ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠥᠷ ᠮᠣᠩᠭᠣᠯ 《ᠠᠷᠪᠠᠨ ᠳᠥᠷᠪᠡᠳᠦᠭᠡᠷ ᠡᠪᠦᠯ》᠎ᠤᠨ ᠲᠠᠩᠰᠠ ᠡᠪᠬᠡᠮᠡᠯ᠎ᠤᠨ ᠠᠵᠢᠯ᠎ᠢ ᠲᠤᠬᠠᠢ᠌ᠯᠠᠭᠰᠠᠨ ᠠᠵᠢᠯ᠎ᠤᠨ ᠲᠠᠯ᠎ᠠ᠎ᠪᠠᠷ ᠵᠢᠯᠤᠭᠤᠳᠪᠠ
ᠨᠡᠶ᠋ᠢᠲᠡᠯᠡᠭᠰᠡᠨ ᠴᠠᠭ᠄ 2023-11-21


       ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ 2024 ᠣᠨ᠎ᠤ 2 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 27᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠡᠷᠭᠢᠯᠡᠬᠦ᠎ᠪᠠᠷ ᠲᠣᠭᠲᠠᠪᠠ᠃ ᠴᠢᠬᠤᠯᠠ ᠶᠡᠬᠡ  ᠠᠵᠢᠯᠯᠠᠭ᠋ᠠᠨ᠎ᠤ  ᠲᠠᠩᠰᠠ ᠡᠪᠬᠡᠮᠡᠯ᠎ᠤᠨ ᠬᠠᠮᠢᠶᠠᠷᠤᠯᠲᠠ ᠵᠢ  ᠦᠨᠡᠨ ᠬᠦ᠌  ᠴᠢᠩᠭ᠋ᠠᠳᠬᠠᠵᠤ᠂ 《ᠠᠷᠪᠠᠨ  ᠳᠥᠷᠪᠡᠳᠦᠭᠡᠷ  ᠡᠪᠦᠯ》᠎ᠤᠨ ᠲᠠᠩᠰᠠ ᠡᠪᠬᠡᠮᠡᠯ᠎ᠤᠨ ᠡᠯ᠎ᠡ ᠵᠦᠢ᠍ᠯ᠎ᠤᠨ ᠠᠵᠢᠯ᠎ᠤᠳ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠵᠢᠨ ᠲᠥᠯᠥᠭᠡ ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠤᠨ ᠲᠣᠪᠴᠢᠶ᠎ᠠ᠂ ᠲᠠᠩᠰᠠ ᠡᠪᠬᠡᠮᠡᠯ᠎ᠤᠨ ᠣᠷᠳᠣᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠲᠠᠢ ᠬᠠᠮᠲᠤᠷᠠᠨ 《ᠠᠷᠪᠠᠨ  ᠳᠥᠷᠪᠡᠳᠦᠭᠡᠷ  ᠡᠪᠦᠯ》᠎ᠤᠨ ᠲᠠᠩᠰᠠ ᠡᠪᠬᠡᠮᠡᠯ᠎ᠤᠨ ᠠᠵᠢᠯ᠎ᠢ  ᠲᠤᠬᠠᠢ᠌ᠯᠠᠭᠰᠠᠨ ᠠᠵᠢᠯ᠎ᠤᠨ ᠲᠠᠯ᠎ᠠ᠎ᠪᠠᠷ ᠵᠢᠯᠤᠭᠤᠳᠪᠠ ᠃

