ᠣᠳᠣᠬᠠᠨ᠎ᠳᠤ᠂ ᠬᠥᠪᠴᠢ ᠵᠢᠨ ᠡᠯᠡᠰᠦᠨ᠎ᠤ ᠣᠷᠳᠣᠰ᠎ᠤᠨ ᠳᠤᠮᠳᠠ ᠬᠣᠢ᠌ᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ᠎ᠤ ᠲᠦᠷᠦᠯ ᠵᠦᠢ᠍ᠯ᠎ᠢ ᠶᠠᠭ ᠱᠠᠯᠠᠪᠳᠠᠨ ᠪᠦᠲᠦᠭᠡᠨ ᠪᠠᠢ᠌ᠭᠤᠯᠵᠤ ᠵᠢᠱ᠌ᠢᠯᠲᠡ᠎ᠪᠠᠷ ᠡᠨᠡ ᠵᠢᠯ᠎ᠤᠨ ᠰᠡᠭᠦᠯᠴᠢ᠎ᠠᠴᠠ ᠡᠮᠦᠨ᠎ᠡ᠂ ᠨᠢᠭᠡᠳᠦᠭᠡᠷ ᠬᠤᠭᠤᠴᠠᠭ᠋ᠠᠨ᠎ᠤ 100 ᠲᠦᠮᠡᠨ ᠺᠢᠯᠣᠸᠠᠲ᠎ᠤᠨ ᠭᠡᠷᠡᠯᠴᠢ ᠴᠡᠨᠡᠭ ᠵᠶ᠋ᠡᠷ ᠴᠠᠭᠢᠯᠭ᠋ᠠᠨ ᠭᠠᠷᠭ᠋ᠠᠬᠤ ᠲᠦᠷᠦᠯ ᠵᠦᠢ᠍ᠯ᠎ᠢ ᠲᠣᠣᠷ᠎ᠲᠤ ᠨᠡᠢ᠌ᠯᠡᠭᠦᠯᠦᠨ ᠴᠠᠭᠢᠯᠭ᠋ᠠᠨ ᠭᠠᠷᠭ᠋ᠠᠬᠤ ᠪᠣᠯᠣᠨ᠎ᠠ᠃
《ᠲᠥᠷᠥᠯ ᠵᠦᠢ᠍ᠯ᠎ᠤᠨ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠨᠢ 1600 ᠲᠦᠮᠡᠨ ᠺᠢᠯᠣᠸᠠᠲ ᠪᠠᠢ᠌ᠵᠤ᠂ ᠭᠡᠷᠡᠯᠴᠢ ᠴᠡᠨᠡᠭ᠎ᠤᠨ 800 ᠲᠦᠮᠡᠨ ᠺᠢᠯᠣᠸᠠᠲ ᠪᠠ ᠰᠠᠯᠬᠢᠨ ᠬᠦᠴᠦᠨ᠎ᠤ ᠴᠠᠭᠢᠯᠭ᠋ᠠᠨ᠎ᠤ 400 ᠲᠦᠮᠡᠨ ᠺᠢᠯᠣᠸᠠᠲ᠎ᠢ ᠪᠠᠭᠲᠠᠭ᠋ᠠᠵᠤ᠂ ᠲᠡᠷᠢᠭᠦᠨ᠎ᠤ ᠥᠨᠳᠥᠷ ᠪᠦᠲᠦᠮᠵᠢᠲᠡᠶ ᠨᠡᠭᠦᠷᠡᠰᠦ᠎ᠪᠠᠷ ᠴᠠᠭᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ 400 ᠲᠦᠮᠡᠨ ᠺᠢᠯᠣᠸᠠᠲ᠎ᠢ ᠢᠵᠢ ᠪᠦᠷᠢᠳᠦᠭᠦᠯᠦᠨ ᠥᠭᠡᠷᠡᠴᠢᠯᠡᠵᠦ ᠥᠷᠭᠡᠳᠬᠡᠨ ᠪᠦᠲᠦᠭᠡᠨ ᠪᠠᠢ᠌ᠭᠤᠯᠤᠨ᠎ᠠ》 ᠭᠡᠵᠦ ᠲᠥᠷᠥᠯ ᠵᠦᠢ᠍ᠯ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠪᠠ᠃
