ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠠᠪᠤᠳᠠᠯ᠎ᠢ ᠬᠠᠮᠤᠭ᠎ᠤᠨ ᠶᠡᠬᠡ ᠤᠯᠤᠰ ᠲᠥᠷᠥ ᠪᠣᠯᠭ᠋ᠠᠬᠤ ᠬᠡᠷᠡᠭᠳᠡᠢ
ᠨᠡᠶ᠋ᠢᠲᠡᠯᠡᠭᠰᠡᠨ ᠴᠠᠭ᠄ 2024-01-15

      ᠲᠦᠷᠦᠭᠦᠬᠡᠨ᠂ ᠤᠯᠤᠰ᠎ᠲᠠᠭᠠᠨ ᠦᠢ᠍ᠯᠡᠳᠪᠦᠷᠢᠯᠡᠭᠰᠡᠨ ᠠᠩᠬᠠᠳᠠᠭᠴᠢ ᠲᠣᠮᠣ ᠬᠡᠯᠪᠡᠷᠢ ᠵᠢᠨ ᠰᠢᠤᠳᠠᠨ᠎ᠤ ᠬᠥᠯᠭᠡ ᠣᠩᠭᠣᠴᠠ ᠵᠢ ᠨᠡᠷᠡᠢ᠌ᠳᠴᠦ ᠲᠤᠰᠢᠶᠠᠨ ᠥᠭᠭᠦᠭᠰᠡᠨ ᠶᠠᠪᠤᠳᠠᠯ᠎ᠨᠢ ᠮᠠᠨ᠎ᠤ ᠤᠯᠤᠰ ᠨᠢᠭᠡᠨᠲᠡ ᠨᠢᠰᠬᠡᠯ᠎ᠤᠨ ᠰᠠᠭᠤᠷᠢ ᠣᠩᠭᠣᠴᠠ᠂ ᠲᠣᠮᠣ ᠬᠡᠯᠪᠡᠷᠢ ᠵᠢᠨ ᠰᠢᠩᠭᠡᠨᠵᠢᠮᠡᠯ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠲᠡᠭᠡᠭᠡᠪᠦᠷᠢ ᠵᠢᠨ ᠣᠩᠭᠣᠴᠠ᠂ ᠲᠣᠮᠣ ᠬᠡᠯᠪᠡᠷᠢ ᠵᠢᠨ ᠰᠢᠤᠳᠠᠨ᠎ᠤ ᠬᠥᠯᠭᠡ ᠣᠩᠭᠣᠴᠠ ᠭᠡᠬᠦ ᠡᠨᠡ ᠬᠦ᠌ ᠣᠩᠭᠣᠴᠠᠨ᠎ᠤ ᠠᠵᠤ ᠦᠢ᠍ᠯᠡᠳᠪᠦᠷᠢ ᠵᠢᠨ 《ᠭᠤᠷᠪᠠᠨ ᠬᠡᠷᠡᠯᠳᠦ ᠰᠤᠪᠤᠳ》᠎ᠢ ᠦᠢ᠍ᠯᠡᠳᠬᠦ ᠴᠢᠳᠠᠪᠤᠷᠢ᠎ᠲᠠᠢ ᠪᠣᠯᠤᠭᠰᠠᠨ᠎ᠢ ᠬᠠᠷᠠᠭᠤᠯᠵᠤ ᠪᠠᠢ᠌ᠨ᠎ᠠ᠃ ᠣᠩᠭᠣᠴᠠ ᠦᠢ᠍ᠯᠡᠳᠬᠦ ᠠᠵᠤ ᠦᠢ᠍ᠯᠡᠳᠪᠦᠷᠢ ᠵᠢᠨ ᠨᠢᠰᠬᠦ ᠮᠡᠲᠦ ᠲᠦᠷᠭᠡᠨ ᠬᠥᠭᠵᠢᠯᠲᠡ᠎ᠳᠤ ᠦᠯᠡᠮᠵᠢ ᠤᠯᠠᠨ ᠠᠵᠤ ᠦᠢ᠍ᠯᠡᠰ᠎ᠤᠨ ᠠᠵᠢᠯᠴᠢᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠂ ᠠᠵᠤ ᠠᠬᠤᠢ᠌ᠯᠠᠯᠲᠠᠨ᠎ᠤ ᠬᠦᠴᠦ ᠬᠥᠳᠡᠯᠮᠦᠷᠢ ᠰᠢᠩᠭᠡᠵᠦ ᠪᠠᠢ᠌ᠳᠠᠭ᠂ ᠡᠨᠡ᠎ᠨᠢ ᠪᠦᠬᠦ ᠤᠯᠤᠰ᠎ᠤᠨ ᠠᠷᠠᠳ ᠲᠦᠮᠡᠨ᠎ᠤ ᠭᠠᠷ ᠬᠣᠯᠪᠣᠨ ᠰᠡᠳᠬᠢᠯ ᠨᠢᠭᠡᠳᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠵᠶ᠋ᠠᠷ ᠡᠷᠡᠯᠬᠡᠭᠯᠡᠨ ᠤᠷᠤᠭᠰᠢᠯᠠᠬᠤ ᠵᠢᠨ ᠠᠮᠢᠳᠤᠯᠢᠭ ᠲᠠᠢ᠌ᠯᠪᠤᠷᠢ ᠪᠣᠯᠤᠭᠰᠠᠨ ᠪᠠᠢ᠌ᠨ᠎ᠠ᠃

