11 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ ᠰᠢᠯᠢ ᠵᠢᠨ ᠭᠣᠣᠯ ᠠᠶ᠋ᠢᠮᠠᠭ᠎ᠲᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠪᠠᠢ᠌ᠭᠤᠯᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠲᠤ ᠤᠬᠠᠭᠤᠯᠤᠨ ᠲᠠᠢ᠌ᠯᠪᠤᠷᠢᠯᠠᠪᠠ᠃
ᠰᠢᠯᠢ ᠵᠢᠨ ᠭᠣᠣᠯ ᠠᠶ᠋ᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠸᠠᠩ ᠸᠠᠩ ᠱᠧᠩ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠡᠵᠡᠮᠰᠢᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ᠎ᠳᠤ ᠤᠬᠠᠭᠤᠯᠤᠨ ᠲᠠᠢ᠌ᠯᠪᠤᠷᠢᠯᠠᠪᠠ᠃ ᠤᠬᠠᠭᠤᠯᠤᠨ ᠲᠠᠢ᠌ᠯᠪᠤᠷᠢᠯᠠᠬᠤ ᠵᠢ ᠰᠣᠨᠣᠰᠤᠭᠰᠠᠨ᠎ᠤ ᠳᠠᠷᠠᠭ᠎ᠠ᠂ ᠰᠢᠯᠢ ᠵᠢᠨ ᠭᠣᠣᠯ ᠠᠶ᠋ᠢᠮᠠᠭ᠎ᠤᠨ ᠺᠠᠳ᠋ᠷ ᠤᠯᠠᠨ ᠲᠦᠮᠡᠨ᠂ ᠬᠣᠶ᠋ᠢᠰᠢᠳᠠ ᠲᠡᠷᠢᠭᠦᠨ᠎ᠤ ᠭᠠᠵᠠᠷ ᠣᠷᠣᠨ᠎ᠤ ᠰᠠᠢ᠍ᠢ᠍ᠨ ᠲᠤᠷᠰᠢᠯᠭ᠎ᠠ᠂ ᠰᠠᠢ᠍ᠢ᠍ᠨ ᠠᠷᠭ᠎ᠠ ᠵᠢ ᠰᠤᠷᠤᠯᠴᠠᠨ ᠲᠣᠯᠢᠳᠠᠵᠤ᠂ ᠪᠡᠶ᠎ᠡ᠎ᠪᠠᠷ ᠵᠶ᠋ᠡᠨ ᠬᠡᠪ ᠳᠦᠷᠢᠮ ᠪᠣᠯᠵᠤ᠂ 《ᠰᠠᠨᠠᠯ》᠎ᠢ ᠰᠠᠶ᠋ᠢᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠳᠣᠬᠢᠴᠢᠯᠠᠭᠰᠠᠨ ᠰᠢᠯᠢ ᠵᠢᠨ ᠭᠣᠣᠯ᠎ᠢ ᠪᠦᠲᠦᠭᠡᠨ ᠪᠠᠢ᠌ᠭᠤᠯᠬᠤ᠎ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠪᠠᠢ᠌ᠭᠤᠯᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠦᠬᠡ ᠪᠣᠯᠣᠨ ᠣᠷᠣᠨ ᠨᠤᠲᠤᠭ᠎ᠤᠨ ᠣᠶ᠋ᠢᠯᠠᠯᠭ᠎ᠠ ᠰᠤᠳᠤᠯᠬᠤ ᠲᠠᠰᠤᠭ᠎ᠤᠨ ᠡᠷᠬᠢᠯᠡᠭᠴᠢ ᠳ᠋ᠦ᠋ ᠢ ᠰᠢᠨ ᠮᠠᠨ᠎ᠤ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠰᠠᠨᠠᠯ》᠎ᠢ ᠭᠦᠨᠵᠡᠭᠡᠢ ᠨᠠᠷᠢᠯᠢᠭ ᠲᠠᠢ᠌ᠯᠪᠤᠷᠢᠯᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠢ ᠬᠠᠯᠠᠮᠵᠢᠯᠠᠵᠤ ᠪᠠᠢ᠌ᠭ᠎ᠠ ᠪᠠ ᠯᠤᠲᠤ ᠶᠡᠬᠡ ᠳᠡᠮᠵᠢᠯᠭᠡ ᠵᠢ ᠲᠣᠳᠣᠷᠬᠠᠢ᠌ᠯᠠᠨ ᠲᠠᠢ᠌ᠯᠪᠤᠷᠢᠯᠠᠵᠠᠢ᠃ ᠤᠬᠠᠭᠤᠯᠤᠨ ᠲᠠᠢ᠌ᠯᠪᠤᠷᠢᠯᠠᠭᠰᠠᠨ ᠮᠡᠳᠡᠭᠦᠯᠦᠯᠲᠡ᠎ᠨᠢ ᠪᠦᠬᠦ ᠲᠠᠯ᠎ᠠ᠎ᠪᠠᠷ ᠰᠢᠰᠲ᠋ᠧᠮ᠎ᠲᠠᠢ᠂ ᠭᠦᠨᠵᠡᠭᠡᠢ ᠨᠡᠪᠲᠡᠷᠬᠡᠢ ᠪᠠᠢ᠌ᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ ᠪᠠ ᠦᠢ᠍ᠯᠡᠳᠦᠯᠭᠡ᠎ᠲᠦ ᠴᠢᠨᠠᠷᠲᠠᠢ ᠶᠤᠮ᠃ ᠤᠬᠠᠭᠤᠯᠤᠨ ᠲᠠᠢ᠌ᠯᠪᠤᠷᠢᠯᠠᠬᠤ ᠵᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠨᠠᠢ᠍ᠮᠠᠳᠤᠭ᠋ᠠᠷ ᠬᠢᠨᠠᠨ ᠪᠠᠢ᠌ᠴᠠᠭ᠋ᠠᠬᠤ ᠲᠠᠰᠤᠭ᠎ᠤᠨ ᠳᠡᠳ᠋ ᠡᠷᠬᠢᠯᠡᠭᠴᠢ ᠳ᠋ᠦᠩ ᠵᠢᠩ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠺᠠᠳ᠋ᠷ ᠪᠣᠯᠤᠭᠰᠠᠨ᠎ᠤ ᠬᠤᠪᠢ᠎ᠳᠤ᠂ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠰᠢᠨ᠎ᠡ ᠳᠦᠷᠰᠦ ᠪᠠᠶ᠋ᠢᠳᠠᠯ ᠰᠢᠨ᠎ᠡ ᠵᠢᠳᠬᠦᠯ ᠴᠢᠷᠮᠠᠢ᠌ᠯᠭ᠎ᠠ᠎ᠪᠠᠨ ᠳᠡᠯᠭᠡᠨ ᠦᠵᠡᠭᠦᠯᠵᠦ᠂ ᠦᠢ᠍ᠯᠡᠴᠢᠯᠡᠭᠡ᠎ᠪᠠᠨ ᠪᠠᠲᠤᠯᠠᠵᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ ᠵᠠᠩ ᠶᠦᠩ ᠵᠢᠶᠦ᠋ᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠬᠠᠶ᠋ᠢᠷ᠎ᠠ ᠬᠠᠯᠠᠮᠵᠢ ᠪᠣᠯᠣᠨ ᠬᠦᠰᠡᠯ ᠨᠠᠢ᠌ᠳᠠᠯᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ 《ᠰᠠᠨᠠᠯ》᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠡᠵᠡᠮᠰᠢᠵᠦ᠂ ᠲᠠᠯᠠᠷᠬᠠᠯ᠎ᠤᠨ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠵᠡᠷᠭᠡ ᠲᠠᠯ᠎ᠠ᠎ᠪᠠᠷ 《ᠰᠠᠨᠠᠯ》᠎ᠢ ᠭᠦᠨᠵᠡᠭᠡᠢ ᠲᠠᠢ᠌ᠯᠪᠤᠷᠢᠯᠠᠪᠠ᠃ ᠤᠯᠠᠨ ᠵᠶ᠋ᠠᠷ ᠵᠶ᠋ᠠᠨ ᠡᠭᠦᠨ᠎ᠢ ᠰᠣᠨᠣᠰᠤᠭᠰᠠᠨ᠎ᠤ ᠳᠠᠷᠠᠭ᠎ᠠ ᠮᠠᠰᠢ ᠶᠡᠬᠡ ᠬᠥᠮᠦᠵᠢᠯ ᠬᠦᠷᠲᠡᠨ ᠵᠣᠷᠢᠭᠵᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠬᠠᠶ᠋ᠢᠷ᠎ᠠ ᠬᠠᠯᠠᠮᠵᠢ ᠵᠢ ᠭᠦᠨᠵᠡᠭᠡᠢ ᠣᠢ᠌ᠯᠠᠭ᠋ᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠵᠢᠨ 《ᠭᠤᠷᠪᠠ᠎ᠳᠤ ᠦᠢ᠍ᠯᠡᠴᠢᠯᠡᠬᠦ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ 《ᠰᠠᠨᠠᠯ》᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ ᠭᠡᠵᠦ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠬᠦᠨ᠂ ᠦᠢ᠍ᠯᠡᠳᠦᠯᠭᠡ ᠰᠡᠳᠬᠦᠯ᠎ᠤᠨ ᠬᠣᠷᠢᠶ᠎ᠠ ᠵᠢᠨ ᠶᠡᠷᠦᠩᠬᠡᠢ ᠨᠠᠢ᠌ᠷᠠᠭᠤᠯᠤᠭᠴᠢ ᠵᠠᠩ ᠢ ᠮᠢᠨ 《ᠲᠠᠪᠤᠨ ᠥᠭᠦᠯᠡᠪᠦᠷᠢ》 ᠵᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠭᠦᠨᠵᠡᠭᠡᠢ ᠣᠢ᠌ᠯᠠᠭ᠋ᠠᠨ ᠡᠵᠡᠮᠰᠢᠬᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠬᠠᠶ᠋ᠢᠷ᠎ᠠ ᠬᠠᠯᠠᠮᠵᠢ ᠪᠠ ᠬᠦᠰᠡᠯ ᠨᠠᠢ᠌ᠳᠠᠯᠭ᠎ᠠ ᠵᠢ ᠭᠦᠨᠵᠡᠭᠡᠢ ᠣᠢ᠌ᠯᠠᠭ᠋ᠠᠬᠤ ᠵᠡᠷᠭᠡ ᠲᠠᠯ᠎ᠠ᠎ᠪᠠᠷ 《ᠰᠠᠨᠠᠯ》᠎ᠢ ᠪᠦᠬᠦ ᠲᠠᠯ᠎ᠠ᠎ᠪᠠᠷ ᠰᠢᠰᠲ᠋ᠧᠮ᠎ᠲᠠᠢ ᠲᠠᠢ᠌ᠯᠪᠤᠷᠢᠯᠠᠵᠠᠢ᠃ ᠬᠤᠷᠠᠯ᠎ᠳᠤ ᠣᠷᠣᠯᠴᠠᠭᠰᠠᠳ ᠰᠠᠨᠠᠯ ᠨᠢᠭᠡᠲᠡᠢ ᠢᠯᠡᠳᠬᠡᠬᠦ᠎ᠳᠡᠭᠡᠨ᠂ ᠤᠬᠠᠭᠤᠯᠤᠨ ᠲᠠᠢ᠌ᠯᠪᠤᠷᠢᠯᠠᠬᠤ ᠵᠢ ᠰᠣᠨᠣᠰᠬᠤ᠎ᠪᠠᠷ ᠳᠠᠮᠵᠢᠭᠤᠯᠵᠤ᠂ 《ᠰᠠᠨᠠᠯ》᠎ᠤᠨ ᠵᠣᠷᠢᠭ ᠰᠠᠨᠠᠭ᠋ᠠᠨ᠎ᠤ ᠪᠠᠶᠠᠯᠢᠭ ᠠᠭᠤᠯᠤᠭᠳᠠᠬᠤᠨ᠎ᠢ ᠨᠡᠩ ᠭᠦᠨᠵᠡᠭᠡᠢ ᠡᠵᠡᠮᠰᠢᠵᠦ᠂ ᠬᠡᠷᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠨᠡᠩ ᠲᠣᠳᠣᠷᠬᠠᠢ ᠴᠢᠭᠯᠡᠯ᠎ᠲᠠᠢ ᠪᠣᠯᠪᠠ᠂ ᠬᠣᠶ᠋ᠢᠰᠢᠳᠠ ᠬᠦᠰᠡᠯᠡᠩ ᠢᠲᠡᠭᠡᠯ ᠪᠢᠰᠢᠷᠡᠯ ᠵᠶ᠋ᠡᠨ ᠲᠠᠰᠤᠷᠠᠯᠲᠠ ᠦᠭᠡᠢ ᠪᠠᠲᠤᠳᠬᠠᠵᠤ᠂ ᠠᠵᠢᠯ ᠬᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠢᠭᠡᠳᠦᠮᠡᠯ ᠹᠷᠣᠨᠲ᠎ᠤᠨ ᠡᠯ᠎ᠡ ᠬᠦᠷᠢᠶᠡᠨ᠎ᠤ ᠬᠦᠴᠦᠨ᠎ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