ᠥᠷᠯᠥᠭᠡ ᠪᠦᠷᠢ᠂ ᠦᠬᠠᠢ ᠬᠣᠲᠠ ᠵᠢᠨ ᠤᠷᠭᠤᠮᠠᠯ᠎ᠤᠨ ᠬᠦᠷᠢᠶᠡᠯᠡᠩ᠎ᠳᠤ ᠭᠦᠷ ᠬᠥᠭᠵᠢᠶᠡᠨ ᠵᠢᠡᠷ ᠪᠢᠯᠬᠠᠨ᠎ᠠ᠃ ᠬᠦᠷᠢᠶᠡᠯᠡᠩ᠎ᠢ ᠨᠢᠭᠡ ᠲᠣᠭᠣᠷᠢᠭᠰᠠᠨ ᠴᠣ᠋ ᠰᠢᠨ᠎ᠡ ᠭᠦᠶᠦᠯᠲᠡ ᠵᠢᠨ ᠬᠠᠷᠢᠮᠠᠬᠠᠢ ᠴᠠᠪᠠᠤ ᠵᠠᠮ ᠳᠡᠭᠡᠷ᠎ᠡ᠂ ᠥᠷᠯᠥᠭᠡ ᠵᠢᠨ ᠪᠣᠯᠪᠠᠰᠤᠷᠠᠯ ᠬᠢᠳᠡᠭ ᠬᠣᠲᠠ ᠵᠢᠨ ᠠᠷᠠᠳ ᠬᠤᠷᠳᠤᠨ ᠠᠯᠬᠤᠬᠤ ᠪᠤᠶᠤ ᠤᠳᠠᠭ᠋ᠠᠨ ᠭᠦᠶᠦᠵᠦ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠨᠢᠭᠡ ᠡᠳᠦᠷ ᠵᠢᠡᠨ ᠡᠬᠢᠯᠡᠭᠦᠯᠦᠨ᠎ᠡ᠃
《 ᠰᠢᠨ᠎ᠡ᠎ᠪᠠᠷ ᠪᠠᠢ᠌ᠭᠤᠯᠤᠭᠰᠠᠨ ᠲᠠᠯᠠᠪᠤᠷ ᠶᠡᠬᠡ ᠵᠦᠭᠡᠷ᠂ ᠭᠡᠷ᠎ᠠᠴᠠ ᠪᠠᠰᠠ ᠣᠢ᠌ᠷᠠᠬᠠᠨ᠂ ᠮᠠᠨ᠎ᠤ ᠡᠳᠡᠭᠡᠷ ᠢᠳᠡᠷᠡᠭᠦᠨ ᠠᠯᠬᠤᠭ᠎ᠠ᠎ᠳᠤ ᠪᠠᠬᠠᠲᠠᠢ ᠬᠥᠮᠥᠰ ᠬᠠᠮᠲᠤ᠎ᠪᠠᠷ ᠪᠡᠶ᠎ᠡ ᠪᠣᠯᠪᠠᠰᠤᠷᠠᠬᠤ ᠰᠢᠨ᠎ᠡ ᠭᠠᠵᠠᠷ᠎ᠲᠠᠢ ᠪᠣᠯᠵᠤ᠂ ᠴᠢᠯᠦᠭᠡ ᠭᠠᠷᠤᠮᠠᠭᠴᠠ ᠡᠨᠳᠡ ᠢᠷᠡᠵᠦ ᠢᠳᠡᠷᠡᠭᠦᠨ ᠠᠯᠬᠤᠭ᠎ᠠ᠎ᠪᠠᠷ ᠠᠯᠬᠤᠨ᠎ᠠ᠃》 ᠬᠣᠲᠠ ᠵᠢᠨ ᠠᠷᠠᠳ ᠸᠧᠢ ᠯᠢ᠂ ᠥᠩᠭᠡ ᠦᠵᠡᠮᠵᠢ ᠲᠠᠭ᠋ᠠᠯᠠᠮᠵᠢᠲᠠᠢ ᠤᠷᠭᠤᠮᠠᠯ᠎ᠤᠨ ᠬᠦᠷᠢᠶᠡᠯᠡᠩ᠎ᠤᠨ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ ᠵᠶ᠋ᠠᠷ ᠠᠯᠬᠤᠯᠠᠵᠤ᠂ ᠲᠠᠮᠢᠷ᠎ᠤᠨ ᠬᠥᠳᠡᠯᠭᠡᠭᠡᠨ ᠬᠢᠬᠦ ᠪᠠ ᠦᠵᠡᠮᠵᠢ ᠰᠣᠨᠢᠷᠬᠠᠬᠤ ᠬᠣᠶᠠᠷ᠎ᠢ ᠰᠠᠭ᠋ᠠᠲᠠᠭ᠋ᠠᠬᠤ ᠦᠭᠡᠢ ᠭᠡᠪᠡ᠃
ᠡᠨᠡ ᠵᠢᠯ᠂ ᠣᠢ᠌ᠷ᠎ᠠ ᠬᠠᠪᠢ ᠵᠢᠨ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠨᠠᠩ ᠥᠨᠳᠥᠷ ᠬᠡᠷᠡᠭᠴᠡᠭᠡ ᠵᠢ ᠬᠠᠩᠭ᠋ᠠᠬᠤ ᠵᠢᠨ ᠲᠥᠯᠥᠭᠡ᠂ ᠦᠬᠠᠢ ᠬᠣᠲᠠ ᠵᠢᠨ᠎ᠬᠢᠨ ᠬᠣᠲᠠ ᠵᠢᠨ ᠤᠷᠭᠤᠮᠠᠯ᠎ᠤᠨ ᠬᠦᠷᠢᠶᠡᠯᠡᠩ᠎ᠳᠤ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠂ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ ᠵᠡᠷᠭᠡ ᠵᠢ ᠪᠠᠢ᠌ᠭᠤᠯᠪᠠ᠂ ᠡᠭᠦᠨ᠎ᠳᠤ ᠢᠳᠡᠷᠡᠭᠦᠨ ᠠᠯᠬᠤᠬᠤ ᠵᠠᠮ 7.1 ᠺᠢᠯᠣᠮᠧᠲᠷ᠂ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ 2 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠪᠠᠢ᠌ᠬᠤ ᠵᠢᠨ ᠬᠠᠮᠲᠤ ᠪᠠᠰᠠ ᠰᠠᠭᠰᠤᠨ ᠪᠥᠮᠪᠥᠭᠡ ᠵᠢᠨ ᠲᠠᠯᠠᠪᠤᠷ᠂ ᠥᠲᠥᠨ ᠪᠥᠮᠪᠥᠭᠡ ᠵᠢᠨ ᠲᠠᠯᠠᠪᠤᠷ᠂ ᠲᠡᠪᠡᠭ᠎ᠤᠨ ᠲᠠᠯᠠᠪᠤᠷ ᠵᠡᠷᠭᠡ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠵᠢ ᠲᠥᠭᠦᠷᠵᠢᠭᠦᠯᠵᠦ᠂ ᠬᠣᠲᠠ ᠵᠢᠨ ᠠᠷᠠᠳ᠎ᠤᠨ ᠣᠢ᠌ᠷ᠎ᠠ ᠬᠠᠪᠢ᠎ᠳᠠᠭᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠳᠤ ᠣᠷᠤᠯᠴᠠᠬᠤ᠎ᠳᠤ ᠲᠤᠢ᠌ᠯ᠎ᠤᠨ ᠶᠡᠬᠡ ᠳᠦᠭᠦᠮ ᠦᠵᠡᠭᠦᠯᠵᠦ ᠪᠤᠢ᠃
