ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠡᠭᠦᠷᠭᠡ ᠵᠢ ᠪᠠᠢ᠌ᠷᠢᠯᠠᠭᠤᠯᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠪᠠ
ᠨᠡᠶ᠋ᠢᠲᠡᠯᠡᠭᠰᠡᠨ ᠴᠠᠭ᠄ 2024-03-12

      ᠲᠦᠷᠦᠭᠦᠬᠡᠨ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠰᠠᠨᠠᠯ᠎ᠨᠢ ᠤᠳᠬ᠎ᠠ ᠰᠠᠨᠠᠭ᠎ᠠ ᠭᠦᠨ᠂ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ ᠪᠠᠢ᠌ᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠠᠯ᠎ᠠ᠎ᠪᠠᠷ ᠰᠢᠰᠲ᠋ᠧᠮ᠎ᠲᠠᠢ ᠲᠥᠯᠥᠪᠵᠢᠭᠦᠯᠦᠨ ᠶᠡᠷᠦᠩᠬᠡᠢ ᠪᠠᠢ᠌ᠷᠢᠯᠠᠭᠤᠯᠤᠯᠲᠠ ᠬᠢᠭᠰᠡᠨ ᠪᠠᠢ᠌ᠨ᠎ᠠ᠂ ᠡᠨᠡ ᠪᠣᠯ ᠪᠦᠬᠦ ᠨᠠᠮ ᠪᠦᠬᠦ ᠤᠯᠤᠰ᠎ᠤᠨ ᠬᠦᠴᠦᠨ᠎ᠢ ᠬᠤᠷᠠᠮᠳᠤᠭᠤᠯᠤᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠠᠤᠭ᠎ᠠ ᠬᠠᠷᠠᠯᠲᠠ ᠡᠭᠦᠷᠭᠡ ᠵᠢ ᠪᠡᠶᠡᠯᠡᠭᠦᠯᠬᠦ᠎ᠪᠠᠷ ᠬᠦᠴᠦᠯᠡᠨ ᠴᠢᠷᠮᠠᠢ᠌ᠬᠤ ᠵᠢᠨ ᠠᠵᠢᠯᠯᠠᠭ᠋ᠠᠨ᠎ᠤ ᠵᠢᠯᠣᠭᠣᠳᠤᠮᠵᠢ ᠮᠥᠨ᠃

      ᠨᠢᠭᠡ᠂ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢ ᠢᠮᠠᠭᠲᠠ ᠲᠤᠭᠤᠰᠢᠯᠠᠭᠤᠯᠪᠠ

      2012 ᠣᠨ᠎ᠳᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ》᠎ᠢ ᠠᠩᠬ᠎ᠠ ᠤᠳᠠᠭ᠎ᠠ ᠲᠥᠷᠥ ᠪᠠᠷᠢᠬᠤ ᠣᠢ᠌ᠯᠠᠭ᠋ᠠᠭᠳᠠᠬᠤᠨ ᠪᠠ ᠲᠥᠷᠥ ᠪᠠᠷᠢᠬᠤ ᠬᠠᠷᠠᠯᠲᠠ ᠪᠣᠯᠭ᠋ᠠᠨ ᠳᠤᠷᠠᠳᠴᠤ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠴᠢᠷᠮᠠᠢ᠌ᠨ ᠪᠦᠲᠦᠭᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠦᠨ᠎ᠡ》 ᠭᠡᠵᠦ ᠲᠣᠳᠣᠷᠬᠠᠢ ᠲᠣᠭᠲᠠᠭ᠋ᠠᠭ᠋ᠠᠳ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠬᠦ ᠪᠠᠢ᠌ᠷᠢᠰᠢᠯ᠎ᠢ ᠰᠢᠯᠢᠳᠡᠭᠵᠢᠭᠦᠯᠬᠦ ᠵᠡᠷᠭᠡ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠶᠡᠬᠡ᠎ᠪᠠᠷ ᠠᠬᠢᠭᠤᠯᠬᠤ ᠳᠥᠷᠪᠡᠨ ᠶᠡᠬᠡ ᠡᠭᠦᠷᠭᠡ ᠵᠢ ᠪᠠᠢ᠌ᠷᠢᠯᠠᠭᠤᠯᠵᠠᠢ᠃ 2017 ᠣᠨ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠮᠵᠢ ᠢᠯᠡᠳᠲᠡ ᠪᠣᠯᠤᠭᠰᠠᠨ ᠰᠠᠭᠤᠷᠢᠨ ᠳᠡᠭᠡᠷ᠎ᠡ᠂ 2035 ᠣᠨ ᠪᠠ ᠲᠤᠰ ᠵᠠᠭᠤᠨ᠎ᠤ ᠳᠤᠮᠳᠠᠴᠢ ᠦᠶ᠎ᠡ ᠪᠣᠯᠲᠠᠯᠠᠬᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠬᠣᠶᠠᠷ ᠱᠠᠲᠤᠨ᠎ᠤ ᠬᠠᠷᠠᠯᠲᠠ ᠵᠢ ᠲᠣᠳᠣᠷᠬᠠᠢ᠌ᠯᠠᠵᠤ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠵᠡᠷᠭᠡ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠲᠦᠷᠭᠡᠳᠬᠡᠬᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠳᠥᠷᠪᠡᠨ ᠶᠡᠬᠡ ᠡᠭᠦᠷᠭᠡ ᠵᠢ ᠳᠤᠷᠠᠳᠴᠠᠢ᠃ 2022 ᠣᠨ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠬᠥᠮᠥᠨ ᠪᠣᠯᠣᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤᠪᠠᠷ ᠣᠷᠣᠰᠢᠬᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠦᠨᠳᠦᠰᠦᠨ ᠠᠷᠭ᠎ᠠ ᠵᠠᠮ᠎ᠢ ᠲᠣᠳᠣᠷᠬᠠᠢ᠌ᠯᠠᠵᠤ᠂ ᠬᠥᠭᠵᠢᠯᠲᠡ ᠵᠢᠨ ᠠᠷᠭ᠎ᠠ ᠬᠡᠯᠪᠡᠷᠢ ᠵᠢ ᠪᠣᠬᠢᠷᠲᠤᠯ ᠦᠭᠡᠢ᠎ᠪᠠᠷ ᠬᠤᠪᠢᠷᠠᠭᠤᠯᠬᠤ ᠵᠡᠷᠭᠡ ᠳᠥᠷᠪᠡᠨ ᠲᠠᠯ᠎ᠠ ᠵᠢᠨ ᠡᠭᠦᠷᠭᠡ ᠵᠢ ᠪᠠᠢ᠌ᠷᠢᠯᠠᠭᠤᠯᠵᠠᠢ᠃ 2023 ᠣᠨ᠎ᠤ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠠᠶᠠᠨ ᠵᠠᠮ᠎ᠳᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠴᠢᠬᠤᠯᠠ ᠪᠠᠢ᠌ᠷᠢᠯᠠᠭᠤᠯᠤᠯᠲᠠ ᠬᠢᠵᠡᠢ᠃

      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠂ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭ᠋ᠠᠷ ᠶᠡᠬᠡ ᠬᠤᠷᠠᠯ᠎ᠠᠴᠠ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠬᠦᠷᠲᠡᠯ᠎ᠡ᠂ ᠨᠠᠮ᠎ᠤᠨ ᠲᠥᠪ ᠬᠣᠷᠢᠶ᠎ᠠ ᠢᠮᠠᠭᠲᠠ ᠲᠤᠭᠤᠰᠢᠯᠠᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠪᠠᠢ᠌ᠯᠳᠤᠬᠤ ᠪᠣᠳᠣᠯᠭ᠎ᠠ ᠵᠢᠨ ᠲᠣᠬᠢᠷᠠᠭᠤᠯᠤᠯᠲᠠ ᠬᠢᠭᠰᠡᠨ ᠪᠥᠭᠡᠳ ᠬᠥᠭᠵᠢᠯᠲᠡ ᠵᠢᠨ ᠱᠠᠲᠤ ᠦᠶ᠎ᠡ ᠵᠢ ᠳᠠᠭ᠋ᠠᠯᠳᠤᠨ᠂ ᠲᠤᠯᠭ᠋ᠠᠷᠠᠵᠤ ᠪᠠᠢ᠌ᠭ᠎ᠠ ᠠᠰᠠᠭᠤᠳᠠᠯ᠎ᠤᠨ ᠠᠳᠠᠯᠢ ᠪᠤᠰᠤ ᠵᠢ ᠳᠠᠭ᠋ᠠᠯᠳᠤᠨ᠂ ᠠᠳᠠᠯᠢ ᠪᠤᠰᠤ ᠡᠭᠦᠷᠭᠡ ᠱᠠᠭ᠋ᠠᠷᠳᠠᠯᠭ᠎ᠠ ᠵᠢ ᠳᠤᠷᠠᠳᠴᠠᠢ᠂ ᠡᠨᠡ᠎ᠨᠢ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠵᠢᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠤᠬᠠᠢ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠭᠦᠢ᠍ᠴᠡᠳ ᠢᠯᠡᠷᠡᠭᠦᠯᠵᠡᠢ᠃

