ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠢ ᠪᠠᠢ᠌ᠭᠤᠯᠬᠤ ᠪᠠ ᠲᠠᠩᠭ᠋ᠠᠷᠢᠭᠯᠠᠬᠤ ᠶᠡᠬᠡ ᠬᠤᠷᠠᠯ ᠬᠥᠯᠥᠨ ᠪᠤᠢ᠍ᠢ᠍ᠷ ᠬᠣᠲᠠᠨ᠎ᠠ ᠬᠤᠷᠠᠯᠳᠤᠪᠠ ᠶᠣᠤ ᠶᠦᠩ ᠪᠥᠸᠧ ᠬᠤᠷᠠᠯ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2023-11-29


      11  ᠳ᠋ᠦ᠍ᠭᠡᠷ  ᠰᠠᠷ᠎ᠠ ᠵᠢᠨ 28᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠢ  ᠪᠠᠢ᠌ᠭᠤᠯᠬᠤ  ᠪᠠ  ᠲᠠᠩᠭ᠋ᠠᠷᠢᠭᠯᠠᠬᠤ ᠶᠡᠬᠡ ᠬᠤᠷᠠᠯ᠎ᠢ  ᠬᠥᠯᠥᠨ ᠪᠣᠶ᠋ᠢᠷ  ᠬᠣᠲᠠᠨ᠎ᠠ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠤ  ᠶᠦᠩ ᠪᠥᠸᠧ ᠬᠤᠷᠠᠯ᠎ᠳᠤ  ᠣᠷᠣᠯᠴᠠᠵᠠᠢ ᠃