ᠰᠥᠨᠢ ᠪᠤᠯᠬᠤ᠎ᠪᠠᠷ᠂ ᠬᠠᠢ᠌ᠷᠤᠪ᠎ᠤᠨ ᠲᠣᠬᠣᠢ ᠲᠣᠭᠣᠷᠢᠭ᠎ᠤᠨ ᠪᠢᠨ ᠾᠧ ᠨᠡᠢ᠌ᠭᠡᠮ ᠲᠣᠭᠣᠷᠢᠭ᠎ᠤᠨ ᠬᠥᠳᠡᠯᠭᠡᠭᠡᠨ᠎ᠤ ᠲᠥᠪ᠎ᠲᠤ ᠪᠠᠢ᠌ᠷᠢᠯᠠᠭ᠎ᠠ ᠦᠳᠦᠨ ᠪᠥᠮᠪᠥᠭᠡ ᠵᠢᠨ ᠲᠠᠯᠠᠪᠤᠷ᠎ᠨᠢ ᠨᠢᠭᠡ ᠡᠳᠦᠷ᠎ᠤᠨ ᠬᠠᠮᠤᠭ᠎ᠤᠨ ᠭᠦᠷ ᠬᠥᠭᠵᠢᠶᠡᠨᠲᠦ ᠴᠠᠭ ᠮᠥᠴᠡ᠎ᠪᠠᠨ ᠤᠭᠲᠤᠨ ᠠᠪᠤᠯ᠎ᠠ᠃ ᠪᠥᠮᠪᠥᠭᠡᠨ ᠲᠠᠯᠠᠪᠤᠷ᠎ᠲᠤ ᠦᠳᠦᠨ ᠪᠥᠮᠪᠥᠭᠡ ᠨᠠᠭ᠋ᠠᠳᠴᠤ ᠪᠠᠢ᠌ᠭ᠎ᠠ ᠬᠥᠮᠥᠰ ᠬᠤᠷᠴᠠ ᠱᠠᠯᠠᠮᠠᠭ᠋ᠠᠢ ᠬᠥᠳᠡᠯᠵᠦ ᠨᠢᠭᠡᠨ ᠨᠢᠭᠡᠨᠲᠠᠢᠪᠠᠨ ᠦᠵᠡᠯᠴᠡᠵᠦ᠂ ᠬᠥᠩᠭᠡᠨ ᠮᠥᠷᠲᠡᠭᠡᠨ ᠤᠷᠠᠨ ᠱᠠᠯᠠᠮᠠᠭ᠋ᠠᠢ ᠥᠲᠥᠨ ᠪᠥᠮᠪᠥᠭᠡ ᠨᠠᠭ᠋ᠠᠰᠢ ᠴᠠᠭ᠋ᠠᠰᠢ ᠰᠦᠯᠵᠢᠯᠳᠦᠨ ᠨᠢᠰᠴᠦ᠂ ᠬᠥᠮᠥᠰ ᠡᠨᠳᠡ ᠲᠠᠮᠢᠷ᠎ᠤᠨ ᠬᠥᠳᠡᠯᠭᠡᠭᠡᠨ ᠬᠢᠬᠦ᠎ᠪᠠᠷ ᠲᠠᠮᠵᠢᠨ ᠪᠡᠶ᠎ᠡ ᠮᠠᠬᠠᠪᠤᠳ ᠵᠶ᠋ᠡᠨ ᠴᠢᠭᠢᠷᠠᠭᠵᠢᠭᠤᠯᠤᠨ᠎ᠠ᠃
《 ᠣᠳᠣ᠂ ᠬᠥᠳᠡᠯᠭᠡᠭᠡᠨ᠎ᠤ ᠲᠥᠪ᠎ᠤᠨ ᠣᠷᠣᠢ᠎ᠪᠠᠷ ᠨᠡᠭᠡᠭᠡᠯᠲᠡ ᠬᠢᠬᠦ ᠴᠠᠭ᠎ᠢ ᠤᠷᠲᠤᠳᠬᠠᠭᠰᠠᠨ ᠵᠶ᠋ᠡᠷ ᠠᠵᠢᠯ᠎ᠠᠴᠠ᠎ᠪᠠᠨ ᠪᠠᠭᠤᠭ᠋ᠠᠳ ᠥᠲᠥᠨ ᠪᠥᠮᠪᠥᠭᠡ ᠨᠠᠭ᠋ᠠᠳᠬᠤ᠎ᠪᠠᠷ ᠢᠷᠡᠬᠦ ᠬᠥᠮᠥᠰ᠎ᠲᠤ ᠨᠡᠩ ᠭᠦᠢ᠍ᠴᠡᠳ ᠴᠠᠭ ᠬᠠᠩᠭ᠋ᠠᠵᠤ ᠥᠭᠭᠦᠭᠰᠡᠨ ᠪᠠᠢ᠌ᠨ᠎ᠠ 》 ᠭᠡᠵᠦ ᠪᠢᠨ ᠾᠧ ᠨᠡᠢ᠌ᠭᠡᠮ ᠲᠣᠭᠣᠷᠢᠭ᠎ᠤᠨ ᠬᠥᠳᠡᠯᠭᠡᠭᠡᠨ᠎ᠤ ᠲᠥᠪ᠎ᠤᠨ ᠠᠷᠠᠳ᠎ᠲᠤ ᠲᠥᠭᠦᠮ ᠦᠵᠡᠭᠦᠯᠭᠦ ᠠᠷᠭ᠎ᠠ ᠬᠡᠮᠵᠢᠶ᠎ᠡ ᠵᠢᠨ ᠲᠤᠬᠠᠢ ᠬᠣᠲᠠ ᠵᠢᠨ ᠠᠷᠠᠳ ᠯᠢ ᠶᠠ ᠺᠦᠨ ᠮᠠᠭᠲᠠᠨ ᠰᠠᠢ᠌ᠰᠢᠶᠠᠵᠤ ᠪᠠᠢ᠌ᠯ᠎ᠠ᠃
ᠣᠯᠠᠨ ᠵᠢᠯ᠎ᠤᠨ ᠲᠤᠷᠰᠢ᠂ ᠦᠬᠠᠢ ᠬᠣᠲᠠ ᠨᠡᠢ᠌ᠲᠡ 54 ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ 4 ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠨᠡᠢ᠌ᠭᠡᠮ ᠲᠣᠭᠣᠷᠢᠭ᠎ᠤᠨ 12 ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠂ ᠡᠯ᠎ᠡ ᠱᠠᠲᠤᠨ᠎ᠤ ᠰᠤᠷᠭ᠋ᠠᠭᠤᠯᠢ ᠵᠢᠨ 38 ᠪᠡᠶ᠎ᠡ ᠵᠢᠨ ᠲᠠᠮᠢᠷ᠎ᠤᠨ ᠲᠠᠯᠠᠪᠤᠷ ᠣᠷᠳᠣᠨ᠎ᠢ ᠪᠠᠢ᠌ᠭᠤᠯᠤᠭᠰᠠᠨ ᠪᠠᠢ᠌ᠨ᠎ᠠ᠃ ᠪᠦᠭᠦ ᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠲᠠᠯᠠᠪᠠᠢ᠎ᠨᠢ 131.11 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ ᠬᠥᠮᠥᠨ ᠳᠤᠮᠳᠠᠴᠢ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠤᠨ ᠲᠠᠯᠠᠪᠠᠢ᠎ᠨᠢ 2.36 ᠲᠡᠭᠰᠢ ᠳᠥᠷᠪᠡᠯᠵᠢᠨ ᠮᠧᠲᠷ᠎ᠲᠤ ᠬᠦᠷᠴᠡᠢ᠃ ᠡᠭᠦᠨ᠎ᠤ ᠬᠠᠮᠲᠤ᠂ ᠦᠬᠠᠢ ᠬᠣᠲᠠ ᠪᠠᠰᠠ ᠡᠯ᠎ᠡ ᠱᠠᠲᠤᠨ᠎ᠤ ᠡᠯ᠎ᠡ ᠲᠥᠷᠥᠯ᠎ᠤᠨ ᠬᠥᠯ ᠪᠥᠮᠪᠥᠭᠡ ᠵᠢᠨ ᠲᠠᠯᠠᠪᠤᠷ ᠭᠠᠵᠠᠷ᠎ᠢ 104 ᠪᠠᠢ᠌ᠭᠤᠯᠤᠨ ᠠᠰᠢᠭᠯᠠᠯᠲᠠ᠎ᠳᠤ ᠣᠷᠣᠭᠤᠯᠪᠠ᠂ ᠡᠭᠦᠨ᠎ᠳᠤ ᠲᠠᠪᠤᠨ ᠬᠥᠮᠥᠨ᠎ᠤ ᠳᠦᠷᠢᠮᠲᠦ ᠰᠢᠩᠭᠡᠯᠢᠭ᠎ᠲᠤ ᠬᠥᠯ ᠪᠥᠮᠪᠥᠭᠡ ᠵᠢᠨ ᠲᠠᠯᠠᠪᠤᠷ 43 ᠪᠠᠢ᠌ᠵᠤ᠂ ᠲᠦᠮᠡᠨ ᠬᠥᠮᠥᠨ ᠪᠦᠷᠢ᠎ᠳᠤ ᠨᠣᠭᠳᠠᠬᠤ ᠬᠥᠯ ᠪᠥᠮᠪᠥᠭᠡ ᠵᠢᠨ ᠲᠠᠯᠠᠪᠤᠷ᠎ᠤᠨ ᠲᠣᠭ᠎ᠠ 1.86᠎ᠳᠤ ᠬᠦᠷᠴᠡᠢ᠃
《 ᠭᠡᠷ᠎ᠤᠨ ᠬᠠᠵᠠᠭᠤ᠎ᠳᠤ ᠴᠡᠴᠡᠷᠯᠢᠭ ᠪᠠᠢ᠌ᠭᠤᠯᠵᠤ᠂ ᠣᠢ᠌ᠷ᠎ᠠ ᠬᠠᠪᠢ᠎ᠳᠠᠭᠠᠨ ᠪᠡᠶ᠎ᠡ᠎ᠪᠠᠨ ᠪᠤᠯᠪᠠᠰᠤᠷᠠᠭᠤᠯᠵᠤ ᠪᠣᠯᠣᠨ᠎ᠠ᠂ ᠪᠡᠶ᠎ᠡ ᠴᠢᠭᠢᠷᠠᠭᠵᠢᠭᠤᠯᠬᠤ ᠭᠠᠵᠠᠷ᠎ᠲᠠᠢ ᠪᠣᠯᠤᠭᠰᠠᠨ᠎ᠨᠢ ᠮᠠᠨ᠎ᠤ ᠰᠠᠭᠤᠭ᠋ᠠᠯᠢ ᠠᠷᠠᠳ᠎ᠲᠤ ᠠᠪᠴᠤ ᠬᠡᠯᠡᠪᠡᠯ ᠦᠨᠡᠨ ᠪᠣᠳᠠᠲᠠᠢ ᠠᠰᠢᠭ ᠲᠤᠰᠠ ᠪᠣᠯᠣᠨ᠎ᠠ 》 ᠭᠡᠵᠦ ᠬᠠᠢ᠌ᠷᠤᠪ᠎ᠤᠨ ᠲᠣᠬᠣᠢ ᠲᠣᠭᠣᠷᠢᠭ᠎ᠤᠨ ᠬᠠᠢ᠌ᠳᠠ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ ᠵᠠᠩ ᠭᠦᠢ ᠬᠤᠸᠠ ᠵᠢᠨ ᠬᠡᠯᠡᠭᠰᠡᠨ ᠦᠭᠡ᠎ᠨᠢ ᠮᠠᠰᠢ ᠤᠯᠠᠨ ᠦᠬᠠᠢ ᠵᠢᠨ ᠬᠥᠮᠥᠰ᠎ᠤᠨ ᠰᠡᠳᠬᠢᠯ᠎ᠤᠨ ᠲᠠᠭᠤᠨ᠎ᠢ ᠢᠯᠡᠳᠬᠡᠭᠰᠡᠨ ᠪᠠᠢ᠌ᠨ᠎ᠠ᠃
ᠡᠨᠡ ᠵᠢᠯ᠎ᠠᠴᠠ ᠨᠠᠭ᠋ᠠᠰᠢ᠂ ᠦᠬᠠᠢ ᠬᠣᠲᠠ ᠤᠷᠢᠳ ᠬᠣᠵᠢᠳ 2023 ᠦᠬᠠᠢ ᠨᠠᠭᠤᠷ᠎ᠢ ᠲᠣᠭᠣᠷᠢᠭᠰᠠᠨ ᠳᠤᠭᠤᠢ ᠲᠡᠷᠭᠡᠨ᠎ᠤ ᠴᠢᠯᠦᠭᠡᠲᠦ ᠤᠷᠤᠯᠳᠤᠭ᠋ᠠᠨ᠂ ᠦᠬᠠᠢ ᠵᠢᠨ 《 ᠬᠠᠳᠤᠨ ᠭᠣᠣᠯ᠎ᠤᠨ ᠠᠶᠠᠯᠠᠯ 》 ᠮᠠᠷᠠᠰᠤᠨ ᠤᠷᠤᠯᠳᠤᠭ᠋ᠠᠨ᠂ ᠪᠦᠭᠦ ᠤᠯᠤᠰ᠎ᠤᠨ ᠡᠯᠡᠰᠦᠨ ᠲᠠᠩ᠎ᠤᠨ ᠬᠥᠯ ᠪᠥᠮᠪᠥᠭᠡ ᠵᠢᠨ ᠡᠭᠡᠯᠵᠢᠯᠲᠤ ᠤᠷᠤᠯᠳᠤᠭ᠋ᠠᠨ ᠵᠡᠷᠭᠡ ᠤᠷᠤᠯᠳᠤᠭ᠋ᠠᠨ᠎ᠤ ᠠᠵᠢᠯᠯᠠᠭ᠎ᠠ ᠵᠢ ᠡᠷᠭᠢᠯᠡᠵᠦ᠂ ᠬᠣᠲᠠ ᠵᠢᠨ ᠠᠷᠠᠳ ᠢᠳᠡᠪᠬᠢᠲᠡᠢ ᠮᠥᠷᠲᠡᠭᠡᠨ ᠬᠠᠯᠭ᠋ᠠᠤᠨ ᠰᠡᠳᠬᠢᠯᠭᠡ᠎ᠪᠠᠷ ᠣᠷᠣᠯᠴᠠᠵᠤ᠂ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ᠎ᠢ ᠦᠷᠭᠦᠯᠵᠢᠯᠡᠨ ᠬᠥᠭᠵᠢᠭᠡᠪᠡ᠃
ᠪᠦᠷᠢᠨᠰᠢᠭᠰᠡᠨ ᠰᠦᠯᠵᠢᠶ᠎ᠡ᠂ ᠲᠡᠭᠦᠯᠳᠡᠷᠵᠢᠭᠰᠡᠨ ᠲᠥᠬᠦᠭᠡᠷᠦᠮᠵᠢ᠂ ᠣᠯᠠᠨ ᠲᠦᠮᠡᠨ᠎ᠤ ᠣᠷᠣᠯᠴᠠᠬᠰᠠᠨ ᠬᠡᠮᠵᠢᠶ᠎ᠡ᠎ᠪᠠᠷ ᠥᠨᠳᠥᠷ ᠪᠦᠬᠦᠢ ᠪᠦᠭᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠨᠢ ᠣᠲᠣ ᠶᠠᠭ ᠦᠬᠠᠢ ᠬᠣᠲᠠ᠎ᠳᠤ ᠪᠣᠳᠠᠲᠤ ᠠᠬᠤᠢ ᠪᠣᠯᠣᠨ ᠬᠤᠪᠢᠷᠠᠵᠤ ᠪᠠᠢ᠌ᠨ᠎ᠠ᠂ ᠪᠦᠭᠦ ᠠᠷᠠᠳ ᠵᠶ᠋ᠠᠷ ᠵᠶ᠋ᠠᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠵᠤ ᠪᠡᠶ᠎ᠡ ᠴᠢᠭᠢᠷᠠᠭᠵᠢᠭᠤᠯᠬᠤ᠎ᠨᠢ ᠡᠷᠡᠭᠦᠯ ᠰᠠᠷᠠᠭᠤᠯ ᠠᠮᠢᠳᠤᠷᠠᠯ᠎ᠤᠨ ᠰᠢᠨ᠎ᠡ ᠬᠡᠪ ᠰᠤᠷᠲᠠᠯ᠎ᠢ ᠪᠤᠶ ᠪᠤᠯᠭ᠋ᠠᠵᠤ ᠪᠠᠢ᠌ᠬᠤ᠎ᠪᠠᠷ ᠪᠠᠷᠠᠬᠤ ᠦᠭᠡᠢ ᠪᠠᠰᠠ ᠦᠬᠠᠢ ᠬᠣᠲᠠ ᠵᠢ ᠴᠣᠭ ᠵᠢᠪᠬᠤᠭ᠎ᠠ ᠪᠠ ᠠᠮᠢᠵᠢᠷᠠᠯ᠎ᠤᠨ ᠬᠦᠴᠦᠨ ᠵᠶ᠋ᠡᠷ ᠨᠠᠩ ᠪᠢᠯᠬᠠᠮ᠎ᠠ ᠪᠤᠯᠭ᠋ᠠᠵᠤ ᠪᠠᠢ᠌ᠨ᠎ᠠ᠃