       ᠵᠢᠯᠤᠭᠣᠳᠬᠤ ᠳᠤᠭᠤᠢ᠌ᠯᠠᠩ 《ᠠᠷᠪᠠᠨ ᠳᠥᠷᠪᠡᠳᠦᠭᠡᠷ ᠡᠪᠦᠯ》᠎ᠤᠨ ᠪᠡᠯᠡᠳᠬᠡᠯ ᠺᠣᠮᠢᠰ᠎ᠤᠨ ᠠᠵᠢᠯ᠎ᠤᠨ ᠠᠬᠤᠢ ᠲᠠᠯᠠᠪᠠᠶ᠎ᠳᠤ ᠬᠦᠷᠴᠦ᠂ ᠳᠠᠩᠰᠠ ᠡᠪᠬᠡᠮᠡᠯ᠎ᠤᠨ ᠠᠵᠢᠯ᠎ᠤᠨ ᠡᠮᠦᠨᠡᠬᠢ ᠬᠤᠭᠤᠴᠠᠭ᠋ᠠᠨ᠎ᠤ ᠪᠡᠯᠡᠳᠬᠡᠯ᠂ ᠵᠣᠬᠢᠶᠠᠨ ᠪᠠᠢ᠌ᠭᠤᠯᠤᠯᠲᠠ ᠵᠢᠨ ᠪᠦᠲᠦᠴᠡ᠂ ᠠᠵᠢᠯ᠎ᠤᠨ ᠲᠣᠭᠲᠠᠴᠠ ᠵᠡᠷᠭᠡ ᠵᠢ  ᠨᠠᠷᠢᠯᠢᠭ  ᠣᠢ᠌ᠯᠠᠭ᠋ᠠᠵᠤ᠂  ᠠᠬᠤᠢ  ᠲᠠᠯᠠᠪᠠᠶ᠎ᠳᠤ ᠡᠯ᠎ᠡ ᠠᠵᠢᠯᠯᠠᠬᠤ ᠳᠤᠭᠤᠢ᠌ᠯᠠᠩ᠎ᠤᠨ ᠪᠢᠴᠢᠭ ᠮᠠᠲ᠋ᠧᠷᠢᠶᠠᠯ᠎ᠤᠳ᠎ᠢ  ᠴᠤᠭᠯᠠᠭᠤᠯᠤᠨ  ᠡᠮᠬᠢᠳᠬᠡᠭᠰᠡᠨ ᠪᠠᠢ᠌ᠳᠠᠯ᠎ᠢ ᠎ᠨᠢ  ᠪᠠᠢ᠌ᠴᠠᠭ᠋ᠠᠨ ᠦᠵᠡᠵᠦ᠂ ᠲᠣᠭᠲᠠᠴᠠ ᠵᠢ ᠪᠠᠶ᠋ᠢᠭᠤᠯᠬᠤ᠂ ᠪᠢᠴᠢᠭ ᠮᠠᠲ᠋ᠧᠷᠢᠶᠠᠯ᠎ᠤᠳ᠎ᠢ ᠴᠤᠭᠯᠠᠭᠤᠯᠤᠨ ᠬᠠᠮᠢᠶᠠᠷᠬᠤ᠂ ᠲᠠᠩᠰᠠ ᠡᠪᠬᠡᠮᠡᠯ᠎ᠤᠳ᠎ᠢ ᠵᠢᠷᠤᠮᠵᠢᠭᠤᠯᠤᠨ ᠡᠮᠬᠢᠯᠡᠬᠦ᠂ ᠲᠠᠩᠰᠠ ᠡᠪᠬᠡᠮᠡᠯ᠎ᠤᠨ ᠬᠠᠷᠢᠶᠠᠯᠠᠯ ᠬᠢᠭᠡᠳ ᠰᠢᠯᠵᠢᠭᠦᠯᠦᠨ ᠲᠤᠰᠢᠶᠠᠬᠤ᠂ ᠲᠠᠩᠰᠠ ᠡᠪᠬᠡᠮᠡᠯ᠎ᠤᠳ᠎ᠢ ᠠᠰᠢᠭᠯᠠᠬᠤ ᠵᠢᠴᠢ ᠲᠠᠩᠰᠠ ᠡᠪᠬᠡᠮᠡᠯ᠎ᠤᠳ᠎ᠢ ᠲᠥᠷᠥᠯ  ᠠᠩᠭᠢᠯᠠᠬᠤ  ᠲᠥᠰᠥᠯ᠂ ᠪᠢᠴᠢᠭ ᠮᠠᠲ᠋ᠧᠷᠢᠶᠠᠯ᠎ᠤᠳ᠎ᠢ ᠲᠠᠩᠰᠠ ᠡᠪᠬᠡᠮᠡᠯ᠎ᠳᠤ ᠣᠷᠣᠭᠤᠯᠬᠤ ᠬᠡᠪᠴᠢᠶ᠎ᠡ ᠪᠠ ᠲᠠᠩᠰᠠ ᠡᠪᠬᠡᠮᠡᠯ᠎ᠤᠳ᠎ᠢ ᠬᠠᠳᠠᠭ᠋ᠠᠯᠠᠨ ᠬᠠᠮᠢᠶᠠᠷᠬᠤ  ᠲᠣᠪᠯᠠᠭᠰᠠᠨ ᠬᠤᠭᠤᠴᠠᠭ᠋ᠠᠨ᠎ᠤ  ᠬᠦᠰᠦᠨᠦᠭᠲᠦ ᠵᠢ ᠵᠣᠬᠢᠶᠠᠬᠤ ᠵᠡᠷᠭᠡ ᠵᠢᠨ ᠲᠣᠭᠣᠷᠢᠨ᠎ᠳᠤ  ᠵᠢᠯᠤᠭᠤᠳᠴᠤ ᠂ ᠮᠠᠳᠠᠭ᠎ᠲᠠᠢ ᠠᠰᠠᠭᠤᠳᠠᠯ᠎ᠤᠳ᠎ᠢ ᠴᠠᠭ ᠲᠤᠬᠠᠢ᠎ᠳᠤ᠎ᠨᠢ ᠬᠠᠷᠢᠭᠤᠯᠤᠨ ᠂ 《ᠠᠷᠪᠠᠨ  ᠳᠥᠷᠪᠡᠳᠦᠭᠡᠷ  ᠡᠪᠦᠯ》᠎ᠤᠨ ᠲᠠᠩᠰᠠ ᠡᠪᠬᠡᠮᠡᠯ᠎ᠤᠨ ᠠᠵᠢᠯ᠎ᠤᠨ ᠵᠢᠷᠤᠮᠵᠢᠯ᠎ᠲᠠᠢ ᠪᠥᠭᠡᠳ ᠡᠮᠬᠢ  ᠳᠠᠷᠠᠭ᠋ᠠᠯᠠᠯ᠎ᠲᠠᠢ ᠥᠷᠨᠢᠬᠦ ᠵᠢ  ᠠᠬᠢᠭᠤᠯᠵᠤ ᠪᠠᠢ᠌ᠨ᠎ᠠ ᠃

       ᠲᠠᠷᠠᠭ᠋ᠠᠴᠢ᠎ᠪᠠᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠤᠨ ᠲᠣᠪᠴᠢᠶ᠎ᠠ᠂ ᠲᠠᠩᠰᠠ ᠡᠪᠬᠡᠮᠡᠯ᠎ᠤᠨ ᠣᠷᠳᠣᠨ

《ᠠᠷᠪᠠᠨ  ᠳᠥᠷᠪᠡᠳᠦᠭᠡᠷ  ᠡᠪᠦᠯ》᠎ᠤᠨ ᠲᠠᠩᠰᠠ ᠡᠪᠬᠡᠮᠡᠯ᠎ᠤᠨ ᠠᠵᠢᠯ᠎ᠢ ᠦᠷᠭᠦᠯᠵᠢᠯᠡᠨ ᠮᠥᠷᠳᠡᠨ ᠵᠢᠯᠤᠭᠣᠳᠴᠤ᠂ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ 《ᠠᠷᠪᠠᠨ  ᠳᠥᠷᠪᠡᠳᠦᠭᠡᠷ  ᠡᠪᠦᠯ》᠎ᠤᠨ ᠲᠠᠩᠰᠠ ᠡᠪᠬᠡᠮᠡᠯ᠎ᠤᠨ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠤᠳ᠎ᠢ ᠴᠠᠭ ᠲᠤᠬᠠᠢ᠎ᠳᠤ᠎ᠨᠢ  ᠰᠢᠢ᠍ᠳᠪᠦᠷᠢᠯᠡᠵᠦ᠂ ᠪᠥᠬᠥ ᠣᠷᠣᠨ᠎ᠤ ᠴᠢᠬᠤᠯᠠ ᠶᠡᠬᠡ  ᠠᠵᠢᠯᠯᠠᠭ᠋ᠠᠨ᠎ᠤ  ᠲᠠᠩᠰᠠ ᠡᠪᠬᠡᠮᠡᠯ᠎ᠤᠨ ᠠᠵᠢᠯ᠎ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠵᠢᠨ ᠲᠦᠪᠰᠢᠨ᠎ᠢ  ᠴᠢᠨᠠᠭᠰᠢᠳᠠ ᠨᠡᠩ  ᠳᠡᠭᠡᠭᠰᠢᠯᠡᠭᠦᠯᠦᠨ᠎ᠡ᠃

 

 


 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠬᠣᠷᠢᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠨᠠᠭ᠋ᠠᠳᠤᠮ 12 ᠳ᠋ᠤᠭ᠋ᠠᠷ ᠰᠠᠷ᠎ᠠ ᠵᠢᠨ 17᠎ᠤ ᠡᠳᠦᠷ ᠬᠥᠯᠥᠨ ᠪᠣᠢ᠌ᠷ᠎ᠲᠤ ᠡᠬᠢᠯᠡᠨ᠎ᠡ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠢ ᠪᠠᠢ᠌ᠭᠤᠯᠬᠤ ᠪᠠ ᠲᠠᠩᠭ᠋ᠠᠷᠢᠭᠯᠠᠬᠤ ᠶᠡᠬᠡ ᠬᠤᠷᠠᠯ ᠬᠥᠯᠥᠨ ᠪᠤᠢ᠍ᠢ᠍ᠷ ᠬᠣᠲᠠᠨ᠎ᠠ ᠬᠤᠷᠠᠯᠳᠤᠪᠠ ᠶᠣᠤ ᠶᠦᠩ ᠪᠥᠸᠧ ᠬᠤᠷᠠᠯ᠎ᠳᠤ ᠣᠷᠣᠯᠴᠠᠵᠠᠢ
ᠬᠥᠯᠥᠨ ᠪᠣᠶ᠋ᠢᠷ ᠬᠣᠲᠠ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠰᠢᠯᠢᠳᠡᠭ ᠶᠠᠰᠤ ᠴᠢᠨᠠᠷ ᠵᠶ᠋ᠠᠷ 《ᠠᠷᠪᠠᠨ ᠳᠥᠷᠪᠡᠳᠦᠭᠡᠷ ᠡᠪᠦᠯ》᠎ᠳᠤ ᠬᠦᠴᠦᠨ ᠨᠡᠮᠡᠷᠢᠯᠡᠵᠦ ᠪᠠᠢ᠌ᠨ᠎ᠠ
ᠯᠠᠪᠳᠠᠭᠤᠨ ᠪᠣᠳᠠᠲᠠᠢ ᠠᠵᠢᠯᠯᠠᠨ ᠰᠢᠨ᠎ᠡ ᠠᠶᠠᠨ ᠵᠢᠡᠨ ᠡᠬᠢᠯᠡᠭᠦᠯᠵᠦ ᠡᠷᠡᠯᠬᠡᠭᠯᠡᠨ ᠲᠡᠮᠡᠴᠡᠵᠦ ᠢᠷᠡᠭᠡᠳᠦᠢ ᠵᠦᠭ ᠤᠷᠤᠭᠰᠢᠯᠠᠨ᠎ᠠ
 
             蒙ICP备05000248号