ᠬᠥᠪᠴᠢ ᠵᠢᠨ ᠡᠯᠡᠰᠦ ᠵᠢᠨ ᠣᠷᠳᠣᠰ᠎ᠤᠨ ᠳᠤᠮᠳᠠ ᠬᠣᠢ᠌ᠲᠤ ᠬᠡᠰᠡᠭ᠎ᠤᠨ ᠰᠢᠨ᠎ᠡ ᠡᠨᠧᠷᠭᠢ ᠵᠢᠨ ᠰᠠᠭᠤᠷᠢᠨ᠎ᠤ ᠲᠦᠷᠦᠯ ᠵᠦᠢ᠍ᠯ ᠪᠣᠯ ᠡᠯᠡᠰᠦᠨ ᠴᠥᠯ᠂ ᠭᠣᠪᠢ᠂ ᠴᠦᠯᠯᠡᠷᠭᠡᠭ ᠭᠠᠵᠠᠷ ᠣᠷᠣᠨ᠎ᠳᠤ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠤᠭᠰᠠᠨ ᠪᠦᠭᠦ ᠪᠥᠮᠪᠥᠷᠴᠡᠭ᠎ᠤᠨ ᠬᠠᠮᠤᠭ᠎ᠤᠨ ᠶᠡᠬᠡ ᠬᠡᠪᠴᠢᠶᠡᠨ᠎ᠤ ᠰᠠᠯᠬᠢᠨ ᠬᠦᠴᠦᠨ ᠵᠶ᠋ᠡᠷ ᠴᠠᠭᠢᠯᠭ᠋ᠠᠨ ᠭᠠᠷᠭ᠋ᠠᠬᠤ ᠭᠡᠷᠡᠯᠴᠢ ᠴᠡᠨᠡᠭ᠎ᠤᠨ ᠰᠠᠭᠤᠷᠢᠨ᠎ᠤ ᠲᠦᠷᠦᠯ ᠵᠦᠢ᠍ᠯ ᠪᠣᠯᠣᠨ᠎ᠠ᠂ ᠮᠠᠨ᠎ᠤ ᠤᠯᠤᠰ᠎ᠤᠨ ᠠᠩᠬᠠᠳᠠᠭᠴᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠢ᠌ᠭᠤᠯᠤᠭᠰᠠᠨ ᠮᠢᠩᠭ᠋ᠠᠨ ᠲᠦᠮᠡᠨ ᠺᠢᠯᠣᠸᠠᠲ᠎ᠤᠨ ᠲᠡᠰ᠎ᠤᠨ ᠰᠢᠨ᠎ᠡ ᠡᠨᠧᠷᠭᠢ ᠵᠢᠨ ᠲᠣᠮᠣ ᠰᠠᠭᠤᠷᠢᠨ᠎ᠤ ᠲᠦᠷᠦᠯ ᠵᠦᠢ᠍ᠯ ᠪᠣᠯᠣᠨ᠎ᠠ᠂ ᠲᠡᠭᠦᠨ᠎ᠤ ᠭᠠᠷᠭ᠋ᠠᠭᠰᠠᠨ ᠴᠠᠭᠢᠯᠭ᠋ᠠᠨ ᠬᠦᠴᠦᠨ᠎ᠢ ᠥᠪᠥᠷ ᠮᠣᠩᠭᠣᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠢ ᠬᠦᠷᠬᠦ ᠲᠣᠭᠲᠠᠮᠠᠯ ᠭᠦᠶᠦᠳᠡᠯᠲᠦ ᠴᠠᠭᠢᠯᠭ᠋ᠠᠨ ᠬᠦᠷᠭᠡᠬᠦ ᠵᠠᠮ᠎ᠳᠤ ᠲᠦᠰᠢᠭᠯᠡᠨ ᠪᠡᠭᠡᠵᠢᠩ ᠲᠢᠶᠠᠨᠵᠢᠨ ᠾᠧᠪᠧᠢ ᠵᠢᠨ ᠭᠠᠵᠠᠷ ᠣᠷᠣᠨ᠎ᠳᠤ ᠬᠦᠷᠴᠦ᠂ ᠵᠢᠯ ᠪᠦᠷᠢ ᠪᠡᠭᠡᠵᠢᠩ ᠲᠢᠶᠠᠨᠵᠢᠨ ᠾᠧᠪᠧᠢ ᠵᠢᠨ ᠭᠠᠵᠠᠷ ᠣᠷᠣᠨ᠎ᠳᠤ 440 ᠳ᠋ᠦᠩᠰᠢᠭᠤᠷ ᠺᠢᠯᠣᠸᠠᠲ ᠴᠠᠭ ᠴᠡᠪᠡᠷ ᠴᠠᠭᠢᠯᠭ᠋ᠠᠨ ᠡᠨᠧᠷᠭᠢ ᠬᠦᠷᠭᠡᠬᠦ ᠪᠣᠯᠣᠨ᠎ᠠ᠃
