ᠤᠨ ᠦᠢ᠍ᠯᠡᠳᠦᠯᠭᠡ ᠰᠢᠨ᠎ᠡ ᠠᠮᠤᠷ ᠲᠦᠪᠰᠢᠨ᠎ᠤ ᠪᠠᠢ᠌ᠷᠢᠰᠢᠯ ᠵᠶ᠋ᠠᠷ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠲᠤᠯᠠᠨ᠎ᠠ
ᠰᠢᠨ᠎ᠡ ᠠᠮᠤᠷ ᠲᠦᠪᠰᠢᠨ᠎ᠤ ᠪᠠᠢ᠌ᠷᠢᠰᠢᠯ ᠵᠶ᠋ᠠᠷ ᠰᠢᠨ᠎ᠡ ᠬᠦᠭᠵᠢᠯᠲᠡ ᠵᠢᠨ ᠪᠠᠢ᠌ᠷᠢᠰᠢᠯ᠎ᠢ ᠪᠠᠲᠤᠯᠠᠨ᠎ᠠ
 
             蒙ICP备05000248号