      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠷᠠᠭᠤᠯ ᠳᠠᠷᠳᠠᠩ ᠵᠠᠮ ᠮᠥᠨ᠃ ᠣᠢ᠌ᠷ᠎ᠠ ᠵᠢᠨ ᠬᠤᠭᠤᠴᠠᠭ᠋ᠠᠨ᠎ᠳᠤ ᠬᠤᠷᠠᠯᠳᠤᠭᠰᠠᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠨᠢ ᠰᠢᠨ᠎ᠡ ᠴᠠᠭ ᠦᠶ᠎ᠡ ᠵᠢᠨ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠵᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠲᠠᠪᠤᠨ ᠲᠠᠯ᠎ᠠ᠎ᠪᠠᠷ ᠨᠠᠷᠢᠨ ᠲᠣᠳᠣᠷᠬᠠᠢ ᠬᠤᠷᠢᠶᠠᠩᠭᠤᠢ᠌ᠯᠠᠪᠠ᠂ ᠡᠭᠦᠨ᠎ᠤ ᠳᠣᠲᠣᠷᠠᠬᠢ ᠴᠢᠬᠤᠯᠠ ᠨᠢᠭᠡ ᠲᠠᠯ᠎ᠠ᠎ᠨᠢ ᠳᠠᠷᠤᠢ 《ᠡᠷᠬᠡᠪᠰᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠠᠪᠤᠳᠠᠯ᠎ᠢ ᠬᠠᠮᠤᠭ᠎ᠤᠨ ᠶᠡᠬᠡ ᠤᠯᠤᠰ ᠲᠥᠷᠥ ᠪᠣᠯᠭ᠋ᠠᠬᠤ ᠬᠡᠷᠡᠭᠲᠡᠢ》᠃ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷᠭᠡ ᠬᠠᠷᠢᠭᠤᠴᠠᠯᠭ᠎ᠠ ᠪᠣᠯᠣᠨ᠎ᠠ᠃ ᠡᠨᠡ ᠬᠦ᠌ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠵᠦ᠂ ᠡᠨᠡ ᠬᠦ᠌ ᠡᠭᠦᠷᠭᠡ ᠵᠢ ᠪᠡᠶᠡᠯᠡᠭᠦᠯᠬᠦ ᠵᠢᠨ ᠠᠷᠭ᠎ᠠ ᠵᠠᠮ ᠪᠣᠯ ᠳᠠᠷᠤᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯᠣᠨ᠎ᠠ᠃ ᠪᠢᠳᠡ ᠨᠠᠮ᠎ᠤᠨ ᠨᠢᠭᠡᠳᠦᠯᠲᠡᠢ ᠤᠳᠤᠷᠢᠳᠤᠯᠭ᠎ᠠ ᠵᠢᠨ ᠳᠣᠣᠷ᠎ᠠ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠲᠠᠢ ᠪᠦᠯᠬᠦᠮᠳᠡᠵᠦ᠂ ᠲᠦᠮᠡᠨ ᠤᠯᠠᠨ ᠵᠶ᠋ᠠᠷ ᠵᠶ᠋ᠠᠨ ᠰᠡᠳᠬᠢᠯ ᠨᠢᠭᠡᠳᠴᠦ᠂ ᠴᠠᠭ᠎ᠤᠨ ᠪᠡᠷᠬᠡ ᠵᠢ ᠬᠠᠮᠲᠤ᠎ᠪᠠᠷ ᠲᠤᠭᠤᠯᠬᠤ ᠰᠦᠷ ᠳᠠᠯᠠᠢ᠌ᠴᠠᠲᠠᠢ ᠬᠦᠴᠦᠨ᠎ᠢ ᠲᠥᠪᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠲᠥᠰᠥᠪ᠎ᠢ ᠠᠯᠬᠤᠮ ᠠᠯᠬᠤᠮ ᠵᠶ᠋ᠠᠷ ᠰᠠᠢ᠍ᠢ᠍ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠬᠤ ᠬᠡᠷᠡᠭᠲᠡᠶ᠃

      ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠳᠤᠮᠳᠠᠳᠤ ᠵᠢᠨ ᠦᠨᠳᠦᠰᠦᠲᠡᠨ᠎ᠤ ᠢᠮᠠᠭᠲᠠ ᠵᠢᠨ ᠬᠦᠰᠡᠯ ᠪᠠ ᠬᠦᠰᠡᠯ ᠨᠠᠢ᠌ᠳᠠᠯᠭ᠎ᠠ ᠵᠢ ᠲᠠᠯᠪᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠲᠡᠮᠡᠴᠡᠯ ᠪᠠ ᠬᠦᠴᠦ ᠬᠥᠯᠥᠰᠦ ᠵᠢ ᠰᠢᠩᠭᠡᠭᠡᠵᠦ ᠪᠠᠢ᠌ᠭ᠎ᠠ ᠶᠤᠮ᠃ ᠡᠨᠡ ᠵᠢᠯ᠎ᠤᠨ 10 ᠰᠠᠷ᠎ᠠ ᠵᠢᠨ 26᠎ᠤ ᠡᠳᠦᠷ ᠬᠤᠪᠢᠯᠭ᠋ᠠᠨ ᠣᠩᠭᠣᠴᠠ ᠠᠷᠪᠠᠨ ᠳᠣᠯᠣᠳᠤᠭ᠋ᠠᠷ ᠰᠠᠨᠰᠠᠷᠴᠢᠨ ᠳᠤᠭᠤᠢ᠌ᠯᠠᠩ᠎ᠳᠤ ᠰᠠᠭᠤᠵᠤ 《ᠲᠡᠭᠷᠢ ᠵᠢᠨ ᠣᠷᠳᠣᠨ》᠎ᠳᠤ ᠣᠷᠣᠪᠠ᠃ 20 ᠵᠢᠯ᠎ᠤᠨ ᠲᠤᠷᠰᠢ᠂ ᠬᠤᠪᠢᠯᠭ᠋ᠠᠨ ᠣᠩᠭᠣᠴᠠ ᠲᠠᠪᠤᠳᠤᠭ᠋ᠠᠷ᠎ᠠᠴᠠ ᠬᠤᠪᠢᠯᠭ᠋ᠠᠨ ᠣᠩᠭᠣᠴᠠ ᠠᠷᠪᠠᠨ ᠳᠣᠯᠣᠳᠤᠭ᠋ᠠᠷ ᠬᠦᠷᠲᠡᠯ᠎ᠡ᠂ ᠠᠩᠬᠠᠳᠠᠭᠴᠢ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠨᠢᠰᠦᠯᠲᠡ᠎ᠠᠴᠠ ᠣᠭᠲᠠᠷᠭᠤᠢ ᠵᠢᠨ ᠥᠷᠲᠡᠭᠡ ᠵᠢ ᠤᠷᠳᠤ ᠬᠤᠭᠤᠴᠠᠭ᠎ᠠ᠎ᠪᠠᠷ ᠰᠠᠬᠢᠨ ᠬᠠᠮᠠᠭ᠋ᠠᠯᠠᠬᠤ ᠬᠦᠷᠲᠡᠯ᠎ᠡ᠂ ᠮᠠᠨ᠎ᠤ ᠤᠯᠤᠰ᠎ᠤᠨ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠦᠢ᠍ᠯᠡᠰ ᠲᠠᠪᠠᠯᠳᠠᠳᠤ ᠮᠠᠶᠢᠭ᠎ᠤᠨ ᠬᠥᠭᠵᠢᠯᠲᠡ ᠵᠢ ᠪᠡᠶᠡᠯᠡᠭᠦᠯᠵᠡᠢ᠃ ᠰᠠᠨᠰᠠᠷ᠎ᠲᠤ ᠳᠡᠭᠦᠯᠢᠨ ᠨᠢᠰᠬᠦ ᠵᠡᠭᠦᠳᠦ ᠲᠡᠷᠭᠡᠯᠰᠢᠭᠰᠡᠨ᠎ᠨᠢ ᠶᠠᠭ ᠮᠠᠨ᠎ᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠠᠮᠵᠢᠯᠲᠠ ᠪᠦᠲᠦᠮᠵᠢ ᠵᠢᠨ ᠠᠮᠢᠳᠤᠯᠢᠭ ᠬᠤᠷᠢᠶᠠᠩᠭᠤᠢ ᠳᠦᠷᠰᠦ ᠮᠥᠨ᠃ 100 ᠭᠠᠷᠤᠢ ᠵᠢᠯ᠎ᠤᠨ ᠲᠤᠷᠰᠢ᠂ ᠮᠠᠨ᠎ᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠢᠭᠰᠡᠨ ᠠᠯᠢᠪᠠ ᠲᠡᠮᠡᠴᠡᠯ ᠪᠣᠯ ᠳᠠᠷᠤᠢ ᠮᠠᠨ᠎ᠤ ᠤᠯᠤᠰ ᠵᠶ᠋ᠠᠨ ᠣᠳᠣᠬᠢᠴᠢᠯᠠᠭᠰᠠᠨ ᠬᠦᠴᠦᠷᠬᠡᠭ ᠤᠯᠤᠰ ᠪᠣᠯᠭ᠋ᠠᠨ ᠪᠦᠲᠦᠭᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠶᠤᠮ᠃ ᠢᠯᠠᠩᠭᠤᠶ᠎ᠠ ᠰᠢᠨ᠎ᠡ ᠴᠠᠭ ᠦᠶ᠎ᠡ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠡᠷᠡᠮᠡᠬᠡᠢ᠌ᠯᠡᠨ ᠤᠷᠤᠭᠰᠢᠯᠠᠵᠤ᠂ ᠤᠨᠤᠯ ᠪᠠ ᠦᠢ᠍ᠯᠡᠳᠦᠯᠭᠡ ᠵᠢᠨ ᠲᠠᠯ᠎ᠠ᠎ᠪᠠᠷ᠎ᠬᠢ ᠰᠢᠨ᠎ᠡ ᠵᠢ ᠡᠭᠦᠳᠬᠦ ᠰᠢᠪᠲᠤᠯᠤᠯᠲᠠ ᠵᠢ ᠲᠠᠰᠤᠷᠠᠯᠲᠠ ᠦᠭᠡᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠮᠵᠢᠯᠲᠠ᠎ᠲᠠᠢ᠎ᠪᠠᠷ ᠠᠬᠢᠭᠤᠯᠤᠨ ᠥᠷᠭᠡᠳᠬᠡᠵᠦ᠂ ᠮᠠᠨ᠎ᠤ ᠤᠯᠤᠰ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠰᠢᠨ᠎ᠡ ᠠᠶᠠᠨ ᠵᠠᠮ᠎ᠳᠤ ᠣᠷᠣᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠪᠤᠴᠠᠰᠢ ᠦᠭᠡᠢ ᠲᠡᠦᠬᠡᠨ ᠠᠬᠢᠴᠠ᠎ᠳᠤ ᠣᠷᠣᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠵᠤ᠂ ᠯᠠᠪᠳᠠᠭᠤᠨ ᠵᠶ᠋ᠠᠷ ᠤᠷᠤᠭᠰᠢᠯᠠᠬᠤ ᠪᠣᠯ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠴᠤᠷ᠎ᠤᠨ ᠭᠠᠭᠴᠠ ᠵᠥᠪ ᠵᠠᠮ ᠮᠥᠨ᠂ ᠪᠢᠳᠡ 《ᠬᠠᠮᠤᠭ᠎ᠤᠨ ᠶᠡᠬᠡ ᠤᠯᠤᠰ ᠲᠥᠷᠥ》 ᠵᠢᠨ ᠬᠤᠷᠴᠠ ᠰᠡᠷᠭᠡᠭ ᠪᠠ ᠡᠷᠡᠰ ᠪᠠᠲᠤ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠵᠶ᠋ᠠᠷ ᠡᠷᠡᠰ ᠰᠢᠭᠤᠷᠬᠠᠢ ᠤᠷᠤᠭᠰᠢᠯᠠᠨ ᠲᠠᠪᠰᠢᠬᠤ ᠬᠡᠷᠡᠭᠲᠡᠢ ᠭᠡᠳᠡᠭ᠎ᠢ ᠦᠢ᠍ᠯᠡᠳᠦᠯᠭᠡ ᠭᠦᠢ᠍ᠴᠡᠳ ᠭᠡᠷᠡᠴᠢᠯᠡᠵᠡᠢ᠃

