ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢᠨ ᠥᠪᠥᠷ ᠮᠣᠩᠭᠣᠯ᠎ᠤᠨ ᠦᠢ᠍ᠯᠡᠳᠦᠯᠭᠡ ᠰᠢᠨ᠎ᠡ ᠠᠮᠤᠷ ᠲᠦᠪᠰᠢᠨ᠎ᠤ ᠪᠠᠢ᠌ᠷᠢᠰᠢᠯ ᠵᠶ᠋ᠠᠷ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠲᠤᠯᠠᠨ᠎ᠠ
ᠨᠡᠶ᠋ᠢᠲᠡᠯᠡᠭᠰᠡᠨ ᠴᠠᠭ᠄ 2023-11-09

      ᠦᠬᠠᠢ ᠬᠤᠳᠠ᠎ᠳᠤ ᠪᠠᠢ᠌ᠷᠢᠯᠠᠭ᠎ᠠ ᠤᠯᠤᠰ᠎ᠤᠨ ᠡᠨᠧᠷᠭᠢ ᠵᠢᠨ ᠪᠦᠯᠦᠭᠯᠡᠯ᠎ᠤᠨ ᠨᠡᠭᠦᠷᠡᠰᠦ ᠬᠡᠦᠷᠰᠢᠭᠦᠯᠬᠦ ᠰᠢ ᠯᠠᠢ ᠹᠧᠩ ᠺᠤᠮᠫᠠᠨᠢ ᠵᠢᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠬᠤᠢ ᠲᠠᠯᠠᠪᠠᠢ᠎ᠳᠤ ᠮᠠᠰᠢᠨ ᠲᠡᠷᠭᠡ ᠰᠦᠯᠵᠢᠯᠳᠦᠨ᠂ ᠠᠵᠢᠯᠴᠢᠳ ᠶᠠᠭ᠋ᠠᠷᠠᠯᠲᠠᠢ ᠠᠵᠢᠯᠯᠠᠵᠤ ᠪᠠᠷᠢᠯᠭ᠎ᠠ᠎ᠪᠠᠨ ᠡᠮᠬᠢ ᠵᠢᠷᠤᠮ᠎ᠲᠠᠢ ᠦᠷᠭᠦᠯᠵᠢᠯᠡᠭᠦᠯᠦᠨ᠎ᠡ᠃ ᠲᠥᠷᠥᠯ ᠵᠦᠢ᠍ᠯ᠎ᠤᠨ ᠳᠡᠳ᠋ ᠳᠠᠭ᠋ᠠᠭ᠋ᠠᠮᠠᠯ ᠹᠧᠩ ᠴᠤᠤ᠄ 《ᠪᠢᠳᠡ ᠲᠥᠷᠥᠯ ᠵᠦᠢ᠍ᠯ ᠵᠢᠡᠨ ᠡᠯ᠎ᠡ ᠵᠦᠢ᠍ᠯ᠎ᠤᠨ ᠪᠣᠬᠢᠷᠳᠤᠯ ᠪᠣᠳᠠᠰ᠎ᠢ ᠲᠤᠢ᠌ᠯ᠎ᠤᠨ ᠪᠠᠭ᠎ᠠ ᠬᠡᠮᠵᠢᠶ᠎ᠡ᠎ᠪᠠᠷ ᠭᠠᠳᠠᠭᠰᠢᠯᠠᠭᠤᠯᠬᠤ᠂ ᠠᠮᠢ ᠠᠬᠤᠢ ᠵᠢᠨ᠂ ᠣᠶᠤᠨᠲᠤ᠂ ᠣᠶᠤᠨᠴᠢᠯᠠᠭᠰᠠᠨ ᠳᠡᠯᠡᠬᠡᠢ ᠵᠢᠨ ᠲᠡᠷᠢᠭᠦᠨ ᠵᠡᠷᠭᠡ ᠵᠢᠨ 〈ᠬᠡᠷᠡᠯᠳᠦ ᠴᠠᠮᠬᠠᠭ᠎ᠤᠨ ᠦᠢ᠍ᠯᠡᠳᠪᠦᠷᠢ〉 ᠪᠣᠯᠭ᠋ᠠᠨ ᠪᠦᠲᠦᠭᠡᠨ ᠪᠠᠢ᠌ᠭᠤᠯᠤᠨ᠎ᠠ᠃ ᠬᠦᠬᠦᠷ᠎ᠤᠨ ᠳᠠᠪᠬᠤᠷ ᠢᠰᠦᠯ ᠵᠡᠷᠭᠡ ᠭᠣᠣᠯ ᠪᠤᠯᠬᠤ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠶᠡᠬᠡ᠎ᠪᠠᠷ ᠪᠠᠭᠤᠷᠠᠭᠤᠯᠴᠢᠬᠠᠪᠠᠯ᠂ ᠪᠢᠳᠡ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠬᠤᠳᠠᠯᠳᠤᠨ ᠠᠪᠬᠤ ᠲᠠᠯ᠎ᠠ᠎ᠪᠠᠷ ᠶᠡᠬᠡ ᠬᠡᠮᠵᠢᠶᠡᠨ᠎ᠤ ᠵᠣᠭᠣᠰ ᠮᠥᠩᠭᠥ ᠵᠢ ᠠᠷᠪᠢᠯᠠᠬᠤ ᠪᠣᠯᠣᠨ᠎ᠠ》 ᠭᠡᠵᠦ ᠲᠠᠨᠢᠯᠴᠠᠭᠤᠯᠤᠯ᠎ᠠ᠃

