ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ᠄ ᠡᠨᠡ ᠨᠢᠭᠡ ᠵᠢᠯ ᠪᠢᠳᠡ ᠮᠠᠰᠢ ᠡᠷᠴᠢ ᠬᠦᠴᠦᠲᠡᠢ ᠠᠯᠬᠤᠯ᠎ᠠ
ᠨᠡᠶ᠋ᠢᠲᠡᠯᠡᠭᠰᠡᠨ ᠴᠠᠭ᠄ 2024-01-22

      ᠡᠨᠡ ᠨᠢᠭᠡ ᠵᠢᠯ ᠪᠢᠳᠡ ᠮᠠᠰᠢ ᠡᠷᠴᠢ ᠬᠦᠴᠦᠲᠡᠢ  ᠠᠯᠬᠤᠯ᠎ᠠ

      ᠲᠡᠷᠢᠭᠦᠯᠡᠭᠴᠢ ᠰᠢ ᠵᠢᠨ ᠫᠢᠩ᠎ᠤᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠵᠢᠨ ᠰᠡᠩᠬᠡᠷᠡᠭᠦᠯᠦᠯ

      ᠰᠢᠨ᠎ᠡ ᠴᠠᠭ ᠦᠶ᠎ᠡ ᠰᠢᠨᠡᠳᠦᠯ ᠬᠤᠪᠢᠷᠠᠯ ᠶᠡᠬᠡᠲᠡᠢ᠂ ᠰᠢᠨ᠎ᠡ ᠠᠶᠠᠨ ᠵᠠᠮ ᠬᠥᠮᠥᠰ᠎ᠢ ᠡᠷᠡᠯᠬᠡᠭᠯᠡᠨ ᠤᠷᠤᠭᠰᠢᠯᠠᠭᠤᠯᠤᠨ᠎ᠠ᠃ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ᠎ᠳᠡᠭᠡᠨ᠂ ᠲᠡᠷᠢᠭᠦᠯᠡᠭᠴᠢ ᠰᠢ ᠵᠢᠨ ᠫᠢᠩ ᠦᠷᠭᠦᠯᠵᠢᠯᠡᠨ ᠲᠡᠮᠡᠴᠡᠵᠦ᠂ ᠡᠷᠡᠮᠡᠬᠡᠢ᠌ᠯᠡᠨ ᠤᠷᠤᠭᠰᠢᠯᠠᠭᠰᠠᠨ ᠥᠩᠭᠡᠷᠡᠭᠰᠡᠨ ᠨᠢᠭᠡ ᠵᠢᠯ ᠵᠶ᠋ᠡᠨ ᠡᠷᠭᠢᠴᠡᠭᠦᠯᠵᠦ᠂ 《ᠡᠨᠡ ᠨᠢᠭᠡ ᠵᠢᠯ ᠪᠢᠳᠡ ᠮᠠᠰᠢ ᠡᠷᠴᠢ ᠬᠦᠴᠦᠲᠡᠢ ᠠᠯᠬᠤᠯ᠎ᠠ》 ᠭᠡᠵᠦ ᠵᠢᠭ᠋ᠠᠨ ᠭᠠᠷᠭ᠋ᠠᠵᠤ᠂ 《ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ ᠬᠡᠷᠡᠭᠲᠡᠢ》 《ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠥᠭᠵᠢᠯᠲᠡ ᠵᠢᠨ ᠢᠲᠡᠭᠡᠯ ᠵᠣᠷᠢᠭ᠎ᠢ ᠤᠯᠠᠮ ᠴᠢᠨᠠᠭᠰᠢᠳᠠ ᠬᠥᠪᠴᠢᠯᠡᠵᠦ᠂ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃

      ᠥᠩᠭᠡᠷᠡᠭᠰᠡᠨ ᠨᠢᠭᠡ ᠵᠢᠯ᠎ᠳᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ᠎ᠪᠠᠨ ᠴᠢᠨᠠᠭᠰᠢᠳᠠ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠵᠦ᠂ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ ᠲᠠᠰᠤᠷᠠᠯᠲᠠ ᠦᠭᠡᠢ ᠴᠢᠩᠭ᠋ᠠᠷᠠᠪᠠ᠃ C919 ᠲᠣᠮᠣ ᠨᠢᠰᠬᠡᠯ᠎ᠤᠨ ᠬᠤᠳᠠᠯᠳᠤᠭ᠋ᠠᠨ᠎ᠤ ᠨᠢᠰᠦᠯᠲᠡ ᠵᠢ ᠪᠡᠶᠡᠯᠡᠭᠦᠯᠵᠦ᠂ ᠤᠯᠤᠰ᠎ᠲᠠᠭᠠᠨ ᠦᠢ᠍ᠯᠡᠳᠪᠦᠷᠢᠯᠡᠭᠰᠡᠨ ᠲᠣᠮᠣ ᠬᠡᠯᠪᠡᠷᠢ ᠵᠢᠨ ᠰᠢᠤᠳᠠᠨ᠎ᠤ ᠬᠥᠯᠭᠡ ᠣᠩᠭᠣᠴᠠ ᠵᠢᠨ ᠲᠤᠷᠰᠢᠯᠲᠠ ᠵᠢᠨ ᠠᠶᠠᠯᠠᠯ᠎ᠢ ᠪᠡᠶᠡᠯᠡᠭᠦᠯᠵᠦ᠂ ᠬᠤᠪᠢᠯᠭ᠋ᠠᠨ ᠣᠩᠭᠣᠴᠠᠨ᠎ᠤ ᠳᠦᠷᠦᠯ ᠤᠭᠰᠠᠭ᠎ᠠ ᠵᠢᠨ ᠰᠠᠨᠰᠠᠷ᠎ᠤᠨ ᠪᠤᠤᠬᠢᠶ᠎ᠠ ᠵᠢ ᠳᠠᠮᠵᠢᠭᠤᠯᠵᠤ᠂ 《ᠲᠡᠮᠡᠴᠡᠭᠴᠢ》 ᠨᠡᠷᠡᠮᠵᠢᠲᠦ ᠵᠢᠨ ᠭᠦᠨ ᠲᠡᠯᠡᠢ ᠵᠢᠨ ᠱᠤᠩᠭᠤᠯᠲᠠ ᠁ ᠥᠨᠳᠥᠷ ᠲᠦᠪᠰᠢᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠨ ᠯᠠᠪᠳᠠᠭᠤᠨ ᠵᠶ᠋ᠠᠷ ᠠᠬᠢᠵᠤ᠂ ᠠᠯᠢ ᠤᠯᠠᠨ ᠰᠢᠪᠲᠤᠯᠤᠯᠲᠠ ᠵᠢᠨ ᠴᠢᠨᠠᠷᠲᠠᠢ ᠠᠬᠢᠴᠠ᠂ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠬᠥᠮᠥᠰ᠎ᠢ ᠵᠣᠷᠢᠭᠵᠢᠭᠤᠯᠤᠨ᠎ᠠ᠃ ᠤᠯᠤᠰ᠎ᠤᠨ ᠪᠠᠷᠠᠭ᠎ᠠ ᠲᠠᠸᠠᠷ᠎ᠤᠨ ᠤᠷᠤᠰᠬᠠᠯ ᠲᠡᠮᠳᠡᠭᠲᠦ ᠤᠯᠠᠨ᠎ᠤ ᠬᠦᠷᠢᠶᠡᠯᠡᠯ᠎ᠢ ᠣᠯᠵᠤ᠂ ᠤᠯᠤᠰ᠎ᠤᠨ ᠦᠢ᠍ᠯᠡᠳᠪᠦᠷᠢᠯᠡᠭᠰᠡᠨ ᠰᠢᠨ᠎ᠡ ᠭᠠᠷ ᠤᠲᠠᠰᠤ ᠵᠢ ᠣᠯᠬᠤ᠎ᠳᠤ ᠬᠦᠴᠢᠷ ᠪᠣᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠯᠢᠲ᠋ᠢ ᠴᠠᠬᠢᠯᠭ᠋ᠠᠨ ᠴᠡᠨᠡᠭ᠂ ᠭᠡᠷᠡᠯ ᠴᠡᠨᠡᠭ᠎ᠤᠨ ᠦᠢ᠍ᠯᠡᠳᠬᠦᠨ᠎ᠨᠢ ᠳᠤᠮᠳᠠᠳᠤ ᠤᠯᠤᠰ᠎ᠤᠨ ᠦᠢ᠍ᠯᠡᠳᠪᠦᠷᠢᠯᠡᠯ᠎ᠳᠤ ᠰᠢᠨ᠎ᠡ ᠭᠡᠷᠡᠯ ᠭᠢᠯᠪᠠᠭ᠎ᠠ ᠨᠡᠮᠡᠷᠢᠯᠡᠪᠡ ᠁ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠎ᠨᠢ ᠠᠮᠢᠵᠢᠷᠠᠯ᠎ᠤᠨ ᠬᠦᠴᠦᠨ ᠵᠶ᠋ᠡᠷ ᠪᠢᠯᠬᠠᠵᠤ᠂ ᠰᠢᠨ᠎ᠡ ᠠᠵᠤ ᠦᠢ᠍ᠯᠡᠰ ᠰᠢᠨ᠎ᠡ ᠦᠢ᠍ᠯᠡᠳᠬᠦᠨ᠎ᠤ ᠨᠡᠮᠡᠭᠳᠡᠯ᠎ᠤᠨ ᠬᠠᠨᠳᠤᠰᠢ ᠰᠠᠢ᠍ᠢ᠍ᠨ ᠪᠣᠯᠵᠤ᠂ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠪᠦᠷᠢᠯᠳᠦᠭᠦᠯᠵᠡᠢ᠃ ᠶᠠᠭ ᠲᠡᠷᠢᠭᠦᠯᠡᠭᠴᠢ ᠰᠢ ᠵᠢᠨ ᠫᠢᠩ᠎ᠤᠨ ᠭᠦᠨᠵᠡᠭᠡᠢ ᠵᠢᠭ᠋ᠠᠵᠤ ᠭᠠᠷᠭ᠋ᠠᠭᠰᠠᠨ ᠵᠶ᠋ᠠᠷ᠄ 《ᠤᠷᠳᠤ ᠬᠤᠭᠤᠴᠠᠭ᠋ᠠᠨ᠎ᠤ ᠴᠢᠷᠮᠠᠢ᠌ᠯᠭ᠎ᠠ᠎ᠪᠠᠷ ᠳᠠᠮᠵᠢᠨ᠂ ᠳᠤᠮᠳᠠᠳᠤ ᠤᠯᠤᠰ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ ᠣᠷᠭᠢᠯᠤᠮ᠎ᠠ ᠪᠠᠳᠠᠷᠠᠮ᠎ᠠ》 ᠪᠠᠢ᠌ᠨ᠎ᠠ᠃

      ᠰᠢᠨ᠎ᠡ ᠵᠢ ᠡᠭᠦᠳᠬᠦ ᠪᠣᠯ ᠦᠨᠳᠦᠰᠦᠲᠡᠨ᠎ᠤ ᠳᠠᠪᠰᠢᠯᠲᠠ ᠵᠢᠨ ᠠᠮᠢᠨ ᠰᠦᠨᠡᠰᠦ ᠮᠥᠨ᠂ ᠨᠢᠭᠡ ᠤᠯᠤᠰ᠎ᠤᠨ ᠬᠥᠭᠵᠢᠨ ᠮᠠᠨᠳᠤᠬᠤ ᠵᠢᠨ ᠰᠢᠷᠭᠢᠰᠢ ᠦᠭᠡᠢ ᠡᠬᠢ ᠪᠤᠯᠠᠭ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠬᠠᠮᠤᠭ᠎ᠤᠨ ᠭᠦᠨ ᠵᠤᠵᠠᠭ᠋ᠠᠨ ᠦᠨᠳᠦᠰᠦᠲᠡᠨ᠎ᠤ ᠲᠥᠷᠥᠯᠬᠢ ᠠᠪᠢᠶᠠᠰ ᠮᠥᠨ᠃ ᠰᠢᠨ᠎ᠡ ᠴᠠᠭ ᠦᠶ᠎ᠡ᠎ᠠᠴᠠ ᠨᠠᠭ᠋ᠠᠰᠢ᠂ ᠥᠷᠭᠡᠨ ᠠᠭᠤᠳᠠᠮ ᠥᠩ ᠰᠢᠮᠡᠯᠢᠭ ᠬᠡᠭᠡᠷ᠎ᠡ ᠲᠠᠯ᠎ᠠ᠎ᠠᠴᠠ ᠠᠭᠤᠳᠠᠮ ᠣᠭᠲᠠᠷᠭᠤᠢ ᠵᠢᠨ ᠤᠳᠤᠨ ᠭᠠᠷᠠᠭ ᠬᠦᠷᠲᠡᠯ᠎ᠡ᠂ ᠴᠢᠨᠠᠷ ᠰᠠᠢ᠌ᠲᠠᠢ ᠬᠥᠭᠵᠢᠯᠲᠡ ᠵᠢᠨ ᠤᠷᠤᠭᠰᠢᠯᠠᠯᠲᠠ ᠵᠢᠨ ᠬᠥᠭᠵᠢᠮ ᠰᠢᠨ᠎ᠡ ᠵᠢ ᠡᠭᠦᠳᠬᠦ ᠠᠶᠠᠰ ᠬᠠᠩᠭᠢᠨᠠᠭᠤᠯᠵᠤ᠂ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ ᠪᠠᠳᠠᠷᠠᠩᠭᠤᠢ ᠪᠠᠢ᠌ᠯ᠎ᠠ᠃ 《ᠴᠠᠩ ᠡᠸ》 ᠰᠠᠷᠠᠨ᠎ᠳᠤ ᠭᠠᠷᠴᠤ᠂ 《ᠲᠢᠶᠠᠨ ᠸᠧᠨ》 ᠠᠩᠭ᠋ᠠᠷᠢᠭ᠎ᠲᠤ ᠲᠤᠰᠴᠤ᠂ 《ᠰᠢ ᠾᠧ》 ᠨᠠᠷᠠ ᠵᠢ ᠬᠠᠶ᠋ᠢᠵᠤ᠂ 《ᠲᠢᠶᠠᠨ ᠭᠥᠩ》 ᠢᠯᠠᠯᠲᠠ ᠣᠯᠵᠤ᠂ ᠳᠤᠮᠳᠠᠳᠤ ᠵᠢᠨ ᠦᠨᠳᠦᠰᠦᠲᠡᠨ᠎ᠤ ᠰᠠᠨᠰᠠᠷ ᠣᠷᠴᠢᠯᠠᠩ᠎ᠤᠨ ᠲᠤᠬᠠᠢ ᠷᠣᠮᠠᠨᠲ᠋ᠢᠭ ᠬᠦᠰᠡᠯ᠎ᠢ ᠪᠣᠳᠠᠲᠤ ᠠᠬᠤᠢ᠎ᠳᠤ ᠲᠤᠰᠬᠠᠪᠠ; 《ᠬᠤᠸᠠ ᠯᠦᠩ ᠨᠢᠭᠡᠳᠦᠭᠡᠷ》 ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠪᠦᠬᠦ ᠲᠠᠯ᠎ᠠ᠎ᠪᠠᠷ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠵᠤ᠂ ᠮᠠᠨ᠎ᠤ ᠤᠯᠤᠰ᠎ᠤᠨ ᠴᠥᠮ᠎ᠡ ᠵᠢᠨ ᠴᠠᠬᠢᠯᠭ᠋ᠠᠨ᠎ᠤ ᠮᠡᠷᠭᠡᠵᠢᠯ᠎ᠤᠨ ᠲᠦᠪᠰᠢᠨ ᠪᠣᠯᠣᠨ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠳᠡᠯᠡᠬᠡᠢ ᠵᠢᠨ ᠨᠢᠭᠡᠳᠦᠭᠡᠷ ᠡᠩᠨᠡᠭᠡᠨ᠎ᠳᠤ ᠣᠷᠣᠭᠤᠯᠪᠠ; ᠪᠣᠰᠣᠭ᠎ᠠ ᠴᠣᠭᠴᠠᠲᠤ ᠵᠠᠮ ᠬᠠᠷᠢᠯᠴᠠᠭ᠋ᠠᠨ᠎ᠤ ᠲᠣᠣᠷ᠎ᠨᠢ ᠠᠭᠤᠯᠠ ᠲᠡᠯᠡᠢ ᠵᠢ ᠲᠤᠭᠤᠯᠵᠤ᠂ ᠳᠦᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠵᠦ᠂ ᠪᠠᠶ᠋ᠢᠭ᠋ᠠᠯᠢ ᠵᠢᠨ ᠪᠠᠷᠲᠠᠭ᠎ᠠ ᠵᠢ ᠵᠣᠯ ᠵᠢᠷᠭ᠋ᠠᠯᠲᠤ ᠵᠠᠮ ᠪᠣᠯᠭ᠋ᠠᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠯᠧᠮᠧᠨ᠋ᠲ᠂ ᠥᠷᠨᠢᠭᠦᠨ ᠪᠠᠳᠠᠷᠠᠩᠭᠤᠢ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠎ᠨᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠤᠭᠰᠠᠨ ᠪᠠᠢ᠌ᠨ᠎ᠠ᠃ ᠰᠢᠨ᠎ᠡ ᠵᠢ ᠡᠭᠦᠳᠬᠦ ᠵᠢ ᠠᠳᠬᠤᠴᠢᠬᠠᠪᠠᠯ ᠳᠠᠷᠤᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠬᠣᠯᠪᠣᠭᠳᠠᠬᠤ 《ᠵᠠᠩᠭᠢᠯᠠᠭ᠎ᠠ》 ᠵᠢ ᠠᠳᠬᠤᠵᠤ ᠴᠢᠳᠠᠨ᠎ᠠ; ᠬᠡᠨ ᠰᠢᠨ᠎ᠡ ᠵᠢ ᠡᠭᠦᠳᠬᠦ ᠲᠠᠯ᠎ᠠ᠎ᠪᠠᠷ ᠤᠷᠢᠳᠠᠪᠠᠷ ᠨᠢᠭᠡ ᠠᠯᠬᠤᠮ ᠤᠷᠤᠭᠰᠢᠯᠠᠪᠠᠯ ᠲᠡᠷᠡ ᠳᠠᠷᠤᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠰᠠᠨᠠᠭ᠋ᠠᠴᠢᠯᠠᠭ᠋ᠠᠲᠤ ᠡᠷᠬᠡ᠎ᠲᠠᠢ ᠪᠣᠯᠵᠤ ᠴᠢᠳᠠᠨ᠎ᠠ᠃

      ᠬᠦᠴᠢᠷ ᠪᠡᠷᠬᠡᠰᠢᠶᠡᠯ᠎ᠤᠨ ᠳᠠᠪᠠᠭ᠎ᠠ ᠵᠢ ᠳᠠᠪᠠᠵᠤ᠂ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠬᠥᠪᠴᠢᠯᠡᠨ᠎ᠡ; ᠥᠨᠳᠥᠷ ᠣᠷᠬᠢᠯ᠎ᠳᠤ ᠡᠷᠡᠯᠬᠡᠭᠯᠡᠨ ᠠᠪᠠᠷᠢᠬᠤ᠎ᠳᠤ ᠲᠡᠮᠡᠴᠡᠯ᠎ᠤᠨ ᠣᠮᠣᠭ ᠵᠣᠷᠢᠭ ᠪᠠᠳᠠᠷᠠᠨᠠᠮ᠃ ᠲᠡᠷᠢᠭᠦᠯᠡᠭᠴᠢ ᠰᠢ ᠵᠢᠨ ᠫᠢᠩ ᠭᠦᠨ ᠰᠡᠳᠬᠢᠯᠭᠡ᠎ᠲᠠᠢ᠎ᠪᠠᠷ᠄ 《ᠳᠤᠮᠳᠠᠳᠤ ᠤᠯᠤᠰ ᠴᠥᠬᠥᠷᠡᠯᠲᠡ ᠦᠭᠡᠢ ᠴᠢᠷᠮᠠᠢ᠌ᠬᠤ ᠵᠣᠷᠢᠭ ᠵᠶ᠋ᠠᠷ ᠬᠦᠴᠦᠯᠡᠨ ᠤᠷᠤᠭᠰᠢᠯᠠᠵᠤ᠂ ᠭᠠᠵᠠᠷ ᠪᠣᠯᠭ᠋ᠠᠨ᠎ᠳᠤ ᠰᠢᠨᠡᠳᠦᠨ ᠬᠤᠪᠢᠷᠠᠵᠤ ᠪᠦᠬᠦᠢ ᠰᠢᠨ᠎ᠡ ᠡᠭᠦᠳᠦᠯᠲᠡ ᠪᠤᠢ》 ᠭᠡᠵᠦ ᠮᠠᠭᠲᠠᠨ ᠰᠠᠢ᠌ᠰᠢᠶᠠᠪᠠ᠃ ᠨᠢᠭᠡ ᠵᠢᠯ᠎ᠤᠨ ᠲᠤᠷᠰᠢ 《ᠥᠭᠦᠯᠡᠯ ᠵᠶ᠋ᠡᠨ ᠡᠬᠡ ᠭᠠᠵᠠᠷ ᠳᠡᠭᠡᠷ᠎ᠡ ᠪᠢᠴᠢᠭᠰᠡᠨ》 ᠰᠢᠨᠵᠢᠯᠡᠬᠦ ᠤᠬᠠᠭ᠋ᠠᠨᠲᠠᠨ᠎ᠠᠴᠠ 《ᠪᠣᠭᠣᠮᠢ》 ᠮᠡᠷᠭᠡᠵᠢᠯ᠎ᠢ ᠪᠣᠭᠣᠮᠲᠠ ᠰᠢᠪᠲᠤᠯᠤᠭᠴᠢ ᠬᠦᠷᠲᠡᠯ᠎ᠡ᠂ ᠬᠠᠯᠠᠭᠤᠨ ᠬᠤᠷᠴᠠ ᠨᠠᠷᠠ ᠵᠢ ᠰᠥᠷᠦᠭᠰᠡᠨ ᠦᠷ᠎ᠡ ᠪᠣᠢ᠌ᠵᠢᠭᠤᠯᠤᠭᠴᠢ᠎ᠠᠴᠠ ᠰᠢᠷᠭ᠋ᠠᠭᠤ ᠬᠠᠲᠠᠭᠤᠵᠢᠯᠲᠠᠢ ᠰᠤᠳᠤᠯᠵᠤ ᠪᠠᠢ᠌ᠭ᠎ᠠ ᠲᠣᠮᠣ ᠤᠯᠤᠰ᠎ᠤᠨ ᠲᠠᠷᠬᠠᠨ ᠬᠦᠷᠲᠡᠯ᠎ᠡ ᠁ 《ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠵᠣᠷᠢᠭᠲᠠᠢ᠎ᠪᠠᠷ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠲᠣᠭ᠎ᠠ ᠲᠣᠮᠰᠢ ᠦᠭᠡᠢ ᠤᠯᠠᠨ ᠬᠥᠳᠡᠯᠮᠦᠷᠢᠴᠢᠨ ᠵᠣᠷᠢᠭᠲᠠᠢ᠎ᠪᠠᠷ ᠤᠷᠤᠭᠰᠢᠯᠠᠨ ᠳᠠᠪᠰᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠰᠦᠷ ᠳᠠᠯᠠᠢ᠌ᠴᠠᠲᠠᠢ ᠰᠢᠨ᠎ᠡ ᠵᠢ ᠡᠭᠦᠳᠬᠦ ᠬᠠᠭᠤᠳᠠᠰᠤ ᠵᠢ ᠵᠢᠷᠤᠭᠯᠠᠵᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠭᠰᠠᠨ ᠰᠡᠳᠬᠢᠯ ᠬᠥᠳᠡᠯᠭᠡᠮ᠎ᠡ ᠬᠠᠭᠤᠳᠠᠰᠤ ᠵᠢ ᠪᠢᠴᠢᠭᠯᠡᠭᠰᠡᠨ ᠪᠠᠢ᠌ᠨ᠎ᠠ᠃ 〈ᠲᠡᠭᠷᠢ ᠵᠢᠨ ᠶᠣᠰᠣᠨ ᠵᠥᠪ ᠪᠣᠯᠪᠠᠰᠤ᠂ ᠡᠷᠳᠡᠮᠲᠡᠨ ᠮᠡᠷᠭᠡᠳ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠮᠤᠢ〉 ᠨᠡᠩ ᠠᠤᠭ᠎ᠠ ᠶᠡᠬᠡ ᠬᠠᠷᠠᠯᠲᠠ ᠵᠦᠭ ᠤᠷᠤᠭᠰᠢᠯᠠᠵᠤ᠂ ᠨᠤᠭᠤᠷᠠᠰᠢ ᠦᠭᠡᠢ ᠴᠢᠷᠮᠠᠢ᠌ᠨ ᠲᠡᠮᠡᠴᠡᠬᠦ᠎ᠳᠤ ᠶᠠᠮᠠᠷᠪᠠ ᠬᠦᠴᠢᠷ ᠪᠡᠷᠬᠡᠰᠢᠶᠡᠯ ᠴᠦ᠍ ᠭᠡᠳ ᠮᠠᠨ᠎ᠤ ᠢᠳᠡᠷᠡᠭᠦᠨ ᠠᠯᠬᠤᠭ᠎ᠠ ᠵᠢ ᠬᠣᠷᠢᠭᠯᠠᠵᠤ ᠴᠢᠳᠠᠬᠤ ᠦᠭᠡᠢ ᠶᠤᠮ》 ᠭᠡᠵᠦ ᠵᠢᠭ᠋ᠠᠵᠤ ᠭᠠᠷᠭ᠋ᠠᠪᠠ᠃ ᠡᠨᠡ᠎ᠨᠢ ᠨᠡᠩ ᠠᠤᠭ᠎ᠠ ᠶᠡᠬᠡ ᠬᠠᠷᠠᠯᠲᠠ ᠵᠦᠭ ᠤᠷᠤᠭᠰᠢᠯᠠᠵᠤ᠂ ᠨᠤᠭᠤᠷᠠᠰᠢ ᠦᠭᠡᠢ ᠡᠷᠡᠯᠬᠡᠭᠯᠡᠨ ᠲᠡᠮᠡᠴᠡᠬᠦ᠎ᠳᠤ ᠬᠦᠷᠪᠡᠯ ᠶᠠᠮᠠᠷ ᠴᠤ᠌ ᠬᠦᠴᠢᠷ ᠪᠡᠷᠬᠡᠰᠢᠶᠡᠯ ᠭᠡᠳ ᠮᠠᠨ᠎ᠤ ᠢᠳᠡᠷᠡᠭᠦᠨ ᠠᠯᠬᠤᠭ᠎ᠠ ᠵᠢ ᠬᠣᠷᠢᠭᠯᠠᠵᠤ ᠴᠢᠳᠠᠬᠤ ᠦᠭᠡᠢ ᠶᠤᠮ᠃ ᠰᠢᠨ᠎ᠡ ᠵᠢ ᠡᠭᠦᠳᠬᠦ ᠵᠣᠷᠢᠭ ᠰᠠᠨᠠᠭ᠎ᠠ᠎ᠲᠠᠢ ᠳᠤᠮᠳᠠᠳᠤ ᠵᠢᠨ ᠦᠨᠳᠦᠰᠦᠲᠡᠨ ᠯᠠᠪᠳᠠᠶ᠎ᠠ ᠥᠪᠡᠷ᠎ᠢ᠎ᠪᠠᠨ ᠢᠲᠡᠭᠡᠵᠦ ᠥᠪᠡᠷ᠎ᠢ᠎ᠪᠠᠨ ᠬᠦᠴᠦᠷᠬᠡᠭᠵᠢᠭᠦᠯᠬᠦ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠳᠤᠮᠳᠠ ᠬᠥᠮᠥᠰ᠎ᠢ ᠭᠠᠢ᠌ᠬᠠᠰᠢ ᠠᠯᠳᠠᠭᠤᠯᠤᠮ᠎ᠠ ᠰᠢᠨ᠎ᠡ ᠭᠠᠶ᠋ᠢᠬᠠᠮᠰᠢᠭ᠎ᠢ ᠦᠷᠭᠦᠯᠵᠢᠯᠡᠨ ᠡᠭᠦᠳᠬᠦ ᠪᠣᠯᠣᠨ᠎ᠠ᠃

      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠪᠣᠯ ᠨᠢᠭᠡᠨ ᠰᠦᠪᠡᠭᠴᠢᠯᠡᠯᠲᠡ ᠵᠢᠨ ᠴᠢᠨᠠᠷᠲᠠᠢ ᠦᠢ᠍ᠯᠡᠰ ᠮᠥᠨ᠂ ᠡᠷᠬᠡᠪᠰᠢ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ᠂ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠠᠷᠢᠮᠲᠠᠯᠠᠵᠤ᠂ ᠤᠯᠤᠰ ᠣᠷᠣᠨ ᠪᠠ ᠦᠨᠳᠦᠰᠦᠲᠡᠨ᠎ᠤ ᠬᠥᠭᠵᠢᠯᠲᠡ ᠵᠢ ᠥᠪᠡᠷ᠎ᠤᠨ ᠬᠦᠴᠦᠨ᠎ᠤ᠎ᠪᠠᠨ ᠰᠠᠭᠤᠷᠢ ᠳᠡᠭᠡᠷ᠎ᠡ ᠲᠠᠯᠪᠢᠬᠤ ᠵᠢ ᠪᠠᠷᠢᠮᠲᠠᠯᠠᠬᠤ ᠬᠡᠷᠡᠭᠲᠡᠶ᠃ ᠪᠢᠳᠠ ᠲᠣᠭᠲᠠᠭᠰᠠᠨ ᠬᠤᠭᠤᠴᠠᠭ᠋ᠠᠨ᠎ᠳᠠᠭᠠᠨ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠳᠡᠢ᠌ᠯᠬᠦ ᠡᠰᠡᠬᠦ ᠵᠢᠨ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠵᠦ ᠳᠡᠢ᠌ᠯᠬᠦ ᠡᠰᠡᠬᠦ᠎ᠳᠤ ᠪᠠᠢ᠌ᠨ᠎ᠠ᠃ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠬᠤ᠎ᠳᠤ᠂ ᠪᠢᠳᠡ ᠥᠭᠡᠷᠡᠴᠢᠯᠡᠯᠲᠡ ᠨᠡᠭᠡᠭᠡᠯᠲᠡ᠎ᠳᠤ ᠲᠦᠰᠢᠭᠯᠡᠨ ᠬᠥᠭᠵᠢᠯᠲᠡ ᠵᠢᠨ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠬᠤ ᠵᠢ ᠪᠠᠷᠢᠮᠲᠠᠯᠠᠵᠤ᠂ ᠨᠡᠢ᠌ᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠠᠰᠤᠷᠠᠯᠳᠠ ᠦᠭᠡᠢ ᠴᠢᠯᠦᠭᠡᠯᠡᠨ ᠬᠥᠭᠵᠢᠭᠦᠯᠵᠦ᠂ ᠨᠡᠢ᠌ᠭᠡᠮ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠩᠭ᠋ᠠᠷᠠᠭᠤᠯᠬᠤ ᠬᠡᠷᠡᠭᠲᠡᠢ᠃ ᠰᠢᠨ᠎ᠡ ᠵᠢ ᠡᠭᠦᠳᠬᠦ ᠵᠢ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠵᠤ᠂ ᠨᠡᠩ ᠶᠡᠬᠡ ᠡᠷᠴᠢᠮ ᠵᠶ᠋ᠡᠷ ᠰᠤᠷᠭ᠋ᠠᠨ ᠬᠥᠮᠦᠵᠢᠯ᠎ᠢ ᠡᠷᠬᠢᠯᠡᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠬᠥᠭᠵᠢᠭᠦᠯᠬᠦ᠂ ᠴᠢᠳᠠᠪᠤᠷᠢᠲᠠᠨ᠎ᠢ ᠬᠥᠮᠥᠵᠢᠭᠦᠯᠵᠦ᠂ ᠬᠥᠭᠵᠢᠯᠲᠡ ᠵᠢᠨ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠢ ᠲᠠᠰᠤᠷᠠᠯᠲᠠ ᠦᠭᠡᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ ᠬᠡᠷᠡᠭᠲᠡᠶ᠃

      ᠵᠠᠭᠤᠨ ᠣᠩᠭᠣᠴᠠ ᠤᠷᠤᠰᠬᠠᠯ᠎ᠢ ᠦᠷᠢᠰᠦᠯᠳᠦᠬᠦ᠎ᠳᠤ᠂ ᠡᠷᠡᠯᠬᠡᠭᠯᠡᠨ ᠤᠷᠤᠭᠰᠢᠯᠠᠭᠰᠠᠳ ᠲᠡᠷᠢᠭᠦᠨ᠎ᠳᠤ ᠲᠣᠳᠣᠷᠠᠮᠤᠢ; ᠮᠢᠩᠭ᠋ᠠᠨ ᠳᠠᠷᠪᠠᠭᠤᠯ ᠥᠷᠢᠰᠦᠯᠳᠦᠨ ᠤᠷᠤᠭᠰᠢᠯᠠᠬᠤ᠎ᠳᠤ᠂ ᠡᠷᠡᠯᠬᠡᠭᠯᠡᠨ ᠤᠷᠤᠭᠰᠢᠯᠠᠪᠠᠯ ᠢᠯᠠᠯᠲᠠ ᠣᠯᠣᠮᠤᠢ᠃ ᠰᠢᠨ᠎ᠡ ᠠᠶᠠᠨ ᠵᠠᠮ᠎ᠳᠠᠭᠠᠨ᠂ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠡᠮᠡᠴᠡᠯ᠎ᠤᠨ ᠬᠠᠷᠠᠯᠲᠠ ᠵᠢ ᠲᠣᠭᠲᠠᠭ᠋ᠠᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠤᠨ ᠳᠠᠷᠪᠠᠭᠤᠯ᠎ᠢ ᠮᠠᠨᠳᠤᠭᠤᠯᠵᠤ᠂ ᠵᠣᠷᠢᠭᠲᠠᠢ᠎ᠪᠠᠷ ᠰᠢᠨ᠎ᠡ ᠵᠢ ᠡᠭᠦᠳᠬᠦ ᠰᠥᠰᠥ ᠵᠣᠷᠢᠭ᠂ ᠵᠣᠷᠢᠭᠲᠠᠢ᠎ᠪᠠᠷ ᠲᠦᠷᠦᠭᠦᠯᠡᠨ ᠤᠷᠤᠭᠰᠢᠯᠠᠬᠤ ᠣᠮᠣᠭ ᠵᠣᠷᠢᠭ᠂ ᠴᠣᠭ ᠪᠠᠳᠠᠷᠠᠩᠭᠤᠢ ᠥᠭᠡᠳᠡᠯᠡᠨ ᠲᠠᠪᠰᠢᠬᠤ ᠴᠤᠭ ᠵᠢᠪᠬᠤᠭ᠎ᠠ᠎ᠪᠠᠨ ᠪᠠᠲᠤᠯᠠᠵᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠪᠠᠯ ᠯᠠᠪᠳᠠᠶ᠎ᠠ ᠮᠠᠨ᠎ᠤ ᠤᠯᠤᠰ᠎ᠤᠨ ᠬᠥᠭᠵᠢᠯᠲᠡ ᠳᠠᠪᠰᠢᠯᠲᠠ ᠵᠢᠨ ᠬᠤᠪᠢ ᠵᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠡᠵᠡᠮᠰᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠲᠥᠰᠥᠪ᠎ᠢ ᠠᠯᠬᠤᠮ ᠠᠯᠬᠤᠮ ᠵᠶ᠋ᠠᠷ ᠰᠠᠢ᠍ᠢ᠍ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠵᠤ ᠴᠢᠳᠠᠬᠤ ᠶᠤᠮ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ᠄ ᠡᠨᠡ ᠨᠢᠭᠡ ᠵᠢᠯ ᠪᠢᠳᠡ ᠮᠠᠰᠢ ᠴᠣᠭ ᠵᠢᠪᠬᠤᠭ᠎ᠠ᠎ᠲᠠᠢ ᠠᠯᠬᠤᠯ᠎ᠠ
ᠠᠷᠠᠳ᠎ᠤᠨ ᠡᠳᠦᠷ᠎ᠤᠨ ᠰᠣᠨᠢᠨ᠎ᠤ ᠰᠢᠭᠦᠮᠵᠢᠯᠡᠭᠴᠢ᠄ ᠡᠨᠡ ᠨᠢᠭᠡ ᠵᠢᠯ᠎ᠳᠤ ᠪᠢᠳᠡ ᠢᠲᠡᠭᠡᠯ ᠵᠣᠷᠢᠭ᠎ᠲᠠᠢ ᠤᠷᠤᠭᠰᠢᠯᠠᠯ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)᠎ᠨᠢ ᠬᠦᠴᠦᠨ᠎ᠲᠠᠢ ᠦᠦ?
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠄ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠨ᠎ᠠ
ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠡᠭᠦᠷᠭᠡ ᠵᠢ ᠪᠠᠢ᠌ᠷᠢᠯᠠᠭᠤᠯᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠪᠠ
 
             蒙ICP备05000248号