ᠡᠨᠡ ᠨᠢᠭᠡ ᠵᠢᠯ ᠪᠢᠳᠡ ᠮᠠᠰᠢ ᠴᠣᠭ ᠵᠢᠪᠬᠤᠭ᠎ᠠ᠎ᠲᠠᠢ ᠠᠯᠬᠤᠯ᠎ᠠ
ᠲᠡᠷᠢᠭᠦᠯᠡᠭᠴᠢ ᠰᠢ ᠵᠢᠨ ᠫᠢᠩ᠎ᠤᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠵᠢᠨ ᠰᠡᠩᠬᠡᠷᠡᠭᠦᠯᠦᠯ ③
ᠰᠠᠯᠬᠢ ᠪᠣᠷᠣᠭ᠋ᠠᠨ᠎ᠤ ᠳᠠᠪᠲᠠᠯᠲᠠ ᠵᠢ ᠥᠩᠭᠡᠷᠡᠭᠡᠵᠦ᠂ ᠠᠭᠤᠤ ᠶᠡᠬᠡ ᠠᠶᠠᠨ᠎ᠳᠤ ᠲᠣᠮᠣ ᠠᠯᠬᠤᠮ ᠵᠶ᠋ᠠᠷ ᠮᠣᠷᠳᠠᠯ᠎ᠠ᠃ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ᠎ᠳᠡᠭᠡᠨ᠂ ᠲᠡᠷᠢᠭᠦᠯᠡᠭᠴᠢ ᠰᠢ ᠵᠢᠨ ᠫᠢᠩ 《ᠡᠨᠡ ᠨᠢᠭᠡ ᠵᠢᠯ ᠪᠢᠳᠡ ᠮᠠᠰᠢ ᠴᠣᠭ ᠵᠢᠪᠬᠤᠭ᠎ᠠ᠎ᠲᠠᠢ ᠠᠯᠬᠤᠯ᠎ᠠ》 ᠭᠡᠵᠦ ᠴᠢᠬᠤᠯᠠᠴᠢᠯᠠᠨ᠂ 《ᠤᠯᠠᠨ ᠵᠶ᠋ᠠᠷ ᠵᠶ᠋ᠠᠨ ᠰᠠᠯᠬᠢ ᠪᠣᠷᠣᠭ᠋ᠠᠨ᠎ᠠᠴᠠ ᠠᠶᠤᠬᠤ ᠦᠭᠡᠢ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠥᠷᠢᠰᠥᠯᠳᠦᠭᠡᠨ᠎ᠳᠤ ᠰᠢᠭᠤᠳ ᠬᠠᠨᠳᠤᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠪᠠ》 ᠭᠡᠵᠦ ᠭᠦᠨ ᠰᠡᠳᠬᠢᠯᠭᠡ᠎ᠲᠠᠢ᠎ᠪᠠᠷ ᠮᠠᠭᠲᠠᠨ ᠰᠠᠢ᠌ᠰᠢᠶᠠᠵᠤ᠂ 《ᠠᠷᠠᠳ ᠲᠦᠮᠡᠨ ᠪᠣᠯ ᠥᠨᠢ ᠡᠭᠦᠷᠢᠳᠡ ᠪᠢᠳᠡᠨ᠎ᠤ ᠠᠯᠢᠪᠠ ᠬᠦᠴᠢᠷ ᠪᠡᠷᠬᠡᠰᠢᠶᠡᠯ ᠥᠷᠢᠰᠥᠯᠳᠦᠭᠡᠨ᠎ᠢ ᠢᠯᠠᠨ ᠳᠠᠪᠠᠬᠤ ᠵᠢᠨ ᠬᠠᠮᠤᠭ᠎ᠤᠨ ᠶᠡᠬᠡ ᠲᠦᠰᠢᠭ ᠮᠥᠨ》 ᠭᠡᠵᠦ ᠵᠢᠭ᠋ᠠᠵᠤ ᠭᠠᠷᠭ᠋ᠠᠪᠠ᠃
ᠥᠩᠭᠡᠷᠡᠭᠰᠡᠨ ᠨᠢᠭᠡ ᠵᠢᠯ᠎ᠳᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠢᠲᠡᠭᠡᠯ ᠵᠣᠷᠢᠭ ᠵᠶ᠋ᠠᠨ ᠪᠠᠲᠤᠳᠬᠠᠵᠤ᠂ ᠴᠤᠭ ᠰᠦᠯᠳᠡ᠎ᠪᠠᠨ ᠪᠠᠳᠠᠷᠠᠭᠤᠯᠵᠤ᠂ ᠬᠠᠨᠴᠤᠢ ᠰᠢᠮᠠᠯᠠᠨ ᠴᠢᠷᠮᠠᠢ᠌ᠨ ᠠᠵᠢᠯᠯᠠᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ ᠤᠷᠤᠭᠰᠢᠯᠠᠨ᠂ ᠠᠵᠢᠯᠴᠢ ᠬᠥᠳᠡᠯᠮᠦᠷᠢᠴᠢ ᠬᠣᠶᠠᠷ ᠭᠠᠷ ᠪᠠ ᠦᠨᠡᠨᠴᠢ ᠰᠢᠳᠤᠷᠭᠤ ᠬᠥᠳᠡᠯᠮᠦᠷᠢ᠎ᠪᠠᠷ ᠵᠶ᠋ᠡᠨ ᠰᠠᠢ᠍ᠢ᠍ᠨ ᠰᠠᠢ᠌ᠬᠠᠨ ᠠᠮᠢᠳᠤᠷᠠᠯ᠎ᠢ ᠴᠣᠭᠴᠠᠯᠠᠵᠤ᠂ ᠢᠷᠠᠭᠤ ᠠᠯᠳᠠᠷ ᠪᠠ ᠬᠦᠰᠡᠯ ᠵᠡᠭᠦᠳᠦ᠎ᠪᠠᠨ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ ᠵᠠᠮ᠎ᠳᠤ ᠪᠢᠴᠢᠭᠯᠡᠵᠦ᠂ ᠴᠥᠬᠥᠷᠡᠰᠢ ᠦᠭᠡᠢ ᠲᠡᠮᠡᠴᠡᠵᠦ᠂ ᠵᠣᠭᠰᠣᠯ ᠦᠭᠡᠢ ᠤᠷᠤᠭᠰᠢᠯᠠᠭᠰᠠᠨ ᠬᠠᠮᠲᠤ ᠵᠢᠨ ᠳᠤᠷᠠᠰᠤᠮᠵᠢ᠎ᠳᠤ ᠰᠡᠢ᠌ᠯᠦᠭᠰᠡᠨ ᠪᠠᠢ᠌ᠨ᠎ᠠ᠃ ᠭᠣᠢ᠌ᠳᠠ ᠰᠠᠢ᠌ᠬᠠᠨ ᠴᠧᠩᠳᠦ᠋ ᠵᠢᠨ ᠣᠶᠤᠲᠠᠳ᠎ᠤᠨ ᠲᠠᠮᠢᠷ᠎ᠤᠨ ᠴᠤᠭᠯᠠᠭ᠋ᠠᠨ᠂ ᠬᠠᠩᠵᠧᠦ ᠵᠢᠨ ᠠᠽᠢᠶ᠎ᠠ ᠲᠢᠪ᠎ᠤᠨ ᠲᠠᠮᠢᠷ᠎ᠤᠨ ᠴᠤᠭᠯᠠᠭ᠋ᠠᠨ᠎ᠠᠴᠠ ᠬᠥᠮᠥᠰ᠎ᠤᠨ ᠠᠩᠬᠠᠷᠤᠯ᠎ᠢ ᠲᠠᠲᠠᠭᠰᠠᠨ ᠠᠮᠠᠷᠠᠯᠲᠠ ᠵᠢᠨ ᠡᠳᠦᠷ᠎ᠤᠨ ᠵᠢᠭᠤᠯᠴᠢᠯᠠᠯ ᠬᠦᠷᠲᠡᠯ᠎ᠡ᠂ ᠬᠦᠷ ᠬᠥᠭᠵᠢᠶᠡᠨ᠎ᠲᠠᠢ ᠺᠢᠨᠣ᠋ ᠵᠢᠨ ᠵᠠᠬ᠎ᠠ ᠳᠡᠯᠭᠡᠭᠦᠷ ᠬᠦᠷᠲᠡᠯ᠎ᠡ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ 《ᠲᠣᠰᠬᠤᠨ᠎ᠤ ᠳᠡᠰ᠎ᠠᠴᠠ ᠳᠠᠪᠠᠭᠰᠠᠨ ᠤᠷᠤᠯᠳᠤᠭ᠋ᠠᠨ》᠂ 《ᠲᠣᠰᠬᠤᠨ᠎ᠤ ᠦᠳᠡᠰᠢᠯᠡᠭᠡ》᠎ᠠᠴᠠ ᠠᠭ᠋ᠠᠵᠢᠮ ᠵᠶ᠋ᠠᠷ ᠬᠡᠪ ᠵᠠᠩᠰᠢᠯ ᠪᠣᠯᠤᠭᠰᠠᠨ ᠨᠠᠭᠦᠷᠡᠰᠦᠲᠦ᠋ᠷᠦᠭᠴᠢ ᠪᠠᠭ᠎ᠠ ᠠᠮᠢᠳᠤᠷᠠᠯ ᠬᠦᠷᠲᠡᠯ᠎ᠡ ᠁ ᠥᠨᠥᠳᠥᠷ᠎ᠤᠨ ᠳᠤᠮᠳᠠᠳᠤ ᠤᠯᠤᠰ᠎ᠲᠤ᠂ ᠡᠯ᠎ᠡ ᠠᠵᠢᠯ ᠳᠦᠷᠦᠯ᠎ᠤᠨ ᠬᠥᠳᠡᠯᠮᠦᠷᠢᠴᠢᠳ᠎ᠤᠨ ᠲᠡᠮᠡᠴᠡᠯ᠎ᠤᠨ ᠰᠡᠭᠦᠳᠡᠷ ᠭᠠᠵᠠᠷ ᠪᠣᠯᠭ᠋ᠠᠨ᠎ᠳᠤ ᠬᠥᠭᠵᠢᠶᠡᠨᠲᠡᠢ ᠪᠣᠯᠵᠤ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ᠂ ᠪᠠᠶᠠᠯᠢᠭ ᠰᠠᠢ᠌ᠬᠠᠨ ᠠᠮᠢᠳᠤᠷᠠᠯ᠎ᠤᠨ ᠠᠬᠤᠢ ᠪᠠᠶ᠋ᠢᠳᠠᠯ᠎ᠢ ᠳᠡᠯᠭᠡᠨ ᠦᠵᠡᠭᠦᠯᠪᠡ᠃ ᠶᠠᠭ ᠲᠡᠷᠢᠭᠦᠯᠡᠭᠴᠢ ᠰᠢ ᠵᠢᠨ ᠫᠢᠩ᠎ᠤᠨ ᠴᠢᠬᠤᠯᠠᠴᠢᠯᠠᠭᠰᠠᠨᠴᠢᠯᠠᠨ᠄ 《ᠬᠠᠯᠠᠭᠤᠨ ᠳᠤᠯᠠᠭ᠋ᠠᠨ ᠠᠮᠢᠳᠤᠷᠠᠯ᠎ᠤᠨ ᠠᠭᠤᠷ ᠠᠮᠢᠰᠬᠤᠯ᠂ ᠰᠡᠷᠭᠦᠯᠲᠡ ᠵᠢᠨ ᠶᠠᠭ᠋ᠠᠷᠠᠯᠲᠠᠢ ᠡᠷᠴᠢ ᠵᠣᠷᠢᠭ᠎ᠨᠢ ᠬᠥᠮᠥᠰ᠎ᠤᠨ ᠰᠠᠢ᠍ᠢ᠍ᠨ ᠰᠠᠢ᠌ᠬᠠᠨ ᠵᠣᠯ ᠵᠢᠷᠭ᠋ᠠᠯ᠎ᠤᠨ ᠲᠤᠬᠠᠢ ᠬᠥᠭᠡᠭᠡᠴᠡᠯᠳᠦᠯ᠎ᠢ ᠲᠠᠢ᠌ᠯᠪᠤᠷᠢᠯᠠᠵᠤ᠂ ᠪᠠᠰᠠ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ᠂ ᠣᠷᠭᠢᠯᠤᠮ᠎ᠠ ᠬᠠᠯᠠᠭᠤᠨ ᠳᠤᠮᠳᠠᠳᠤ ᠤᠯᠤᠰ᠎ᠢ ᠢᠯᠡᠷᠡᠭᠦᠯᠵᠡᠢ》
