ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠬᠥᠯᠥᠨ ᠪᠣᠶ᠋ᠢᠷ ᠬᠣᠲᠠ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠰᠢᠯᠢᠳᠡᠭ ᠶᠠᠰᠤ ᠴᠢᠨᠠᠷ ᠵᠶ᠋ᠠᠷ 《ᠠᠷᠪᠠᠨ ᠳᠥᠷᠪᠡᠳᠦᠭᠡᠷ ᠡᠪᠦᠯ》᠎ᠳᠤ ᠬᠦᠴᠦᠨ ᠨᠡᠮᠡᠷᠢᠯᠡᠵᠦ ᠪᠠᠢ᠌ᠨ᠎ᠠ
ᠨᠡᠶ᠋ᠢᠲᠡᠯᠡᠭᠰᠡᠨ ᠴᠠᠭ᠄ 2023-11-29

 

       ᠣᠢ᠌ᠷ᠎ᠠ ᠵᠢᠨ ᠡᠳᠦᠷ᠎ᠤᠳ᠎ᠲᠤ᠂ ᠬᠥᠯᠥᠨ ᠪᠣᠶ᠋ᠢᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠪᠠᠲᠤᠯᠠᠬᠤ᠎ᠪᠠᠷ  ᠭᠣᠣᠯᠳᠠᠯᠭ᠎ᠠ ᠪᠣᠯᠭ᠋ᠠᠨ ᠂ ᠬᠠᠤᠯᠢ  ᠬᠡᠷᠡᠭᠵᠢᠭᠦᠯᠦᠯᠲᠡ  ᠪᠠᠢ᠌ᠴᠠᠭ᠋ᠠᠯᠲᠠ ᠵᠢᠨ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ  ᠰᠢᠯᠢᠳᠡᠭ  ᠶᠠᠰᠤ ᠴᠢᠨᠠᠷ ᠵᠶ᠋ᠠᠷ 《ᠠᠷᠪᠠᠨ  ᠳᠥᠷᠪᠡᠳᠦᠭᠡᠷ  ᠡᠪᠦᠯ》᠎ᠢ ᠠᠮᠵᠢᠯᠲᠠ᠎ᠲᠠᠢ ᠡᠷᠭᠢᠯᠡᠬᠦ᠎ᠳᠤ ᠬᠦᠴᠦ  ᠨᠡᠮᠡᠷᠢᠯᠡᠵᠦ ᠪᠠᠢ᠌ᠨ᠎ᠠ ᠃

