ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ᠄ ᠡᠨᠡ ᠨᠢᠭᠡ ᠵᠢᠯ ᠪᠢᠳᠡ ᠯᠠᠪᠳᠠᠭᠤᠨ ᠪᠠᠲᠤᠲᠠᠢ ᠤᠷᠤᠭᠰᠢ ᠲᠠᠪᠰᠢᠯ᠎ᠠ
ᠨᠡᠶ᠋ᠢᠲᠡᠯᠡᠭᠰᠡᠨ ᠴᠠᠭ᠄ 2024-01-18

      ᠡᠨᠡ ᠨᠢᠭᠡ ᠵᠢᠯ ᠪᠢᠳᠡ ᠯᠠᠪᠳᠠᠭᠤᠨ ᠪᠠᠲᠤᠲᠠᠢ ᠤᠷᠤᠭᠰᠢ ᠲᠠᠪᠰᠢᠯ᠎ᠠ

      —— ᠲᠡᠷᠢᠭᠦᠯᠡᠭᠴᠢ ᠰᠢ ᠵᠢᠨ ᠫᠢᠩ᠎ᠤᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠵᠢᠨ ᠰᠡᠩᠬᠡᠷᠡᠭᠦᠯᠦᠯ ①

      ᠨᠡᠷᠡᠨ ᠰᠠᠷᠠᠨ ᠡᠭᠡᠯᠵᠢᠯᠡᠵᠦ᠂ ᠣᠨ ᠴᠠᠭ ᠰᠢᠨᠡᠳᠦᠨ᠎ᠡ᠃ ᠰᠠᠯᠬᠢ ᠪᠣᠷᠣᠭ᠋ᠠᠨ᠎ᠲᠠᠢ ᠠᠶᠠᠨ᠎ᠳᠤ᠂ ᠪᠢᠳᠡ ᠶᠡᠷᠦ ᠪᠤᠰᠤ ᠵᠢᠨ 2023 ᠣᠨ᠎ᠢ ᠥᠩᠭᠡᠷᠡᠭᠡᠵᠦ᠂ ᠬᠦᠰᠡᠯ ᠬᠡᠢ᠌ᠮᠣᠷᠢ ᠬᠤᠷᠤᠢ᠌ᠯᠠᠭᠰᠠᠨ 2024 ᠣᠨ ᠵᠶ᠋ᠡᠨ ᠤᠭᠲᠤᠨ ᠠᠪᠤᠯ᠎ᠠ᠃

      《2023 ᠣᠨ᠎ᠳᠤ᠂ ᠪᠢᠳᠡ ᠦᠷᠭᠦᠯᠵᠢᠯᠡᠨ ᠲᠡᠮᠡᠴᠡᠵᠦ᠂ ᠡᠷᠡᠮᠡᠬᠡᠢ᠌ᠯᠡᠨ ᠤᠷᠤᠭᠰᠢᠯᠠᠵᠤ᠂ ᠰᠠᠯᠬᠢ ᠪᠣᠷᠣᠭ᠋ᠠᠨ᠎ᠤ ᠳᠠᠪᠲᠠᠯᠲᠠ ᠵᠢ ᠥᠩᠭᠡᠷᠡᠭᠡᠵᠦ᠂ ᠦᠵᠡᠰᠬᠦᠯᠡᠩᠲᠦ ᠰᠠᠢ᠌ᠬᠠᠨ ᠦᠵᠡᠮᠵᠢ ᠵᠢ ᠬᠠᠷᠠᠵᠤ᠂ ᠯᠤᠲᠤ ᠶᠡᠬᠡ ᠣᠯᠣᠯᠲᠠ᠎ᠲᠠᠢ》 ᠰᠢᠨ᠎ᠡ ᠵᠢᠯ ᠎ᠠᠴᠠ ᠡᠮᠦᠨᠡᠬᠡᠨ᠂ ᠲᠡᠷᠢᠭᠦᠯᠡᠭᠴᠢ ᠰᠢ ᠵᠢᠨ ᠫᠢᠩ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠢ᠌ᠲᠡᠯᠡᠵᠦ᠂ ᠡᠨᠡ ᠨᠢᠭᠡ ᠵᠢᠯ᠎ᠢ ᠪᠢᠳᠡ 《ᠮᠠᠰᠢ ᠯᠠᠪᠳᠠᠭᠤᠨ ᠪᠠᠲᠤᠲᠠᠢ ᠠᠯᠬᠤᠵᠤ》 《ᠮᠠᠰᠢ ᠬᠦᠴᠦᠲᠡᠢ ᠠᠯᠬᠤᠵᠤ》 《ᠮᠠᠰᠢ ᠴᠤᠭ ᠵᠢᠪᠬᠤᠭ᠎ᠠ᠎ᠲᠠᠢ ᠠᠯᠬᠤᠵᠤ》 《ᠮᠠᠰᠢ ᠢᠳᠡ ᠬᠦᠴᠦᠨ᠎ᠲᠠᠢ ᠠᠯᠬᠤᠵᠤ》 《ᠠᠷᠠᠳ ᠲᠦᠮᠡᠨ ᠪᠣᠯ ᠥᠨᠢ ᠡᠭᠦᠷᠢᠳᠡ ᠪᠢᠳᠡᠨ᠎ᠤ ᠠᠯᠢᠪᠠ ᠬᠦᠴᠢᠷ ᠪᠡᠷᠬᠡᠰᠢᠶᠡᠯ ᠥᠷᠢᠰᠥᠯᠳᠦᠭᠡᠨ᠎ᠢ ᠢᠯᠠᠨ ᠳᠠᠪᠠᠬᠤ ᠵᠢᠨ ᠬᠠᠮᠤᠭ᠎ᠤᠨ ᠶᠡᠬᠡ ᠲᠦᠰᠢᠭ ᠮᠥᠨ》 ᠭᠡᠵᠦ ᠳᠤᠷᠠᠰᠤᠨ ᠰᠠᠨᠠᠭ᠋ᠠᠯᠵᠠᠵᠤ᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠡᠷᠡᠰ ᠭᠤᠶ᠋ᠢᠪᠢᠰᠢ ᠦᠭᠡᠢ᠎ᠪᠠᠷ ᠠᠬᠢᠭᠤᠯᠬᠤ ᠬᠡᠷᠡᠭᠲᠡᠶ》 《ᠠᠷᠠᠳ ᠤᠯᠠᠨ᠎ᠢ ᠨᠡᠩ ᠰᠠᠢ᠍ᠢ᠍ᠨ ᠰᠠᠢ᠌ᠬᠠᠨ ᠠᠮᠢᠳᠤᠷᠠᠭᠤᠯᠬᠤ ᠬᠡᠷᠡᠭᠲᠡᠶ》 ᠭᠡᠵᠦ ᠴᠢᠬᠤᠯᠠᠴᠢᠯᠠᠪᠠ᠃ ᠲᠡᠷᠢᠭᠦᠯᠡᠭᠴᠢᠰᠢ ᠵᠢᠨ ᠫᠢᠩ᠎ᠤᠨ ᠢᠳᠡ ᠬᠦᠴᠦᠲᠡᠢ ᠦᠭᠡ᠂ ᠣᠮᠣᠭ ᠲᠡᠭᠦᠯᠳᠡᠷ ᠲᠤᠩᠬᠠᠭᠯᠠᠯ᠂ ᠴᠢᠩ ᠰᠡᠳᠬᠢᠯ᠎ᠤᠨ ᠬᠠᠯᠠᠮᠵᠢᠯᠠᠯ᠂ ᠭᠦᠨ ᠰᠡᠳᠬᠢᠯᠭᠡ ᠵᠢᠨ ᠵᠥᠩᠨᠡᠯ᠎ᠨᠢ ᠲᠦᠭ ᠲᠦᠮᠡᠨ ᠠᠷᠠᠳ ᠲᠦᠮᠡᠨ᠎ᠤ ᠰᠢᠨ᠎ᠡ ᠠᠶᠠᠨ ᠵᠠᠮ᠎ᠳᠠᠭᠠᠨ ᠡᠷᠡᠯᠬᠡᠭᠯᠡᠨ ᠲᠡᠮᠡᠴᠡᠬᠦ ᠵᠢ ᠵᠣᠷᠢᠭᠵᠢᠭᠤᠯᠵᠤ᠂ ᠪᠦᠯᠬᠦᠮᠳᠡᠯ ᠵᠶ᠋ᠡᠷ ᠬᠦᠴᠦᠨ ᠵᠶ᠋ᠡᠨ ᠨᠢᠭᠲᠠᠷᠠᠭᠤᠯᠵᠤ᠂ ᠲᠡᠮᠡᠴᠡᠯ ᠵᠶ᠋ᠡᠷ ᠠᠭᠤᠤ ᠦᠢ᠍ᠯᠡᠰ᠎ᠢ ᠴᠣᠭᠴᠠᠯᠠᠨ ᠪᠠᠢ᠌ᠭᠤᠯᠬᠤ ᠵᠢ ᠵᠣᠷᠢᠭᠵᠢᠭᠤᠯᠪᠠ᠃

      ᠢᠯᠠᠯᠲᠠ ᠵᠢᠨ ᠡᠷᠴᠢᠨ ᠳᠡᠭᠡᠷ᠎ᠡ ᠰᠢᠨ᠎ᠡ ᠪᠠᠶ᠋ᠢᠳᠠᠯ᠎ᠢ ᠨᠡᠭᠡᠭᠡᠵᠦ᠂ ᠡᠷᠡᠮᠡᠬᠡᠢ᠌ᠯᠡᠨ ᠤᠷᠤᠭᠰᠢᠯᠠᠵᠤ ᠰᠢᠨ᠎ᠡ ᠬᠠᠭᠤᠳᠠᠰᠤ ᠵᠢ ᠪᠢᠴᠢᠭᠯᠡᠨ᠎ᠡ᠃ ᠥᠩᠭᠡᠷᠡᠭᠰᠡᠨ ᠨᠢᠭᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ ᠵᠢᠨ ᠵᠢᠯ ᠮᠥᠨ᠃ ᠭᠤᠷᠪᠠᠨ ᠵᠢᠯ᠎ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠬᠢᠵᠠᠭ᠋ᠠᠷᠯᠠᠵᠤ ᠬᠡᠰᠡᠭ ᠬᠤᠭᠤᠴᠠᠭ᠎ᠠ ᠥᠩᠭᠡᠷᠡᠭᠰᠡᠨ᠎ᠤ ᠳᠠᠷᠠᠭ᠋ᠠᠬᠢ ᠠᠵᠤ ᠠᠬᠤᠢ ᠵᠢ ᠰᠡᠷᠭᠦᠭᠡᠨ ᠬᠥᠭᠵᠢᠭᠦᠯᠬᠦ ᠨᠢᠭᠡ ᠵᠢᠯ ᠮᠥᠨ᠃ ᠳᠡᠯᠡᠬᠡᠢ ᠵᠢᠨ ᠤᠯᠤᠰ ᠲᠥᠷᠥ ᠠᠵᠤ ᠠᠬᠤᠢ ᠵᠢᠨ ᠣᠷᠴᠢᠨ ᠲᠣᠭᠣᠷᠢᠨ᠎ᠤ ᠠᠰᠢᠭ ᠦᠭᠡᠢ ᠬᠦᠴᠦᠨ ᠵᠦᠢ᠍ᠯ ᠨᠡᠮᠡᠭᠳᠡᠵᠦ᠂ ᠤᠯᠤᠰ᠎ᠤᠨ ᠳᠣᠲᠣᠭ᠋ᠠᠳᠤ ᠵᠢᠨ ᠦᠶᠡᠯᠡᠯ᠎ᠤᠨ ᠴᠢᠨᠠᠷᠲᠠᠢ ᠪᠠ ᠪᠦᠲᠦᠴᠡ ᠵᠢᠨ ᠴᠢᠨᠠᠷᠲᠠᠢ ᠵᠥᠷᠢᠴᠡᠯ ᠳᠠᠪᠬᠤᠴᠠᠵᠤ ᠪᠠᠢ᠌ᠭ᠎ᠠ ᠨᠠᠷᠢᠨ ᠪᠤᠳᠤᠯᠢᠶᠠᠨᠲᠠᠢ ᠪᠠᠶ᠋ᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠭᠠᠳᠠᠭ᠋ᠠᠳᠤ ᠵᠢᠨ ᠳᠠᠷᠤᠯᠲᠠ ᠵᠢ ᠲᠤᠯᠵᠤ᠂ ᠳᠣᠲᠣᠭ᠋ᠠᠳᠤ ᠵᠢᠨ ᠬᠦᠴᠢᠷᠳᠡᠯ᠎ᠢ ᠢᠯᠠᠨ ᠳᠠᠪᠠᠵᠤ᠂ ᠲᠣᠭᠲᠠᠭᠤᠨ᠎ᠤ ᠳᠤᠮᠳᠠ ᠲᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ᠂ ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠠᠵᠤ ᠠᠬᠤᠢ ᠵᠢᠨ ᠰᠡᠷᠭᠦᠯᠲᠡ ᠬᠥᠭᠵᠢᠯᠲᠡ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠵᠢᠱ᠌ᠢᠭᠰᠡᠨ ᠬᠠᠷᠠᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠦᠭᠡᠳ᠂ ᠬᠢᠯᠪᠠᠷ ᠪᠤᠰᠤ᠎ᠪᠠᠷ ᠣᠯᠣᠭᠰᠠᠨ᠂ ᠰᠠᠢ᠌ᠰᠢᠶᠠᠭᠤᠰᠢᠲᠠᠢ ᠠᠮᠵᠢᠯᠲᠠ ᠪᠦᠲᠦᠮᠵᠢ ᠣᠯᠵᠠᠢ᠃ 《ᠬᠣᠶᠠᠷ᠎ᠢ ᠲᠣᠭᠲᠠᠭ᠋ᠠᠭᠰᠠᠨ》 ᠪᠣᠯ ᠨᠠᠮ ᠪᠠ ᠠᠷᠠᠳ ᠲᠦᠮᠡᠨ᠎ᠤ ᠠᠯᠢᠪᠠ ᠲᠣᠭᠲᠠᠮᠠᠯ ᠪᠤᠰᠤ ᠴᠢᠨᠠᠷ᠎ᠢ ᠠᠷᠭ᠋ᠠᠴᠠᠭ᠋ᠠᠬᠤ ᠵᠢᠨ ᠬᠠᠮᠤᠭ᠎ᠤᠨ ᠶᠡᠬᠡ ᠲᠣᠭᠲᠠᠮᠠᠯ ᠴᠢᠨᠠᠷ᠂ ᠬᠠᠮᠤᠭ᠎ᠤᠨ ᠶᠡᠬᠡ ᠢᠳᠡ ᠬᠦᠴᠦ᠂ ᠬᠠᠮᠤᠭ᠎ᠤᠨ ᠶᠡᠬᠡ ᠪᠠᠲᠤᠯᠠᠭ᠎ᠠ ᠮᠥᠨ᠂ ᠪᠢᠳᠡᠨ᠎ᠤ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭ᠋ᠠᠴᠠᠭ᠋ᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠳᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠢ ᠶᠤᠮ ᠭᠡᠳᠡᠭ᠎ᠢ ᠨᠢᠭᠡ ᠵᠢᠯ᠎ᠤᠨ ᠲᠤᠷᠰᠢᠬᠢ ᠦᠢ᠍ᠯᠡᠳᠦᠯᠭᠡ ᠳᠠᠬᠢᠨᠲᠠ ᠭᠡᠷᠡᠴᠢᠯᠡᠭᠰᠡᠨ ᠪᠠᠢ᠌ᠨ᠎ᠠ᠃

      ᠬᠠᠷᠰᠢ ᠰᠠᠭ᠋ᠠᠳ᠎ᠢ ᠢᠯᠠᠨ ᠳᠠᠪᠠᠵᠤ᠂ ᠢᠯᠠᠯᠲᠠ ᠵᠢᠨ ᠳᠠᠭᠤᠤ ᠬᠠᠩᠭᠢᠨᠠᠭᠤᠯᠤᠨ ᠤᠷᠤᠭᠰᠢᠯᠠᠨ᠎ᠠ᠃ ᠪᠢᠳᠡ ᠬᠢᠮᠤᠷᠠᠯ᠎ᠢ ᠠᠷᠢᠯᠭ᠋ᠠᠬᠤ᠂ ᠪᠡᠷᠬᠡ ᠪᠣᠭᠣᠮᠲᠠ ᠵᠢ ᠲᠤᠭᠤᠯᠬᠤ᠂ ᠪᠠᠶ᠋ᠢᠳᠠᠯ᠎ᠢ ᠠᠷᠭ᠋ᠠᠴᠠᠭ᠋ᠠᠬᠤ ᠳᠤᠮᠳᠠ ᠰᠢᠨ᠎ᠡ ᠠᠵᠠ ᠲᠣᠬᠢᠶᠠᠯ᠎ᠢ ᠡᠭᠦᠳᠴᠦ᠂ ᠪᠠᠢ᠌ᠯᠳᠤᠬᠤ ᠪᠣᠳᠣᠯᠭ᠎ᠠ ᠵᠢᠨ ᠰᠠᠨᠠᠭ᠋ᠠᠴᠢᠯᠠᠭ᠋ᠠᠲᠤ ᠡᠷᠬᠡ ᠵᠢ ᠣᠯᠵᠤ᠂ ᠢᠲᠡᠭᠡᠯ ᠵᠣᠷᠢᠭ ᠪᠠ ᠢᠳᠡ ᠬᠦᠴᠦᠨ ᠵᠶ᠋ᠡᠨ ᠲᠤᠢ᠌ᠯ᠎ᠤᠨ ᠶᠡᠬᠡ᠎ᠪᠠᠷ ᠨᠡᠮᠡᠭᠳᠡᠭᠦᠯᠦᠨ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠲᠠᠯ᠎ᠠ᠎ᠪᠠᠷ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠵᠢ ᠲᠣᠭᠲᠠᠭᠤᠨ ᠵᠶ᠋ᠠᠷ ᠬᠤᠪᠢᠷᠠᠭᠤᠯᠵᠤ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠲᠡᠦᠬᠡᠨ ᠳᠡᠭᠡᠷᠡᠬᠢ ᠬᠥᠮᠥᠨ ᠠᠮᠠ ᠤᠯᠠᠨ ᠤᠯᠤᠰ᠎ᠤᠨ ᠬᠢᠵᠢᠭ᠎ᠤᠨ ᠳᠡᠯᠭᠡᠷᠡᠯ᠎ᠤᠨ ᠠᠮᠵᠢᠯᠲᠠ᠎ᠲᠠᠢ ᠰᠠᠯᠤᠭᠰᠠᠨ ᠭᠠᠶ᠋ᠢᠬᠠᠮᠰᠢᠭ᠎ᠠᠴᠠ ᠠᠵᠤ ᠠᠬᠤᠢ ᠦᠷᠭᠦᠯᠵᠢᠯᠡᠨ ᠰᠠᠢ᠌ᠵᠢᠷᠠᠵᠤ᠂ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠤᠭᠰᠠᠨ ᠬᠦᠷᠲᠡᠯ᠎ᠡ; ᠨᠢᠭᠡ ᠪᠦᠯᠦᠭ ᠳᠡᠭᠡᠳᠦ ᠲᠡᠰ᠎ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠰᠢᠨ᠎ᠡ ᠬᠡᠯᠪᠡᠷᠢ ᠵᠢᠨ ᠲᠤᠯᠭ᠋ᠠᠭᠤᠷᠢ ᠠᠵᠤ ᠦᠢ᠍ᠯᠡᠰ ᠦᠳᠲᠡᠷ ᠲᠦᠷᠭᠡᠨ ᠬᠥᠭᠵᠢᠵᠦ ᠪᠠᠢ᠌ᠭᠰᠠᠨ᠎ᠠᠴᠠ ᠠᠮᠤ ᠪᠤᠳᠠᠭ᠋ᠠᠨ᠎ᠤ ᠦᠢ᠍ᠯᠡᠳᠪᠦᠷᠢᠯᠡᠯ 《20 ᠵᠢᠯ ᠳᠠᠷᠠᠭ᠋ᠠᠯᠠᠨ ᠡᠯᠪᠡᠭ ᠬᠤᠷᠢᠶᠠᠯᠲᠠ᠎ᠲᠠᠢ ᠪᠣᠯᠬᠤ》 ᠬᠦᠷᠲᠡᠯ᠎ᠡ ᠁ ᠳᠤᠮᠳᠠᠳᠤ ᠤᠯᠤᠰ᠎ᠤᠨ ᠠᠵᠤ ᠠᠬᠤᠢ ᠰᠠᠯᠬᠢ ᠳᠠᠪᠠᠯᠭ᠋ᠠᠨ᠎ᠤ ᠳᠤᠮᠳᠠ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠵᠤ᠂ ᠶᠠᠰᠤ ᠰᠢᠷᠪᠦᠰᠦ᠎ᠪᠠᠨ ᠬᠠᠲᠠᠭᠤᠷᠠᠭᠤᠯᠪᠠ᠃ ᠰᠠᠯᠬᠢ ᠪᠣᠷᠣᠭ᠋ᠠᠨ᠎ᠠᠴᠠ ᠠᠶᠤᠬᠤ ᠦᠭᠡᠢ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠥᠷᠢᠰᠥᠯᠳᠦᠭᠡᠨ᠎ᠳᠤ ᠰᠢᠭᠤᠳ ᠬᠠᠨᠳᠤᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠪᠠ᠂ ᠶᠠᠭ ᠲᠡᠷᠢᠭᠦᠯᠡᠭᠴᠢ ᠰᠢ ᠵᠢᠨ ᠫᠢᠩ᠎ᠤᠨ ᠴᠢᠬᠤᠯᠠᠴᠢᠯᠠᠭᠰᠠᠨᠴᠢᠯᠠᠨ᠂ 《ᠡᠯ᠎ᠡ ᠠᠵᠢᠯ ᠳᠦᠷᠦᠯ᠎ᠤᠨ ᠬᠥᠮᠥᠰ ᠴᠥᠮ ᠬᠥᠯᠥᠰᠦ ᠬᠦᠴᠦ᠎ᠪᠠᠨ ᠤᠷᠤᠰᠬᠠᠵᠤ᠂ ᠡᠬᠡᠯ ᠵᠢᠷ᠎ᠤᠨ ᠬᠥᠮᠥᠨ ᠨᠢᠭᠡᠪᠦᠷᠢ ᠴᠥᠮ ᠶᠡᠷᠦ ᠪᠤᠰᠤ ᠵᠢᠨ ᠬᠤᠪᠢ ᠨᠡᠮᠡᠷᠢ ᠦᠵᠡᠭᠦᠯᠵᠡᠢ》 ᠥᠨᠥᠳᠥᠷ᠎ᠤᠨ ᠳᠤᠮᠳᠠᠳᠤ ᠤᠯᠤᠰ᠎ᠤᠨ ᠠᠷᠠᠳ ᠲᠦᠮᠡᠨ ᠡᠷᠴᠢ ᠵᠣᠷᠢᠭ ᠪᠠᠳᠠᠷᠠᠩᠭᠤᠢ᠂ ᠰᠥᠰᠥ ᠵᠣᠷᠢᠭ ᠡᠷᠡᠰ ᠪᠠᠲᠤ᠂ ᠢᠲᠡᠭᠡᠯ ᠵᠣᠷᠢᠭ ᠭᠦᠢ᠍ᠴᠡᠳ ᠪᠠᠢ᠌ᠵᠤ᠂ ᠨᠡᠩ ᠰᠠᠨᠠᠭ᠋ᠠᠴᠢᠯᠠᠭ᠎ᠠ᠎ᠲᠠᠢ᠎ᠪᠠᠷ ᠣᠶᠤᠨ ᠰᠠᠨᠠᠭ᠋ᠠᠨ᠎ᠤ ᠬᠦᠴᠦᠨ ᠴᠢᠳᠠᠯ ᠵᠶ᠋ᠠᠨ ᠪᠠᠳᠠᠷᠠᠭᠤᠯᠵᠤ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠬᠥᠭᠵᠢᠯᠲᠡ ᠵᠢᠨ ᠠᠭᠤᠤ ᠶᠡᠬᠡ ᠲᠡᠦᠬᠡ ᠵᠢ ᠪᠢᠴᠢᠭᠯᠡᠵᠦ ᠪᠠᠢ᠌ᠭ᠎ᠠ ᠶᠤᠮ᠃

