ᠡᠨᠡ ᠨᠢᠭᠡ ᠵᠢᠯ᠎ᠳᠤ ᠪᠢᠳᠡ ᠢᠲᠡᠭᠡᠯ ᠵᠣᠷᠢᠭᠲᠠᠢ ᠤᠷᠤᠭᠰᠢᠯᠠᠯᠠ
ᠰᠢ ᠵᠢᠨ ᠫᠢᠩ ᠲᠡᠷᠢᠭᠦᠯᠡᠭᠴᠢ ᠵᠢᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠵᠢᠨ ᠰᠡᠩᠬᠡᠷᠡᠭᠦᠯᠦᠯ ④
《ᠡᠨᠡ ᠨᠢᠭᠡ ᠵᠢᠯ᠎ᠳᠤ ᠪᠢᠳᠡ ᠢᠲᠡᠭᠡᠯ ᠵᠣᠷᠢᠭᠲᠠᠢ ᠤᠷᠤᠭᠰᠢᠯᠠᠯᠠ》᠂ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ᠎ᠳᠡᠭᠡᠨ᠂ ᠲᠡᠷᠢᠭᠦᠯᠡᠭᠴᠢ ᠰᠢ ᠵᠢᠨ ᠫᠢᠩ ᠰᠠᠯᠬᠢ ᠪᠣᠷᠣᠭ᠋ᠠᠨ᠎ᠤ ᠳᠠᠪᠲᠠᠯᠲᠠ ᠵᠢ ᠥᠩᠭᠡᠷᠡᠵᠦ ᠦᠯᠡᠮᠵᠢ ᠶᠡᠬᠡ ᠠᠮᠵᠢᠯᠲᠠ᠎ᠲᠠᠢ ᠨᠢᠭᠡ ᠵᠢᠯ ᠵᠶ᠋ᠡᠨ ᠡᠷᠭᠢᠴᠡᠭᠦᠯᠵᠦ᠂ 《ᠳᠤᠮᠳᠠᠳᠤ ᠤᠯᠤᠰ ᠪᠣᠯ ᠨᠢᠭᠡᠨ ᠠᠭᠤᠤ ᠶᠡᠬᠡ ᠤᠯᠤᠰ ᠮᠥᠨ᠂ ᠠᠭᠤᠤ ᠶᠡᠬᠡ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠵᠤ ᠪᠤᠢ》 ᠭᠡᠵᠦ ᠵᠢᠭ᠋ᠠᠨ ᠭᠠᠷᠭ᠋ᠠᠵᠤ᠂ 《ᠠᠤᠭ᠎ᠠ ᠶᠡᠬᠡ ᠳᠤᠮᠳᠠᠳᠤ ᠤᠯᠤᠰ ᠪᠣᠯ ᠥᠨᠢ ᠤᠳᠠᠭ᠋ᠠᠨ ᠲᠡᠦᠬᠡ᠎ᠲᠠᠢ᠂ ᠥᠨᠢᠷ ᠪᠠᠶᠠᠯᠢᠭ ᠪᠣᠯᠪᠠᠰᠤᠨ᠎ᠲᠠᠢ᠂ ᠡᠨᠡ ᠪᠣᠯ ᠮᠠᠨ᠎ᠤ ᠢᠲᠡᠭᠡᠯ᠎ᠤᠨ ᠰᠠᠭᠤᠷᠢ᠂ ᠬᠦᠴᠦᠨ ᠴᠢᠳᠠᠯ᠎ᠤᠨ ᠡᠬᠢ ᠰᠤᠷᠪᠤᠯᠵᠢ ᠮᠥᠨ》 ᠭᠡᠵᠦ ᠴᠢᠬᠤᠯᠠᠴᠢᠯᠠᠪᠠ᠃
ᠳᠤᠮᠳᠠᠳᠤ ᠵᠢᠨ ᠰᠣᠶᠣᠯ ᠪᠣᠯ ᠥᠨᠢ ᠤᠳᠠᠭ᠋ᠠᠨ ᠤᠯᠠᠮᠵᠢᠯᠠᠯ᠎ᠲᠠᠢ᠂ ᠳᠤᠮᠳᠠᠳᠤ ᠵᠢᠨ ᠪᠣᠯᠪᠠᠰᠤᠨ ᠪᠣᠯ ᠥᠷᠭᠡᠨ ᠳᠡᠯᠭᠡᠷ ᠭᠦᠨ ᠭᠦᠨᠵᠡᠭᠡᠢ ᠶᠤᠮ᠃ ᠲᠡᠷᠢᠭᠦᠯᠡᠭᠴᠢ ᠰᠢ ᠵᠢᠨ ᠫᠢᠩ ᠭᠦᠨ ᠰᠡᠳᠬᠢᠯᠭᠡ᠎ᠲᠠᠢ᠎ᠪᠠᠷ᠄ 《ᠡᠨᠡᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ᠡᠯᠡᠰᠦᠨ ᠴᠦᠯ᠎ᠤᠨ ᠥᠨᠥᠴᠢᠨ ᠤᠲᠤᠭ᠎ᠠ᠂ ᠵᠢᠶᠠᠩᠨᠠᠨ᠎ᠤ ᠰᠢᠪᠡᠷᠡᠭᠡ ᠪᠣᠷᠣᠭ᠋ᠠᠨ ᠶᠡᠷᠦ᠎ᠨᠢ ᠬᠥᠮᠥᠰ᠎ᠤᠨ ᠰᠡᠳᠬᠢᠯ᠎ᠢ ᠮᠢᠩᠭ᠋ᠠᠨ ᠵᠢᠯ᠎ᠤᠨ ᠲᠤᠷᠰᠢ ᠳᠣᠭᠳᠣᠯᠤᠭᠤᠯᠵᠤ᠂ ᠰᠡᠳᠬᠢᠯ ᠰᠠᠨᠠᠭ᠎ᠠ ᠵᠢ ᠬᠥᠪᠴᠢᠯᠡᠨ᠎ᠡ; ᠬᠠᠳᠤᠨ ᠭᠣᠣᠯ᠎ᠤᠨ ᠶᠢᠰᠦᠨ ᠲᠣᠬᠣᠢ᠂ ᠬᠥᠬᠡᠮᠥ᠋ᠷᠡᠨ᠎ᠤ ᠳᠠᠪᠠᠯᠭ᠋ᠠᠯᠠᠭᠰᠠᠨ ᠤᠷᠤᠰᠬᠠᠯ᠎ᠨᠢ ᠬᠥᠮᠥᠰ᠎ᠤᠨ ᠰᠡᠳᠬᠢᠯ᠎ᠢ ᠳᠣᠭᠳᠣᠯᠤᠭᠤᠯᠵᠤ᠂ ᠣᠮᠣᠭ ᠵᠣᠷᠢᠭ᠎ᠢ ᠬᠥᠪᠴᠢᠯᠡᠨ᠎ᠡ》 ᠭᠡᠵᠦ ᠵᠢᠭ᠋ᠠᠵᠤ ᠭᠠᠷᠭ᠋ᠠᠪᠠ᠃ ᠦᠨᠳᠦᠰᠦᠨ᠎ᠨᠢ ᠪᠡᠬᠢ ᠪᠣᠯᠪᠠᠰᠤ ᠨᠠᠪᠴᠢ ᠮᠥᠴᠢᠷ᠎ᠨᠢ ᠢᠭᠴᠤ ᠰᠠᠬᠤᠯᠢᠭ; ᠡᠬᠢ ᠰᠤᠷᠪᠤᠯᠵᠢ ᠭᠦᠨ ᠪᠣᠯᠪᠠᠰᠤ ᠭᠡᠷᠡᠯ ᠭᠢᠯᠪᠠᠭ᠎ᠠ ᠰᠠᠴᠤᠷᠠᠮᠤᠢ᠃ ᠥᠩᠭᠡᠷᠡᠭᠰᠡᠨ ᠨᠢᠭᠡ ᠵᠢᠯ᠎ᠳᠤ᠂ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ᠂ ᠪᠦᠬᠦ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ ᠬᠤᠷᠠᠯᠳᠤᠵᠤ᠂ ᠴᠧᠩᠳᠦ᠋ ᠵᠢᠨ ᠣᠶᠤᠲᠠᠳ᠎ᠤᠨ ᠲᠠᠮᠢᠷ᠎ᠤᠨ ᠴᠤᠭᠯᠠᠭ᠋ᠠᠨ᠂ ᠬᠠᠩᠵᠧᠦ ᠵᠢᠨ ᠠᠽᠢᠶ᠎ᠠ ᠲᠢᠪ᠎ᠤᠨ ᠲᠠᠮᠢᠷ᠎ᠤᠨ ᠴᠤᠭᠯᠠᠭ᠋ᠠᠨ᠎ᠳᠤ ᠪᠦᠷ 《ᠳᠤᠮᠳᠠᠳᠤ ᠤᠯᠤᠰ᠎ᠤᠨ ᠮᠠᠶᠢᠭ᠎ᠤᠨ ᠷᠣᠮᠠᠨᠲ᠋ᠢᠭ》᠎ᠢ ᠢᠯᠡᠷᠡᠭᠦᠯᠵᠦ᠂ ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠶ᠋ᠢᠬᠤ ᠢᠨᠵᠧᠨᠧᠷᠢᠩ᠂ 《ᠬᠠᠭᠤᠴᠢ ᠰᠤᠳᠤᠯᠤᠯ᠎ᠤᠨ ᠳᠤᠮᠳᠠᠳᠤ ᠤᠯᠤᠰ》᠎ᠤᠨ ᠴᠢᠬᠤᠯᠠ ᠶᠡᠬᠡ ᠲᠥᠷᠥᠯ ᠵᠦᠢ᠍ᠯ᠎ᠢ ᠭᠦᠨᠵᠡᠭᠡᠢ ᠬᠡᠷᠡᠭᠵᠢᠭᠦᠯᠵᠦ᠂ ᠫᠷᠣᠭ᠌ᠷᠠᠮ 《ᠠᠯᠪᠠᠨ ᠪᠢᠴᠢᠭ ᠵᠶ᠋ᠡᠷ ᠳᠤᠮᠳᠠᠳᠤ ᠵᠢ ᠬᠠᠢ᠌ᠭᠰᠠᠨ᠎ᠨᠢ》᠂ ᠺᠢᠨᠣ᠋ 《ᠴᠠᠩ ᠠᠨ᠎ᠤ ᠭᠤᠷᠪᠠᠨ ᠲᠦᠮᠡᠨ ᠭᠠᠵᠠᠷ》᠂ ᠪᠠᠷᠢᠮᠲᠠᠲᠤ ᠺᠢᠨᠣ᠋ 《ᠳᠤᠮᠳᠠᠳᠤ ᠤᠯᠤᠰ᠎ᠢ ᠣᠢ᠌ᠯᠠᠭ᠋ᠠᠬᠤᠢ》 ᠵᠡᠷᠭᠡ ᠺᠢᠨᠣ᠋ ᠲᠧᠯᠸᠢᠰ᠎ᠤᠨ ᠪᠦᠲᠦᠭᠡᠯ ᠦᠵᠡᠭᠴᠢᠳ᠎ᠤᠨ ᠬᠦᠷᠢᠶᠡᠯᠡᠯ᠎ᠢ ᠶᠡᠬᠡᠳᠡ ᠣᠯᠵᠠᠢ ᠁ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠋ᠠᠨ᠎ᠤ ᠵᠢᠯᠣᠭᠣᠳᠤᠯᠭ᠎ᠠ ᠳᠣᠣᠷ᠎ᠠ᠂ ᠮᠠᠨ᠎ᠤ ᠤᠯᠤᠰ᠎ᠤᠨ ᠰᠣᠶᠣᠯ᠎ᠤᠨ ᠪᠠᠢ᠌ᠭᠤᠯᠤᠯᠲᠠ ᠶᠡᠷᠦ ᠪᠤᠰᠤ ᠵᠢᠨ ᠠᠮᠵᠢᠯᠲᠠ ᠣᠯᠵᠤ᠂ ᠳᠤᠮᠳᠠᠳᠤ ᠵᠢᠨ ᠰᠣᠶᠣᠯ ᠨᠡᠩ ᠶᠡᠬᠡ ᠦᠵᠡᠮᠵᠢ᠎ᠲᠠᠢ ᠪᠣᠯᠵᠤ᠂ ᠳᠤᠮᠳᠠᠳᠤ ᠵᠢᠨ ᠪᠣᠯᠪᠠᠰᠤᠨ ᠨᠡᠩ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠰᠢᠨ᠎ᠡ ᠠᠶᠠᠨ ᠵᠠᠮ᠎ᠳᠠᠭᠠᠨ ᠣᠮᠣᠭ ᠲᠡᠭᠦᠯᠳᠡᠷ᠂ ᠣᠮᠣᠭ ᠵᠣᠷᠢᠭ ᠪᠠᠳᠠᠷᠠᠩᠭᠤᠢ᠂ ᠰᠥᠰᠥ ᠵᠣᠷᠢᠭ ᠡᠷᠡᠰ ᠪᠠᠲᠤ᠂ ᠢᠲᠡᠭᠡᠯ ᠵᠣᠷᠢᠭ ᠲᠡᠭᠦᠯᠳᠡᠷ ᠤᠷᠤᠭᠰᠢᠯᠠᠨᠠᠮ᠃
ᠡᠨᠡᠬᠦ ᠢᠳᠡ ᠬᠦᠴᠦᠨ᠎ᠨᠢ ᠦᠶ᠎ᠡ ᠤᠯᠠᠷᠢᠨ ᠣᠷᠣᠰᠢᠨ ᠲᠣᠭᠲᠠᠨᠢᠬᠤ ᠠᠭᠤᠤ ᠶᠡᠬᠡ ᠪᠣᠯᠪᠠᠰᠤᠨ᠎ᠠᠴᠠ ᠢᠷᠡᠯᠲᠡ᠎ᠲᠠᠢ ᠶᠤᠮ᠃ ᠯᠢᠶᠠᠩ ᠵᠦ᠍᠂ ᠡᠯ ᠯᠢ ᠲᠧᠦ ᠵᠢᠨ ᠪᠣᠯᠪᠠᠰᠤᠨ᠎ᠤ ᠦᠷ᠎ᠤᠨ ᠲᠤᠶᠠᠭ᠎ᠠ᠂ ᠶᠢᠨ ᠤᠯᠤᠰ᠎ᠤᠨ ᠪᠠᠭᠤᠷᠢ ᠵᠢᠨ ᠶᠠᠰᠤᠨ ᠳᠡᠭᠡᠷᠡᠬᠢ ᠦᠰᠦᠭ ᠪᠢᠴᠢᠭ᠎ᠤᠨ ᠤᠯᠠᠮᠵᠢᠯᠠᠯ᠂ ᠰᠠᠨ ᠰᠢᠩ ᠳ᠋ᠦᠢ ᠵᠢᠨ ᠰᠣᠶᠣᠯ᠎ᠤᠨ ᠦᠨᠡᠲᠦ ᠡᠷᠳᠡᠨᠢ᠂ ᠤᠯᠤᠰ᠎ᠤᠨ ᠬᠡᠪᠯᠡᠯ᠎ᠤᠨ ᠣᠷᠳᠣᠨ᠎ᠤ ᠰᠣᠶᠣᠯ᠎ᠤᠨ ᠰᠤᠳᠠᠰᠤ ᠵᠢᠨ ᠦᠷᠭᠦᠯᠵᠢᠯᠡᠯ᠎ᠨᠢ ᠳᠤᠮᠳᠠᠳᠤ ᠵᠢᠨ ᠪᠣᠯᠪᠠᠰᠤᠨ᠎ᠤ ᠤᠯᠠᠮ᠎ᠠᠴᠠ ᠤᠯᠠᠮ ᠰᠢᠨᠡᠳᠴᠦ ᠪᠠᠶ᠋ᠢᠬᠤ ᠵᠢ ᠭᠡᠷᠡᠴᠢᠯᠡᠭᠰᠡᠨ ᠵᠶ᠋ᠡᠷ ᠪᠠᠷᠠᠬᠤ ᠦᠭᠡᠢ᠂ ᠨᠡᠩ ᠴᠤ᠌ ᠴᠤᠭ ᠪᠠᠳᠠᠷᠠᠩᠭᠤᠢ ᠰᠣᠶᠣᠯ᠎ᠤᠨ ᠢᠲᠡᠭᠡᠯ᠎ᠢ ᠬᠥᠪᠴᠢᠯᠡᠵᠦ ᠪᠠᠢ᠌ᠨ᠎ᠠ᠃ ᠠᠯᠢ ᠤᠯᠠᠨ ᠭᠣᠢ᠌ᠳᠠ ᠰᠠᠢ᠌ᠬᠠᠨ ᠤᠷᠠᠨ ᠰᠠᠢ᠌ᠬᠠᠨ᠎ᠤ ᠲᠣᠭᠯᠠᠯᠲᠠ᠎ᠨᠢ ᠳᠡᠯᠡᠬᠡᠢ ᠳ᠋ᠠᠬᠢᠨ᠎ᠳᠤ ᠳᠤᠮᠳᠠᠳᠤ ᠵᠢᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠮᠡᠳᠡᠷᠡᠭᠦᠯᠵᠦ᠂ ᠦᠯᠡᠮᠵᠢ ᠤᠯᠠᠨ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠳ ᠭᠠᠳᠠᠭ᠋ᠠᠳᠤ ᠵᠢᠨ ᠦᠵᠡᠭᠴᠢᠳ᠎ᠢ ᠭᠠᠢ᠌ᠬᠠᠰᠢ ᠠᠯᠳᠠᠭᠤᠯᠵᠤ᠂ ᠦᠶ᠎ᠡ ᠤᠯᠠᠷᠢᠨ ᠤᠯᠠᠮᠵᠢᠯᠠᠭᠳᠠᠵᠤ ᠢᠷᠡᠭᠰᠡᠨ ᠡᠷᠲᠡᠨ᠎ᠤ ᠤᠷ᠎ᠠ ᠮᠡᠷᠭᠡᠵᠢᠯ᠎ᠤᠳ ᠨᠡᠩ ᠥᠷᠭᠡᠨ ᠠᠭᠤᠳᠠᠮ ᠳᠡᠯᠡᠬᠡᠢ ᠵᠢᠨ ᠵᠠᠬ᠎ᠠ ᠳᠡᠯᠭᠡᠭᠦᠷ᠎ᠲᠤ ᠣᠷᠣᠵᠤ ᠢᠷᠡᠬᠦ ᠦᠶ᠎ᠡ᠎ᠳᠤ ᠁ ᠲᠦᠭ ᠲᠦᠮᠡᠨ ᠳᠤᠮᠳᠠᠳᠤ ᠵᠢᠨ ᠬᠥᠪᠡᠭᠦᠳ ᠥᠬᠢᠳ᠎ᠤᠨ ᠰᠡᠳᠬᠢᠯ᠎ᠤᠨ ᠭᠦᠨ᠎ᠳᠠᠬᠢ ᠮᠡᠳᠡᠷᠡᠯ᠂ ᠢᠲᠡᠭᠡᠯ ᠪᠠ ᠣᠮᠣᠭᠰᠢᠯ᠎ᠨᠢ ᠰᠡᠳᠬᠢᠯ ᠵᠶ᠋ᠡᠨ ᠨᠢᠭᠡᠳᠬᠡᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠰᠦᠷ ᠳᠠᠯᠠᠢ᠌ᠴᠠᠲᠠᠢ ᠬᠦᠴᠦᠨ ᠪᠣᠯᠣᠨ ᠨᠢᠭᠲᠠᠷᠠᠨᠠ᠃ ᠢᠷᠡᠭᠡᠳᠦᠢ ᠵᠢ ᠰᠡᠩᠬᠡᠷᠡᠭᠦᠯᠦᠨ᠎ᠡ ᠭᠡᠳᠡᠭ᠎ᠢ ᠲᠡᠦᠬᠡ ᠣᠲᠣ᠎ᠳᠤ ᠬᠡᠯᠡᠵᠦ ᠥᠭᠪᠡ᠄ ᠳᠤᠮᠳᠠᠳᠤ ᠵᠢᠨ ᠪᠣᠯᠪᠠᠰᠤᠨ ᠬᠡᠳᠦᠨ ᠮᠢᠩᠭ᠋ᠠᠨ ᠵᠢᠯ᠎ᠢ ᠥᠩᠭᠡᠷᠡᠭᠡᠭᠡᠳ ᠲᠠᠰᠤᠷᠠᠰᠢ ᠦᠭᠡᠢ ᠦᠷᠭᠦᠯᠵᠢᠯᠡᠵᠦ᠂ ᠵᠣᠪᠠᠭᠤᠷᠢ ᠵᠦᠳᠡᠭᠦᠷᠢ ᠵᠢ ᠣᠯᠠᠨᠲᠠ ᠠᠮᠰᠠᠭᠰᠠᠨ ᠪᠣᠯᠪᠠᠴᠤ ᠪᠠᠭᠤᠷᠠᠰᠢ ᠦᠭᠡᠢ ᠶᠤᠮ᠂ ᠡᠨᠡ ᠪᠣᠯ ᠬᠥᠮᠥᠨ ᠲᠥᠷᠥᠯᠬᠢᠲᠡᠨ᠎ᠤ ᠪᠣᠯᠪᠠᠰᠤᠨ᠎ᠤ ᠭᠠᠶ᠋ᠢᠬᠠᠮᠰᠢᠭ᠂ ᠮᠥᠨᠴᠦ ᠪᠢᠳᠡᠨ᠎ᠤ ᠢᠲᠡᠭᠡᠯ ᠵᠣᠷᠢᠭ᠎ᠤᠨ ᠢᠳᠡ ᠬᠦᠴᠦᠨ ᠮᠥᠨ; ᠡᠨᠡ ᠪᠣᠯ ᠬᠥᠮᠥᠨ ᠲᠥᠷᠥᠯᠬᠢᠲᠡᠨ᠎ᠤ ᠪᠣᠯᠪᠠᠰᠤᠨ᠎ᠤ ᠭᠠᠶ᠋ᠢᠬᠠᠮᠰᠢᠭ᠂ ᠮᠥᠨ ᠴᠦ᠍ ᠪᠢᠳᠡᠨ᠎ᠤ ᠢᠲᠡᠭᠡᠯ ᠵᠣᠷᠢᠭ᠎ᠤᠨ ᠢᠳᠡ ᠬᠦᠴᠦᠨ ᠮᠥᠨ; 