       ᠶᠡᠬᠡ ᠬᠤᠷᠠᠯ  ᠳᠡᠭᠡᠷ᠎ᠡ 《  ᠠᠷᠪᠠᠨ  ᠳᠥᠷᠪᠡᠳᠦᠭᠡᠷ  ᠡᠪᠦᠯ 》᠎ᠤᠨ  ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠳᠤ ᠲᠤᠭ ᠣᠯᠭᠣᠬᠤ ᠶᠣᠰᠣᠯᠠᠯ  ᠶᠠᠪᠤᠭᠳᠠᠭᠤᠯᠵᠠᠢ᠃ ᠶᠡᠬᠡ ᠬᠤᠷᠠᠯ᠎ᠳᠤ  ᠤᠷᠤᠯᠳᠤᠭ᠋ᠠᠨ᠎ᠳᠤ ᠣᠷᠣᠯᠴᠠᠬᠤ ᠪᠦᠬᠦ  ᠲᠠᠮᠢᠷᠴᠢᠳ ᠂ ᠳᠠᠰᠬᠠᠯᠵᠢᠭᠤᠯᠤᠭᠴᠢ  ᠨᠠᠷ ᠪᠠ  ᠬᠣᠯᠪᠣᠭᠳᠠᠯ ᠪᠦᠬᠦᠢ  ᠨᠢᠭᠡᠴᠢ ᠵᠢᠨ ᠎ᠬᠢᠨ ᠤᠯᠤᠰ ᠲᠥᠷᠥ ᠵᠢᠨ ᠵᠣᠭᠰᠣᠴᠠ᠎ᠪᠠᠨ  ᠥᠨᠳᠥᠷᠰᠡᠭᠡᠵᠦ ᠂ 《  ᠠᠷᠪᠠᠨ  ᠳᠥᠷᠪᠡᠳᠦᠭᠡᠷ  ᠡᠪᠦᠯ 》᠎ᠤᠨ  ᠤᠷᠤᠯᠳᠤᠭ᠋ᠠᠨ᠎ᠳᠤ ᠪᠡᠯᠡᠳᠬᠡᠬᠦ ᠵᠢᠨ ᠴᠢᠬᠤᠯᠠ ᠴᠢᠨᠠᠷ  ᠬᠢᠭᠡᠳ  ᠲᠤᠯᠭ᠋ᠠᠮ ᠴᠢᠨᠠᠷ᠎ᠢ ᠭᠦᠢ᠍ᠴᠡᠳ  ᠲᠠᠨᠢᠨ᠂ ᠵᠣᠷᠢᠭᠲᠠᠢ᠎ᠪᠠᠷ  ᠬᠠᠷᠢᠭᠤᠴᠠᠨ  ᠠᠵᠢᠯᠯᠠᠵᠤ ᠂ ᠤᠷᠤᠯᠳᠤᠭ᠋ᠠᠨ᠎ᠤ  ᠡᠯ᠎ᠡ ᠠᠵᠢᠯ᠎ᠤᠳ᠎ᠢ ᠪᠣᠳᠠᠲᠠᠢ ᠪᠥᠭᠡᠳ ᠨᠠᠷᠢᠯᠢᠭ ᠬᠢᠵᠦ ᠂ ᠤᠷᠤᠯᠳᠤᠭ᠋ᠠᠨ᠎ᠤ ᠰᠤᠷᠲᠠᠯ ᠰᠠᠬᠢᠯᠭ᠎ᠠ ᠵᠢ ᠴᠢᠩᠳᠠᠯᠠᠵᠤ ᠂ ᠰᠠᠢ᠌ᠨ ᠰᠠᠢ᠌ᠬᠠᠨ ᠰᠤᠷᠲᠠᠯ ᠵᠶ᠋ᠠᠷ ᠥᠪᠥᠷ ᠮᠣᠩᠭᠣᠯ᠎ᠤᠨ ᠵᠥᠪ ᠲᠠᠯ᠎ᠠ ᠵᠢᠨ ᠳᠦᠷᠢ ᠲᠥᠷᠬᠦ ᠵᠢ  ᠬᠠᠷᠠᠭᠤᠯᠤᠨ᠂ ᠪᠣᠯᠪᠠᠰᠤᠷᠠᠯ᠎ᠤᠨ ᠲᠠᠯᠠᠪᠠᠢ᠎ᠳᠠᠬᠢ ᠰᠢᠷᠭ᠋ᠠᠭᠤ ᠴᠢᠷᠮᠠᠢ᠌ᠯᠭ᠎ᠠ  ᠪᠠ  ᠤᠷᠤᠯᠳᠤᠭ᠋ᠠᠨ᠎ᠤ ᠲᠠᠯᠠᠪᠠᠢ᠎ᠳᠠᠬᠢ ᠰᠢᠯᠢᠳᠡᠭ ᠬᠢᠷᠢ ᠪᠦᠲᠦᠮᠵᠢ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ ᠪᠣᠯᠣᠨ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠠᠨᠤᠮᠵᠢᠲᠠᠢ ᠰᠢᠯᠭ᠋ᠠᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠢ  ᠭᠡᠵᠦ ᠱᠠᠭ᠋ᠠᠷᠳᠠᠪᠠ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠥᠯᠥᠨ ᠪᠣᠶ᠋ᠢᠷ ᠬᠣᠲᠠ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠰᠢᠯᠢᠳᠡᠭ ᠶᠠᠰᠤ ᠴᠢᠨᠠᠷ ᠵᠶ᠋ᠠᠷ 《ᠠᠷᠪᠠᠨ ᠳᠥᠷᠪᠡᠳᠦᠭᠡᠷ ᠡᠪᠦᠯ》᠎ᠳᠤ ᠬᠦᠴᠦᠨ ᠨᠡᠮᠡᠷᠢᠯᠡᠵᠦ ᠪᠠᠢ᠌ᠨ᠎ᠠ
ᠯᠠᠪᠳᠠᠭᠤᠨ ᠪᠣᠳᠠᠲᠠᠢ ᠠᠵᠢᠯᠯᠠᠨ ᠰᠢᠨ᠎ᠡ ᠠᠶᠠᠨ ᠵᠢᠡᠨ ᠡᠬᠢᠯᠡᠭᠦᠯᠵᠦ ᠡᠷᠡᠯᠬᠡᠭᠯᠡᠨ ᠲᠡᠮᠡᠴᠡᠵᠦ ᠢᠷᠡᠭᠡᠳᠦᠢ ᠵᠦᠭ ᠤᠷᠤᠭᠰᠢᠯᠠᠨ᠎ᠠ
ᠲᠡᠦᠬᠡ ᠵᠢᠨ ᠠᠵᠠ ᠲᠣᠭᠢᠶᠠᠯ᠎ᠢ ᠴᠢᠩᠭ᠎ᠠ ᠠᠳᠬᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠨ᠎ᠡ
ᠳᠣᠲᠣᠨᠣ ᠬᠠᠯᠠᠮᠵᠢᠯᠠᠯ᠎ᠢ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠤ ᠡᠷᠡᠯᠬᠡᠭᠯᠡᠨ ᠲᠡᠮᠡᠴᠡᠵᠦ ᠰᠢᠨ᠎ᠡ ᠵᠠᠮ᠎ᠢ ᠨᠡᠭᠡᠭᠡᠨ᠎ᠡ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠨᠢ ᠪᠦᠭᠦ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠧᠮ᠎ᠳᠤ ᠴᠢᠩᠭ᠎ᠠ ᠲᠤᠰᠬᠠᠯ ᠭᠠᠷᠪᠠ
 
             蒙ICP备05000248号