ᠨᠠᠮᠤᠷ᠎ᠤᠨ ᠰᠡᠭᠦᠯᠴᠢ ᠪᠣᠯᠵᠤ ᠲᠡᠭᠷᠢ ᠬᠦᠢ᠍ᠲᠡᠷᠡᠵᠦ ᠡᠬᠢᠯᠡᠯ᠎ᠡ᠃ 10 ᠰᠠᠷ᠎ᠠ ᠵᠢᠨ 30᠎ᠤ ᠡᠳᠦᠷ᠂ ᠪᠤᠭᠤᠲᠤ ᠬᠤᠳᠠ ᠵᠢᠨ ᠬᠥᠨᠳᠡᠯᠡᠨ ᠲᠣᠭᠣᠷᠢᠭ᠎ᠤᠨ ᠮᠢᠩ ᠿᠢ ᠰᠢᠩ ᠴᠧᠩ ᠨᠡᠢ᠌ᠭᠡᠮ ᠲᠣᠭᠣᠷᠢᠭ᠎ᠲᠤ᠂ ᠠᠵᠢᠯᠴᠢᠳ ᠶᠠᠭ᠋ᠠᠷᠠᠯᠲᠠᠢ ᠠᠵᠢᠯᠯᠠᠵᠤ᠂ ᠠᠰᠠᠷ᠎ᠤᠨ ᠭᠠᠳᠠᠷ ᠬᠠᠨᠠᠳᠤ 《ᠬᠥᠪᠥᠩ ᠬᠤᠪᠴᠠᠰᠤ》 ᠨᠥᠮᠥᠷᠦᠭᠦᠯᠬᠦᠪᠠᠷ ᠴᠢᠷᠮᠠᠢ᠌ᠨ᠎ᠠ᠃
《ᠮᠠᠨ᠎ᠤ ᠰᠠᠭᠤᠭ᠋ᠠᠯᠢ ᠠᠷᠠᠳ᠎ᠤᠨ ᠲᠣᠭᠣᠷᠢᠭ᠎ᠤᠨ ᠠᠰᠠᠷ᠎ᠤᠨ ᠭᠠᠳᠠᠷ ᠬᠠᠨᠠᠳᠤ ᠳᠤᠯᠠᠭ᠋ᠠᠯᠠᠬᠤ ᠳᠠᠪᠬᠤᠷᠭ᠎ᠠ ᠨᠡᠮᠡᠨ ᠤᠭᠰᠠᠷᠠᠬᠤ ᠢᠨᠵᠧᠨᠧᠷᠢᠩ᠎ᠤᠨ ᠠᠬᠢᠴᠠ ᠮᠠᠰᠢ ᠲᠦᠷᠭᠡᠨ ᠪᠠᠢ᠌ᠨ᠎ᠠ》 ᠭᠡᠵᠦ ᠨᠡᠢ᠌ᠭᠡᠮ ᠲᠣᠭᠣᠷᠢᠭ᠎ᠤᠨ ᡁᠢ ᠴᠢᠩ ᠶᠤᠸᠠᠨ 19 ᠳ᠋ᠦ᠍ᠭᠡᠷ ᠠᠰᠠᠷ᠎ᠤᠨ ᠰᠠᠭᠤᠭ᠋ᠠᠯᠢ ᠠᠷᠠᠳ ᠵᠧᠩ ᠱᠦᠨ ᠮᠧᠢ ᠮᠠᠰᠢ ᠪᠠᠶᠠᠷᠲᠠᠢ ᠶᠠᠷᠢᠵᠤ ᠪᠠᠢ᠌ᠯ᠎ᠠ᠃
ᠮᠢᠩ ᠿᠢ ᠰᠢᠩ ᠴᠧᠩ ᠨᠡᠢ᠌ᠭᠡᠮ ᠲᠣᠭᠣᠷᠢᠭ ᠪᠣᠯ ᠬᠢᠮᠳᠠ ᠲᠣᠬᠢᠯᠢᠭ ᠣᠷᠣᠨ ᠰᠠᠭᠤᠴᠠ᠎ᠪᠠᠷ ᠭᠣᠣᠯ ᠪᠤᠯᠭ᠋ᠠᠬᠰᠠᠨ ᠰᠠᠭᠤᠭ᠋ᠠᠯᠢ ᠠᠷᠠᠳ᠎ᠤᠨ ᠲᠣᠭᠣᠷᠢᠭ ᠪᠠᠢ᠌ᠵᠤ᠂ ᡁᠢ ᠴᠢᠩ ᠶᠤᠸᠠᠨ᠂ ᡁᠢ ᠯᠧ ᠶᠤᠸᠠᠨ᠂ ᡁᠢ ᠬᠤᠢ ᠶᠤᠸᠠᠨ ᠵᠡᠷᠭᠡ 3 ᠬᠠᠷᠢᠶ᠎ᠠ ᠰᠠᠭᠤᠭ᠋ᠠᠯᠢ ᠠᠷᠠᠳ᠎ᠤᠨ ᠲᠣᠭᠣᠷᠢᠭ᠎ᠲᠠᠢ᠂ ᠨᠠᠢ᠌ᠲᠠ 65 ᠠᠰᠠᠷ᠂ 3931 ᠡᠷᠤᠭᠡ ᠰᠠᠭᠤᠭ᠋ᠠᠯᠢ ᠠᠷᠠᠳ᠎ᠲᠠᠢ᠃ ᠣᠷᠣᠨ ᠨᠤᠲᠤᠭ᠎ᠤᠨ ᠵᠠᠰᠠᠭ᠎ᠤᠨ ᠣᠷᠳᠣᠨ ᠪᠣᠯᠣᠨ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ ᠲᠥᠯᠦᠪᠵᠢᠭᠦᠯᠭᠡ ᠵᠢ ᠦᠨᠳᠦᠰᠦᠯᠡᠪᠡᠯ᠂ 2005 ᠣᠨ᠎ᠳᠤ ᠪᠠᠢ᠌ᠭᠤᠯᠤᠭᠰᠠᠨ ᠲᠤᠰ ᠰᠠᠭᠤᠭ᠋ᠠᠯᠢ ᠠᠷᠠᠳ᠎ᠤᠨ ᠲᠣᠭᠣᠷᠢᠭ᠎ᠤᠨ ᠠᠰᠠᠷ᠎ᠤᠨ ᠭᠠᠳᠠᠷ ᠬᠠᠨᠠᠳᠤ ᠳᠤᠯᠠᠭ᠋ᠠᠯᠠᠬᠤ ᠳᠠᠪᠬᠤᠷᠭ᠎ᠠ ᠨᠡᠮᠡᠨ ᠤᠭᠰᠠᠷᠠᠬᠤ ᠢᠨᠵᠧᠨᠧᠷᠢᠩ᠎ᠢ 2025 ᠣᠨ᠎ᠳᠤ ᠡᠬᠢᠯᠡᠭᠦᠯᠬᠦ ᠪᠣᠯᠣᠨ᠎ᠠ᠃
ᠣᠢ᠌ᠷ᠎ᠠ ᠵᠢᠨ ᠵᠢᠯ᠎ᠤᠳ᠎ᠲᠤ᠂ ᠮᠢᠩ ᠿᠢ ᠰᠢᠩ ᠴᠧᠩ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶ᠎ᠠ ᠰᠠᠨᠠᠯ ᠵᠥᠪᠯᠡᠯᠭᠡ ᠬᠤᠷᠢᠶᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠵᠢ ᠪᠠᠷᠢᠮᠲᠠᠯᠠᠵᠤ᠂ ᠨᠠᠮ᠎ᠤᠨ ᠭᠡᠰᠢᠭᠦᠨ᠎ᠤ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠬᠤ᠂ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠣᠢ᠌ᠯᠠᠭ᠋ᠠᠬᠤ᠎ᠪᠠᠷ ᠳᠠᠮᠵᠢᠭᠤᠯᠤᠨ᠂ ᠰᠠᠭᠤᠭ᠋ᠠᠯᠢ ᠠᠷᠠᠳ᠎ᠤᠨ ᠲᠣᠭᠣᠷᠢᠭ᠎ᠤᠨ ᠪᠦᠬᠦᠯᠢ 65 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠨᠠᠮ᠎ᠤᠨ ᠭᠡᠰᠢᠭᠦᠨ᠎ᠤ ᠬᠣᠰᠢᠭᠤᠴᠢ ᠰᠠᠨᠳᠠᠯᠢ ᠵᠢ ᠬᠠᠷᠠᠮᠵᠢ ᠦᠭᠡᠢ᠎ᠪᠠᠷ ᠲᠠᠷᠬᠠᠭ᠋ᠠᠵᠤ᠂ 《ᠭᠡᠷ᠎ᠤᠨ ᠡᠭᠦᠳᠡᠨ᠎ᠳᠠᠬᠢ ᠨᠠᠮ᠎ᠤᠨ ᠬᠢᠴᠢᠶᠡᠯ》᠎ᠢ ᠪᠠᠢ᠌ᠩᠭᠤ ᠥᠷᠨᠢᠭᠦᠯᠬᠦ ᠭᠡᠯᠪᠡᠷᠢ᠎ᠪᠠᠷ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠴᠢᠨᠠᠭᠰᠢᠳᠠ ᠰᠣᠨᠣᠰᠪᠠ᠃
《ᠡᠨᠡ ᠵᠢᠯ᠎ᠤᠨ 10 ᠰᠠᠷ᠎ᠠ᠎ᠳᠤ᠂ ᠪᠢᠳᠡ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ᠂ ᠠᠰᠠᠷ᠎ᠤᠨ ᠭᠠᠳᠠᠷ ᠬᠠᠨᠠᠳᠤ ᠳᠤᠯᠠᠭ᠋ᠠᠯᠠᠬᠤ ᠳᠠᠪᠬᠤᠷᠭ᠎ᠠ ᠨᠡᠮᠡᠨ ᠤᠭᠰᠠᠷᠠᠬᠤ ᠵᠡᠷᠭᠡ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ 6 ᠵᠤᠷᠪᠤᠰ ᠠᠰᠠᠭᠤᠳᠠᠯ᠎ᠢ ᠴᠤᠭᠯᠠᠭᠤᠯᠪᠠ᠃ ᠤᠳᠤ ᠠᠰᠠᠷ᠎ᠤᠨ ᠭᠠᠳᠠᠷ ᠬᠠᠨᠠᠳᠤ ᠳᠤᠯᠠᠭ᠋ᠠᠯᠠᠬᠤ ᠳᠠᠪᠬᠤᠷᠭ᠎ᠠ ᠨᠡᠮᠡᠨ ᠤᠭᠰᠠᠷᠠᠬᠤ ᠠᠵᠢᠯ ᠶᠠᠭ ᠰᠠᠢ᠌ᠬᠠᠨ ᠢᠳᠡ ᠭᠦᠭ᠎ᠲᠠᠢ ᠶᠠᠪᠤᠭᠳᠠᠵᠤ ᠪᠠᠢ᠌ᠬᠤ᠎ᠠᠴᠠ ᠭᠠᠳᠠᠨ᠎ᠠ᠂ ᠪᠤᠰᠤᠳ 5 ᠠᠰᠠᠭᠤᠳᠠᠯ᠎ᠢ ᠨᠢᠭᠡᠨᠲᠡ ᠰᠢᠢ᠍ᠳᠪᠦᠷᠢᠯᠡᠵᠦ ᠳᠠᠭᠤᠰᠬᠠᠪᠠ》 ᠭᠡᠵᠦ ᠮᠢᠩ ᠿᠢ ᠰᠢᠩ ᠴᠧᠩ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠰᠠᠭᠤᠭ᠋ᠠᠯᠢ ᠠᠷᠠᠳ᠎ᠤᠨ ᠵᠥᠪᠯᠡᠯ᠎ᠤᠨ ᠡᠷᠭᠢᠯᠡᠭᠴᠢ ᠴᠧᠨ ᠯᠢ ᠬᠤᠸᠠ ᠰᠤᠷᠪᠤᠯᠵᠢᠯᠠᠬ᠍ᠴᠢ᠎ᠳᠤ ᠬᠡᠯᠡᠪᠡ᠃
