ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠠᠮᠢᠶᠠᠷᠬᠤ ᠡᠭᠦᠷᠭᠡ ᠵᠢ ᠦᠨᠡᠨᠬᠦ ᠭᠦᠢ᠍ᠴᠡᠳᠬᠡᠬᠦ ᠵᠢᠨ ᠲᠥᠯᠥᠭᠡ᠂ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠠᠮᠢᠶᠠᠷᠤᠯᠲᠠ ᠵᠢᠨ ᠠᠵᠢᠯ᠎ᠤᠨ ᠲᠦᠷ ᠬᠡᠷᠡᠭᠵᠢᠭᠦᠯᠬᠦ ᠠᠷᠭ᠎ᠠ》 《ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠤᠨ ᠲᠥᠰᠥᠯ》 《ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠤᠨ ᠮᠡᠳᠡᠭᠳᠡᠯ》 ᠵᠡᠷᠭᠡ ᠵᠢᠨ ᠱᠠᠭ᠋ᠠᠷᠳᠠᠯᠭ᠎ᠠ᠎ᠪᠠᠷ᠂ 2023 ᠣᠨ᠎ᠤ 9 ᠰᠠᠷ᠎ᠠ᠎ᠠᠴᠠ 11 ᠰᠠᠷ᠎ᠠ ᠪᠣᠯᠲᠠᠯᠠᠬᠢ ᠬᠤᠭᠤᠴᠠᠭ᠋ᠠᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠭᠤᠷᠪᠠᠨ ᠪᠦᠯᠦᠭ ᠤᠳᠠᠭ᠎ᠠ᠎ᠳᠤ ᠥᠪᠥᠷ ᠮᠣᠩᠭᠣᠯ᠎ᠤᠨ 29 ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠬᠠᠢ ᠵᠢᠨ ᠲᠠᠯᠠᠪᠤᠷ᠎ᠲᠤ ᠦᠨᠡᠯᠡᠨ ᠵᠢᠱ᠌ᠢᠬᠦ ᠠᠵᠢᠯ᠎ᠢ ᠪᠡᠶᠡᠯᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠣᠬᠢᠶᠠᠨ ᠪᠠᠢ᠌ᠭᠤᠯᠬᠤ ᠪᠠ ᠵᠣᠯᠭ᠋ᠠᠭᠤᠯᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠲᠤᠯᠭ᠋ᠠᠭᠤᠷᠢᠯᠠᠯ᠎ᠤᠨ ᠭᠤᠷᠪᠠᠨ ᠨᠢᠭᠡᠴᠢ᠎ᠳᠤ ᠨᠠᠶ᠋ᠢᠳᠠᠵᠤ ᠲᠣᠰ ᠤᠳᠠᠭ᠋ᠠᠨ᠎ᠤ ᠦᠨᠡᠯᠡᠨ ᠵᠢᠱ᠌ᠢᠯᠲᠡ ᠵᠢᠨ ᠮᠡᠷᠭᠡᠵᠢᠯ᠎ᠤᠨ ᠵᠢᠯᠣᠭᠣᠳᠤᠯᠭ᠎ᠠ ᠪᠠ ᠦᠢ᠍ᠯᠡᠴᠢᠯᠡᠭᠡ ᠵᠢ ᠬᠠᠷᠢᠴᠠᠭᠤᠯᠪᠠ᠃
ᠦᠨᠡᠯᠡᠨ ᠵᠢᠱ᠌ᠢᠬᠦ ᠳᠤᠭᠤᠢ᠌ᠯᠠᠩ᠎ᠤᠨ᠎ᠬᠢᠨ ᠥᠪᠡᠰᠦᠪᠡᠨ ᠦᠨᠡᠯᠡᠨ ᠵᠢᠱ᠌ᠢᠭᠰᠡᠨ ᠬᠠᠷᠢᠭᠤ ᠮᠡᠳᠡᠭᠦᠯᠦᠯᠲᠡ ᠵᠢ ᠰᠣᠨᠣᠰᠬᠤ᠂ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠂ ᠰᠤᠷᠪᠤᠯᠵᠢᠯᠠᠨ ᠶᠠᠷᠢᠯᠴᠠᠬᠤ᠂ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ ᠵᠡᠷᠭᠡ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠭᠣᠣᠯ ᠬᠠᠮᠠᠭ᠋ᠠᠯᠠᠬᠤ ᠡᠲᠡᠭᠡᠳ᠂ ᠠᠮᠢ ᠠᠬᠤᠢ ᠵᠢᠨ ᠰᠢᠰᠲ᠋ᠧᠮ᠎ᠤᠨ ᠪᠦᠲᠦᠴᠡ᠂ ᠠᠮᠢ ᠠᠬᠤᠢ ᠵᠢᠨ ᠰᠢᠰᠲ᠋ᠧᠮ᠎ᠤᠨ ᠦᠢ᠍ᠯᠡᠴᠢᠯᠡᠭᠡ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠂ ᠭᠣᠣᠯ ᠰᠦᠷᠳᠡᠭᠦᠯᠦᠯ᠎ᠤᠨ ᠡᠯᠧᠮᠧᠨ᠋ᠲ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠳᠠᠯ ᠵᠡᠷᠭᠡ ᠵᠢᠷᠭᠤᠭ᠋ᠠᠨ ᠲᠠᠯ᠎ᠠ᠎ᠠᠴᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠦᠨᠡᠯᠡᠨ ᠵᠢᠱ᠌ᠢᠪᠡ᠃ ᠦᠨᠡᠯᠡᠨ ᠵᠢᠱ᠌ᠢᠬᠦ ᠳᠤᠭᠤᠢ᠌ᠯᠠᠩ᠎ᠤᠨ᠎ᠬᠢᠨ ᠮᠠᠨ᠎ᠤ ᠣᠷᠣᠨ᠎ᠤ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠠᠯ᠎ᠠ᠎ᠪᠠᠷ ᠣᠯᠣᠭᠰᠠᠨ ᠠᠮᠵᠢᠯᠲᠠ ᠪᠠ ᠲᠤᠷᠰᠢᠯᠭ᠎ᠠ ᠵᠢ ᠭᠦᠢ᠍ᠴᠡᠳ ᠨᠤᠲᠠᠯᠠᠭᠰᠠᠨ᠎ᠤ ᠬᠠᠮᠲᠤ ᠪᠠᠰᠠ ᠣᠷᠣᠰᠢᠵᠤ ᠪᠠᠢ᠌ᠭ᠎ᠠ ᠬᠦᠷᠦᠯᠴᠡᠬᠦ ᠦᠭᠡᠢ ᠲᠠᠯ᠎ᠠ ᠪᠠ ᠬᠥᠭᠵᠢᠯᠲᠡ ᠵᠢᠨ ᠪᠠᠭᠤᠷᠠᠢ ᠲᠠᠯ᠎ᠠ ᠵᠢ ᠵᠢᠭ᠋ᠠᠨ ᠭᠠᠷᠭ᠋ᠠᠵᠤ᠂ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠰᠠᠢ᠌ᠵᠢᠷᠠᠭᠤᠯᠤᠨ ᠳᠡᠭᠡᠭᠰᠢᠯᠡᠭᠦᠯᠬᠦ ᠬᠠᠮᠢᠶ᠎ᠠ ᠪᠦᠬᠦᠢ ᠰᠠᠨᠠᠯ ᠪᠠ ᠰᠠᠨᠠᠭᠤᠯᠭ᠎ᠠ ᠵᠢ ᠳᠤᠷᠠᠳᠤᠭᠰᠠᠨ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠰᠠᠨᠠᠯ᠎ᠢ ᠬᠢᠨᠠᠮᠠᠭ᠋ᠠᠢ ᠳ᠋ᠦᠩᠨᠡᠬᠦ ᠪᠠ ᠡᠮᠬᠢᠯᠡᠨ ᠳᠢᠭᠯᠡᠵᠦ᠂ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠢᠳᠡᠪᠬᠢᠲᠡᠢ ᠠᠪᠴᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠶᠡᠷᠦᠩᠬᠡᠢ᠌ᠯᠡᠨ ᠳᠡᠭᠡᠭᠰᠢᠯᠡᠭᠦᠯᠪᠡ᠃