2022 ᠣᠨ᠎ᠤ 2 ᠰᠠᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠯᠤᠰ᠎ᠤᠨ ᠡᠨᠧᠷᠭᠢ ᠵᠢᠨ ᠲᠣᠪᠴᠢᠶ᠎ᠠ 《ᠡᠯᠡᠰᠦᠨ ᠴᠥᠯ᠂ ᠭᠣᠪᠢ᠂ ᠴᠦᠯᠯᠡᠷᠭᠡᠭ ᠭᠠᠵᠠᠷ ᠣᠷᠣᠨ ᠵᠶ᠋ᠠᠷ ᠭᠣᠣᠯᠳᠠᠯᠭ᠎ᠠ ᠪᠤᠯᠭ᠋ᠠᠬᠰᠠᠨ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ ᠵᠢᠨ ᠲᠥᠰᠥᠯ》᠎ᠢ ᠨᠡᠢ᠌ᠲᠡᠯᠡᠵᠦ᠂ 2030 ᠣᠨ ᠪᠤᠯᠬᠤ᠎ᠳᠤ᠂ ᠮᠠᠨ᠎ᠤ ᠤᠯᠤᠰ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠶᠡᠷᠦᠩᠬᠡᠢ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠪᠠᠷᠤᠭ 4.55 ᠳ᠋ᠦᠩᠰᠢᠭᠤᠷ ᠺᠢᠯᠣᠸᠠᠲ ᠲᠥᠯᠥᠪᠵᠢᠭᠦᠯᠦᠨ ᠪᠦᠲᠦᠭᠡᠨ ᠪᠠᠢ᠌ᠭᠤᠯᠤᠨ᠎ᠠ ᠭᠡᠵᠦ ᠲᠣᠳᠣᠷᠬᠠᠢ ᠲᠣᠭᠲᠠᠭ᠋ᠠᠪᠠ᠃
ᠣᠢ᠌ᠷ᠎ᠠ ᠵᠢᠨ ᠵᠢᠯ᠎ᠤᠳ᠎ᠲᠤ᠂ ᠥᠪᠥᠷ ᠮᠣᠩᠭᠣᠯ ᠳᠠᠭᠢᠨ ᠡᠭᠦᠰᠴᠦ ᠪᠤᠯᠬᠤ ᠡᠨᠧᠷᠭᠢ ᠵᠢᠨ ᠡᠬᠢ ᠪᠠᠶᠠᠯᠢᠭ ᠵᠢᠴᠢ ᠣᠷᠣᠨ ᠪᠠᠢ᠌ᠷᠢ ᠵᠢᠨ ᠬᠥᠭᠵᠢᠯᠲᠡ ᠵᠢᠨ ᠳᠠᠪᠠᠭᠤᠯᠢᠭ᠎ᠲᠤ ᠴᠢᠩᠭ᠎ᠠ ᠲᠦᠰᠢᠭᠯᠡᠨ᠂ ᠤᠯᠤᠰ᠎ᠤᠨ ᠡᠯᠡᠰᠦᠨ ᠴᠥᠯ᠂ ᠭᠣᠪᠢ᠂ ᠴᠦᠯᠯᠡᠷᠭᠡᠭ ᠭᠠᠵᠠᠷ ᠣᠷᠣᠨ ᠵᠶ᠋ᠡᠷ ᠭᠣᠣᠯᠳᠠᠯᠭ᠎ᠠ ᠪᠤᠯᠭ᠋ᠠᠬᠰᠠᠨ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠢ ᠪᠠᠢ᠌ᠷᠢᠯᠠᠭᠤᠯᠤᠨ ᠪᠦᠲᠦᠭᠡᠨ ᠪᠠᠢ᠌ᠭᠤᠯᠬᠤ ᠴᠢᠬᠤᠯᠠ ᠶᠡᠬᠡ ᠲᠡᠦᠬᠡᠨ ᠠᠵᠠ ᠲᠣᠭᠢᠶᠠᠯ᠎ᠢ ᠪᠠᠲᠤ ᠡᠵᠡᠮᠳᠡᠵᠦ᠂ 《ᠡᠯᠡᠰᠦᠨ ᠴᠥᠯ ᠭᠣᠪᠢ ᠴᠦᠯᠯᠡᠷᠭᠡᠭ ᠣᠷᠣᠨ》᠎ᠤ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠱᠠᠯᠠᠪᠳᠠᠨ ᠠᠬᠢᠭᠤᠯᠪᠠ᠃
《ᠡᠬᠢ ᠰᠤᠷᠪᠤᠯᠵᠢ ᠵᠢᠨ ᠲᠣᠣᠷ᠎ᠢ ᠵᠡᠷᠭᠡ᠎ᠪᠠᠷ ᠪᠦᠲᠦᠭᠡᠨ ᠪᠠᠢ᠌ᠭᠤᠯᠬᠤ᠂ ᠵᠡᠷᠭᠡ᠎ᠪᠠᠷ ᠠᠵᠢᠯᠯᠠᠭᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠰᠢᠨ᠎ᠡ ᠡᠨᠧᠷᠭᠢ ᠵᠢᠨ ᠲᠦᠷᠦᠯ ᠵᠦᠢ᠍ᠯ᠎ᠢ ᠵᠠᠷᠴᠢᠮ ᠳᠡᠭᠡᠷ᠎ᠡ᠎ᠪᠠᠨ ᠴᠠᠭᠢᠯᠭ᠋ᠠᠨ᠎ᠢ ᠭᠠᠳᠠᠭᠰᠢ ᠬᠦᠷᠭᠡᠬᠦ ᠵᠠᠮ᠎ᠤᠨ ᠠᠵᠢᠯ᠎ᠢ ᠡᠬᠢᠯᠡᠭᠦᠯᠦᠭᠡᠳ 1 ᠵᠢᠯ ᠪᠣᠯᠤᠭᠰᠠᠨ᠎ᠤ ᠳᠠᠷᠠᠭ᠎ᠠ ᠪᠦᠭᠦ ᠲᠠᠯ᠎ᠠ᠎ᠪᠠᠷ ᠡᠬᠢᠯᠡᠨ ᠪᠦᠲᠦᠭᠡᠨ ᠪᠠᠢ᠌ᠭᠤᠯᠤᠨ᠎ᠠ᠂ ᠡᠢ᠌ᠮᠦ᠎ᠠᠴᠠ ᠣᠳᠣᠬᠢ ᠱᠠᠲᠤᠨ᠎ᠤ ᠠᠵᠢᠯ᠎ᠤᠨ ᠭᠣᠣᠯᠳᠠᠯᠭ᠎ᠠ ᠪᠣᠯ ᠮᠥᠨ ᠯᠡ ᠴᠠᠭᠢᠯᠭ᠋ᠠᠨ᠎ᠢ ᠭᠠᠳᠠᠭᠰᠢ ᠬᠦᠷᠭᠡᠬᠦ ᠵᠠᠮ ᠪᠠ ᠢᠵᠢ ᠪᠦᠷᠢᠳᠦᠭᠦᠯᠬᠦ ᠲᠣᠬᠢᠷᠠᠭᠤᠯᠤᠯᠲᠠ ᠵᠢᠨ ᠴᠢᠨᠠᠷᠲᠠᠢ ᠴᠠᠭᠢᠯᠭ᠋ᠠᠨ ᠡᠭᠦᠰᠬᠡᠭᠴᠢ ᠵᠢ ᠡᠷᠲᠡᠬᠡᠨ ᠤᠯᠤᠰ᠎ᠤᠨ ᠲᠥᠯᠦᠪᠵᠢᠭᠦᠯᠭᠡ᠎ᠳᠤ ᠣᠷᠣᠭᠤᠯᠬᠤ ᠵᠢ ᠠᠬᠢᠭᠤᠯᠬᠤ ᠶᠠᠪᠤᠳᠠᠯ ᠪᠣᠯᠣᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠪᠠ᠃
ᠥᠪᠥᠷ ᠮᠣᠩᠭᠣᠯ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠬᠦ ᠢᠯᠠᠩᠭᠤᠶ᠎ᠠ ᠡᠯᠡᠰᠦᠨ ᠴᠥᠯ᠂ ᠭᠣᠪᠢ᠂ ᠴᠦᠯᠯᠡᠷᠭᠡᠭ ᠭᠠᠵᠠᠷ ᠣᠷᠣᠨ ᠵᠶ᠋ᠡᠷ ᠭᠣᠣᠯᠳᠠᠯᠭ᠎ᠠ ᠪᠤᠯᠭ᠋ᠠᠬᠰᠠᠨ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠭᠡᠯᠪᠡᠷᠢ ᠵᠢ ᠳᠠᠭᠢᠨ ᠪᠠᠢ᠌ᠭᠤᠯᠵᠤ ᠳᠠᠭᠢᠨ ᠪᠦᠲᠦᠭᠡᠬᠦ ᠴᠢᠬᠤᠯᠠ ᠶᠡᠬᠡ ᠠᠵᠠ ᠲᠣᠭᠢᠶᠠᠯ ᠵᠶ᠋ᠠᠷ ᠦᠵᠡᠵᠦ᠂ ᠥᠨᠳᠥᠷ ᠭᠠᠷᠤᠭ᠎ᠠ᠎ᠠᠴᠠ ᠲᠥᠯᠥᠪᠵᠢᠭᠦᠯᠵᠦ᠂ ᠥᠨᠳᠥᠷ ᠪᠠᠷᠢᠮᠵᠢᠶ᠎ᠠ᠎ᠪᠠᠷ ᠠᠬᠢᠭᠤᠯᠵᠤ ᠪᠤᠶ᠃ ᠬᠥᠪᠴᠢ ᠵᠢᠨ ᠡᠯᠡᠰᠦ ᠵᠢᠨ ᠳᠤᠮᠳᠠ ᠬᠣᠢ᠌ᠲᠤ ᠪᠡᠶ᠎ᠡ᠂ ᠬᠥᠪᠴᠢ ᠵᠢᠨ ᠡᠯᠡᠰᠦ ᠵᠢᠨ ᠡᠮᠦᠨ᠎ᠡ ᠪᠡᠶ᠎ᠡ᠂ ᠲᠡᠭᠷᠢ ᠡᠯᠡᠰᠦ ᠵᠢᠨ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ ᠵᠥᠪᠰᠢᠶᠡᠷᠡᠭᠳᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠳᠠᠷᠤᠢ᠌ᠬᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠠᠭᠤᠷᠢᠨ᠎ᠤ ᠲᠥᠷᠥᠯ ᠵᠦᠢ᠍ᠯ᠎ᠢ ᠠᠬᠢᠭᠤᠯᠬᠤ ᠤᠴᠢᠷ ᠶᠠᠪᠤᠳᠠᠯ᠎ᠢ ᠪᠠᠴᠢᠮ ᠪᠠᠢ᠌ᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠭᠲᠠ ᠪᠠᠢ᠌ᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠭᠰᠠᠨ ᠵᠶ᠋ᠠᠷ᠂ ᠪᠦᠭᠦ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠢᠭᠲᠠ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠵᠦ ᠰᠠᠭᠤᠷᠢᠨ᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠵᠤ᠂ ᠡᠷᠲᠡ ᠪᠠᠢ᠌ᠭᠤᠯᠵᠤ ᠳᠠᠭᠤᠰᠬᠠᠨ᠂ ᠡᠷᠲᠡ ᠠᠰᠢᠭᠯᠠᠯᠲᠠ᠎ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃
ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠲᠦᠷᠦᠭᠦᠯᠡᠨ ᠬᠢᠬᠦ ᠦᠢ᠍ᠯᠡᠳᠦᠯ ᠵᠶ᠋ᠡᠨ ᠦᠨᠡᠨ ᠬᠦ᠌ ᠪᠠᠳᠠᠷᠠᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠵᠣᠬᠢᠴᠠᠭᠤᠯᠤᠨ ᠠᠬᠢᠭᠤᠯᠵᠤ᠂ 《ᠴᠠᠭᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠢ ᠴᠢᠨᠠᠭᠰᠢᠳᠠ ᠳᠥᠭᠥᠮᠴᠢᠯᠡᠬᠦ ᠲᠤᠬᠠᠢ ᠮᠡᠳᠡᠭᠳᠡᠯ》᠎ᠢ ᠰᠤᠳᠤᠯᠤᠨ ᠨᠡᠢ᠌ᠲᠡᠯᠡᠵᠦ᠂ ᠴᠠᠭᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠦᠨ᠂ ᠴᠠᠭᠢᠯᠭ᠋ᠠᠨ ᠲᠣᠣᠷ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠴᠠᠭ᠎ᠢ ᠳᠤᠮᠳᠠᠴᠢ᠎ᠪᠠᠷ ᠬᠠᠭ᠋ᠠᠰ᠎ᠠᠴᠠ ᠳᠡᠭᠡᠭᠰᠢ ᠪᠠᠭ᠋ᠠᠰᠬᠠᠵᠤ᠂ ᠴᠠᠭᠢᠯᠭ᠋ᠠᠨ ᠲᠣᠣᠷ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠪᠡ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠳ ᠪᠦᠭᠦ ᠬᠦᠴᠦᠨ ᠵᠶ᠋ᠡᠷ ᠵᠶ᠋ᠡᠨ ᠬᠠᠮᠵᠢᠯᠴᠠᠵᠤ᠂ ᠤᠷᠢᠳᠴᠢᠯᠠᠨ ᠣᠷᠣᠯᠴᠠᠵᠤ᠂ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠪᠦᠭᠦ ᠶᠠᠪᠤᠴᠠ᠎ᠳᠤ ᠬᠠᠪᠰᠤᠷᠤᠨ ᠭᠦᠢ᠍ᠴᠡᠳᠬᠡᠵᠦ᠂ ᠭᠠᠷᠳᠠᠮ ᠭᠦᠢ᠍ᠴᠡᠳᠬᠡᠬᠦ ᠶᠠᠪᠤᠴᠠ ᠵᠢ ᠳᠥᠭᠥᠮᠴᠢᠯᠡᠵᠦ᠂ ᠭᠠᠷᠳᠠᠮ ᠭᠦᠢ᠍ᠴᠡᠳᠬᠡᠬᠦ ᠦᠶᠡᠯᠡᠯ᠎ᠤᠨ ᠬᠤᠭᠤᠴᠠᠭ᠎ᠠ ᠵᠢ ᠪᠣᠭᠣᠨᠢᠰᠬᠠᠪᠠ᠃
ᠤᠯᠤᠰ᠎ᠤᠨ ᠴᠠᠭᠢᠯᠭ᠋ᠠᠨ ᠲᠣᠣᠷ᠎ᠤᠨ ᠺᠤᠮᠫᠠᠨᠢ ᠪᠣᠯᠣᠨ ᠥᠪᠥᠷ ᠮᠣᠩᠭᠣᠯ᠎ᠤᠨ ᠴᠠᠭᠢᠯᠭ᠋ᠠᠨ ᠬᠦᠴᠦᠨ᠎ᠤ ᠺᠤᠮᠫᠠᠨᠢ 《ᠡᠯᠡᠰᠦᠨ ᠴᠥᠯ ᠭᠣᠪᠢ ᠴᠦᠯᠯᠡᠷᠭᠡᠭ ᠣᠷᠣᠨ》᠎ᠤ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ 《ᠭᠤᠷᠪᠠ ᠵᠢ ᠨᠢᠭᠡ ᠴᠣᠭᠴᠠᠵᠢᠭᠤᠯᠤᠭᠰᠠᠨ》 ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠰᠠᠭᠤᠷᠢᠨ᠎ᠤ ᠳᠣᠲᠣᠭ᠋ᠠᠳᠤ ᠵᠢᠨ ᠰᠢᠨ᠎ᠡ ᠡᠨᠧᠷᠭᠢ᠂ ᠢᠵᠢ ᠪᠦᠷᠢᠳᠦᠭᠦᠯᠦᠭᠰᠡᠨ ᠨᠡᠭᠦᠷᠡᠰᠦ᠎ᠪᠠᠷ ᠴᠠᠭᠢᠯᠭ᠋ᠠᠨ ᠭᠠᠷᠭ᠋ᠠᠬᠤ ᠵᠢᠴᠢ ᠢᠵᠢ ᠪᠦᠷᠢᠳᠦᠭᠦᠯᠦᠭᠰᠡᠨ ᠴᠠᠭᠢᠯᠭ᠋ᠠᠨ ᠲᠣᠣᠷ᠎ᠤᠨ ᠢᠨᠵᠧᠨᠧᠷᠢᠩ᠎ᠤᠨ ᠰᠤᠳᠤᠯᠭ᠋ᠠᠨ᠎ᠢ ᠰᠢᠰᠲ᠋ᠧᠮᠲᠦ ᠴᠢᠨᠠᠷᠲᠠᠢ ᠥᠷᠨᠢᠭᠦᠯᠵᠦ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠠᠭᠢᠯᠭ᠋ᠠᠨ ᠲᠣᠣᠷ᠎ᠤᠨ ᠢᠷᠡᠭᠡᠳᠦᠢ ᠵᠢᠨ ᠲᠣᠣᠷ᠎ᠤᠨ ᠪᠦᠷᠢᠯᠳᠦᠴᠡ ᠵᠢᠨ ᠪᠠᠢ᠌ᠷᠢᠰᠢᠯ᠎ᠢ ᠢᠳᠡᠪᠬᠢᠲᠡᠢ ᠰᠦᠪᠡᠭᠴᠢᠯᠡᠵᠦ᠂ ᠳᠣᠲᠣᠭ᠋ᠠᠳᠤ᠎ᠠᠴᠠ ᠲᠥᠪᠯᠡᠷᠡᠭᠦᠯᠦᠨ ᠬᠦᠷᠭᠡᠬᠦ ᠪᠠ ᠭᠠᠳᠠᠭ᠋ᠠᠳᠤ ᠴᠠᠭᠢᠯᠭ᠋ᠠᠨ ᠲᠣᠣᠷ ᠵᠶ᠋ᠠᠷ ᠲᠤᠯᠭ᠋ᠠᠭᠤᠷᠢᠯᠠᠬᠤ ᠬᠣᠶᠠᠷ ᠲᠠᠯ᠎ᠠ᠎ᠠᠴᠠ 《ᠡᠯᠡᠰᠦᠨ ᠴᠥᠯ ᠭᠣᠪᠢ ᠴᠦᠯᠯᠡᠷᠭᠡᠭ ᠣᠷᠣᠨ》᠎ᠤ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ᠎ᠳᠤ ᠪᠠᠲᠤᠯᠠᠭ᠎ᠠ ᠬᠠᠩᠭ᠋ᠠᠪᠠ᠃ ᠬᠤᠸᠠ ᠨᠧᠩ᠂ ᠭᠤᠷᠪᠠᠨ ᠬᠠᠪᠴᠢᠯ᠂ ᠬᠤᠸᠠ ᠳ᠋ᠢᠶᠠᠨ᠂ ᠮᠧᠩ ᠨᠧᠩ ᠵᠡᠷᠭᠡ ᠲᠥᠷᠥᠯ ᠵᠦᠢ᠍ᠯ᠎ᠤᠨ ᠲᠦᠷᠦᠭᠦᠯᠡᠨ ᠬᠢᠬᠦ ᠠᠵᠤ ᠠᠬᠤᠢ᠌ᠯᠠᠯ᠎ᠤᠳ ᠪᠦᠯᠦᠭᠯᠡᠯ᠎ᠤᠨ ᠭᠣᠣᠯ ᠤᠳᠤᠷᠢᠳᠤᠯᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠤᠯᠭ᠋ᠠᠬᠰᠠᠨ ᠤᠳᠤᠷᠢᠳᠬᠤ ᠳᠤᠭᠤᠢ᠌ᠯᠠᠩ᠎ᠢ ᠦᠳᠲᠡᠷ ᠲᠦᠷᠭᠡᠨ ᠪᠠᠢ᠌ᠭᠤᠯᠵᠤ᠂ ᠡᠳᠦᠷ ᠪᠦᠷᠢ ᠵᠢᠨ ᠠᠵᠢᠯ᠎ᠤᠨ ᠵᠤᠷᠰᠢᠯᠲᠤ ᠬᠤᠷᠠᠯ᠎ᠤᠨ ᠳᠦᠷᠢᠮ᠎ᠢ ᠪᠠᠢ᠌ᠭᠤᠯᠵᠤ᠂ ᠠᠵᠢᠯ᠎ᠤᠨ ᠲᠤᠰᠬᠠᠢ ᠠᠩᠭᠢ ᠵᠢ ᠵᠣᠬᠢᠶᠠᠨ ᠪᠠᠢ᠌ᠭᠤᠯᠵᠤ᠂ ᠠᠵᠢᠯ ᠵᠶ᠋ᠠᠨ ᠦᠨᠳᠦᠰᠦᠨ ᠱᠠᠲᠤᠨ᠎ᠳᠤ ᠭᠦᠨᠵᠡᠭᠡᠢ᠌ᠷᠡᠭᠦᠯᠬᠦ ᠵᠢ ᠪᠠᠷᠢᠮᠲᠠᠯᠠᠵᠤ᠂ ᠠᠰᠠᠭᠤᠳᠠᠯ᠎ᠢ ᠲᠤᠬᠠᠢ ᠵᠢᠨ ᠲᠠᠯᠠᠪᠠᠢ᠎ᠳᠤ᠎ᠨᠢ ᠲᠣᠬᠢᠷᠠᠭᠤᠯᠤᠨ ᠰᠢᠢ᠍ᠳᠪᠦᠷᠢᠯᠡᠵᠦ᠂ ᠲᠥᠷᠥᠯ ᠵᠦᠢ᠍ᠯ᠎ᠤᠨ ᠪᠣᠯᠣᠮᠵᠢᠲᠤ ᠰᠤᠳᠤᠯᠤᠯ᠎ᠤᠨ ᠣᠷᠣᠨ ᠲᠣᠭ᠎ᠠ ᠵᠢᠨ ᠠᠵᠢᠯ᠎ᠢ ᠡᠬᠢᠯᠡᠭᠦᠯᠪᠡ᠃
《ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠲᠠᠰ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠥᠨᠳᠥᠷᠯᠢᠭ᠎ᠢ ᠪᠠᠢ᠌ᠭᠤᠯᠬᠤ᠎ᠪᠠᠷ ᠬᠠᠷᠠᠯᠲᠠ ᠪᠤᠯᠭ᠋ᠠᠵᠤ 〈ᠡᠯᠡᠰᠦᠨ ᠴᠥᠯ ᠭᠣᠪᠢ ᠴᠦᠯᠯᠡᠷᠭᠡᠭ ᠣᠷᠣᠨ〉᠎ᠤ ᠲᠣᠮᠣ ᠭᠡᠯᠪᠡᠷᠢ ᠵᠢᠨ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠵᠤ᠂ 2024 ᠣᠨ᠎ᠤ ᠡᠴᠦᠰ᠎ᠠᠴᠠ ᠡᠮᠦᠨ᠎ᠡ 4 ᠭᠡᠷᠡᠯᠴᠢ ᠴᠡᠨᠡᠭ᠎ᠤᠨ ᠬᠣᠰᠢᠭᠤᠴᠢ ᠢᠨᠵᠧᠨᠧᠷᠢᠩ᠎ᠤᠨ ᠲᠥᠷᠥᠯ ᠵᠦᠢ᠍ᠯ᠎ᠢ ᠲᠣᠣᠷ᠎ᠲᠤ ᠨᠡᠢ᠌ᠯᠡᠭᠦᠯᠦᠨ ᠠᠰᠢᠭᠯᠠᠯᠲᠠ᠎ᠳᠤ ᠣᠷᠣᠭᠤᠯᠬᠤ᠎ᠪᠠᠷ ᠴᠢᠷᠮᠠᠢ᠌ᠵᠤ᠂ ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠲᠦᠷᠭᠡᠳᠬᠡᠨ ᠪᠠᠢ᠌ᠭᠤᠯᠬᠤ᠎ᠳᠤ ᠥᠪᠥᠷ ᠮᠣᠩᠭᠣᠯ᠎ᠤᠨ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠪᠠ᠃