ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠷᠢᠶ᠎ᠠ ᠨᠢᠭᠡᠴᠢ ᠵᠢᠨ ᠨᠠᠮ᠎ᠤᠨ ᠡᠭᠦᠷ 《ᠲᠡᠷᠢᠭᠦᠨ᠎ᠤ᠎ᠬᠢ᠎ᠠᠴᠠ ᠰᠤᠷᠤᠯᠴᠠᠬᠤ ᠦᠵᠡᠯ ᠰᠠᠨᠠᠭ᠎ᠠ᠎ᠪᠠᠨ ᠴᠢᠩᠭ᠋ᠠᠳᠬᠠᠬᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠬᠦ》 ᠭᠣᠣᠯ ᠰᠡᠳᠦᠪᠲᠦ ᠬᠠᠮᠲᠤᠷᠠᠭᠰᠠᠨ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-01-16

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠭ ᠰᠠᠨᠠᠭ᠎ᠠ ᠵᠢᠨ ᠡᠭᠦᠷᠭᠡ ᠬᠠᠷᠢᠭᠤᠴᠠᠯᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠬᠦ ᠵᠢᠨ ᠲᠥᠯᠥᠭᠡ᠂ ᠨᠢᠳᠤᠨᠤᠨ᠎ᠤ12 ᠰᠠᠷ᠎ᠠ ᠵᠢᠨ 7᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠲᠥᠪ᠎ᠤᠨ ᠨᠠᠮ᠎ᠤᠨ ᠡᠭᠦᠷ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠭᠤᠷᠪᠠᠳᠤᠭ᠋ᠠᠷ᠂ ᠳᠥᠷᠪᠡᠳᠦᠭᠡᠷ ᠨᠠᠮ᠎ᠤᠨ ᠡᠭᠦᠷ ᠥᠪᠥᠷ ᠮᠣᠩᠭᠣᠯ᠎ᠤᠨ ᠬᠥᠬᠡᠬᠣᠲᠠ ᠵᠢᠨ᠂ ᠮᠧᠩ ᠼᠤᠤ ᠪᠦᠯᠦᠭᠯᠡᠯ᠎ᠳᠤ ᠬᠦᠷᠴᠦ 《ᠲᠡᠷᠢᠭᠦᠨ᠎ᠤ᠎ᠬᠢ᠎ᠠᠴᠠ ᠰᠤᠷᠤᠯᠴᠠᠵᠤ᠂ ᠦᠵᠡᠯ ᠰᠠᠨᠠᠭ᠎ᠠ᠎ᠪᠠᠨ ᠴᠢᠩᠭ᠋ᠠᠳᠬᠠᠵᠤ᠂ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠬᠠᠮᠲᠤᠷᠠᠨ ᠥᠷᠨᠢᠭᠦᠯᠵᠡᠢ᠃

      ᠪᠦᠬᠦ ᠨᠠᠮ᠎ᠤᠨ ᠭᠡᠰᠢᠭᠦᠨ ᠶᠡᠷᠦᠩᠬᠡᠢ ᠱᠦᠵᠢ ᠰᠢ ᠵᠢᠨ ᠫᠢᠩ᠎ᠤᠨ ᠮᠧᠩ ᠼᠤᠤ ᠪᠦᠯᠦᠭᠯᠡᠯ᠎ᠳᠤ ᠪᠠᠢ᠌ᠴᠠᠭ᠋ᠠᠨ ᠰᠤᠳᠤᠯᠤᠯᠲᠠ ᠬᠢᠭᠰᠡᠨ ᠤᠯᠠ ᠮᠥᠷ᠎ᠢ ᠲᠠᠭ᠋ᠠᠵᠤ᠂ ᠮᠧᠩ ᠼᠤᠤ ᠪᠦᠯᠦᠭᠯᠡᠯ᠎ᠤᠨ 《ᠵᠢᠵᠢᠭ ᠡᠪᠡᠰᠦ ᠲᠦᠷᠭᠡᠨ ᠤᠷᠭᠤᠬᠤ》 ᠰᠢᠨ᠎ᠡ ᠵᠢ ᠡᠭᠦᠳᠬᠦ ᠠᠵᠢᠯ᠎ᠤᠨ ᠲᠠᠰᠤᠭ᠂ ᠲᠡᠵᠢᠭᠡᠯ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ᠂ ᠤᠷᠭᠤᠮᠠᠯ᠎ᠤᠨ ᠬᠡᠪ ᠵᠠᠭᠪᠤᠷ᠎ᠤᠨ ᠦᠵᠡᠭᠦᠯᠭᠡ ᠵᠢᠨ ᠲᠣᠭᠣᠷᠢᠭ᠎ᠢ ᠲᠣᠭᠣᠷᠢᠨ ᠦᠵᠡᠵᠦ᠂ ᠮᠧᠩ ᠼᠤᠤ ᠪᠦᠯᠦᠭᠯᠡᠯ᠎ᠤᠨ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠂ ᠠᠵᠤ ᠠᠬᠤᠢ᠌ᠯᠠᠯ᠎ᠤᠨ ᠬᠥᠭᠵᠢᠯᠲᠡ ᠵᠢᠨ ᠡᠬᠢ ᠡᠭᠦᠰᠦᠯ᠂ ᠨᠠᠮ᠎ᠤᠨ ᠪᠠᠢ᠌ᠭᠤᠯᠤᠯᠲᠠ ᠵᠢᠨ ᠠᠵᠢᠯ ᠵᠡᠷᠭᠡ ᠲᠠᠯ᠎ᠠ ᠵᠢᠨ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠬᠤ ᠵᠢᠨ ᠬᠠᠮᠲᠤ ᠮᠧᠩ ᠼᠤᠤ ᠪᠦᠯᠦᠭᠯᠡᠯ᠎ᠤᠨ ᠲᠤᠰᠬᠠᠢ ᠮᠡᠷᠭᠡᠵᠢᠯᠲᠡᠳ᠎ᠲᠠᠢ ᠠᠭᠤᠷᠬᠠᠢ ᠵᠢᠨ ᠭᠠᠵᠠᠷ᠎ᠤᠨ ᠣᠷᠴᠢᠨ ᠲᠣᠭᠣᠷᠢᠨ᠎ᠢ ᠰᠡᠷᠭᠦᠭᠡᠬᠦ᠂ ᠭᠠᠵᠠᠷ ᠰᠢᠷᠣᠢ ᠵᠢᠨ ᠡᠯᠡᠰᠦᠷᠬᠡᠭᠵᠢᠯ᠎ᠢ ᠵᠠᠰᠠᠬᠤ᠂ ᠬᠤᠵᠢᠷᠯᠢᠭ ᠭᠠᠵᠠᠷ᠎ᠢ ᠰᠡᠷᠭᠦᠭᠡᠨ ᠵᠠᠰᠠᠬᠤ ᠵᠡᠷᠭᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠨ ᠶᠠᠷᠢᠯᠴᠠᠪᠠ᠃

      ᠲᠤᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠪᠦᠬᠦ ᠨᠠᠮ᠎ᠤᠨ ᠭᠡᠰᠢᠭᠦᠨ ᠺᠠᠳ᠋ᠷᠴᠤᠳ᠎ᠲᠤ ᠲᠠᠯ᠎ᠠ ᠨᠤᠲᠤᠭ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠵᠢᠨ ᠴᠢᠬᠤᠯᠠ ᠠᠴᠢ ᠬᠣᠯᠪᠣᠭᠳᠠᠯ᠎ᠢ ᠤᠯᠠᠮ ᠨᠢᠭᠡ ᠠᠯᠬᠤᠮ ᠭᠦᠨᠵᠡᠭᠡᠢ ᠣᠢ᠌ᠯᠠᠭ᠋ᠠᠭᠤᠯᠵᠤ᠂ ᠤᠯᠠᠨ ᠵᠶ᠋ᠠᠷ ᠵᠶ᠋ᠠᠨ᠂ ᠬᠠᠮᠲᠤᠷᠠᠯᠴᠠᠭ᠋ᠠᠨ᠎ᠤ ᠴᠡᠭ᠎ᠢ ᠢᠳᠡᠪᠬᠢᠲᠡᠢ ᠡᠷᠢᠯᠬᠢᠯᠡᠵᠦ᠂ 《ᠤᠯᠤᠰ᠎ᠤᠨ ᠶᠡᠬᠡ ᠦᠢ᠍ᠯᠡᠰ》᠎ᠢ ᠪᠠᠲᠤ ᠴᠡᠭᠡᠵᠢᠯᠡᠵᠦ᠂ ᠥᠨᠢ ᠤᠳᠠᠭ᠋ᠠᠨ ᠴᠢᠷᠮᠠᠢ᠌ᠨ ᠠᠵᠢᠯᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠠᠶᠠᠨ᠎ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠣᠷᠢᠭᠲᠠᠢ ᠬᠢᠵᠦ ᠴᠢᠳᠠᠮᠠᠭ᠋ᠠᠢ ᠠᠵᠢᠯᠯᠠᠵᠤ ᠨᠠᠢ᠌ᠳᠠᠪᠤᠷᠢᠵᠢᠭᠤᠯᠤᠯᠲᠠ ᠵᠢ ᠠᠳᠬᠤᠶ᠎ᠠ
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ᠄ ᠡᠨᠡ ᠨᠢᠭᠡ ᠵᠢᠯ ᠪᠢᠳᠡ ᠯᠠᠪᠳᠠᠭᠤᠨ ᠪᠠᠲᠤᠲᠠᠢ ᠤᠷᠤᠭᠰᠢ ᠲᠠᠪᠰᠢᠯ᠎ᠠ
《ᠠᠷᠪᠠᠨ ᠳᠥᠷᠪᠡᠳᠦᠭᠡᠷ ᠡᠪᠦᠯ》᠎ᠤᠨ ᠦᠨᠳᠦᠰᠦᠨ ᠪᠠᠢ᠌ᠳᠠᠯ
ᠥᠪᠥᠷ ᠮᠣᠩᠭᠣᠯ 《ᠠᠷᠪᠠᠨ ᠳᠥᠷᠪᠡᠳᠦᠭᠡᠷ ᠡᠪᠦᠯ》᠎ᠤᠨ ᠲᠠᠩᠰᠠ ᠡᠪᠬᠡᠮᠡᠯ᠎ᠤᠨ ᠠᠵᠢᠯ᠎ᠢ ᠲᠤᠬᠠᠢ᠌ᠯᠠᠭᠰᠠᠨ ᠠᠵᠢᠯ᠎ᠤᠨ ᠲᠠᠯ᠎ᠠ᠎ᠪᠠᠷ ᠵᠢᠯᠤᠭᠤᠳᠪᠠ
 
             蒙ICP备05000248号