      ᠬᠣᠶᠠᠷ᠂ ᠡᠷᠡᠰ ᠭᠤᠶ᠋ᠢᠪᠢᠰᠢ ᠦᠭᠡᠢ᠎ᠪᠠᠷ ᠦᠷᠭᠦᠯᠵᠢᠯᠡᠨ ᠲᠡᠮᠡᠴᠡᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ ᠵᠢᠨ ᠵᠢᠷᠤᠭ ᠲᠥᠰᠥᠪ᠎ᠢ ᠵᠢᠷᠤᠭᠯᠠᠨ᠎ᠠ

      ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠠᠭᠤᠯᠤᠭᠳᠠᠬᠤᠨ ᠪᠣᠯ ᠪᠣᠬᠢᠷᠲᠤᠯ ᠦᠭᠡᠢ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠥᠷᠭᠡᠨ ᠵᠶ᠋ᠡᠷ ᠪᠦᠷᠢᠯᠳᠦᠭᠦᠯᠵᠦ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠬᠡᠮᠵᠢᠭᠳᠡᠯ᠎ᠳᠤ ᠬᠥᠷᠥᠭᠰᠡᠨ᠎ᠤ ᠳᠠᠷᠠᠭ᠎ᠠ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠪᠠᠭᠤᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠦᠨᠳᠦᠰᠦᠨ᠎ᠠᠴᠠ᠎ᠨᠢ ᠰᠠᠢ᠌ᠵᠢᠷᠠᠭᠤᠯᠤᠨ᠎ᠠ᠃ ᠣᠳᠣᠬᠠᠨ᠎ᠳᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ ᠵᠢ ᠨᠢᠭᠡᠨᠲᠡ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠡᠷᠭᠡ ᠡᠩ᠎ᠤᠨ ᠪᠣᠬᠢᠷᠲᠤᠯ᠎ᠤᠨ ᠵᠠᠰᠠᠯᠲᠠ᠎ᠠᠴᠠ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠲᠡᠯᠡᠢ ᠲᠠᠩᠭᠢᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠡᠷᠭᠡ ᠬᠦᠷᠢᠶᠡᠨ᠎ᠳᠤ ᠰᠢᠯᠵᠢᠭᠦᠯᠵᠦ᠂ ᠬᠥᠮᠥᠨ᠎ᠤ ᠪᠡᠶ᠎ᠡ ᠪᠣᠯᠣᠨ ᠠᠮᠢ ᠠᠬᠤᠢ ᠵᠢᠨ ᠰᠢᠰᠲ᠋ᠧᠮ᠎ᠤᠨ ᠡᠷᠡᠭᠦᠯ ᠮᠠᠨᠳᠤ ᠵᠢ ᠪᠠᠲᠤᠯᠠᠬᠤ ᠵᠢ ᠨᠡᠩ ᠴᠢᠬᠤᠯᠠᠴᠢᠯᠠᠵᠤ ᠪᠤᠢ᠃