      ᠲᠥᠷᠥ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠥᠷᠥ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠲᠦᠭ ᠲᠦᠮᠡᠨ ᠠᠷᠠᠳ ᠲᠦᠮᠡᠨ᠎ᠤ ᠥᠪᠡᠷ᠎ᠤᠨ ᠬᠢᠨᠢ ᠦᠢ᠍ᠯᠡᠰ ᠮᠥᠨ᠂ ᠠᠷᠠᠳ ᠲᠦᠮᠡᠨ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠭᠣᠣᠯ ᠴᠣᠭᠴᠠ ᠮᠥᠨ ᠭᠡᠳᠡᠭ᠎ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠶ᠃ ᠠᠷᠠᠳ ᠲᠦᠮᠡᠨ᠎ᠳᠤ ᠴᠢᠩᠭ᠎ᠠ ᠲᠦᠰᠢᠭᠯᠡᠨ᠂ ᠠᠷᠠᠳ ᠲᠦᠮᠡᠨ᠎ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠵᠦ᠂ ᠪᠦᠬᠦ ᠠᠷᠠᠳ ᠲᠦᠮᠡᠨ᠎ᠤ ᠣᠶᠤᠨ ᠤᠬᠠᠭ᠋ᠠᠨ ᠪᠠ ᠬᠦᠴᠦᠨ ᠴᠢᠳᠠᠯ᠎ᠢ ᠲᠥᠪᠯᠡᠷᠡᠭᠦᠯᠪᠡᠯ ᠰᠠᠶᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠠᠰᠤᠷᠠᠯᠳᠠ ᠦᠭᠡᠢ ᠤᠷᠤᠭᠰᠢ ᠬᠥᠭᠵᠢᠬᠦ ᠵᠢ ᠠᠬᠢᠭᠤᠯᠵᠤ ᠴᠢᠳᠠᠬᠤ ᠶᠤᠮ᠃ ᠰᠢᠨ᠎ᠡ ᠴᠠᠭ ᠦᠶ᠎ᠡ᠎ᠠᠴᠠ ᠨᠠᠭ᠋ᠠᠰᠢ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠲᠠᠯᠠᠪᠤᠷ᠎ᠲᠤ᠂ 300 ᠭᠠᠷᠤᠢ ᠲᠦᠮᠡᠨ ᠨᠢᠭᠡᠳᠦᠭᠡᠷ ᠱᠦᠵᠢ ᠪᠣᠯᠣᠨ ᠲᠣᠰᠬᠤᠨ᠎ᠳᠤ ᠰᠠᠭᠤᠭ᠎ᠠ ᠺᠠᠳ᠋ᠷ ᠥᠷᠭᠡᠨ ᠤᠯᠠᠨ ᠬᠥᠳᠡᠭᠡ ᠲᠣᠰᠬᠤᠨ᠎ᠤ ᠺᠠᠳ᠋ᠷ ᠪᠣᠯᠣᠨ ᠤᠯᠠᠨ ᠲᠦᠮᠡᠨ᠎ᠲᠠᠢ ᠭᠠᠷ ᠬᠣᠯᠪᠣᠨ ᠲᠡᠮᠡᠴᠡᠵᠦ᠂ ᠬᠥᠮᠥᠨ ᠲᠥᠷᠥᠯᠬᠢᠲᠡᠨ᠎ᠤ ᠶᠠᠳᠠᠭᠤ ᠬᠦᠴᠢᠷᠳᠡᠯ᠎ᠢ ᠡᠰᠡᠷᠭᠦᠴᠡᠬᠦ ᠲᠡᠮᠡᠴᠡᠯ᠎ᠤᠨ ᠠᠭᠤᠤ ᠶᠡᠬᠡ ᠭᠠᠶ᠋ᠢᠬᠠᠮᠰᠢᠭ᠎ᠢ ᠡᠭᠦᠳᠴᠡᠢ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠣᠮᠲᠠ ᠰᠢᠪᠲᠤᠯᠬᠤ ᠨᠢᠭᠡᠳᠦᠭᠡᠷ ᠹᠷᠣᠨᠲ᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠡᠳᠦᠷᠵᠢᠨ ᠰᠥᠨᠢᠵᠢᠨ ᠰᠤᠳᠤᠯᠵᠤ᠂ 《ᠵᠦ᠍ ᠷᠥᠩ》᠎ᠤᠨ ᠭᠠᠯ ᠭᠠᠷᠠᠭ᠎ᠢ ᠬᠠᠶ᠋ᠢᠬᠤ᠂ 《ᠰᠢ ᠾᠧ》 ᠨᠠᠷᠠ ᠵᠢ ᠰᠢᠨᠵᠢᠯᠡᠬᠦ᠂ 