       ᠣᠢ᠌ᠯᠠᠭ᠋ᠠᠭᠰᠠᠨ ᠵᠶ᠋ᠠᠷ᠂ ᠬᠥᠯᠥᠨ ᠪᠣᠶ᠋ᠢᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠎ᠨᠢ ᠲᠥᠪ ᠬᠣᠲᠠ ᠵᠢᠨ ᠲᠣᠭᠣᠷᠢᠭ᠎ᠤᠨ PM2.5 ᠵᠢᠨ ᠹᠠᠺᠲ᠋ᠣᠷ ᠲᠣᠭᠤᠰᠤ ᠵᠢ ᠨᠥᠯᠥᠭᠡᠯᠡᠳᠡᠭ 77 ᠴᠡᠭ᠎ᠲᠤ ᠴᠢᠭᠯᠡᠭᠦᠯᠦᠨ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ᠃ ᠵᠢᠭᠰᠠᠭ᠋ᠠᠨ ᠪᠠᠢ᠌ᠴᠠᠭ᠋ᠠᠬᠤ ᠶᠠᠪᠤᠴᠠ᠎ᠳᠤ᠂ ᠬᠡᠰᠡᠭ ᠠᠵᠤ ᠠᠬᠤᠢ᠌ᠯᠠᠯ  ᠠᠮᠢᠳᠤ ᠪᠣᠳᠠᠰ᠎ᠤᠨ ᠮᠠᠰᠳᠤ  ᠲᠣᠭᠤᠭ᠋ᠠᠲᠤ᠎ᠳᠤ ᠲᠦᠭᠦᠬᠡᠢ  ᠨᠡᠭᠦᠷᠡᠰᠦᠨ  ᠪᠣᠬᠢᠷᠲᠤᠯ ᠶᠡᠬᠡᠲᠡᠢ ᠲᠦᠯᠡᠰᠢ ᠵᠢ  ᠰᠢᠲᠠᠭ᠋ᠠᠵᠤ ᠪᠠᠢ᠌ᠬᠤ ᠂ ᠣᠨᠴᠠ ᠵᠠᠷᠢᠮ ᠬᠥᠮᠥᠷᠭᠡ᠎ᠳᠤ 10 ᠲᠣᠨ᠎ᠠᠴᠠ  ᠳᠣᠷᠣᠭᠰᠢᠬᠢ  ᠠᠭᠤᠷᠰᠢᠯᠲᠠ ᠲᠣᠭᠤᠭ᠋ᠠᠲᠤ ᠵᠢ ᠰᠢᠭᠰᠢᠨ ᠬᠠᠶᠠᠭ᠎ᠠ ᠦᠭᠡᠢ ᠂ ᠲᠦᠭᠦᠬᠡᠢ ᠨᠡᠭᠦᠷᠡᠰᠦ ᠣᠪᠣᠭ᠋ᠠᠯᠠᠬᠤ ᠲᠠᠯᠠᠪᠠᠶ ᠵᠢᠴᠢ  ᠠᠷᠠᠯᠵᠢᠶᠠᠨ᠎ᠤ ᠪᠸᠲ᠋ᠤᠨ  ᠦᠷᠲᠡᠭᠡᠨ᠎ᠳᠤ ᠪᠢᠲᠡᠭᠦᠮᠵᠢᠯᠡᠭᠰᠡᠨ  ᠲᠦᠯᠡᠰᠢ (ᠨᠡᠭᠦᠷᠡᠰᠦ) ᠵᠢᠨ  ᠬᠥᠮᠥᠷᠭᠡ ᠪᠠᠢ᠌ᠭᠤᠯᠤᠭᠰᠠᠨ ᠦᠭᠡᠢ ᠵᠡᠷᠭᠡ  ᠬᠣᠭ ᠲᠣᠭᠤᠰᠤᠨ᠎ᠤ  ᠬᠡᠮ ᠠᠰᠠᠭᠤᠳᠠᠯ ᠨᠡᠶ᠋ᠢᠲᠡ 17 ᠪᠠᠢ᠌ᠬᠤ ᠵᠢ ᠢᠯᠡᠷᠡᠭᠦᠯᠵᠦ᠂ ᠣᠲᠣ ᠪᠣᠯᠲᠠᠯ᠎ᠠ ᠨᠢᠭᠡᠨᠲᠡ ᠴᠡᠭᠴᠡᠯᠡᠨ ᠵᠠᠰᠠᠵᠤ ᠳᠠᠭᠤᠰᠬᠠᠪᠠ᠃ ᠡᠭᠦᠨ᠎ᠤ ᠬᠠᠮᠲᠤ ᠂ ᠤᠷᠤᠯᠳᠤᠭ᠋ᠠᠨ᠎ᠠᠴᠠ ᠡᠮᠦᠨ᠎ᠡ ᠦᠷᠭᠦᠯᠵᠢᠯᠡᠨ ᠪᠣᠭᠣᠮᠲᠠ ᠰᠢᠪᠲᠤᠯᠵᠤ ᠂ ᠠᠵᠤ ᠦᠢ᠍ᠯᠡᠳᠪᠦᠷᠢ ᠠᠵᠤ ᠠᠬᠤᠢ᠌ᠯᠠᠯ᠎ᠤᠨ  ᠪᠠᠷᠢᠮᠵᠢᠶᠠᠨ᠎ᠠᠴᠠ  ᠬᠡᠲᠦᠷᠡᠲᠡᠯ᠎ᠡ  ᠭᠠᠳᠠᠭᠰᠢᠯᠠᠭᠤᠯᠬᠤ ᠂  ᠬᠤᠯᠠᠭ᠋ᠠᠢ᠎ᠪᠠᠷ  ᠭᠠᠳᠠᠭᠰᠢᠯᠠᠭᠤᠯᠬᠤ ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠥᠬᠦᠭᠡᠷᠦᠮᠵᠢ ᠵᠢ ᠬᠡᠪ᠎ᠤᠨ ᠪᠤᠰᠤ᠎ᠪᠠᠷ ᠠᠵᠢᠯᠯᠠᠭᠤᠯᠬᠤ ᠪᠠ ᠰᠦᠯᠵᠢᠶᠡᠨ ᠳᠡᠭᠡᠷᠡᠬᠢ ᠬᠢᠨᠠᠨ  ᠰᠢᠨᠵᠢᠯᠲᠡ ᠵᠢᠨ  ᠳ᠋ᠠᠢ᠌ᠲ᠋ᠠ ᠵᠢ  ᠬᠠᠭᠤᠷᠮᠠᠭᠯᠠᠨ  ᠵᠣᠬᠢᠶᠠᠬᠤ ᠵᠡᠷᠭᠡ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠨᠡᠢ᠌ᠲᠡᠯᠢᠭ ᠠᠵᠢᠯᠯᠠᠭ᠎ᠠ᠎ᠤᠳ᠎ᠲᠤ  ᠴᠢᠩᠭ᠎ᠠ ᠴᠣᠬᠢᠯᠲᠠ ᠥᠭᠴᠦ ᠂ ᠬᠠᠮᠢᠶᠠᠷᠤᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ ᠨᠠᠢ᠌ᠳᠠᠪᠤᠷᠢᠵᠢᠭᠤᠯᠬᠤ ᠵᠢ ᠬᠦᠴᠦᠲᠡᠢ ᠪᠥᠭᠡᠳ ᠡᠮᠬᠢ ᠵᠢᠷᠤᠮ᠎ᠲᠠᠢ  ᠠᠬᠢᠭᠤᠯᠵᠤ ᠪᠠᠢ᠌ᠨ᠎ᠠ ᠃