      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ ᠪᠣᠯ ᠰᠢᠨ᠎ᠡ ᠴᠠᠭ ᠦᠶ᠎ᠡ ᠵᠢᠨ ᠰᠢᠨ᠎ᠡ ᠠᠶᠠᠨ᠎ᠳᠠᠬᠢ ᠨᠠᠮ ᠪᠣᠯᠣᠨ ᠤᠯᠤᠰ᠎ᠤᠨ ᠭᠣᠣᠯ ᠡᠭᠦᠷᠭᠡ᠂ ᠰᠢᠨ᠎ᠡ ᠴᠠᠭ ᠦᠶ᠎ᠡ ᠵᠢᠨ ᠬᠠᠮᠤᠭ᠎ᠤᠨ ᠶᠡᠬᠡ ᠤᠯᠤᠰ ᠲᠥᠷᠥ ᠪᠣᠯᠣᠨ᠎ᠠ᠃ ᠥᠨᠥᠳᠥᠷ᠂ ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠬᠠᠷᠠᠯᠲᠠ ᠵᠢ ᠪᠡᠶᠡᠯᠡᠭᠦᠯᠬᠦ᠎ᠳᠤ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠣᠢ᠌ᠷᠠᠳᠴᠤ᠂ ᠨᠡᠩ ᠢᠯᠡᠭᠦᠦ ᠢᠲᠡᠭᠡᠯ ᠵᠣᠷᠢᠭ ᠪᠠ ᠴᠢᠳᠠᠪᠤᠷᠢ᠎ᠲᠠᠢ ᠪᠣᠯᠤᠭᠰᠠᠨ ᠪᠠᠢ᠌ᠨ᠎ᠠ᠂ ᠡᠭᠦᠨ᠎ᠤ ᠬᠠᠮᠲᠤ ᠪᠢᠳᠡᠨ᠎ᠤ ᠠᠯᠤᠰ ᠢᠷᠡᠭᠡᠳᠦᠢ ᠭᠡᠭᠡᠨ ᠰᠠᠷᠠᠭᠤᠯ ᠪᠠᠶ᠋ᠢᠬᠤ ᠵᠢ ᠴᠤ᠌ ᠵᠦᠢ᠍ᠷᠯᠡᠰᠢ ᠦᠭᠡᠢ ᠰᠡᠷᠭᠡᠭ ᠵᠶ᠋ᠡᠷ ᠣᠯᠵᠤ ᠮᠡᠳᠡᠯ᠎ᠡ᠂ ᠭᠡᠪᠡᠴᠦ ᠥᠯᠮᠡᠢ ᠳᠣᠣᠷᠠᠬᠢ ᠵᠠᠮ ᠲᠡᠭᠰᠢ ᠳᠠᠷᠳᠠᠩ ᠪᠢᠰᠢ ᠶᠤᠮ᠃ ᠲᠡᠷᠢᠭᠦᠯᠡᠭᠴᠢ ᠰᠢ ᠵᠢᠨ ᠫᠢᠩ ᠴᠢᠬᠤᠯᠠᠴᠢᠯᠠᠬᠤ᠎ᠳᠠᠭᠠᠨ᠄ 《ᠤᠷᠤᠭᠰᠢᠯᠠᠯᠲᠠ ᠵᠢᠨ ᠵᠠᠮ᠎ᠳᠤ ᠰᠠᠯᠬᠢ ᠪᠣᠷᠣᠭ᠋ᠠᠨ᠎ᠲᠠᠢ ᠪᠠᠶ᠋ᠢᠬᠤ ᠪᠣᠯ ᠬᠡᠪ᠎ᠤᠨ ᠪᠠᠶ᠋ᠢᠳᠠᠯ ᠮᠥᠨ》 ᠭᠡᠵᠡᠢ᠃ ᠠᠷᠠᠳ ᠲᠦᠮᠡᠨ ᠪᠣᠯ ᠥᠨᠢ ᠡᠭᠦᠷᠢᠳᠡ ᠮᠠᠨ᠎ᠤ ᠨᠠᠮ᠎ᠤᠨ ᠬᠠᠮᠤᠭ᠎ᠤᠨ ᠪᠠᠲᠤ ᠪᠡᠬᠢ ᠲᠦᠰᠢᠭ ᠲᠤᠯᠭ᠋ᠠᠭᠤᠷᠢ᠂ ᠬᠠᠮᠤᠭ᠎ᠤᠨ ᠬᠦᠴᠦᠷᠬᠡᠭ ᠶᠡᠬᠡ ᠬᠦᠴᠦᠨ ᠴᠢᠳᠠᠯ ᠮᠥᠨ᠂ ᠢᠮᠠᠭᠲᠠ ᠠᠷᠠᠳ ᠲᠦᠮᠡᠨ᠎ᠲᠠᠢ ᠵᠢᠷᠭ᠋ᠠᠯ ᠵᠣᠪᠠᠯᠠᠩ ᠵᠶ᠋ᠠᠨ ᠬᠠᠮᠲᠤᠳᠬᠠᠵᠤ᠂ ᠠᠷᠠᠳ ᠲᠦᠮᠡᠨ᠎ᠲᠠᠢ ᠰᠡᠳᠬᠢᠯ ᠵᠢᠷᠦᠬᠡ᠎ᠪᠠᠨ ᠬᠣᠯᠪᠣᠵᠤ᠂ ᠠᠷᠠᠳ ᠲᠦᠮᠡᠨ᠎ᠤ ᠪᠤᠳᠤᠵᠤ ᠪᠠᠢ᠌ᠭ᠎ᠠ ᠵᠦᠢ᠍ᠯ᠎ᠢ ᠪᠤᠳᠤᠵᠤ᠂ ᠠᠷᠠᠳ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠪᠡᠶᠡᠯᠡᠭᠦᠯᠪᠡᠯ ᠰᠠᠶᠢ ᠠᠷᠠᠳ ᠲᠦᠮᠡᠨ᠎ᠤ ᠰᠠᠶ᠋ᠢᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠣᠳᠠᠲᠤ ᠠᠬᠤᠢ ᠪᠣᠯᠭ᠋ᠠᠵᠤ ᠴᠢᠳᠠᠨ᠎ᠠ᠃ ᠪᠢᠳᠡ ᠨᠠᠮ᠎ᠤᠨ ᠲᠤᠭ᠎ᠤᠨ ᠳᠣᠣᠷ᠎ᠠ《ᠬᠠᠲᠠᠭᠤ ᠪᠡᠬᠢ ᠪᠣᠯᠣᠳ ᠲᠡᠮᠦᠷ》 ᠪᠣᠯᠣᠨ ᠪᠦᠯᠬᠦᠮᠳᠡᠵᠦ᠂ ᠡᠭᠦᠷᠢᠳᠡ ᠰᠢᠨᠲᠠᠷᠠᠰᠢ ᠦᠭᠡᠢ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠠ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠳᠦᠷᠢ ᠲᠥᠷᠬᠦ᠎ᠪᠠᠷ ᠴᠤᠴᠠᠯᠲᠠ ᠦᠭᠡᠢ ᠲᠡᠮᠡᠴᠡᠵᠦ᠂ ᠵᠣᠷᠢᠭᠲᠠᠢ ᠬᠢᠵᠦ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠦᠷᠯᠢᠭ ᠰᠠᠢ᠌ᠬᠠᠨ ᠢᠷᠠᠭᠤ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠬᠡᠷᠡᠭᠲᠡᠶ᠃

      ᠥᠷᠭᠡᠨ ᠳᠠᠷᠳᠠᠩ ᠵᠠᠮ ᠰᠠᠷᠠᠭᠤᠯ᠂ ᠠᠶᠠᠨ ᠵᠠᠮ᠎ᠳᠠᠭᠠᠨ ᠬᠢᠵᠠᠭ᠋ᠠᠷ ᠦᠭᠡᠢ ᠤᠷᠤᠭᠰᠢᠯᠠᠨ᠎ᠠ᠃ ᠢᠷᠠᠭᠤ ᠠᠯᠳᠠᠷ ᠬᠦᠰᠡᠯ ᠵᠡᠭᠦᠳᠦ᠎ᠪᠠᠷ ᠪᠢᠯᠬᠠᠮ᠎ᠠ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠵᠤ᠂ ᠤᠷᠢᠳᠤ ᠡᠮᠦᠨ᠎ᠡ ᠪᠠᠢ᠌ᠭ᠎ᠠ ᠦᠭᠡᠢ ᠡᠭᠦᠳᠦᠯᠲᠡ ᠵᠢᠨ ᠴᠢᠨᠠᠷᠲᠠᠢ ᠦᠢ᠍ᠯᠡᠰ᠎ᠢ ᠠᠬᠢᠭᠤᠯᠬᠤ᠎ᠳᠤ ᠪᠢᠳᠡᠨ᠎ᠤ ᠠᠤᠭ᠎ᠠ ᠵᠣᠷᠢᠭ ᠲᠡᠭᠦᠯᠳᠡᠷ᠂ ᠢᠲᠡᠭᠡᠯ ᠳᠦᠭᠦᠷᠡᠩ᠂ ᠠᠯᠬᠤᠭ᠎ᠠ ᠪᠠᠲᠤ ᠪᠡᠬᠢ᠃ ᠰᠢᠨ᠎ᠡ ᠵᠢᠯ᠂ ᠰᠢᠨ᠎ᠡ ᠲᠡᠮᠡᠴᠡᠯ᠂ ᠰᠢᠨ᠎ᠡ ᠤᠷᠤᠭᠰᠢᠯᠠᠯᠲᠠ᠃ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠪᠦᠯᠬᠦᠮᠳᠡᠨ ᠨᠢᠭᠡᠳᠴᠦ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠪᠠᠯ ᠪᠢᠳᠡ ᠯᠠᠪᠳᠠᠶ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠠᠬᠢᠴᠠ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ ᠳᠤᠮᠳᠠ ᠨᠡᠩ ᠶᠡᠬᠡ ᠰᠢᠨ᠎ᠡ ᠢᠷᠠᠭᠤ ᠠᠯᠳᠠᠷ᠎ᠢ ᠪᠢᠴᠢᠭᠯᠡᠵᠦ ᠴᠢᠳᠠᠬᠤ ᠶᠤᠮ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠠᠷᠪᠠᠨ ᠳᠥᠷᠪᠡᠳᠦᠭᠡᠷ ᠡᠪᠦᠯ》᠎ᠤᠨ ᠦᠨᠳᠦᠰᠦᠨ ᠪᠠᠢ᠌ᠳᠠᠯ
ᠥᠪᠥᠷ ᠮᠣᠩᠭᠣᠯ 《ᠠᠷᠪᠠᠨ ᠳᠥᠷᠪᠡᠳᠦᠭᠡᠷ ᠡᠪᠦᠯ》᠎ᠤᠨ ᠲᠠᠩᠰᠠ ᠡᠪᠬᠡᠮᠡᠯ᠎ᠤᠨ ᠠᠵᠢᠯ᠎ᠢ ᠲᠤᠬᠠᠢ᠌ᠯᠠᠭᠰᠠᠨ ᠠᠵᠢᠯ᠎ᠤᠨ ᠲᠠᠯ᠎ᠠ᠎ᠪᠠᠷ ᠵᠢᠯᠤᠭᠤᠳᠪᠠ
ᠥᠪᠥᠷ ᠮᠣᠩᠭᠣᠯ᠎ᠤᠨ ᠬᠣᠷᠢᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠤ ᠨᠠᠭ᠋ᠠᠳᠤᠮ 12 ᠳ᠋ᠤᠭ᠋ᠠᠷ ᠰᠠᠷ᠎ᠠ ᠵᠢᠨ 17᠎ᠤ ᠡᠳᠦᠷ ᠬᠥᠯᠥᠨ ᠪᠣᠢ᠌ᠷ᠎ᠲᠤ ᠡᠬᠢᠯᠡᠨ᠎ᠡ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠢ ᠪᠠᠢ᠌ᠭᠤᠯᠬᠤ ᠪᠠ ᠲᠠᠩᠭ᠋ᠠᠷᠢᠭᠯᠠᠬᠤ ᠶᠡᠬᠡ ᠬᠤᠷᠠᠯ ᠬᠥᠯᠥᠨ ᠪᠤᠢ᠍ᠢ᠍ᠷ ᠬᠣᠲᠠᠨ᠎ᠠ ᠬᠤᠷᠠᠯᠳᠤᠪᠠ ᠶᠣᠤ ᠶᠦᠩ ᠪᠥᠸᠧ ᠬᠤᠷᠠᠯ᠎ᠳᠤ ᠣᠷᠣᠯᠴᠠᠵᠠᠢ
 
             蒙ICP备05000248号