ᠣᠢ᠌ᠷ᠎ᠠ ᠵᠢᠨ ᠵᠢᠯ᠎ᠤᠨ ᠲᠤᠷᠰᠢ᠂ ᠬᠥᠨᠳᠡᠯᠡᠨ ᠲᠣᠭᠣᠷᠢᠭ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ 《ᠭᠦᠨᠵᠡᠭᠡᠢ᠂ ᠪᠣᠳᠠᠲᠠᠢ᠂ ᠨᠠᠷᠢᠯᠢᠭ᠂ ᠣᠨᠣᠪᠴᠢᠲᠠᠶ᠂ ᠪᠦᠲᠦᠮᠵᠢᠲᠡᠶ》 ᠲᠠᠪᠤᠨ ᠦᠭᠡ ᠵᠢ ᠰᠠᠢ᠌ᠲᠤᠷ ᠬᠡᠷᠡᠭᠯᠡᠬᠦ ᠵᠢ ᠪᠠᠷᠢᠮᠲᠠᠯᠠᠵᠤ᠂ ᠠᠷᠠᠳ ᠣᠯᠠᠨ᠎ᠤ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠪᠡ᠃ ᠡᠨᠡ ᠵᠢᠯ᠂ ᠪᠦᠭᠦ ᠣᠷᠣᠨ᠎ᠤ ᠰᠢᠶᠠᠨ᠎ᠤ ᠱᠠᠲᠤᠨ᠎ᠤ ᠤᠳᠤᠷᠢᠳᠤᠯᠭ᠎ᠠ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠰᠠᠨᠠᠭ᠋ᠠᠴᠢᠯᠠᠭ᠎ᠠ᠎ᠠᠴᠠ᠎ᠪᠠᠨ ᠪᠠᠢ᠌ᠴᠠᠭ᠋ᠠᠨ ᠰᠤᠳᠤᠯᠬᠤ ᠰᠡᠳᠦᠪ᠎ᠢ 32 ᠲᠣᠭᠲᠠᠭ᠋ᠠᠵᠤ᠂ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠯᠲᠠ ᠬᠢᠬᠦ ᠪᠠ ᠶᠠᠷᠢᠯᠴᠠᠨ ᠰᠣᠯᠢᠯᠴᠠᠬᠤ᠎ᠪᠠᠷ ᠳᠡᠮᠵᠢᠨ 56 ᠠᠰᠠᠭᠤᠳᠠᠯ᠎ᠢ ᠢᠯᠡᠷᠡᠭᠦᠯᠵᠦ᠂ 56 ᠠᠰᠠᠭᠤᠳᠠᠯ᠎ᠢ ᠰᠢᠢ᠍ᠳᠪᠦᠷᠢᠯᠡᠪᠡ᠃
《〈ᠪᠠᠢ᠌ᠴᠠᠭ᠋ᠠᠨ ᠰᠤᠳᠤᠯᠤᠯᠲᠠ ᠬᠢᠬᠦ〉 ᠡᠨᠡ ᠬᠦ᠌ ᠵᠠᠩᠭᠢᠯᠠᠭ᠎ᠠ ᠵᠢᠨ ᠠᠷᠭ᠎ᠠ ᠵᠢ ᠰᠠᠢ᠌ᠲᠤᠷ ᠬᠡᠷᠡᠭᠯᠡᠬᠦ ᠪᠣᠯ ᠠᠷᠠᠳ ᠣᠯᠠᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠪᠣᠳᠠᠲᠤ ᠠᠬᠤᠢ ᠪᠣᠯᠭ᠋ᠠᠨ ᠬᠤᠪᠢᠷᠠᠭᠤᠯᠬᠤ 〈ᠠᠯᠲᠠᠨ ᠲᠦᠯᠬᠢᠭᠦᠷ〉 ᠪᠣᠯᠣᠨ᠎ᠠ》 ᠭᠡᠵᠦ ᠬᠥᠨᠳᠡᠯᠡᠨ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠵᠧᠦ ᠰᠢᠤᠸᠠᠢ ᠯᠢᠶᠠᠩ ᠬᠡᠯᠡᠯ᠎ᠡ᠃
ᠠᠷᠠᠳ᠎ᠤᠨ ᠰᠠᠨᠠᠭ᠎ᠠ ᠵᠢ ᠣᠢ᠌ᠯᠠᠭ᠋ᠠᠵᠤ᠂ ᠠᠷᠠᠳ᠎ᠤᠨ ᠪᠠᠢ᠌ᠳᠠᠯ᠎ᠢ ᠮᠡᠳᠡᠬᠦ ᠪᠣᠯ ᠠᠷᠠᠳ᠎ᠤᠨ ᠬᠦᠴᠢᠷ ᠵᠣᠪᠠᠨᠢᠯ᠎ᠢ ᠰᠢᠢ᠍ᠳᠪᠦᠷᠢᠯᠡᠬᠦ ᠵᠢᠨ ᠰᠠᠭᠤᠷᠢ ᠪᠠ ᠤᠷᠢᠲᠠᠯ ᠮᠥᠨ᠃ ᠠᠷᠠᠳᠴᠢᠯᠠᠯ ᠵᠶ᠋ᠠᠷ ᠵᠥᠪᠯᠡᠬᠦ ᠵᠢᠨ ᠥᠨᠳᠥᠷᠴᠡ ᠪᠣᠯᠣᠨ ᠤᠯᠠᠨ ᠲᠦᠮᠡᠨ᠎ᠲᠠᠢ ᠬᠠᠷᠢᠯᠴᠠᠬᠤ ᠵᠢᠨ ᠭᠦᠨᠴᠡ ᠵᠢ ᠭᠦᠨᠵᠡᠭᠡᠢ ᠨᠢᠭᠲᠠ ᠤᠶᠠᠯᠳᠤᠭᠤᠯᠬᠤ ᠪᠣᠯ ᠬᠥᠨᠳᠡᠯᠡᠨ ᠲᠣᠭᠣᠷᠢᠭ᠎ᠤᠨ ᠠᠵᠢᠯ᠎ᠤᠨ ᠰᠡᠳᠬᠢᠴᠡ᠎ᠪᠠᠨ ᠳᠠᠰᠤᠷᠠᠯᠳᠠ ᠦᠭᠡᠢ ᠥᠷᠭᠡᠳᠬᠡᠵᠦ᠂ ᠠᠵᠢᠯ᠎ᠤᠨ ᠠᠷᠭ᠎ᠠ ᠮᠠᠶᠢᠭ᠎ᠤᠨ ᠰᠢᠨ᠎ᠡ ᠵᠢ ᠡᠭᠦᠳᠦᠭᠰᠡᠨ ᠪᠠᠰᠠ ᠨᠢᠭᠡᠨ ᠪᠣᠳᠠᠲᠠᠢ ᠦᠢ᠍ᠯᠡᠳᠦᠯᠭᠡ ᠪᠣᠯᠣᠨ᠎ᠠ᠃
《ᠲᠤᠰ ᠤᠳᠠᠭ᠎ᠠ ᠮᠠᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠦᠨᠳᠦᠰᠦᠨ ᠱᠠᠲᠤᠨ᠎ᠳᠤ ᠭᠦᠨᠵᠡᠭᠡᠢ᠌ᠷᠡᠵᠦ ᠨᠢᠭᠤᠷᠳᠠᠨ ᠵᠥᠪᠳᠡᠯᠴᠡᠬᠦ ᠠᠵᠢᠯᠯᠠᠭ᠎ᠠ ᠥᠷᠨᠢᠭᠦᠯᠵᠦ ᠪᠠᠢ᠌ᠭ᠎ᠠ᠎ᠨᠢ ᠦᠨᠡᠨ ᠠᠰᠠᠭᠤᠳᠠᠯ᠎ᠢ ᠵᠣᠷᠢᠭᠲᠠᠢ᠎ᠪᠠᠷ ᠭᠦᠨᠳᠡᠵᠦ᠂ 〈ᠬᠦᠴᠢᠷ ᠠᠰᠠᠭᠤᠳᠠᠯ〉᠎ᠢ ᠵᠣᠷᠢᠭᠲᠠᠢ᠎ᠪᠠᠷ ᠰᠢᠢ᠍ᠳᠪᠦᠷᠢᠯᠡᠬᠦ ᠵᠢᠨ ᠲᠥᠯᠥᠭᠡ ᠶᠤᠮ᠃ ᠥᠩᠭᠡᠨ ᠲᠠᠯ᠎ᠠ ᠵᠢᠨ ᠡᠶ᠎ᠡ ᠨᠠᠢ᠌ᠷ᠎ᠢ ᠤᠬᠳᠤ ᠬᠠᠷᠠᠵᠤ ᠪᠤᠯᠬᠤ ᠦᠭᠡᠢ᠂ ᠬᠠᠷᠢᠨ ᠪᠤᠳᠤᠵᠤ ᠰᠠᠨᠠᠭᠰᠠᠨ ᠵᠶ᠋ᠡᠨ ᠠᠭᠤᠵᠢᠷᠠᠲᠠᠯ᠎ᠠ ᠶᠠᠷᠢᠯᠴᠠᠵᠤ᠂ ᠬᠠᠮᠤᠭ᠎ᠤᠨ ᠪᠠᠴᠢᠮ ᠰᠢᠢ᠍ᠳᠪᠦᠷᠢᠯᠡᠬᠦ ᠴᠢᠬᠤᠯᠠᠲᠠᠢ ᠲᠤᠯᠭ᠋ᠠᠮ᠎ᠠ ᠠᠰᠠᠭᠤᠳᠠᠯ᠎ᠢ ᠳᠤᠷᠠᠳᠬᠤ ᠵᠢ ᠱᠠᠭ᠋ᠠᠷᠳᠠᠨ᠎ᠠ》 ᠭᠡᠵᠦ 10 ᠰᠠᠷ᠎ᠠ ᠵᠢᠨ 25᠎ᠤ ᠡᠳᠦᠷ᠂ ᠬᠥᠨᠳᠡᠯᠡᠨ ᠲᠣᠭᠣᠷᠢᠭ᠎ᠤᠨ ᠬᠠᠲᠤᠨ ᠭᠣᠣᠯ ᠵᠡᠭᠡᠯᠢ ᠭᠤᠳᠤᠮᠵᠢ ᠵᠢᠨ ᠨᠥᠬᠥᠷᠯᠡᠯ ᠠᠷᠪᠠ ᠶᠢᠰᠦᠳᠦᠭᠡᠷ ᠨᠡᠢ᠌ᠭᠡᠮ ᠲᠣᠭᠣᠷᠢᠭ᠎ᠤᠨ ᠤᠯᠤᠰ ᠲᠥᠷᠥ ᠵᠢᠨ ᠵᠥᠪᠯᠡᠯᠭᠡᠨ᠎ᠤ 《ᠨᠢᠭᠤᠷᠳᠠᠨ ᠶᠠᠷᠢᠯᠴᠠᠬᠤ》 ᠵᠥᠪᠯᠡᠬᠦ ᠰᠡᠳᠦᠪ᠎ᠢ ᠡᠯᠰᠡᠨ ᠴᠤᠭᠯᠠᠭᠤᠯᠬᠤ ᠬᠤᠷᠠᠯ ᠳᠡᠭᠡᠷ᠎ᠡ᠂ ᠬᠠᠲᠤᠨ ᠭᠣᠣᠯ ᠪᠠᠷᠠᠭᠤᠨ ᠵᠠᠮ᠎ᠤᠨ ᠵᠡᠭᠡᠯᠢ ᠭᠤᠳᠤᠮᠵᠢ ᠵᠢᠨ ᠨᠠᠮ᠎ᠤᠨ ᠠᠵᠢᠯᠯᠠᠬᠤ ᠬᠣᠷᠢᠶ᠎ᠠ ᠵᠢᠨ ᠳᠡᠳ᠋ ᠱᠦᠵᠢ᠂ ᠵᠡᠭᠡᠯᠢ ᠭᠤᠳᠤᠮᠵᠢ ᠵᠢᠨ ᠤᠯᠤᠰ ᠲᠥᠷᠥ ᠵᠢᠨ ᠵᠥᠪᠯᠡᠯᠭᠡᠨ᠎ᠤ ᠠᠵᠢᠯᠯᠠᠬᠤ ᠬᠣᠷᠢᠶ᠎ᠠ ᠵᠢᠨ ᠳᠡᠳ᠋ ᠡᠷᠭᠢᠯᠡᠭᠴᠢ ᠼᠤᠤ ᠷᠦᠩ ᠰᠢᠷᠡᠭᠡ ᠲᠣᠬᠰᠢᠨ ᠶᠠᠷᠢᠪᠠ᠃
ᠠᠯᠢ ᠤᠯᠠᠨ ᠦᠨᠡᠨ ᠪᠣᠳᠠᠲᠠᠢ ᠠᠰᠠᠭᠤᠳᠠᠯ᠂ ᠠᠯᠢ ᠤᠯᠠᠨ ᠬᠦᠴᠢᠷ ᠲᠦᠪᠡᠭᠲᠡᠢ ᠠᠰᠠᠭᠤᠳᠠᠯ᠎ᠤᠳ᠎ᠨᠢ ᠤᠳᠠᠭ᠎ᠠ ᠳᠠᠷᠠᠭ᠎ᠠ ᠵᠢᠨ ᠨᠢᠭᠤᠷᠳᠠᠨ ᠵᠥᠪᠳᠡᠯᠴᠡᠬᠦ᠎ᠪᠠᠷ ᠲᠠᠮᠵᠢᠨ ᠪᠦᠳᠦᠮᠵᠢᠳᠠᠢ ᠰᠢᠢ᠍ᠳᠪᠦᠷᠢᠯᠡᠭᠳᠡᠪᠡ᠃
《ᠨᠥᠬᠥᠷᠯᠡᠯ ᠠᠷᠪᠠ ᠶᠢᠰᠦᠳᠦᠭᠡᠷ ᠰᠠᠭ᠋ᠠᠤᠭ᠋ᠠᠯᠢ ᠠᠷᠠᠳ᠎ᠤᠨ ᠲᠣᠭᠣᠷᠢᠭ᠎ᠤᠨ ᠵᠢᠨ ᠬᠠᠢ ᠠᠨ ᠠᠭᠤᠳᠠᠮ ᠲᠠᠯᠠᠪᠠᠢ ᠵᠢᠨ ᠰᠥᠨᠢ ᠵᠢᠨ ᠵᠠᠬ᠎ᠠ ᠳᠡᠯᠭᠡᠭᠦᠷ᠎ᠤᠨ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠰᠠᠭᠤᠳᠠᠯ ᠨᠢᠭᠡᠨᠲᠡ ᠰᠢᠢ᠍ᠳᠪᠦᠷᠢᠯᠡᠭᠳᠡᠪᠡ!》
《ᠳ᠋ᠦᠩ ᠶᠠ ᠡᠷᠡᠨ ᠵᠠᠭᠤᠨ᠎ᠤ ᠬᠤᠳᠠ ᠵᠢᠨ ᠳᠥᠷᠪᠡᠳᠦᠭᠡᠷ ᠬᠤᠭᠤᠴᠠᠭ᠎ᠠ ᠲᠠᠪᠤᠳᠤᠭ᠋ᠠᠷ ᠬᠤᠭᠤᠴᠠᠭ᠋ᠠᠨ᠎ᠤ ᠵᠠᠮ ᠡᠵᠡᠯᠡᠨ ᠲᠡᠷᠭᠡ ᠵᠣᠭᠰᠤᠭ᠋ᠠᠬᠤ ᠠᠰᠠᠭᠤᠳᠠᠯ᠎ᠢ ᠨᠢᠭᠡᠨᠲᠡ ᠰᠢᠢ᠍ᠳᠪᠦᠷᠢᠯᠡᠪᠡ!》
《ᠨᠥᠬᠥᠷᠯᠡᠯ ᠠᠷᠪᠠ ᠶᠢᠰᠦᠳᠦᠭᠡᠷ ᠰᠠᠭᠤᠭ᠋ᠠᠯᠢ ᠠᠷᠠᠳ᠎ᠤᠨ ᠲᠣᠭᠣᠷᠢᠭ᠎ᠤᠨ ᠲᠡᠮᠦᠷ ᠴᠣᠩᠬᠣ ᠵᠢ ᠢᠯᠴᠢ ᠰᠠᠷᠨᠢᠭᠤᠯᠬᠤ ᠬᠥᠩᠭᠡᠨᠴᠠᠭ᠋ᠠᠨ᠎ᠤ ᠬᠠᠢ᠌ᠯᠤᠰᠢ᠎ᠪᠠᠷ ᠰᠣᠯᠢᠬᠤ ᠠᠵᠢᠯ ᠶᠠᠭ ᠶᠠᠪᠤᠭᠳᠠᠵᠤ ᠪᠠᠢ᠌ᠨ᠎ᠠ ᠁》
ᠢᠳᠡᠵᠦ ᠡᠮᠦᠰᠬᠦ ᠶᠠᠪᠤᠵᠤ ᠰᠠᠭᠤᠬᠤ᠂ ᠲᠦᠯᠡᠰᠢ ᠳᠠᠪᠤᠰᠤ ᠲᠣᠰᠣᠲᠠᠢ ᠬᠣᠯᠪᠣᠭᠳᠠᠬᠤ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠬᠤ ᠠᠰᠠᠭᠤᠳᠠᠯ᠎ᠢ ᠲᠠᠭᠢᠨ ᠳᠠᠪᠲᠠᠨ ᠵᠥᠪᠳᠡᠯᠴᠡᠬᠦ ᠳᠤᠮᠳᠠ ᠬᠠᠷᠢᠭᠤ ᠥᠭᠴᠦ ᠰᠢᠢ᠍ᠳᠪᠦᠷᠢᠯᠡᠪᠡ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ ᠵᠶ᠋ᠠᠷ᠂ ᠡᠨᠡ ᠵᠢᠯ᠂ ᠬᠥᠨᠳᠡᠯᠡᠨ ᠲᠣᠭᠣᠷᠢᠭ᠎ᠤᠨ ᠤᠯᠤᠰ ᠲᠦᠷᠦ ᠵᠢᠨ ᠵᠥᠪᠯᠡᠯᠭᠡᠨ 《ᠨᠢᠭᠤᠷᠳᠠᠨ ᠶᠠᠷᠢᠯᠴᠠᠵᠤ ᠰᠠᠢ᠌ᠲᠤᠷ ᠵᠥᠪᠳᠡᠯᠴᠡᠬᠦ》 ᠵᠥᠪᠯᠡᠬᠦ ᠰᠡᠳᠦᠪ᠎ᠢ 556 ᠬᠤᠪᠢ ᠡᠯᠰᠡᠨ ᠴᠤᠭᠯᠠᠭᠤᠯᠵᠤ᠂ ᠡᠯ᠎ᠡ ᠵᠡᠭᠡᠯᠢ ᠪᠠᠯᠭ᠋ᠠᠰᠤᠨ᠎ᠤ ᠠᠵᠢᠯᠯᠠᠬᠤ ᠬᠣᠷᠢᠶ᠎ᠠ ᠪᠣᠳᠠᠲᠠᠢ ᠠᠰᠠᠭᠤᠳᠠᠯ᠎ᠢ 216 ᠬᠤᠪᠢ ᠰᠢᠢ᠍ᠳᠪᠦᠷᠢᠯᠡᠪᠡ᠃
《ᠪᠢᠳᠡ ᠴᠤᠭᠯᠠᠭᠤᠯᠤᠭᠰᠠᠨ ᠨᠡᠢ᠌ᠲᠡᠯᠢᠭ ᠴᠢᠨᠠᠷᠲᠠᠢ ᠵᠠᠷᠢᠮ ᠠᠰᠠᠭᠤᠳᠠᠯ᠎ᠢ ᠰᠠᠨᠠᠯ ᠳᠤᠷᠠᠳᠤᠯᠭ᠎ᠠ ᠪᠤᠶᠤ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢᠨ ᠮᠡᠳᠡᠭᠡ ᠵᠠᠩᠭᠢ ᠪᠣᠯᠭ᠋ᠠᠨ ᠬᠤᠪᠢᠷᠠᠭᠤᠯᠵᠤ᠂ ᠠᠰᠠᠭᠤᠳᠠᠯ᠎ᠢ ᠰᠢᠢ᠍ᠳᠪᠦᠷᠢᠯᠡᠬᠦ ᠪᠠ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠨᠡᠢ᠌ᠲᠡᠯᠡᠬᠦ ᠵᠢ ᠨᠠᠩ ᠥᠨᠳᠥᠷ ᠲᠠᠰ ᠳᠠᠪᠬᠤᠷᠭ᠎ᠠ᠎ᠠᠴᠠ ᠠᠬᠢᠭᠤᠯᠵᠤ᠂ ᠦᠨᠳᠦᠰᠦᠨ ᠱᠠᠲᠤᠨ᠎ᠤ ᠵᠥᠪᠳᠡᠯᠴᠡᠬᠦ ᠳᠠᠯᠳᠠ ᠬᠦᠴᠦᠨ᠎ᠢ ᠪᠠᠳᠠᠷᠠᠭᠤᠯᠤᠭᠰᠠᠨ ᠪᠠᠢ᠌ᠨ᠎ᠠ》 ᠭᠡᠵᠦ ᠬᠥᠨᠳᠡᠯᠡᠨ ᠲᠣᠭᠣᠷᠢᠭ᠎ᠤᠨ ᠤᠯᠤᠰ ᠲᠦᠷᠦ ᠵᠢᠨ ᠵᠥᠪᠯᠡᠯᠭᠡᠨ᠎ᠤ ᠠᠯᠪᠠᠨ ᠭᠡᠷ᠎ᠤᠨ ᠡᠷᠭᠢᠯᠡᠭᠴᠢ ᠴᠢᠶᠣᠤ ᠸᠧᠢ ᠬᠡᠯᠡᠪᠡ᠃