ᠲᠡᠦᠬᠡ ᠵᠢᠨ ᠤᠷᠤᠰᠬᠠᠯ᠎ᠤᠨ ᠳᠤᠮᠳᠠ ᠡᠷᠡᠯᠬᠡᠭᠯᠡᠨ ᠤᠷᠤᠭᠰᠢᠯᠠᠬᠤ᠎ᠳᠤ᠂ ᠵᠣᠷᠢᠭ ᠰᠠᠨᠠᠭ᠎ᠠ ᠪᠣᠯ ᠨᠢᠭᠡ ᠦᠨᠳᠦᠰᠦᠲᠡᠨ᠎ᠤ ᠬᠥᠭᠵᠢᠯᠲᠡ ᠵᠢᠨ ᠰᠢᠷᠭᠢᠰᠢ ᠦᠭᠡᠢ ᠬᠥᠳᠡᠯᠭᠡᠬᠦ ᠬᠦᠴᠦᠨ ᠮᠥᠨ᠃ ᠣᠶᠤᠨ ᠰᠠᠨᠠᠭ᠋ᠠᠨ᠎ᠤ ᠲᠠᠯ᠎ᠠ᠎ᠪᠠᠷ ᠬᠦᠴᠦᠷᠬᠡᠭ ᠪᠠᠢ᠌ᠪᠠᠯ ᠰᠠᠶᠢ ᠨᠡᠩ ᠤᠳᠠᠭ᠋ᠠᠨ ᠳᠠᠭ᠋ᠠᠭ᠋ᠠᠮᠠᠭ᠋ᠠᠢ᠂ ᠨᠡᠩ ᠭᠦᠨ ᠴᠢᠬᠢᠮᠡᠢ᠂ ᠨᠡᠩ ᠬᠦᠴᠦᠨ᠎ᠲᠠᠢ ᠪᠣᠯᠵᠤ ᠴᠢᠳᠠᠨ᠎ᠠ᠃ ᠥᠩᠭᠡᠷᠡᠭᠰᠡᠨ ᠨᠢᠭᠡ ᠵᠢᠯ᠎ᠢ ᠡᠷᠭᠢᠴᠡᠭᠦᠯᠬᠦᠶ᠎ᠡ᠂ ᠮᠠᠨ᠎ᠤ ᠤᠯᠤᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠪᠠᠶ᠋ᠢᠳᠠᠯ ᠡᠭᠡᠳᠡᠷᠡᠭᠡᠨ ᠪᠤᠳᠤᠯᠢᠶᠠᠨᠲᠠᠢ᠂ ᠤᠯᠠᠨ ᠤᠯᠤᠰ᠎ᠤᠨ ᠤᠯᠤᠰ ᠲᠥᠷᠥ ᠠᠵᠤ ᠠᠬᠤᠢ ᠵᠢᠨ ᠣᠷᠴᠢᠨ ᠠᠬᠤᠢ᠎ᠳᠤ ᠠᠰᠢᠭ ᠦᠭᠡᠢ ᠬᠦᠴᠦᠨ ᠵᠦᠢ᠍ᠯ ᠨᠡᠮᠡᠭᠳᠡᠵᠦ᠂ ᠤᠯᠤᠰ᠎ᠤᠨ ᠳᠣᠲᠣᠭ᠋ᠠᠳᠤ ᠵᠢᠨ ᠦᠶᠡᠯᠡᠯ᠎ᠤᠨ ᠴᠢᠨᠠᠷᠲᠠᠢ ᠪᠠ ᠪᠦᠲᠦᠴᠡ ᠵᠢᠨ ᠴᠢᠨᠠᠷᠲᠠᠢ ᠵᠥᠷᠢᠴᠡᠯ ᠳᠠᠪᠬᠤᠴᠠᠵᠤ ᠪᠠᠢ᠌ᠨ᠎ᠠ᠃ ᠵᠠᠷᠢᠮ ᠠᠵᠤ ᠠᠬᠤᠢ᠌ᠯᠠᠯ᠎ᠨᠢ ᠡᠵᠡᠩᠨᠡᠯᠲᠡ ᠵᠢᠨ ᠳᠠᠷᠤᠯᠲᠠ᠎ᠳᠤ ᠲᠤᠯᠭ᠋ᠠᠷᠠᠵᠤ᠂ ᠵᠠᠷᠢᠮ ᠤᠯᠠᠨ ᠲᠦᠮᠡᠨ ᠠᠵᠢᠯ ᠣᠯᠵᠤ᠂ ᠵᠠᠷᠢᠮ᠎ᠨᠢ ᠠᠮᠢᠳᠤᠷᠠᠯ᠎ᠤᠨ ᠬᠦᠴᠢᠷᠳᠡᠯ᠎ᠳᠤ ᠲᠤᠯᠭ᠋ᠠᠷᠠᠵᠤ᠂ ᠵᠠᠷᠢᠮ ᠭᠠᠵᠠᠷ ᠣᠷᠣᠨ᠎ᠳᠤ ᠦᠶᠡᠷ ᠤᠰᠤᠳᠤᠯ᠂ ᠲᠠᠢ᠌ᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶ᠋ᠢᠭ᠋ᠠᠯᠢ ᠵᠢᠨ ᠭᠠᠮᠰᠢᠭ ᠭᠠᠷᠤᠭᠰᠠᠨ᠎ᠢ ᠲᠡᠷᠢᠭᠦᠯᠡᠭᠴᠢ ᠰᠢ ᠵᠢᠨ ᠫᠢᠩ ᠢᠮᠠᠭᠲᠠ ᠰᠡᠳᠬᠢᠯ᠎ᠳᠡᠭᠡᠨ ᠪᠤᠳᠤᠵᠤ ᠪᠠᠶ᠋ᠢᠪᠠ᠃ ᠦᠶᠡᠷ᠎ᠤᠨ ᠤᠰᠤ᠎ᠲᠠᠢ ᠪᠠᠢ᠌ᠯᠳᠤᠬᠤ᠂ ᠭᠠᠵᠠᠷ ᠬᠥᠳᠡᠯᠦᠯᠲᠡ᠎ᠲᠠᠢ ᠲᠡᠮᠡᠴᠡᠬᠦ᠂ ᠠᠵᠤ ᠠᠬᠤᠢ ᠵᠢ ᠲᠣᠭᠲᠠᠪᠤᠷᠢᠵᠢᠭᠤᠯᠬᠤ᠂ ᠬᠥᠭᠵᠢᠯᠲᠡ ᠵᠢ ᠠᠬᠢᠭᠤᠯᠬᠤ᠂ ᠪᠠᠶ᠋ᠢᠳᠠᠯ᠎ᠢ ᠠᠷᠭ᠋ᠠᠴᠠᠭ᠋ᠠᠬᠤ᠂ ᠰᠢᠨ᠎ᠡ ᠪᠠᠶ᠋ᠢᠳᠠᠯ᠎ᠢ ᠨᠡᠭᠡᠭᠡᠬᠦ ᠁ ᠨᠠᠮ ᠪᠣᠯᠣᠨ ᠠᠷᠠᠳ ᠲᠦᠮᠡᠨ ᠬᠠᠮᠲᠤ᠎ᠪᠠᠷ ᠲᠡᠮᠡᠴᠡᠵᠦ᠂ ᠬᠠᠮᠲᠤ᠎ᠪᠠᠷ ᠠᠵᠢᠯᠯᠠᠵᠤ᠂ ᠬᠠᠮᠲᠤ᠎ᠪᠠᠷ ᠲᠡᠮᠡᠴᠡᠵᠦ᠂ ᠡᠯ᠎ᠡ ᠠᠵᠢᠯ ᠳᠦᠷᠦᠯ᠎ᠤᠨ ᠬᠥᠮᠥᠰ ᠬᠦᠴᠦ ᠬᠥᠯᠥᠰᠦ᠎ᠪᠠᠨ ᠤᠷᠤᠰᠬᠠᠵᠤ᠂ ᠡᠬᠡᠯ ᠵᠢᠷ᠎ᠤᠨ ᠬᠥᠮᠥᠨ ᠪᠣᠯᠭ᠋ᠠᠨ ᠶᠡᠷᠦ ᠪᠤᠰᠤ ᠵᠢᠨ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ᠎ᠤᠨ ᠠᠷᠠᠳ ᠲᠦᠮᠡᠨ᠎ᠳᠤ ᠠᠭᠤᠤ ᠶᠡᠬᠡ ᠪᠦᠲᠦᠭᠡᠯᠴᠢ ᠵᠣᠷᠢᠭ ᠰᠠᠨᠠᠭ᠎ᠠ᠂ ᠠᠭᠤᠤ ᠶᠡᠬᠡ ᠲᠡᠮᠡᠴᠡᠯ᠎ᠤᠨ ᠵᠣᠷᠢᠭ ᠰᠠᠨᠠᠭ᠎ᠠ᠂ ᠠᠭᠤᠤ ᠶᠡᠬᠡ ᠪᠦᠯᠬᠦᠮᠳᠡᠯ᠎ᠤᠨ ᠵᠣᠷᠢᠭ ᠰᠠᠨᠠᠭ᠎ᠠ᠂ ᠠᠭᠤᠤ ᠶᠡᠬᠡ ᠬᠦᠰᠡᠯ ᠵᠡᠭᠦᠳᠦ ᠵᠢᠨ ᠵᠣᠷᠢᠭ ᠰᠠᠨᠠᠭ᠎ᠠ᠎ᠲᠠᠢ ᠶᠤᠮ᠂ ᠨᠠᠮ ᠪᠣᠯᠣᠨ ᠠᠷᠠᠳ ᠲᠦᠮᠡᠨ ᠢᠮᠠᠭᠲᠠ ᠬᠠᠮᠲᠤ ᠵᠣᠭᠰᠣᠵᠤ᠂ ᠬᠠᠮᠲᠤ ᠪᠤᠳᠤᠵᠤ᠂ ᠬᠠᠮᠲᠤ ᠠᠵᠢᠯᠯᠠᠳᠠᠭ ᠯᠠ ᠶᠤᠮ ᠪᠣᠯ ᠶᠠᠮᠠᠷᠪᠠ ᠰᠠᠯᠬᠢᠨ ᠳᠠᠪᠠᠯᠭ᠋ᠠᠨ ᠭᠡᠳ ᠪᠢᠳᠡᠨ᠎ᠤ ᠪᠣᠯᠣᠳ ᠲᠡᠮᠦᠷ ᠮᠡᠲᠦ ᠰᠥᠰᠥ ᠵᠣᠷᠢᠭ᠎ᠢ ᠭᠤᠢ᠌ᠪᠢᠯᠵᠠᠭᠤᠯᠵᠤ ᠴᠢᠳᠠᠬᠤ ᠦᠭᠡᠢ᠂ ᠶᠠᠮᠠᠷᠪᠠ ᠬᠦᠴᠢᠷ ᠪᠡᠷᠬᠡᠰᠢᠶᠡᠯ ᠭᠡᠳ ᠪᠢᠳᠡᠨ᠎ᠤ ᠢᠳᠡᠷᠡᠭᠦᠨ ᠠᠯᠬᠤᠭ᠎ᠠ ᠵᠢ ᠬᠣᠷᠢᠭᠯᠠᠵᠤ ᠴᠢᠳᠠᠬᠤ ᠦᠭᠡᠢ ᠭᠡᠳᠡᠭ᠎ᠢ ᠦᠢ᠍ᠯᠡᠳᠦᠯᠭᠡ ᠭᠦᠢ᠍ᠴᠡᠳ ᠭᠡᠷᠡᠴᠢᠯᠡᠪᠡ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ ᠠᠷᠠᠳ ᠲᠦᠮᠡᠨ᠎ᠤ ᠬᠠᠮᠲᠤ ᠵᠢᠨ ᠦᠢ᠍ᠯᠡᠰ ᠮᠥᠨ᠂ ᠪᠠᠰᠠ ᠴᠤ᠌ ᠠᠶᠤᠯ ᠲᠦᠭᠰᠢᠭᠦᠷᠢ ᠥᠷᠢᠰᠥᠯᠳᠦᠭᠡᠨ ᠵᠶ᠋ᠡᠷ ᠳᠦᠭᠦᠷᠦᠭᠰᠡᠨ᠂ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠭᠠᠷᠭ᠋ᠠᠬᠤ ᠴᠢᠬᠤᠯᠠᠲᠠᠢ ᠠᠤᠭ᠎ᠠ ᠦᠢ᠍ᠯᠡᠰ ᠮᠥᠨ᠃ ᠨᠡᠢ᠌ᠭᠡᠮ ᠵᠢᠷᠤᠮ᠎ᠢ ᠪᠣᠯ ᠠᠵᠢᠯᠯᠠᠵᠤ ᠪᠠᠶ᠋ᠢᠭ᠋ᠠᠳ ᠪᠤᠢ ᠪᠣᠯᠭ᠋ᠠᠭᠰᠠᠨ ᠶᠤᠮ᠂ ᠵᠣᠯ ᠵᠢᠷᠭ᠋ᠠᠯ᠎ᠢ ᠪᠣᠯ ᠲᠡᠮᠡᠴᠡᠵᠦ ᠪᠠᠶ᠋ᠢᠭ᠋ᠠᠳ ᠪᠤᠢ ᠪᠣᠯᠭ᠋ᠠᠭᠰᠠᠨ ᠶᠤᠮ᠂ ᠳᠤᠮᠳᠠᠳᠤ ᠤᠯᠤᠰ᠎ᠤᠨ ᠠᠷᠠᠳ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠤᠮᠳᠠᠳᠤ ᠤᠯᠤᠰ᠎ᠤᠨ ᠬᠥᠭᠵᠢᠯᠲᠡ ᠵᠢᠨ ᠬᠠᠮᠤᠭ᠎ᠤᠨ ᠶᠡᠬᠡ ᠳᠣᠲᠣᠭ᠋ᠠᠳᠤ ᠬᠥᠳᠡᠯᠭᠡᠬᠦ ᠬᠦᠴᠦᠨ ᠮᠥᠨ ᠭᠡᠳᠡᠭ᠎ᠢ ᠡᠷᠬᠡᠪᠰᠢ ᠰᠡᠷᠭᠡᠭ ᠵᠶ᠋ᠡᠷ ᠲᠠᠨᠢᠬᠤ ᠬᠡᠷᠡᠭᠲᠡᠢ᠃ ᠲᠣᠭ᠎ᠠ ᠲᠣᠮᠰᠢ ᠦᠭᠡᠢ ᠤᠯᠠᠨ ᠴᠢᠷᠮᠠᠢ᠌ᠨ ᠲᠡᠮᠡᠴᠡᠭᠰᠡᠨ ᠤᠯᠠ ᠮᠥᠷ᠎ᠢ ᠨᠡᠢ᠌ᠯᠡᠭᠦᠯᠪᠡᠯ ᠳᠠᠷᠤᠢ ᠤᠯᠤᠰ ᠬᠦᠷᠦᠨ᠎ᠤ ᠤᠷᠤᠭᠰᠢᠯᠠᠯᠲᠠ ᠵᠢᠨ ᠡᠷᠡᠰ ᠪᠠᠲᠤ ᠠᠯᠬᠤᠭ᠎ᠠ ᠪᠣᠯᠣᠨ᠎ᠠ; ᠬᠦᠰᠡᠯ ᠵᠡᠭᠦᠳᠦ᠎ᠪᠠᠨ ᠲᠡᠷᠭᠡᠯᠰᠢᠭᠦᠯᠦᠭᠰᠡᠨ ᠲᠣᠭ᠎ᠠ ᠲᠣᠮᠰᠢ ᠦᠭᠡᠢ ᠤᠯᠠᠨ ᠢᠨᠢᠶᠡᠮᠰᠦᠭ ᠴᠢᠷᠠᠢ᠎ᠳᠤ᠂ ᠰᠢᠨ᠎ᠡ ᠴᠠᠭ ᠦᠶ᠎ᠡ ᠵᠢᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠬᠠᠮᠲᠤ᠎ᠪᠠᠷ ᠢᠯᠡᠷᠡᠭᠦᠯᠦᠭᠰᠡᠨ ᠪᠠᠢ᠌ᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠵᠤ᠂ ᠲᠦᠭ ᠲᠦᠮᠡᠨ ᠠᠷᠠᠳ ᠲᠦᠮᠡᠨ᠎ᠤ ᠰᠠᠢ᠍ᠢ᠍ᠨ ᠰᠠᠢ᠌ᠬᠠᠨ ᠵᠣᠯ ᠵᠢᠷᠭ᠋ᠠᠯ᠎ᠢ ᠬᠥᠭᠡᠭᠡᠴᠡᠯᠳᠦᠬᠦ᠎ᠳᠤ ᠭᠡᠭᠡᠨ ᠰᠠᠷᠠᠭᠤᠯ ᠢᠷᠡᠭᠡᠳᠦᠢ ᠵᠢ ᠵᠢᠭ᠋ᠠᠨ ᠥᠭᠴᠦ᠂ ᠢᠷᠠᠭᠤ ᠠᠯᠳᠠᠷᠲᠤ ᠡᠭᠦᠷᠭᠡ ᠵᠢ ᠣᠯᠭᠣᠵᠤ᠂ ᠡᠷᠬᠢᠮ ᠨᠠᠨᠳᠢᠨ ᠠᠵᠠ ᠲᠣᠬᠢᠶᠠᠯ᠎ᠢ ᠬᠠᠩᠭ᠋ᠠᠪᠠ᠃ ᠪᠦᠬᠦ ᠠᠷᠠᠳ ᠲᠦᠮᠡᠨ ᠬᠠᠮᠲᠤ᠎ᠪᠠᠷ ᠣᠷᠣᠯᠴᠠᠬᠤ᠂ ᠬᠠᠮᠲᠤ᠎ᠪᠠᠷ ᠪᠦᠲᠦᠭᠡᠨ ᠪᠠᠢ᠌ᠭᠤᠯᠬᠤ᠂ ᠬᠠᠮᠲᠤ᠎ᠪᠠᠷ ᠡᠳ᠋ᠯᠡᠬᠦ ᠵᠢ ᠪᠠᠷᠢᠮᠲᠠᠯᠠᠵᠤ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠬᠤ ᠴᠤᠭ ᠰᠦᠯᠳᠡ᠎ᠪᠠᠨ ᠪᠠᠳᠠᠷᠠᠭᠤᠯᠵᠤ᠂ ᠡᠭᠦᠷᠢᠳᠡ ᠰᠢᠨᠲᠠᠷᠠᠰᠢ ᠦᠭᠡᠢ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠪᠣᠯᠣᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠳᠦᠷᠰᠦ ᠪᠠᠶ᠋ᠢᠳᠠᠯ ᠵᠶ᠋ᠠᠷ ᠲᠡᠦᠬᠡ ᠵᠢᠨ ᠠᠭᠤᠤ ᠦᠢ᠍ᠯᠡᠰ᠎ᠢ ᠠᠬᠢᠭᠤᠯᠬᠤ᠎ᠳᠤ᠂ 《ᠳᠤᠮᠳᠠᠳᠤ ᠤᠯᠤᠰ᠎ᠤᠨ ᠠᠷᠠᠳ ᠲᠦᠮᠡᠨ ᠯᠠᠪᠲᠠᠢ ᠴᠢᠳᠠᠨ᠎ᠠ᠂ ᠳᠤᠮᠳᠠᠳᠤ ᠤᠯᠤᠰ ᠯᠠᠪᠲᠠᠢ ᠴᠢᠳᠠᠨ᠎ᠠ》᠃