      ᠰᠠᠨᠠᠯ᠎ᠳᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ᠎ᠪᠠᠷ ᠪᠠᠷᠢᠮᠵᠢᠶᠠᠯᠠᠵᠤ᠂ ᠰᠢᠰᠲ᠋ᠧᠮ᠎ᠲᠠᠢ ᠲᠥᠯᠥᠪᠵᠢᠭᠦᠯᠬᠦ᠂ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠵᠢ ᠲᠤᠪᠤᠢ᠍ᠢ᠍ᠯᠭ᠋ᠠᠵᠦ᠂ 2027 ᠣᠨ ᠪᠣᠯᠬᠤ᠎ᠳᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 2035 ᠣᠨ ᠪᠣᠯᠬᠤ᠎ᠳᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠲᠤᠰ ᠵᠠᠭᠤᠨ᠎ᠤ ᠳᠤᠮᠳᠠᠴᠢ ᠪᠣᠯᠬᠤ᠎ᠳᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ ᠵᠡᠷᠭᠡ ᠭᠤᠷᠪᠠᠨ ᠱᠠᠲᠤᠨ᠎ᠤ ᠬᠣᠷᠸ᠎ᠠ ᠬᠠᠷᠠᠯᠲᠠ ᠵᠢᠨ ᠪᠠᠷᠠᠭ᠋ᠠᠯᠬᠢᠯᠠᠯ᠎ᠢ ᠲᠣᠳᠣᠷᠬᠠᠢ᠌ᠯᠠᠪᠠ᠃ ᠡᠭᠦᠨ᠎ᠤ ᠬᠠᠮᠲᠤ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠢ᠌ᠷᠢᠰᠢᠯ᠎ᠢ ᠰᠢᠯᠢᠳᠡᠭᠵᠢᠭᠦᠯᠬᠦ᠂ ᠭᠣᠣᠯᠳᠠᠯᠭ᠎ᠠ᠎ᠲᠠᠢ ᠬᠦᠷᠢᠶᠡᠨ᠎ᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠬᠥᠬᠡ ᠣᠭᠲᠠᠷᠭᠤᠢ᠂ ᠬᠥᠬᠡᠮᠳᠦᠭ ᠤᠰᠤ ᠪᠣᠯᠣᠨ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠬᠦ ᠵᠡᠷᠭᠡ ᠲᠠᠯ᠎ᠠ᠎ᠪᠠᠷ ᠴᠥᠮ ᠬᠡᠮᠵᠢᠶᠡᠵᠢᠭᠦᠯᠬᠦ ᠬᠠᠷᠠᠯᠲᠠ ᠵᠢ ᠳᠤᠷᠠᠳᠴᠠᠢ᠃ ᠵᠢᠱ᠌ᠢᠶᠡᠯᠡᠪᠡᠯ᠂ ᠰᠠᠨᠠᠯ᠎ᠳᠤ ᠳᠤᠷᠠᠳᠤᠭᠰᠠᠨ᠎ᠨᠢ᠂ 2035 ᠣᠨ ᠪᠣᠯᠬᠤ᠎ᠳᠤ᠂ ᠪᠥᠬᠥ ᠤᠯᠤᠰ᠎ᠤᠨ ᠵᠢᠵᠢᠭ ᠮᠥᠬᠥᠯᠢᠭᠲᠦ ᠪᠣᠳᠠᠰ᠎ᠤᠨ ᠥᠳᠬᠡᠴᠡ ᠵᠢ ᠺᠦᠪ ᠮᠧᠲᠷ ᠪᠦᠷᠢ᠎ᠳᠤ 25 ᠮᠢᠺᠷᠥᠭᠷᠠᠮ᠎ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠪᠥᠬᠥ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠡᠬᠡ ᠬᠠᠭᠤᠷᠠᠢ ᠵᠢᠨ ᠲᠠᠯᠠᠪᠠᠶ ᠵᠢ ᠤᠯᠤᠰ᠎ᠤᠨ ᠡᠬᠡ ᠬᠠᠭᠤᠷᠠᠢ ᠵᠢᠨ ᠨᠤᠲᠤᠭ ᠳᠡᠪᠢᠰᠬᠡᠷ᠎ᠤᠨ ᠲᠠᠯᠠᠪᠠᠶ᠎ᠳᠠᠬᠢ ᠡᠵᠡᠯᠡᠬᠦ ᠬᠠᠷᠢᠴᠠᠯ᠎ᠢ 18% ᠎ᠠᠴᠠ ᠳᠣᠣᠷ᠎ᠠ ᠪᠠᠢ᠌ᠯᠭ᠋ᠠᠬᠤ ᠦᠭᠡᠢ ᠭᠡᠬᠦ ᠮᠡᠲᠦ ᠪᠣᠯᠣᠨ᠎ᠠ᠃