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠨᠢᠭᠲᠠᠷᠠᠯ᠎ᠤᠨ ᠬᠦᠴᠦᠨ ᠡᠢ᠌ᠮᠦ ᠴᠢᠩᠭ᠎ᠠ ᠪᠠᠢ᠌ᠭ᠎ᠠ ᠵᠢᠨ ᠰᠢᠯᠲᠠᠭ᠋ᠠᠨ᠎ᠨᠢ ᠳᠠᠷᠤᠢ ᠪᠢᠳᠡᠨ᠎ᠳᠤ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠵᠢᠨ ᠰᠣᠶᠣᠯ᠂ ᠳᠤᠮᠳᠠᠳᠤ ᠵᠢᠨ ᠵᠣᠷᠢᠭ ᠰᠠᠨᠠᠭ᠎ᠠ᠎ᠲᠠᠢ ᠪᠠᠢ᠌ᠭ᠎ᠠ᠎ᠳᠤ ᠣᠷᠣᠰᠢᠨ᠎ᠠ!
ᠡᠨᠡᠬᠦ ᠬᠦᠴᠦᠨ ᠴᠢᠳᠠᠯ᠎ᠨᠢ ᠡᠷᠡᠰ ᠭᠤᠶ᠋ᠢᠪᠢᠰᠢ ᠦᠭᠡᠢ᠎ᠪᠠᠷ 《ᠥᠪᠡᠷ᠎ᠤᠨ ᠵᠠᠮ ᠵᠶ᠋ᠠᠷ ᠵᠶ᠋ᠠᠨ ᠵᠠᠮᠨᠠᠬᠤ》᠎ᠠᠴᠠ ᠢᠷᠡᠯᠲᠡ᠎ᠲᠠᠢ ᠶᠤᠮ᠃ ᠥᠨᠥᠳᠥᠷ᠂ ᠪᠢᠳᠡ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠵᠤ ᠪᠠᠢ᠌ᠨ᠎ᠠ᠃ ᠡᠨᠡᠬᠦ ᠴᠤᠷ᠎ᠤᠨ ᠭᠠᠭᠴᠠ ᠵᠥᠪ ᠰᠠᠷᠠᠭᠤᠯ ᠳᠠᠷᠳᠠᠩ ᠵᠠᠮ ᠵᠶ᠋ᠠᠷ ᠶᠡᠬᠡ ᠠᠯᠬᠤᠮ ᠵᠶ᠋ᠠᠷ ᠤᠷᠤᠭᠰᠢᠯᠠᠪᠠᠯ᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠠᠴᠠ ᠳᠤᠮᠳᠠᠳᠤ ᠵᠢᠨ ᠪᠣᠯᠪᠠᠰᠤᠨ᠎ᠳᠤ ᠣᠲᠣ ᠦᠶ᠎ᠡ ᠵᠢᠨ ᠬᠦᠴᠦᠨ ᠣᠯᠭᠣᠵᠤ᠂ ᠳᠤᠮᠳᠠᠳᠤ ᠵᠢᠨ ᠪᠣᠯᠪᠠᠰᠤᠨ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠭᠦᠨ ᠵᠤᠵᠠᠭ᠋ᠠᠨ ᠦᠨᠳᠦᠰᠦ ᠰᠠᠭᠤᠷᠢ ᠣᠯᠭᠣᠨ᠎ᠠ》 ᠭᠡᠳᠡᠭ᠎ᠢ ᠪᠢᠳᠡ ᠭᠦᠨᠵᠡᠭᠡᠢ ᠣᠢ᠌ᠯᠠᠭ᠋ᠠᠵᠤ᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠵᠢᠨ ᠦᠨᠳᠦᠰᠦᠲᠡᠨ᠎ᠤ ᠬᠠᠭᠤᠴᠢᠨ ᠤᠯᠤᠰ᠎ᠤᠨ ᠰᠢᠨ᠎ᠡ ᠬᠤᠪᠢ ᠵᠠᠶᠠᠭ᠎ᠠ ᠮᠥᠨ᠂ ᠳᠤᠮᠳᠠᠳᠤ ᠵᠢᠨ ᠪᠣᠯᠪᠠᠰᠤᠨ᠎ᠤ ᠢᠷᠠᠭᠤ ᠠᠯᠳᠠᠷ ᠵᠶ᠋ᠠᠨ ᠲᠠᠬᠢᠨ ᠮᠠᠨᠳᠤᠭᠤᠯᠬᠤ ᠵᠢ ᠠᠬᠢᠭᠤᠯᠬᠤ᠎ᠨᠢ ᠯᠠᠪᠲᠠᠢ ᠶᠤᠮ》 ᠭᠡᠵᠦ ᠪᠠᠲᠤ ᠢᠲᠡᠭᠡᠵᠦ ᠪᠤᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠵᠦᠢ᠍ᠷᠯᠡᠰᠢ ᠦᠭᠡᠢ ᠥᠷᠭᠡᠨ ᠠᠭᠤᠳᠠᠮ ᠲᠠᠪᠴᠠᠩ᠎ᠲᠠᠢ᠂ ᠵᠦᠢ᠍ᠷᠯᠡᠰᠢ ᠦᠭᠡᠢ ᠭᠦᠨ ᠵᠤᠵᠠᠭ᠋ᠠᠨ ᠲᠡᠦᠬᠡ ᠵᠢᠨ ᠠᠭᠤᠯᠤᠭᠳᠠᠬᠤᠨ᠎ᠲᠠᠢ᠂ ᠵᠦᠢ᠍ᠷᠯᠡᠰᠢ ᠦᠭᠡᠢ ᠬᠦᠴᠦᠷᠬᠡᠭ ᠶᠡᠬᠡ ᠤᠷᠤᠭᠰᠢᠯᠠᠯᠲᠠ ᠵᠢᠨ ᠲᠣᠭᠲᠠᠯ ᠬᠦᠴᠦᠨ᠎ᠲᠠᠢ ᠶᠤᠮ᠃ ᠵᠥᠪ ᠵᠠᠮ ᠵᠶ᠋ᠠᠷ ᠶᠠᠪᠤᠳᠠᠭ ᠯᠠ ᠶᠤᠮ ᠪᠣᠯ ᠬᠣᠯᠠ ᠶᠠᠪᠤᠬᠤ᠎ᠠᠴᠠ ᠠᠶᠤᠬᠤ ᠦᠭᠡᠢ ᠶᠤᠮ᠃ ᠰᠢᠯᠢᠳᠡᠭ ᠤᠯᠠᠮᠵᠢᠯᠠᠯᠲᠤ ᠰᠣᠶᠣᠯ᠎ᠢ ᠤᠮᠳᠠᠯᠠᠭᠰᠠᠨ ᠳᠤᠮᠳᠠᠳᠤ ᠵᠢᠨ ᠡᠬᠡ ᠭᠠᠵᠠᠷ᠎ᠲᠤ ᠵᠣᠭᠰᠣᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠠᠤᠭ᠎ᠠ ᠬᠦᠴᠦᠨ᠎ᠢ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ᠎ᠤ ᠦᠨᠡᠨ ᠶᠣᠰᠣ ᠵᠢ ᠠᠳᠬᠤᠵᠤ᠂ ᠬᠥᠮᠥᠨ᠎ᠤ ᠶᠢᠷᠲᠢᠨᠴᠦ ᠵᠢᠨ ᠲᠥᠪ ᠶᠣᠰᠣᠨ᠎ᠳᠤ ᠬᠥᠯ ᠭᠢᠰᠬᠢᠵᠦ᠂ ᠪᠣᠯᠪᠠᠰᠤᠨ᠎ᠤ ᠭᠡᠷᠡᠯ ᠭᠢᠯᠪᠠᠭ᠎ᠠ ᠵᠢ ᠤᠮᠳᠠᠯᠠᠵᠤ᠂ ᠪᠢᠳᠡᠨ᠎ᠳᠤ ᠢᠲᠡᠭᠡᠯ ᠵᠣᠷᠢᠭ ᠲᠡᠭᠦᠯᠳᠡᠷ᠂ ᠬᠦᠴᠦᠨ ᠴᠢᠳᠠᠯ ᠲᠡᠭᠦᠯᠳᠡᠷ ᠪᠠᠢ᠌ᠨ᠎ᠠ᠃
《ᠰᠠᠷᠠᠭᠤᠯ ᠳᠠᠷᠳᠠᠩ ᠵᠠᠮ ᠪᠣᠯ ᠲᠡᠭᠰᠢ ᠲᠠᠯ᠎ᠠ ᠭᠡᠰᠡᠨ ᠶᠠᠪᠤᠳᠠᠯ ᠪᠢᠰᠢ》 ᠢᠷᠡᠭᠡᠳᠦᠢ᠎ᠳᠤ ᠬᠠᠨᠳᠤᠵᠤ᠂ ᠥᠪᠡᠷ᠎ᠤᠨ ᠬᠦᠴᠦ᠎ᠪᠠᠷ ᠵᠶ᠋ᠡᠨ ᠳᠡᠭᠵᠢᠷᠡᠬᠦ ᠰᠥᠰᠥ ᠵᠣᠷᠢᠭ᠎ᠢ ᠪᠤᠢ ᠪᠣᠯᠭ᠋ᠠᠵᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠰᠥᠰᠥ ᠵᠣᠷᠢᠭ᠎ᠢ ᠬᠥᠪᠴᠢᠯᠡᠵᠦ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠢᠳᠡ ᠬᠦᠴᠦᠨ᠎ᠢ ᠨᠡᠮᠡᠭᠳᠡᠭᠦᠯᠵᠦ᠂ ᠢᠲᠡᠭᠡᠯ ᠵᠣᠷᠢᠭ ᠵᠶ᠋ᠠᠨ ᠪᠠᠲᠤᠳᠬᠠᠵᠤ ᠤᠷᠤᠭᠰᠢᠯᠠᠯᠲᠠ ᠵᠢᠨ ᠬᠥᠳᠡᠯᠭᠡᠬᠦ ᠬᠦᠴᠦᠨ᠎ᠢ ᠬᠥᠭᠵᠢᠭᠡᠵᠦ᠂ ᠰᠢᠷᠭ᠋ᠠᠭᠤ ᠬᠠᠲᠠᠭᠤᠵᠢᠯᠲᠠᠢ ᠲᠡᠮᠡᠴᠡᠯ᠎ᠳᠤ ᠲᠦᠰᠢᠭᠯᠡᠨ ᠠᠵᠢᠯ ᠦᠢ᠍ᠯᠡᠰ᠎ᠤᠨ ᠬᠥᠭᠵᠢᠯᠲᠡ ᠵᠢᠨ ᠰᠢᠨ᠎ᠡ ᠣᠷᠣᠨ ᠵᠠᠢ ᠵᠢ ᠨᠡᠭᠡᠭᠡᠪᠡᠯ ᠰᠠᠶᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠲᠥᠰᠥᠪ᠎ᠢ ᠠᠯᠬᠤᠮ ᠠᠯᠬᠤᠮ ᠵᠶ᠋ᠠᠷ ᠰᠠᠢ᠍ᠢ᠍ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠵᠤ ᠴᠢᠳᠠᠨ᠎ᠠ᠃ ᠤᠯᠤᠰ ᠬᠦᠷᠦᠨ᠎ᠤ ᠰᠦᠭ ᠰᠦᠨᠡᠰᠦ ᠵᠢ ᠰᠣᠶᠣᠯ ᠵᠶ᠋ᠠᠷ ᠬᠠᠢ᠌ᠯᠤᠭᠤᠯᠵᠤ᠂ ᠰᠣᠶᠣᠯ ᠵᠶ᠋ᠠᠷ ᠱᠤᠭᠤᠮ᠎ᠢ ᠴᠣᠭᠴᠠᠯᠠᠨ᠎ᠠ᠃ ᠰᠢᠨ᠎ᠡ ᠠᠶᠠᠨ ᠵᠠᠮ᠎ᠳᠠᠭᠠᠨ᠂ ᠪᠢᠳᠡ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ᠂ ᠨᠡᠭᠡᠭᠡᠯᠲᠡᠲᠡᠢ ᠪᠠᠭᠲᠠᠭ᠋ᠠᠮᠵᠢᠲᠠᠢ ᠪᠠᠶ᠋ᠢᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠪᠦᠬᠦ ᠦᠨᠳᠦᠰᠦᠲᠡᠨ᠎ᠤ ᠰᠣᠶᠣᠯ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠲᠡᠦᠬᠡ ᠵᠢᠨ ᠰᠢᠨ᠎ᠡ ᠭᠠᠷᠤᠭ᠎ᠠ ᠳᠡᠭᠡᠷ᠎ᠡ ᠰᠣᠶᠣᠯ᠎ᠤᠨ ᠴᠡᠴᠡᠭᠯᠡᠯᠲᠡ ᠵᠢ ᠦᠷᠭᠦᠯᠵᠢᠯᠡᠨ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠢ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠢ ᠪᠠᠢ᠌ᠭᠤᠯᠵᠤ᠂ ᠮᠠᠨ᠎ᠤ ᠡᠨᠡ ᠬᠦ᠌ ᠴᠠᠭ ᠦᠶ᠎ᠡ᠎ᠳᠤ ᠬᠠᠷᠢᠶᠠᠯᠠᠭᠳᠠᠬᠤ ᠰᠢᠨ᠎ᠡ ᠰᠣᠶᠣᠯ᠎ᠢ ᠬᠠᠮᠲᠤ᠎ᠪᠠᠷ ᠴᠢᠷᠮᠠᠢ᠌ᠨ ᠡᠭᠦᠳᠴᠦ᠂ ᠳᠤᠮᠳᠠᠳᠤ ᠤᠯᠤᠰ᠎ᠤᠨ ᠠᠷᠠᠳ ᠲᠦᠮᠡᠨ᠎ᠤ ᠤᠷᠤᠭᠰᠢᠯᠠᠯᠲᠠ ᠵᠢᠨ ᠬᠥᠳᠡᠯᠭᠡᠬᠦ ᠬᠦᠴᠦᠨ᠎ᠢ ᠨᠡᠩ ᠬᠦᠴᠦᠷᠬᠡᠭᠵᠢᠭᠦᠯᠵᠦ᠂ ᠲᠡᠮᠡᠴᠡᠯ᠎ᠤᠨ ᠵᠣᠷᠢᠭ ᠰᠠᠨᠠᠭ᠎ᠠ ᠵᠢ ᠨᠡᠩ ᠪᠠᠳᠠᠷᠠᠭᠤᠯᠤᠨ᠂ ᠵᠠᠪᠠᠯ ᠢᠯᠠᠬᠤ ᠢᠲᠡᠭᠡᠯ ᠵᠣᠷᠢᠭ᠎ᠢ ᠨᠡᠩ ᠪᠠᠲᠤᠳᠬᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠦᠴᠦᠨ ᠴᠢᠳᠠᠯ᠎ᠢ ᠨᠡᠮᠡᠷᠢᠯᠡᠬᠦ ᠬᠡᠷᠡᠭᠲᠡᠶ᠃
ᠣᠲᠣ ᠦᠶ᠎ᠡ ᠵᠢᠨ ᠳᠤᠮᠳᠠᠳᠤ ᠤᠯᠤᠰ᠎ᠲᠤ ᠠᠭᠤᠯᠠ ᠤᠰᠤ ᠰᠦᠷᠯᠢᠭ ᠰᠠᠢ᠌ᠬᠠᠨ᠂ ᠠᠷᠠᠳ ᠲᠦᠮᠡᠨ ᠣᠮᠣᠭ ᠲᠡᠭᠦᠯᠳᠡᠷ᠂ ᠠᠯᠤᠰ ᠬᠡᠲᠦ ᠵᠢᠨ ᠢᠷᠡᠭᠡᠳᠦᠢ᠎ᠲᠠᠢ ᠶᠤᠮ᠃ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠣᠯᠣᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ ᠪᠤᠴᠠᠰᠢ ᠦᠭᠡᠢ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ ᠵᠠᠮ ᠵᠶ᠋ᠠᠷ ᠣᠮᠣᠭ ᠵᠣᠷᠢᠭ ᠪᠠᠳᠠᠷᠠᠩᠭᠤᠢ᠎ᠪᠠᠷ ᠤᠷᠤᠭᠰᠢᠯᠠᠵᠤ ᠪᠠᠢ᠌ᠨ᠎ᠠ᠃ ᠪᠡᠶ᠎ᠡ᠎ᠳᠡᠭᠡᠨ ᠢᠲᠡᠭᠡᠯ᠎ᠲᠠᠢ ᠥᠪᠡᠷ᠎ᠢ᠎ᠪᠠᠨ ᠬᠦᠴᠦᠷᠬᠡᠭᠵᠢᠭᠦᠯᠬᠦ ᠣᠶᠤᠨ ᠰᠠᠨᠠᠭ᠋ᠠᠨ᠎ᠤ ᠬᠦᠴᠦᠨ ᠴᠢᠳᠠᠯ᠎ᠢ ᠬᠥᠭᠵᠢᠭᠡᠵᠦ᠂ ᠴᠡᠭᠡᠵᠢ ᠲᠡᠨᠢᠢ᠍ᠨ ᠡᠷᠡᠯᠬᠡᠭᠯᠡᠨ ᠤᠷᠤᠭᠰᠢᠯᠠᠪᠠᠯ᠂ ᠪᠢᠳᠡ ᠯᠠᠪᠳᠠᠶ᠎ᠠ ᠰᠣᠶᠣᠯ᠎ᠤᠨ ᠰᠢᠨ᠎ᠡ ᠡᠭᠦᠷᠭᠡ ᠵᠢ ᠨᠡᠩ ᠰᠠᠶ᠋ᠢᠲᠤᠷ ᠡᠭᠦᠷᠭᠡᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠢ ᠪᠠᠢ᠌ᠭᠤᠯᠵᠤ᠂ ᠳᠤᠮᠳᠠᠳᠤ ᠵᠢᠨ ᠰᠣᠶᠣᠯ᠎ᠤᠨ ᠬᠥᠭᠵᠢᠯ ᠴᠡᠴᠡᠭᠯᠡᠯ᠎ᠤᠨ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠤᠭᠲᠤᠨ ᠠᠪᠴᠢᠷᠠᠵᠤ ᠴᠢᠳᠠᠬᠤ ᠶᠤᠮ᠃