      ᠹᠧᠩ ᠴᠤᠤ ᠳᠠᠭ᠋ᠠᠭ᠋ᠠᠮᠠᠯ᠎ᠤᠨ ᠶᠠᠷᠢᠵᠤ ᠪᠠᠢ᠌ᠬᠤ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠭᠡᠳᠡᠭ᠎ᠨᠢ ᠭᠣᠣᠯᠳᠠᠭᠤ ᠵᠠᠬ᠎ᠠ ᠳᠡᠯᠭᠡᠭᠦᠷ᠎ᠤᠨ ᠠᠷᠭ᠎ᠠ ᠪᠠᠷᠢᠯ ᠵᠶ᠋ᠠᠷ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠣᠷᠴᠢᠨ ᠲᠣᠭᠣᠷᠢᠨ᠎ᠤ ᠡᠬᠢ ᠪᠠᠶᠠᠯᠢᠭ᠎ᠢ ᠦᠨ᠎ᠡ ᠲᠥᠯᠥᠪᠦᠷᠢ ᠦᠭᠡᠢ᠎ᠪᠠᠷ ᠡᠵᠡᠯᠡᠨ ᠬᠡᠷᠡᠭᠯᠡᠬᠦ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠣᠯᠭ᠋ᠠᠨ ᠬᠤᠪᠢᠷᠠᠭᠤᠯᠬᠤ ᠵᠢ ᠵᠢᠭ᠋ᠠᠵᠤ ᠪᠠᠢ᠌ᠨ᠎ᠠ᠃ ᠡᠨᠡ᠎ᠨᠢ ᠨᠢᠭᠡ ᠲᠠᠯ᠎ᠠ᠎ᠪᠠᠷ ᠠᠵᠤ ᠠᠬᠤᠢ᠌ᠯᠠᠯ᠎ᠤᠨ ᠰᠠᠨᠠᠭ᠋ᠠᠴᠢᠯᠠᠭ᠎ᠠ᠎ᠠᠴᠠ᠎ᠪᠠᠨ ᠪᠣᠬᠢᠷᠳᠤᠯ᠎ᠢ ᠪᠠᠭ᠋ᠠᠰᠬᠠᠬᠤ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠨᠥᠭᠦᠭᠡ ᠲᠠᠯ᠎ᠠ᠎ᠪᠠᠷ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠬᠦ᠎ᠳᠤ ᠪᠡᠯᠡ ᠮᠥᠩᠭᠥᠨ᠎ᠤ ᠳᠡᠮᠵᠢᠯᠭᠡ ᠬᠠᠩᠭ᠋ᠠᠳᠠᠭ ᠶᠤᠮ᠃

      2010 ᠣᠨ᠎ᠤ 9 ᠰᠠᠷ᠎ᠠ᠎ᠳᠤ ᠤᠯᠤᠰ᠎ᠠᠴᠠ 11 ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢᠨ ᠴᠡᠭ᠎ᠤᠨ ᠮᠤᠵᠢ ᠣᠷᠣᠨ᠎ᠢ ᠰᠣᠩᠭᠣᠨ ᠭᠠᠷᠭ᠋ᠠᠭᠰᠠᠨ᠎ᠳᠤ ᠥᠪᠥᠷ ᠮᠣᠩᠭᠣᠯ ᠪᠠᠭᠲᠠᠵᠠᠢ᠃ 2011 ᠣᠨ᠎ᠤ 1 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠪᠤᠯᠬᠤ ᠪᠣᠬᠢᠷᠲᠤᠭᠤᠯᠬᠤ ᠪᠣᠳᠠᠰ᠎ᠤᠨ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠬᠦᠬᠦᠷ᠎ᠤᠨ ᠳᠠᠪᠬᠤᠷ ᠢᠰᠦᠯ᠂ ᠠᠽᠣᠲ᠎ᠤᠨ ᠢᠰᠦᠯ᠂ ᠬᠢᠮᠢ᠎ᠳᠤ ᠬᠡᠷᠡᠭᠰᠡᠬᠦ ᠬᠦᠴᠢᠯᠲᠥ᠋ᠷᠥᠭᠴᠢ ᠵᠢᠨ ᠬᠡᠮᠵᠢᠶ᠎ᠡ᠂ ᠰᠢᠪᠲᠦᠷᠲᠦ ᠠᠽᠣᠲ ᠵᠡᠷᠭᠡ 4 ᠵᠦᠢ᠍ᠯ᠎ᠤᠨ ᠭᠣᠣᠯ ᠪᠤᠯᠬᠤ ᠪᠣᠬᠢᠷᠲᠤᠭᠤᠯᠬᠤ ᠪᠣᠳᠠᠰ᠎ᠢ ᠭᠠᠳᠠᠭᠰᠢᠯᠠᠭᠤᠯᠬᠤ ᠭᠦᠢ᠍ᠴᠡᠳᠬᠡᠯ ᠲᠣᠭ᠎ᠠ ᠵᠢ ᠬᠤᠪᠢᠶᠠᠷᠢᠯᠠᠬᠤ ᠠᠷᠭ᠎ᠠ ᠪᠣᠯᠣᠨ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠬᠡᠷᠡᠭᠯᠡᠬᠦ ᠠᠷᠭ᠎ᠠ ᠭᠡᠯᠪᠡᠷᠢ ᠵᠢ ᠬᠤᠪᠢᠷᠠᠭᠤᠯᠬᠤ᠎ᠪᠠᠷ ᠳᠠᠮᠵᠢᠨ ᠪᠦᠭᠦ ᠣᠷᠣᠨ᠎ᠤ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠵᠠᠬ᠎ᠠ ᠳᠡᠯᠭᠡᠭᠦᠷ᠎ᠢ ᠪᠦᠷᠢᠯᠳᠦᠭᠦᠯᠬᠦ ᠪᠠ ᠵᠢᠷᠤᠮᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠡᠨᠡ᠎ᠨᠢ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠬᠠᠢ ᠥᠭᠡᠷᠡᠴᠢᠯᠡᠯᠲᠡ ᠤᠮᠠᠷᠠᠲᠤ ᠬᠢᠯᠢ ᠵᠢᠨ ᠡᠬᠡ ᠭᠠᠵᠠᠷ᠎ᠲᠤ ᠬᠥᠰᠢᠭᠡ᠎ᠪᠠᠨ ᠰᠡᠬᠦᠭᠰᠡᠨ᠎ᠢ ᠬᠠᠷᠠᠭᠤᠯᠵᠤ ᠪᠠᠢ᠌ᠨ᠎ᠠ᠃

      2011 ᠣᠨ᠎ᠠᠴᠠ ᠨᠠᠭ᠋ᠠᠰᠢ᠂ ᠥᠪᠥᠷ ᠮᠣᠩᠭᠣᠯ ᠤᠷᠢᠳ ᠬᠣᠵᠢᠳ 7 ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠨᠡᠢ᠌ᠲᠡᠯᠡᠵᠦ᠂ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠵᠢ ᠵᠢᠩᠬᠢᠨᠢ᠎ᠪᠠᠷ ᠬᠡᠷᠡᠭᠵᠢᠭᠦᠯᠬᠦ᠎ᠳᠤ ᠵᠢᠯᠤᠭᠣᠳᠬᠤ ᠵᠠᠷᠴᠢᠮ᠂ ᠦᠨᠳᠦᠰᠦᠨ ᠪᠠᠷᠢᠮᠵᠢᠶᠠᠲᠤ ᠦᠨ᠎ᠡ ᠬᠠᠩᠰᠢ᠂ ᠠᠷᠠᠯᠵᠢᠶᠠᠨ᠎ᠤ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ᠂ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠨᠥᠭᠡᠴᠡᠯᠡᠬᠦ ᠳᠦᠷᠢᠮ᠂ ᠠᠷᠠᠯᠵᠢᠶᠠᠨ᠎ᠤ ᠬᠠᠮᠢᠶᠠᠷᠤᠯᠲᠠ ᠵᠢᠨ ᠳᠦᠷᠢᠮ ᠪᠠ ᠰᠦᠯᠵᠢᠶ᠎ᠡ᠎ᠪᠠᠷ ᠦᠨ᠎ᠡ ᠥᠷᠢᠰᠦᠯᠳᠦᠬᠦ ᠳᠦᠷᠢᠮ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠣᠭᠲᠠᠭ᠋ᠠᠵᠠᠢ᠃

      ᠮᠠᠨ᠎ᠤ ᠣᠷᠣᠨ 10 ᠭᠠᠷᠤᠢ ᠵᠢᠯ᠎ᠤᠨ ᠰᠦᠪᠡᠭᠴᠢᠯᠡᠯᠲᠡ ᠪᠠ ᠬᠥᠭᠵᠢᠯᠲᠡ᠎ᠪᠠᠷ ᠳᠡᠮᠵᠢᠨ ᠣᠲᠣ ᠤᠯᠤᠰ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠵᠢᠨ ᠬᠢᠨᠠᠨ ᠵᠥᠪᠰᠢᠶᠡᠷᠡᠬᠦ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠨᠢᠭᠡᠨᠲᠡ 4 ᠵᠦᠢ᠍ᠯ᠎ᠤᠨ ᠭᠣᠣᠯ ᠪᠤᠯᠬᠤ ᠪᠣᠬᠢᠷᠲᠤᠭᠤᠯᠬᠤ ᠪᠣᠳᠠᠰ᠎ᠤᠨ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠭᠦᠢ᠍ᠴᠡᠳᠬᠡᠯ ᠲᠣᠭ᠎ᠠ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠳᠦᠷᠢᠮ᠎ᠢ ᠰᠢᠨ᠎ᠡ᠎ᠪᠠᠷ ᠨᠡᠮᠡᠭᠳᠡᠭᠦᠯᠵᠦ᠂ ᠦᠬᠠᠢ ᠬᠣᠲᠠ ᠪᠠ ᠣᠷᠳᠣᠰ ᠬᠣᠲᠠ᠎ᠳᠤ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠵᠢᠨ ᠴᠡᠭ᠎ᠤᠨ ᠠᠵᠢᠯ ᠥᠷᠨᠢᠭᠦᠯᠪᠡ᠃

      2023 ᠣᠨ᠎ᠤ 10 ᠰᠠᠷ᠎ᠠ ᠪᠤᠯᠲᠠᠯ᠎ᠠ᠂ ᠪᠦᠭᠦ ᠣᠷᠣᠨ ᠨᠡᠢ᠌ᠲᠡ 929 ᠲᠥᠷᠥᠯ ᠵᠦᠢ᠍ᠯ᠎ᠢ ᠵᠣᠬᠢᠶᠠᠨ ᠪᠠᠢ᠌ᠭᠤᠯᠵᠤ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠵᠦ᠂ ᠦᠨ᠎ᠡ ᠲᠥᠯᠥᠪᠦᠷᠢ᠎ᠲᠠᠢ᠎ᠪᠠᠷ ᠬᠡᠷᠡᠭᠯᠡᠭᠰᠡᠨ ᠪᠦᠭᠦ ᠵᠣᠭᠣᠰᠤᠨ᠎ᠤ ᠬᠡᠮᠵᠢᠶ᠎ᠡ 4.45 ᠳ᠋ᠦᠩᠰᠢᠭᠤᠷ ᠲᠥᠭᠥᠷᠢᠭ᠎ᠲᠤ ᠬᠦᠷᠴᠡᠢ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠨᠡᠢ᠌ᠲᠡ 541 ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠵᠦ᠂ ᠦᠨ᠎ᠡ ᠲᠥᠯᠥᠪᠦᠷᠢ᠎ᠲᠠᠢ᠎ᠪᠠᠷ ᠬᠡᠷᠡᠭᠯᠡᠭᠰᠡᠨ ᠵᠣᠭᠣᠰᠤᠨ᠎ᠤ ᠬᠡᠮᠵᠢᠶ᠎ᠡ 3.74 ᠳ᠋ᠦᠩᠰᠢᠭᠤᠷ ᠲᠥᠭᠥᠷᠢᠭ᠎ᠲᠤ ᠭᠦᠷᠦᠭᠰᠡᠨ ᠪᠥᠭᠡᠳ ᠪᠦᠭᠦᠨ᠎ᠢ ᠡᠳ᠋᠎ᠤᠨ ᠵᠠᠰᠠᠭ᠎ᠲᠤ ᠲᠤᠰᠢᠶᠠᠵᠤ᠂ ᠪᠣᠬᠢᠷᠳᠤᠯ᠎ᠢ ᠰᠡᠷᠭᠡᠢ᠌ᠯᠡᠨ ᠵᠠᠰᠠᠬᠤ᠎ᠳᠤ ᠨᠢᠭᠡᠳᠦᠯᠲᠡᠢ ᠲᠥᠯᠥᠪᠯᠡᠨ ᠬᠡᠷᠡᠭᠯᠡᠭᠰᠡᠨ ᠠᠵᠢ᠃