《ᠪᠧᠢ ᠳ᠋ᠧᠦ》᠎ᠪᠠᠷ ᠲᠣᠣᠷ ᠰᠦᠯᠵᠢᠬᠦ ᠵᠡᠷᠭᠡ ᠴᠢᠬᠤᠯᠠ ᠶᠡᠬᠡ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠡᠭᠦᠳᠪᠡ; ᠶᠡᠬᠡ ᠪᠠᠭ᠎ᠠ ᠵᠡᠭᠡᠯᠢ ᠭᠤᠳᠤᠮᠵᠢ᠎ᠳᠤ᠂ ᠲᠦᠷᠭᠡᠨ ᠬᠦᠷᠭᠡᠭᠴᠢ ᠨᠠᠭ᠋ᠠᠰᠢ ᠴᠠᠭ᠋ᠠᠰᠢ ᠶᠠᠭ᠋ᠠᠷᠠᠯᠳᠤᠵᠤ᠂ ᠡᠳ᠋ ᠪᠠᠷᠠᠭ᠋ᠠᠨ᠎ᠤ ᠭᠦᠢ᠍ᠯᠭᠡᠭᠡ ᠵᠢᠨ ᠰᠠᠭ᠋ᠠᠳ ᠦᠭᠡᠢ ᠨᠡᠪᠲᠡᠷᠡᠬᠦ᠎ᠳᠤ ᠬᠥᠳᠡᠯᠭᠡᠬᠦ ᠬᠦᠴᠦᠨ ᠨᠡᠮᠡᠷᠢᠯᠡᠪᠡ ᠁ ᠰᠢᠨ᠎ᠡ ᠴᠠᠭ ᠦᠶ᠎ᠡ ᠵᠢᠨ ᠠᠭᠤᠤ ᠶᠡᠬᠡ ᠠᠮᠵᠢᠯᠲᠠ ᠵᠢ ᠨᠠᠮ ᠪᠣᠯᠣᠨ ᠠᠷᠠᠳ ᠲᠦᠮᠡᠨ ᠬᠠᠮᠲᠤᠪᠠᠷ ᠴᠢᠷᠮᠠᠢ᠌ᠨ ᠲᠡᠮᠡᠴᠡᠵᠦ ᠪᠠᠶ᠋ᠢᠭ᠋ᠠᠳ ᠣᠯᠣᠭᠰᠠᠨ ᠶᠤᠮ᠃ ᠰᠢᠨ᠎ᠡ ᠠᠶᠠᠨ ᠵᠠᠮ᠎ᠳᠤ᠂ ᠬᠥᠭᠵᠢᠭᠦᠯᠬᠦ᠎ᠨᠢ ᠠᠷᠠᠳ ᠲᠦᠮᠡᠨ᠎ᠤ ᠲᠥᠯᠥᠭᠡ ᠪᠠᠶ᠋ᠢᠬᠤ᠂ ᠬᠥᠭᠵᠢᠭᠦᠯᠬᠦ᠎ᠳᠤ ᠠᠷᠠᠳ ᠲᠦᠮᠡᠨ᠎ᠢ ᠲᠦᠰᠢᠭᠯᠡᠬᠦ᠂ ᠬᠥᠭᠵᠢᠯᠲᠡ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠬᠠᠮᠲᠤ᠎ᠪᠠᠷ ᠡᠳ᠋ᠯᠡᠭᠦᠯᠬᠦ ᠵᠢ ᠢᠮᠠᠭᠲᠠ ᠪᠠᠷᠢᠮᠲᠠᠯᠠᠪᠠᠯ᠂ ᠪᠢᠳᠡ ᠳᠠᠷᠤᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠯᠠᠪᠳᠠᠭᠤᠨ ᠵᠶ᠋ᠠᠷ ᠠᠬᠢᠭᠤᠯᠬᠤ᠎ᠳᠤ ᠪᠦᠯᠬᠦᠮᠳᠡᠨ ᠲᠡᠮᠡᠴᠡᠬᠦ ᠬᠦᠴᠦᠷᠬᠡᠭ ᠶᠡᠬᠡ ᠬᠦᠴᠦᠨ ᠴᠢᠳᠠᠯ᠎ᠢ ᠨᠢᠭᠲᠠᠷᠠᠭᠤᠯᠵᠤ ᠴᠢᠳᠠᠬᠤ ᠶᠤᠮ᠃

      ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠪᠣᠯ ᠨᠠᠮ᠎ᠤᠨ ᠭᠣᠣᠯ ᠠᠵᠢᠯ ᠮᠥᠨ᠂ ᠴᠢᠨᠠᠷ ᠰᠠᠢ᠌ᠲᠠᠢ ᠬᠥᠭᠵᠢᠯᠲᠡ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠠᠭᠠᠨ᠄ 《ᠳᠤᠮᠳᠠᠳᠤ ᠤᠯᠤᠰ᠎ᠤᠨ ᠠᠵᠤ ᠠᠬᠤᠢ ᠥᠷᠢᠰᠥᠯᠳᠦᠭᠡᠨ᠎ᠢ ᠢᠯᠠᠨ ᠳᠠᠪᠠᠵᠤ᠂ ᠯᠠᠪᠳᠠᠭᠤᠨ ᠵᠶ᠋ᠠᠷ ᠤᠷᠤᠭᠰᠢᠯᠠᠵᠤ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠪᠣᠯ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ》 ᠭᠡᠵᠡᠢ᠃ ᠬᠥᠭᠵᠢᠭᠦᠯᠦᠯᠲᠡ ᠪᠣᠯ ᠨᠠᠮ᠎ᠤᠨ ᠲᠥᠷᠥ ᠪᠠᠷᠢᠵᠤ ᠤᠯᠤᠰ ᠵᠶ᠋ᠠᠨ ᠮᠠᠨᠳᠤᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠂ ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠤᠨ ᠰᠠᠭᠤᠷᠢ ᠦᠭᠡᠢ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠴᠢᠳᠠᠬᠤ ᠦᠭᠡᠢ; ᠬᠥᠭᠵᠢᠯᠲᠡ᠎ᠨᠢ ᠡᠷᠬᠡᠪᠰᠢ ᠴᠢᠨᠠᠷ ᠰᠠᠢ᠌ᠲᠠᠢ ᠬᠥᠭᠵᠢᠯᠲᠡ ᠪᠠᠶ᠋ᠢᠬᠤ ᠬᠡᠷᠡᠭᠲᠡᠢ᠂ ᠴᠢᠨᠠᠷ ᠰᠠᠢ᠌ᠲᠠᠢ ᠬᠥᠭᠵᠢᠯᠲᠡ ᠵᠢ ᠪᠠᠷᠢᠮᠲᠠᠯᠠᠵᠤ᠂ ᠠᠵᠤ ᠠᠬᠤᠢ ᠵᠢᠨ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠠᠬᠢᠭᠤᠯᠪᠠᠯ ᠰᠠᠶᠢ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠳᠡ ᠦᠭᠡᠢ ᠬᠠᠩᠭ᠋ᠠᠵᠤ ᠴᠢᠳᠠᠨ᠎ᠠ᠃ ᠤᠷᠤᠭᠰᠢᠯᠠᠯᠲᠠ ᠵᠢᠨ ᠵᠠᠮ ᠳᠡᠭᠡᠷ᠎ᠡ᠂ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠭᠡᠬᠦ ᠡᠨᠡᠬᠦ ᠭᠣᠣᠯ ᠠᠵᠢᠯ ᠪᠣᠯᠣᠨ ᠴᠢᠨᠠᠷ ᠰᠠᠢ᠌ᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠨ᠎ᠤ ᠤᠯᠤᠰ᠎ᠤᠨ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ᠂ ᠶᠡᠷᠦᠩᠬᠡᠢ᠌ᠯᠡᠭᠰᠡᠨ ᠤᠯᠤᠰ᠎ᠤᠨ ᠬᠦᠴᠦᠨ᠎ᠢ ᠳᠠᠰᠤᠷᠠᠯᠳᠠ ᠦᠭᠡᠢ ᠪᠤᠵᠠᠭ᠋ᠠᠢ᠌ᠷᠠᠭᠤᠯᠪᠠᠯ᠂ ᠪᠢᠳᠠ ᠯᠠᠪᠳᠠᠶ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠤᠨ ᠰᠠᠭᠤᠷᠢ ᠵᠢ ᠴᠣᠭᠴᠠᠯᠠᠨ ᠥᠭᠴᠦ ᠴᠢᠳᠠᠨ᠎ᠠ᠃

      ᠪᠦᠯᠬᠦᠮᠳᠡᠯ ᠪᠣᠯ ᠳᠠᠷᠤᠢ ᠬᠦᠴᠦᠨ ᠮᠥᠨ᠂ ᠪᠣᠳᠠᠲᠠᠢ ᠠᠵᠢᠯᠯᠠᠪᠠᠯ ᠢᠷᠡᠭᠡᠳᠦᠢ ᠵᠢ ᠪᠦᠲᠦᠭᠡᠨ᠎ᠡ᠃ ᠢᠷᠡᠭᠡᠳᠦᠢ᠎ᠳᠤ ᠬᠠᠨᠳᠤᠵᠤ᠂ ᠲᠦᠭ ᠲᠦᠮᠡᠨ ᠠᠷᠠᠳ ᠲᠦᠮᠡᠨ ᠨᠠᠮ᠎ᠤᠨ ᠲᠤᠭ᠎ᠤᠨ ᠳᠣᠣᠷ᠎ᠠ 《ᠪᠠᠲᠤ ᠪᠡᠬᠢ ᠪᠣᠯᠣᠳ ᠲᠡᠮᠦᠷ》 ᠪᠣᠯᠣᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠨᠢᠭᠲᠠᠷᠠᠨ ᠪᠦᠯᠬᠦᠮᠳᠡᠵᠦ᠂ ᠥᠪᠡᠷ ᠥᠪᠡᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠨᠤᠭᠤᠷᠠᠰᠢ ᠦᠭᠡᠢ ᠲᠡᠮᠡᠴᠡᠵᠦ᠂ ᠴᠥᠬᠥᠷᠡᠰᠢ ᠦᠭᠡᠢ ᠲᠡᠮᠡᠴᠡᠪᠡᠯ᠂ ᠯᠠᠪᠳᠠᠶ᠎ᠠ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤᠪᠠᠷ ᠲᠡᠷᠭᠡᠯᠰᠢᠭᠦᠯᠬᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ᠎ᠢ ᠰᠠᠶ᠋ᠢᠲᠤᠷ ᠵᠠᠮᠨᠠᠵᠤ᠂ ᠬᠣᠯᠠ ᠵᠠᠮᠨᠠᠬᠤ ᠵᠢ ᠠᠬᠢᠭᠤᠯᠵᠤ ᠴᠢᠳᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠷᠢᠶ᠎ᠠ ᠨᠢᠭᠡᠴᠢ ᠵᠢᠨ ᠨᠠᠮ᠎ᠤᠨ ᠡᠭᠦᠷ 《ᠲᠡᠷᠢᠭᠦᠨ᠎ᠤ᠎ᠬᠢ᠎ᠠᠴᠠ ᠰᠤᠷᠤᠯᠴᠠᠬᠤ ᠦᠵᠡᠯ ᠰᠠᠨᠠᠭ᠎ᠠ᠎ᠪᠠᠨ ᠴᠢᠩᠭ᠋ᠠᠳᠬᠠᠬᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠬᠦ》 ᠭᠣᠣᠯ ᠰᠡᠳᠦᠪᠲᠦ ᠬᠠᠮᠲᠤᠷᠠᠭᠰᠠᠨ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠵᠣᠷᠢᠭᠲᠠᠢ ᠬᠢᠵᠦ ᠴᠢᠳᠠᠮᠠᠭ᠋ᠠᠢ ᠠᠵᠢᠯᠯᠠᠵᠤ ᠨᠠᠢ᠌ᠳᠠᠪᠤᠷᠢᠵᠢᠭᠤᠯᠤᠯᠲᠠ ᠵᠢ ᠠᠳᠬᠤᠶ᠎ᠠ
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ᠄ ᠡᠨᠡ ᠨᠢᠭᠡ ᠵᠢᠯ ᠪᠢᠳᠡ ᠯᠠᠪᠳᠠᠭᠤᠨ ᠪᠠᠲᠤᠲᠠᠢ ᠤᠷᠤᠭᠰᠢ ᠲᠠᠪᠰᠢᠯ᠎ᠠ
《ᠠᠷᠪᠠᠨ ᠳᠥᠷᠪᠡᠳᠦᠭᠡᠷ ᠡᠪᠦᠯ》᠎ᠤᠨ ᠦᠨᠳᠦᠰᠦᠨ ᠪᠠᠢ᠌ᠳᠠᠯ
 
             蒙ICP备05000248号