ᠵᠠᠮ᠎ᠤᠨ ᠰᠠᠭ᠋ᠠᠳ ᠤᠯᠠᠨ ᠪᠥᠭᠡᠳ ᠤᠷᠲᠤ ᠪᠣᠯᠪᠠᠴᠤ ᠡᠴᠦᠰ᠎ᠲᠡᠭᠡᠨ ᠬᠦᠷᠴᠦ ᠣᠴᠢᠮᠤᠢ᠃ ᠮᠠᠨ᠎ᠤ ᠣᠷᠣᠰᠢᠵᠤ ᠪᠠᠢ᠌ᠭ᠎ᠠ ᠴᠠᠭ ᠦᠶ᠎ᠡ ᠪᠣᠯ ᠬᠥᠮᠥᠰ᠎ᠢ ᠤᠷᠮᠠᠰᠢᠭᠤᠯᠤᠨ ᠤᠷᠤᠭᠰᠢᠯᠠᠭᠤᠯᠬᠤ ᠠᠭᠤᠤ ᠶᠡᠬᠡ ᠴᠠᠭ ᠦᠶ᠎ᠡ ᠮᠥᠨ᠂ ᠮᠠᠨ᠎ᠤ ᠬᠢᠵᠦ ᠪᠠᠢ᠌ᠭ᠎ᠠ ᠦᠢ᠍ᠯᠡᠰ ᠪᠣᠯ ᠤᠷᠢᠳ ᠡᠮᠦᠨ᠎ᠡ ᠪᠠᠢ᠌ᠭ᠎ᠠ ᠦᠭᠡᠢ ᠠᠭᠤᠤ ᠶᠡᠬᠡ ᠦᠢ᠍ᠯᠡᠰ ᠮᠥᠨ᠂ ᠪᠦᠬᠦ ᠠᠷᠠᠳ ᠲᠦᠮᠡᠨ᠎ᠤ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠶᠡᠬᠡ ᠦᠢ᠍ᠯᠡᠰ᠎ᠢ ᠬᠠᠮᠲᠤ᠎ᠪᠠᠷ ᠪᠦᠲᠦᠭᠡᠬᠦ᠎ᠳᠤ ᠴᠢᠩᠭ᠎ᠠ ᠲᠦᠰᠢᠭᠯᠡᠪᠡᠯ ᠰᠠᠶᠢ ᠰᠢᠨ᠎ᠡ ᠭᠣᠢ᠌ᠳᠠ ᠰᠠᠢ᠌ᠬᠠᠨ ᠦᠢ᠍ᠯᠡᠰ᠎ᠢ ᠪᠦᠲᠦᠭᠡᠵᠦ᠂ ᠰᠦᠷᠯᠢᠭ ᠰᠠᠢ᠌ᠬᠠᠨ ᠢᠷᠠᠭᠤ ᠬᠠᠭᠤᠳᠠᠰᠤ ᠵᠢ ᠪᠢᠴᠢᠭᠯᠡᠵᠦ ᠴᠢᠳᠠᠨ᠎ᠠ᠃ ᠪᠢᠳᠡ ᠰᠢᠨ᠎ᠡ ᠵᠢᠯ᠎ᠤᠨ ᠦᠷ᠎ᠤᠨ ᠲᠤᠶᠠᠭ᠎ᠠ ᠵᠢ ᠤᠭᠲᠤᠨ᠂ 《ᠠᠮᠢ ᠴᠥᠯᠡᠨ ᠲᠡᠮᠡᠴᠡᠬᠦ》 ᠵᠣᠷᠢᠭ ᠰᠠᠨᠠᠭ᠎ᠠ᠂ 《ᠭᠠᠪᠰᠢᠭ᠋ᠠᠢ᠌ᠯᠠᠬᠤ》 ᠡᠷᠴᠢ ᠬᠦᠴᠦᠨ᠂ 《ᠪᠣᠳᠠᠲᠠᠢ》 ᠡᠷᠴᠢ ᠵᠣᠷᠢᠭ ᠵᠶ᠋ᠠᠨ ᠪᠠᠷᠢᠮᠲᠠᠯᠠᠵᠤ᠂ ᠪᠦᠯᠬᠦᠮᠳᠡᠯ ᠵᠶ᠋ᠡᠷ ᠬᠦᠴᠦᠨ ᠵᠶ᠋ᠡᠨ ᠨᠢᠭᠲᠠᠷᠠᠭᠤᠯᠵᠤ᠂ ᠲᠡᠮᠡᠴᠡᠯ ᠵᠶ᠋ᠡᠷ ᠠᠭᠤᠤ ᠦᠢ᠍ᠯᠡᠰ᠎ᠢ ᠴᠣᠭᠴᠠᠯᠠᠶ᠎ᠠ᠃