      ᠣᠢ᠌ᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢᠨ ᠴᠡᠭ᠎ᠤᠨ ᠠᠵᠢᠯ᠎ᠢ ᠭᠦᠨᠵᠡᠭᠡᠢ᠌ᠷᠡᠭᠦᠯᠬᠦ ᠵᠢ ᠳᠡᠮᠵᠢᠨ᠎ᠠ ᠭᠡᠵᠦ ᠲᠣᠳᠣᠷᠬᠠᠢ ᠵᠢᠭ᠋ᠠᠵᠤ ᠭᠠᠷᠭ᠋ᠠᠪᠠ᠃ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠲᠤᠷᠰᠢᠯᠲᠠ ᠵᠢᠨ ᠴᠡᠭ᠎ᠤᠨ ᠠᠵᠢᠯ᠎ᠢ ᠭᠦᠨᠵᠡᠭᠡᠢ᠌ᠷᠡᠭᠦᠯᠬᠦ ᠲᠠᠯ᠎ᠠ᠎ᠪᠠᠷ ᠥᠪᠥᠷ ᠮᠣᠩᠭᠣᠯ ᠡᠷᠡᠰ ᠪᠠᠲᠤ ᠤᠷᠤᠭᠰᠢᠯᠠᠭᠰᠠᠭ᠋ᠠᠷ ——

      ᠠᠩᠬᠠᠨ᠎ᠤ ᠪᠣᠬᠢᠷᠳᠤᠯ ᠭᠠᠳᠠᠭᠰᠢᠯᠠᠭᠤᠯᠬᠤ ᠡᠷᠬᠡ ᠪᠣᠯ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠵᠢ ᠬᠡᠷᠡᠭᠵᠢᠭᠦᠯᠬᠦ ᠵᠢᠨ ᠰᠠᠭᠤᠷᠢ ᠪᠣᠯᠣᠨ᠎ᠠ᠂ ᠮᠠᠨ᠎ᠤ ᠣᠷᠣᠨ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠎ᠪᠠᠷ ᠠᠩᠬᠠᠨ᠎ᠤ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠬᠠᠷᠭᠤᠭᠤᠯᠤᠨ ᠲᠣᠭᠲᠠᠭ᠋ᠠᠬᠤ ᠪᠠ ᠬᠠᠮᠢᠶᠠᠷᠬᠤ ᠳᠦᠷᠢᠮ᠎ᠢ ᠲᠣᠭᠲᠠᠭ᠋ᠠᠵᠤ᠂ 4000 ᠭᠠᠷᠤᠢ ᠠᠵᠤ ᠠᠬᠤᠢ᠌ᠯᠠᠯ᠎ᠳᠤ ᠬᠠᠷᠭᠤᠭᠤᠯᠤᠨ ᠲᠣᠭᠲᠠᠭ᠋ᠠᠬᠤ ᠠᠵᠢᠯ ᠦᠷᠨᠢᠭᠦᠯᠪᠡ;

      ᠬᠣᠴᠤᠷᠤᠩᠭᠤᠢ ᠪᠠ ᠦᠯᠡᠭᠦᠳᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠭᠰᠢᠭᠳᠡᠭᠦᠯᠬᠦ ᠲᠥᠷᠥᠯ ᠵᠦᠢ᠍ᠯ ᠵᠡᠷᠭᠡ ᠵᠠᠬ᠎ᠠ ᠳᠡᠯᠭᠡᠭᠦᠷ ᠳᠡᠭᠡᠷ᠎ᠡ ᠪᠤᠶ ᠪᠣᠯᠤᠭᠰᠠᠨ ᠪᠣᠬᠢᠷᠳᠤᠯ᠎ᠢ ᠪᠠᠭ᠋ᠠᠰᠬᠠᠬᠤ ᠦᠯᠡᠭᠦᠳᠡᠵᠦ ᠪᠠᠢ᠌ᠭ᠎ᠠ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠭᠦᠢ᠍ᠴᠡᠳᠬᠡᠯ ᠲᠣᠭ᠎ᠠ ᠵᠢ ᠴᠠᠭ ᠲᠤᠬᠠᠢ᠎ᠳᠤᠨᠢ ᠳᠠᠭᠢᠵᠤ ᠬᠤᠳᠠᠯᠳᠤᠨ ᠠᠪᠤᠭᠰᠠᠨ ᠪᠠ ᠨᠥᠭᠡᠴᠡᠯᠡᠵᠦ᠂ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠭᠦᠢ᠍ᠴᠡᠳᠬᠡᠯ ᠲᠣᠭ᠎ᠠ ᠵᠢ ᠬᠥᠳᠡᠯᠦᠩᠭᠦᠢ᠎ᠪᠠᠷ ᠰᠢᠯᠢᠳᠡᠭᠵᠢᠭᠦᠯᠦᠨ ᠲᠣᠬᠢᠷᠠᠭᠤᠯᠬᠤ ᠵᠢ ᠪᠡᠶᠡᠯᠡᠭᠦᠯᠪᠡ;

      ᠡᠯ᠎ᠡ ᠠᠢ᠌ᠮᠠᠭ ᠬᠤᠳᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠶᠡᠷᠦᠩᠬᠡᠢ ᠭᠦᠢ᠍ᠴᠡᠳᠬᠡᠯ ᠲᠣᠭ᠎ᠠ᠎ᠨᠢ ᠬᠦᠷᠦᠯᠴᠡᠬᠦ ᠦᠭᠡᠢ ᠪᠣᠯ᠂ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠤᠯᠬᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠡᠷᠡᠮᠡᠯᠵᠡᠯᠡᠨ ᠣᠯᠵᠤ᠂ ᠮᠠᠨ᠎ᠤ ᠣᠷᠣᠨ᠎ᠤ ᠳᠠᠷᠠᠭ᠋ᠠᠴᠢ ᠵᠢᠨ ᠠᠯᠬᠤᠮ᠎ᠳᠤ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠳᠤ ᠰᠠᠭᠤᠷᠢ ᠲᠠᠯᠪᠢᠪᠠ᠃

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠬᠠᠷᠢᠭᠤᠴᠠᠯᠭ᠋ᠠᠲᠠᠨ ᠾᠧ ᠰᠢᠶᠣᠣ ᠫᠢᠩ᠎ᠤᠨ ᠬᠡᠯᠡᠬᠦ᠎ᠪᠠᠷ᠂ ᠪᠣᠬᠢᠷᠳᠤᠯ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ ᠪᠠ ᠠᠷᠠᠯᠵᠢᠶᠠᠯᠠᠬᠤ ᠵᠢᠨ ᠡᠨᠡ ᠬᠦ᠌ ᠭᠡᠳᠡᠷᠭᠦ ᠰᠢᠬᠠᠮᠳᠠᠭᠤᠯᠬᠤ ᠲᠣᠭᠲᠠᠴᠠ᠎ᠨᠢ ᠰᠢᠨ᠎ᠡ᠎ᠪᠠᠷ ᠪᠠᠢ᠌ᠭᠤᠯᠤᠭᠳᠠᠬᠤ ᠠᠵᠤ ᠠᠬᠤᠢ᠌ᠯᠠᠯ᠎ᠤᠨ ᠠᠵᠢᠯ ᠲᠦᠷᠦᠯ᠎ᠳᠤ ᠣᠷᠣᠬᠤ ᠵᠥᠪᠰᠢᠶᠡᠷᠡᠯ᠎ᠤᠨ ᠪᠠᠷᠢᠮᠵᠢᠶ᠎ᠠ ᠵᠢ ᠴᠢᠨᠠᠭᠰᠢᠳᠠ ᠳᠡᠭᠡᠭᠰᠢᠯᠡᠭᠦᠯᠵᠦ᠂ ᠪᠤᠰᠤᠳᠴᠢ ᠲᠠᠯ᠎ᠠ᠎ᠪᠠᠷ 《ᠪᠣᠬᠢᠷᠲᠤᠭᠤᠯᠤᠯ ᠶᠡᠬᠡᠲᠡᠢ ᠡᠨᠧᠷᠭᠢ ᠵᠢᠨ ᠬᠣᠷᠣᠭᠳᠠᠭᠤᠯᠤᠯ ᠶᠡᠬᠡᠲᠡᠢ》 ᠪᠠ ᠦᠢ᠍ᠯᠡᠳᠪᠦᠷᠢᠯᠡᠯ᠎ᠤᠨ ᠴᠢᠳᠠᠪᠤᠷᠢ ᠦᠯᠡᠭᠦᠳᠡᠭᠰᠡᠨ ᠠᠵᠢᠯ ᠲᠥᠷᠥᠯ᠎ᠤᠨ ᠰᠢᠨ᠎ᠡ᠎ᠪᠠᠷ ᠪᠦᠲᠦᠭᠡᠨ ᠪᠠᠢ᠌ᠭᠤᠯᠬᠤ ᠲᠦᠷᠦᠯ ᠵᠦᠢ᠍ᠯ᠎ᠢ ᠬᠢᠵᠠᠭ᠋ᠠᠷᠯᠠᠪᠠ᠃ ᠡᠭᠦᠨ᠎ᠤ ᠬᠠᠮᠲᠤ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠥᠪᠡᠷ᠎ᠤᠨ ᠦᠷᠳᠡᠭ᠎ᠢ ᠪᠠᠭᠤᠷᠠᠭᠤᠯᠬᠤ ᠲᠠᠯ᠎ᠠ᠎ᠠᠴᠠ ᠪᠣᠳᠣᠯᠬᠢᠯᠠᠨ᠂ ᠪᠣᠬᠢᠷᠲᠤᠭᠤᠯᠬᠤ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠪᠤᠯᠭ᠋ᠠᠬᠰᠠᠨ ᠪᠥᠭᠡᠳ ᠠᠵᠤ ᠠᠬᠤᠢ᠌ᠯᠠᠯ᠎ᠳᠤ ᠪᠣᠬᠢᠷᠳᠤᠯ᠎ᠢ ᠵᠠᠰᠠᠬᠤ᠎ᠨᠢ 《ᠣᠯᠵᠠ ᠠᠰᠢᠭ᠎ᠲᠠᠢ》 ᠪᠠᠢ᠌ᠳᠠᠭ᠎ᠢ ᠲᠠᠨᠢᠭᠤᠯᠵᠤ᠂ ᠠᠵᠤ ᠠᠬᠤᠢ᠌ᠯᠠᠯ᠎ᠤᠨ ᠪᠣᠬᠢᠷᠳᠤᠯ᠎ᠢ ᠵᠠᠰᠠᠬᠤ ᠢᠳᠡᠪᠬᠢᠵᠢᠯ᠎ᠢ ᠳᠡᠭᠡᠭᠰᠢᠯᠡᠭᠦᠯᠦᠨ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠎ᠳᠤ ᠨᠡᠩ ᠶᠡᠬᠡ ᠣᠷᠴᠢᠨ ᠲᠣᠭᠣᠷᠢᠨ᠎ᠤ ᠨᠥᠭᠡᠴᠡ ᠣᠷᠣᠨ ᠵᠠᠢ ᠭᠠᠷᠭ᠋ᠠᠭᠰᠠᠨ ᠪᠠᠢ᠌ᠨ᠎ᠠ᠃

      《ᠰᠠᠨᠠᠯ》᠎ᠨᠢ ᠮᠠᠨ᠎ᠤ ᠣᠷᠣᠨ᠎ᠤ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠳᠦᠷᠢᠮ᠎ᠤᠨ ᠪᠠᠢ᠌ᠭᠤᠯᠤᠯᠲᠠ ᠵᠢᠨ ᠨᠠᠩ ᠭᠦᠨ ᠳᠠᠪᠬᠤᠷᠭ᠎ᠠ ᠲᠡᠢ᠌ᠰᠢ ᠬᠥᠭᠵᠢᠬᠦ ᠵᠢ ᠠᠬᠢᠭᠤᠯᠬᠤ ᠪᠣᠯᠣᠨ᠎ᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ》᠎ᠤᠨ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢ ᠦᠷᠭᠦᠯᠵᠢᠯᠡᠨ ᠠᠬᠢᠭᠤᠯᠵᠤ᠂ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠮᠡᠷᠭᠡᠵᠢᠯ᠂ ᠬᠢᠨᠠᠨ ᠲᠣᠭᠲᠠᠭ᠋ᠠᠬᠤ ᠮᠡᠷᠭᠡᠵᠢᠯ᠂ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ᠂ ᠣᠷᠴᠢᠨ ᠲᠣᠭᠣᠷᠢᠨ᠎ᠤ ᠨᠥᠭᠡᠴᠡ ᠡᠬᠢ ᠪᠠᠶᠠᠯᠢᠭ᠎ᠤᠨ ᠦᠨ᠎ᠡ ᠥᠷᠲᠡᠭ᠎ᠢ ᠦᠨᠡᠯᠡᠨ ᠵᠢᠱ᠌ᠢᠬᠦ ᠰᠢᠰᠲ᠋ᠧᠮ᠂ ᠮᠥᠩᠭᠥᠨ ᠭᠦᠢ᠍ᠯᠭᠡᠭᠡᠨ᠎ᠤ ᠰᠢᠨ᠎ᠡ ᠵᠢ ᠡᠭᠦᠳᠬᠦ ᠲᠣᠭᠲᠠᠴᠠ ᠵᠡᠷᠭᠡ ᠣᠨᠣᠯ ᠪᠠ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠬᠤ ᠰᠢᠰᠲ᠋ᠧᠮ᠎ᠢ ᠰᠤᠳᠤᠯᠤᠨ ᠰᠦᠪᠡᠭᠴᠢᠯᠡᠬᠦ ᠵᠢ ᠴᠢᠨᠠᠭᠰᠢᠳᠠ ᠴᠢᠩᠭ᠋ᠠᠳᠬᠠᠨ ᠲᠦᠷᠭᠡᠳᠬᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠣᠷᠣᠨ ᠪᠦᠰᠡ ᠵᠢᠨ ᠴᠢᠨᠠᠷᠲᠠᠢ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢᠨ ᠴᠡᠭ᠎ᠤᠨ ᠠᠵᠢᠯ᠎ᠢ ᠰᠦᠪᠡᠭᠴᠢᠯᠡᠨ ᠥᠷᠨᠢᠭᠦᠯᠵᠦ᠂ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠬᠠᠢ ᠠᠵᠤ ᠠᠬᠤᠢ᠌ᠯᠠᠯ᠎ᠤᠨ ᠢᠳᠡᠪᠬᠢᠵᠢᠯ᠎ᠢ ᠴᠢᠨᠠᠭᠰᠢᠳᠠ ᠨᠡᠮᠡᠭᠳᠡᠭᠦᠯᠦᠨ᠂ ᠮᠠᠨ᠎ᠤ ᠣᠷᠣᠨ᠎ᠤ ᠬᠥᠭᠵᠢᠯᠲᠡ᠎ᠳᠤ ᠨᠠᠩ ᠣᠯᠠᠨ ᠪᠣᠬᠢᠷᠳᠤᠯ ᠦᠭᠡᠢ ᠬᠥᠳᠡᠯᠭᠡᠬᠦ ᠡᠨᠧᠷᠭᠢ ᠨᠡᠮᠡᠷᠢᠯᠡᠨ᠎ᠡ ᠭᠡᠵᠦ ᠾᠧ ᠰᠢᠶᠣᠣ ᠫᠢᠩ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢᠨ᠎ᠡ ᠠᠮᠤᠷ ᠲᠦᠪᠰᠢᠨ᠎ᠤ ᠪᠠᠢ᠌ᠷᠢᠰᠢᠯ ᠵᠶ᠋ᠠᠷ ᠰᠢᠨ᠎ᠡ ᠬᠦᠭᠵᠢᠯᠲᠡ ᠵᠢᠨ ᠪᠠᠢ᠌ᠷᠢᠰᠢᠯ᠎ᠢ ᠪᠠᠲᠤᠯᠠᠨ᠎ᠠ
ᠲᠠᠪᠤᠨ ᠲᠠᠯ᠎ᠠ ᠵᠢᠨ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠵᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠤᠨ᠎ᠡ
《ᠪᠤᠭᠤᠷᠤᠯᠴᠤᠳ᠎ᠤᠨ ᠬᠤᠷᠠᠮᠳᠤᠯ ᠬᠤᠪᠢ》᠎ᠨᠢ ᠣᠶᠤᠨᠴᠢ ᠨᠠᠰᠤᠵᠢᠯ᠎ᠤᠨ ᠠᠰᠠᠷᠠᠮᠵᠢ ᠵᠢᠨ ᠰᠢᠨ᠎ᠡ ᠵᠠᠭᠪᠤᠷ᠎ᠢ ᠡᠬᠢᠯᠡᠭᠦᠯᠪᠡ
《ᠰᠠᠨᠠᠯ》᠎ᠠᠴᠠ ᠲᠥᠷᠥ ᠵᠢᠨ ᠪᠣᠳᠣᠯᠭ᠎ᠠ ᠬᠠᠢ᠌ᠵᠤ 《ᠰᠠᠨᠠᠯ》᠎ᠠᠴᠠ ᠲᠥᠷᠥᠯ ᠵᠦᠢ᠍ᠯ ᠡᠷᠢᠵᠦ ᠥᠪᠥᠷ ᠮᠣᠩᠭᠣᠯ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠪᠣᠳᠠᠲᠠᠢ ᠲᠥᠷᠥᠯ ᠵᠦᠢ᠍ᠯ ᠪᠤᠯᠭ᠋ᠠᠬᠤ᠎ᠪᠠᠷ ᠴᠢᠷᠮᠠᠢ᠌ᠵᠤ ᠪᠤᠶ
ᠬᠥᠳᠡᠯᠦᠮᠡᠭᠴᠡ ᠬᠦᠷᠴᠦ ᠲᠡᠢ᠌ᠯᠭᠦ ᠪᠡᠶ᠎ᠡ ᠴᠢᠭᠢᠷᠠᠭᠵᠢᠭᠤᠯᠬᠤ ᠲᠠᠯᠠᠪᠤᠷ ᠦᠬᠠᠢ᠌ᠴᠤᠳ᠎ᠲᠤ 《ᠲᠠᠮᠢᠷ᠎ᠤᠨ ᠬᠥᠳᠡᠯᠭᠡᠭᠡᠨ ᠬᠢᠬᠦ ᠴᠢᠯᠦᠭᠡᠲᠦ ᠣᠷᠣᠨ ᠵᠠᠢ》 ᠬᠠᠩᠭ᠋ᠠᠪᠠ
 
             蒙ICP备05000248号