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠠᠪᠳᠠᠭᠤᠨ ᠪᠣᠳᠠᠲᠠᠢ ᠠᠵᠢᠯᠯᠠᠨ ᠰᠢᠨ᠎ᠡ ᠠᠶᠠᠨ ᠵᠢᠡᠨ ᠡᠬᠢᠯᠡᠭᠦᠯᠵᠦ ᠡᠷᠡᠯᠬᠡᠭᠯᠡᠨ ᠲᠡᠮᠡᠴᠡᠵᠦ ᠢᠷᠡᠭᠡᠳᠦᠢ ᠵᠦᠭ ᠤᠷᠤᠭᠰᠢᠯᠠᠨ᠎ᠠ
ᠲᠡᠦᠬᠡ ᠵᠢᠨ ᠠᠵᠠ ᠲᠣᠭᠢᠶᠠᠯ᠎ᠢ ᠴᠢᠩᠭ᠎ᠠ ᠠᠳᠬᠤᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠨ᠎ᠡ
ᠳᠣᠲᠣᠨᠣ ᠬᠠᠯᠠᠮᠵᠢᠯᠠᠯ᠎ᠢ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠤ ᠡᠷᠡᠯᠬᠡᠭᠯᠡᠨ ᠲᠡᠮᠡᠴᠡᠵᠦ ᠰᠢᠨ᠎ᠡ ᠵᠠᠮ᠎ᠢ ᠨᠡᠭᠡᠭᠡᠨ᠎ᠡ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠨᠢ ᠪᠦᠭᠦ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠰᠲ᠋ᠧᠮ᠎ᠳᠤ ᠴᠢᠩᠭ᠎ᠠ ᠲᠤᠰᠬᠠᠯ ᠭᠠᠷᠪᠠ
ᠠᠴᠢ ᠡᠨᠡᠷᠢᠯ᠎ᠳᠤ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ ᠬᠦᠰᠡᠯ ᠡᠷᠡᠮᠡᠯᠵᠡᠯ᠎ᠢ ᠬᠥᠰᠡᠷᠳᠡᠭᠦᠯᠦᠯ ᠦᠭᠡᠢ ᠠᠤᠭ᠎ᠠ ᠦᠢ᠍ᠯᠡᠰ᠎ᠢ ᠴᠣᠭᠴᠠᠯᠠᠨ᠎ᠠ — 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 ᠣᠷᠣᠨ᠎ᠤ ᠰᠢᠭᠤᠳ ᠬᠠᠷᠢᠶ᠎ᠠ ᠨᠢᠭᠡᠴᠢ᠎ᠳᠤ ᠴᠢᠩᠭ᠎ᠠ ᠲᠤᠰᠬᠠᠯ ᠭᠠᠷᠪᠠ
 
             蒙ICP备05000248号