ᠵᠠᠯᠠᠢ᠌ᠳ ᠬᠣᠰᠢᠭᠤᠨ᠎ᠤ ᠱᠠᠨ ᠱᠦᠢ ᠱᠦᠢ᠍ᠨᠢ ᠵᠢᠨ ᠬᠢᠵᠠᠭ᠋ᠠᠷᠲᠤ ᠺᠣᠮᠫᠠᠨᠢ ᠲᠣᠭᠲᠠᠭ᠋ᠠᠯ ᠶᠣᠰᠣᠭ᠋ᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠰᠠᠷ᠎ᠠ ᠵᠢᠨ ᠭᠦᠢ᠍ᠴᠡᠳᠬᠡᠬᠦ ᠮᠡᠳᠡᠭᠦᠯᠦᠯᠲᠡ᠎ᠪᠠᠨ ᠲᠤᠰᠢᠶᠠᠭᠰᠠᠨ ᠦᠭᠡᠢ ᠬᠡᠷᠡᠭ
[ᠬᠡᠷᠡᠭ᠎ᠤᠨ ᠲᠣᠪᠴᠢ ᠲᠠᠨᠢᠯᠴᠠᠭᠤᠯᠭ᠎ᠠ]
2023 ᠣᠨ᠎ᠤ 8 ᠰᠠᠷ᠎ᠠ ᠵᠢᠨ 25᠎ᠤ ᠡᠳᠦᠷ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠯᠠᠢ᠌ᠳ ᠬᠣᠰᠢᠭᠤᠨ᠎ᠤ ᠬᠤᠪᠢᠶᠠᠷᠢ ᠲᠣᠪᠴᠢᠶ᠎ᠠ ᠵᠢᠨ ᠬᠠᠤᠯᠢ ᠬᠡᠷᠡᠭᠵᠢᠭᠦᠯᠬᠦ ᠠᠵᠢᠯᠲᠠᠨ ᠵᠥᠪ ᠲᠠᠯ᠎ᠠ ᠵᠢᠨ ᠨᠠᠷᠢᠨ ᠳᠠᠩᠰᠠ ᠵᠢᠨ ᠠᠵᠤ ᠠᠬᠤᠢ᠌ᠯᠠᠯ᠎ᠤᠨ ᠲᠤᠬᠠᠢ ᠵᠢᠨ ᠲᠠᠯᠠᠪᠤᠷ᠎ᠤᠨ ᠪᠤᠰᠤ ᠪᠠᠢ᠌ᠴᠠᠭ᠋ᠠᠯᠲᠠ ᠬᠢᠵᠦ᠂ 《ᠪᠥᠬᠥ ᠤᠯᠤᠰ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ》᠎ᠢ ᠠᠰᠢᠭᠯᠠᠨ ᠪᠠᠢ᠌ᠴᠠᠭ᠋ᠠᠯᠲᠠ ᠬᠢᠬᠦ᠎ᠳᠡᠭᠡᠨ᠂ ᠵᠠᠯᠠᠢ᠌ᠳ ᠬᠣᠰᠢᠭᠤᠨ᠎ᠤ ᠱᠠᠨ ᠱᠦᠢ ᠱᠦᠢ᠍ᠨᠢ ᠵᠢᠨ ᠬᠢᠵᠠᠭ᠋ᠠᠷᠲᠤ ᠺᠣᠮᠫᠠᠨᠢ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ 《ᠪᠥᠬᠥ ᠤᠯᠤᠰ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ》 ᠳᠡᠭᠡᠷ᠎ᠡ ᠰᠠᠷ᠎ᠠ ᠵᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠡᠷᠡᠭᠵᠢᠭᠦᠯᠦᠯᠲᠡ ᠵᠢᠨ ᠮᠡᠳᠡᠭᠦᠯᠦᠯᠲᠡ᠎ᠪᠠᠨ ᠲᠤᠰᠢᠶᠠᠭᠰᠠᠨ ᠦᠭᠡᠢ ᠪᠠᠶ᠋ᠢᠬᠤ ᠵᠢ ᠣᠯᠵᠤ ᠮᠠᠲᠠᠵᠠᠢ᠃ ᠲᠣᠰ ᠺᠣᠮᠫᠠᠨᠢ ᠵᠢᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ 2023 ᠣᠨ᠎ᠤ 8 ᠰᠠᠷ᠎ᠠ ᠵᠢᠨ 25᠎ᠤ ᠡᠳᠦᠷ ᠬᠡᠷᠡᠭ ᠪᠣᠯᠭ᠋ᠠᠨ ᠳᠡᠩᠰᠡᠯᠡᠵᠦ ᠪᠠᠢ᠌ᠴᠠᠭ᠋ᠠᠬᠤ ᠵᠢᠨ ᠬᠠᠮᠲᠤ ᠲᠣᠰ ᠺᠣᠮᠫᠠᠨᠢ ᠵᠢ 3 ᠠᠵᠢᠯᠯᠠᠬᠤ ᠡᠳᠦᠷ᠎ᠤᠨ ᠳᠣᠲᠣᠷ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠰᠠᠷ᠎ᠠ ᠵᠢᠨ ᠭᠦᠢ᠍ᠴᠡᠳᠬᠡᠬᠦ ᠮᠡᠳᠡᠭᠦᠯᠦᠯᠲᠡ ᠵᠢ ᠨᠥᠬᠥᠨ ᠳᠠᠮᠵᠢᠭᠤᠯᠬᠤ ᠠᠵᠢᠯ᠎ᠢ ᠪᠡᠶᠡᠯᠡᠭᠦᠯᠬᠦ ᠬᠡᠷᠡᠭᠲᠡᠶ ᠭᠡᠵᠦ ᠵᠠᠷᠯᠢᠭᠳᠠᠵᠠᠢ᠃
[ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
ᠲᠤᠰ ᠺᠣᠮᠫᠠᠨᠢ ᠵᠢᠨ ᠲᠣᠭᠲᠠᠭ᠋ᠠᠯ ᠶᠣᠰᠣᠭ᠋ᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠰᠠᠷ᠎ᠠ ᠵᠢᠨ ᠭᠦᠢ᠍ᠴᠡᠳᠬᠡᠬᠦ ᠮᠡᠳᠡᠭᠦᠯᠦᠯᠲᠡ᠎ᠪᠠᠨ ᠲᠤᠰᠢᠶᠠᠭᠰᠠᠨ ᠦᠭᠡᠢ ᠠᠵᠢᠯᠯᠠᠭ᠎ᠠ᠎ᠨᠢ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》᠎ᠤᠨ ᠬᠣᠷᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》᠎ᠤᠨ ᠭᠤᠴᠢᠨ ᠳᠣᠯᠣᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠎ᠤᠨ ᠲᠣᠭᠲᠠᠭ᠋ᠠᠯ ᠶᠣᠰᠣᠭ᠋ᠠᠷ᠂ ᠲᠣᠰ ᠺᠣᠮᠫᠠᠨᠢ ᠵᠢ 0.5 ᠲᠦᠮᠡᠨ ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠪᠡᠯ ᠵᠣᠬᠢᠨ᠎ᠠ᠂ ᠲᠣᠰ ᠺᠣᠮᠫᠠᠨᠢ ᠪᠣᠯ ᠵᠥᠪ ᠲᠠᠯ᠎ᠠ ᠵᠢᠨ ᠲᠣᠳᠣᠷᠬᠠᠢ ᠳᠠᠩᠰᠠ ᠵᠢᠨ ᠠᠵᠤ ᠠᠬᠤᠢ᠌ᠯᠠᠯ᠎ᠳᠤ ᠬᠠᠷᠢᠶᠠᠯᠠᠭᠳᠠᠬᠤ ᠪᠥᠭᠡᠳ ᠴᠠᠭ ᠲᠤᠬᠠᠢᠳᠤᠨᠢ ᠴᠡᠭᠴᠡᠯᠡᠨ ᠥᠭᠡᠷᠡᠴᠢᠯᠡᠭᠰᠡᠨ ᠪᠠᠶ᠋ᠢᠳᠠᠯ᠎ᠢ ᠦᠨᠳᠦᠰᠦᠯᠡᠨ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠠᠮᠲᠤ᠎ᠪᠠᠷ ᠶᠠᠷᠢᠯᠴᠠᠭᠰᠠᠨ᠎ᠤ ᠳᠠᠷᠠᠭ᠎ᠠ᠂ ᠲᠣᠰ ᠺᠣᠮᠫᠠᠨᠢ᠎ᠳᠤ 《ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠦᠯᠦ ᠰᠢᠳᠬᠡᠬᠦ ᠲᠣᠭᠲᠠᠭ᠋ᠠᠯ᠎ᠤᠨ ᠪᠢᠴᠢᠭ》 ᠪᠠᠭᠤᠯᠭ᠋ᠠᠭᠰᠠᠨ᠎ᠤ ᠬᠠᠮᠲᠤ ᠰᠤᠷᠭ᠋ᠠᠨ ᠬᠥᠮᠦᠵᠢᠯ ᠬᠦᠷᠲᠡᠭᠡᠪᠡ᠃
《ᠰᠡᠩᠬᠡᠷᠡᠭᠦᠯᠦᠯ᠎ᠤᠨ ᠤᠳᠬ᠎ᠠ ᠠᠭᠤᠯᠭ᠎ᠠ》
ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠢᠯ᠎ᠢ ᠨᠠᠢ᠌ᠳᠠᠪᠤᠷᠢᠵᠢᠭᠤᠯᠬᠤ ᠵᠢ ᠴᠢᠬᠤᠯᠠ ᠭᠠᠷᠳᠠᠴᠠ ᠪᠣᠯᠭ᠋ᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠰᠢᠯᠢᠳᠡᠭᠵᠢᠭᠦᠯᠦᠨ᠂ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠵᠢ ᠳᠡᠭᠡᠭᠰᠢᠯᠡᠭᠦᠯᠵᠦ᠂ ᠠᠵᠤ ᠠᠬᠤᠢ᠌ᠯᠠᠯ᠎ᠤᠨ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠢᠯ᠎ᠳᠤ ᠢᠳᠡᠪᠬᠢᠲᠡᠢ ᠣᠷᠣᠯᠴᠠᠬᠤ ᠵᠢ ᠠᠬᠢᠭᠤᠯᠤᠨ᠂ ᠠᠵᠤ ᠠᠬᠤᠢ᠌ᠯᠠᠯ᠎ᠤᠨ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠵᠢ ᠬᠥᠲᠥᠯᠥᠨ ᠵᠢᠯᠤᠭᠣᠳᠴᠤ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠪᠠ ᠰᠤᠷᠭ᠋ᠠᠨ ᠬᠥᠮᠥᠵᠢᠭᠦᠯᠬᠦ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠢ ᠢᠯᠡᠷᠡᠭᠦᠯᠵᠦ᠂ ᠬᠠᠤᠯᠢ ᠬᠡᠷᠡᠭᠵᠢᠭᠦᠯᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠬᠢᠩᠭ᠋ᠠᠨ ᠠᠶ᠋ᠢᠮᠠᠭ᠎ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃
ᠬᠡᠷᠡᠭ ᠰᠢᠢ᠍ᠳᠪᠦᠷᠢᠯᠡᠬᠦ ᠨᠢᠭᠡᠴᠢ᠄ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠯᠠᠢ᠌ᠳ ᠬᠣᠰᠢᠭᠤᠨ᠎ᠤ ᠬᠤᠪᠢᠶᠠᠷᠢ ᠲᠣᠪᠴᠢᠶ᠎ᠠ
ᠬᠡᠷᠡᠭ ᠰᠢᠳᠬᠡᠭᠴᠢ᠄ ᠯᠢᠦ ᠪᠦᠦ ᠮᠢᠨ᠂ ᠮᠠ ᠰᠧᠨ ᠯᠢᠨ