      ᠭᠤᠷᠪᠠ᠂ ᠪᠦᠲᠦᠭᠡᠨ ᠪᠠᠢ᠌ᠭᠤᠯᠤᠯᠲᠠ ᠵᠢᠨ ᠵᠠᠮ ᠱᠤᠭᠤᠮ᠎ᠢ ᠲᠣᠳᠣᠷᠬᠠᠢ᠌ᠯᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠥᠩᠭᠡ ᠪᠤᠳᠤᠭ᠎ᠢ ᠨᠡᠮᠡᠭᠳᠡᠭᠦᠯᠬᠦ ᠵᠢ ᠪᠡᠶᠡᠯᠡᠭᠦᠯᠦᠨ᠎ᠡ

      ᠰᠠᠨᠠᠯ᠎ᠳᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠰᠢᠷᠢᠰ ᠬᠡᠷᠡᠭᠵᠢᠭᠦᠯᠬᠦ ᠱᠤᠭᠤᠮ᠎ᠤᠨ ᠵᠢᠷᠤᠭ᠎ᠢ ᠲᠣᠳᠣᠷᠬᠠᠢ ᠳᠤᠷᠠᠳᠴᠠᠢ᠃

      ᠠᠳᠠᠯᠢ ᠪᠤᠰᠤ ᠱᠠᠲᠤ ᠳᠠᠪᠬᠤᠷᠭ᠎ᠠ᠎ᠠᠴᠠ ᠦᠵᠡᠪᠡᠯ᠂ ᠣᠷᠣᠨ ᠪᠦᠰᠡ ᠵᠢᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠪᠣᠯ ᠮᠠᠨ᠎ᠤ ᠤᠯᠤᠰ᠎ᠤᠨ ᠠᠵᠤ ᠠᠬᠤᠢ᠂ ᠠᠵᠤ ᠦᠢ᠍ᠯᠡᠰ ᠪᠠ ᠬᠥᠮᠥᠨ ᠠᠮᠠ ᠲᠥᠪᠯᠡᠷᠡᠭᠰᠡᠨ ᠭᠣᠣᠯᠳᠠᠯᠭ᠎ᠠ᠎ᠲᠠᠢ ᠣᠷᠣᠨ ᠪᠦᠰᠡ ᠮᠥᠨ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠭᠣᠣᠯ ᠲᠡᠢ᠌ᠨ᠎ᠤ ᠲᠠᠯᠠᠪᠤᠷ ᠮᠥᠨ; ᠬᠤᠳᠠ ᠪᠣᠯ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢ ᠬᠡᠷᠡᠭᠵᠢᠭᠦᠯᠬᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠴᠢᠬᠤᠯᠠ ᠠᠴᠢᠶᠠᠯᠠᠪᠤᠷᠢ ᠮᠥᠨ; ᠬᠥᠳᠡᠭᠡ ᠲᠣᠰᠬᠤᠨ᠎ᠤ ᠠᠮᠢ ᠠᠬᠤᠢ ᠣᠷᠴᠢᠨ ᠲᠣᠭᠣᠷᠢᠨ ᠪᠣᠯ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠣᠪᠣᠢ᠌ᠮ᠎ᠠ ᠳᠤᠲᠠᠭᠤᠳᠠᠯ ᠪᠠᠢ᠌ᠵᠤ᠂ ᠠᠷᠠᠳ ᠤᠯᠠᠨ᠎ᠤ ᠬᠦᠰᠡᠯ ᠡᠷᠡᠮᠡᠯᠵᠡᠯ᠎ᠯᠦᠭᠡ ᠮᠥᠨᠬᠦ ᠨᠡᠯᠢᠶᠡᠳ ᠶᠡᠬᠡ ᠵᠥᠷᠢᠶ᠎ᠡ᠎ᠲᠠᠢ ᠪᠠᠢ᠌ᠨ᠎ᠠ᠃ ᠡᠭᠦᠨ᠎ᠤ ᠲᠤᠯᠠᠳᠠ᠂ ᠰᠠᠨᠠᠯ᠎ᠳᠤ ᠪᠡᠭᠡᠵᠢᠩ ᠲᠢᠶᠠᠨᠵᠢᠨ ᠾᠧᠪᠧᠢ ᠵᠡᠷᠭᠡ 5 ᠣᠷᠣᠨ ᠪᠦᠰᠡ ᠵᠢᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ᠎ᠪᠠᠷ ᠭᠣᠣᠯᠳᠠᠯᠭ᠎ᠠ ᠪᠣᠯᠭ᠋ᠠᠵᠤ᠂ ᠪᠣᠬᠢᠷᠲᠤᠯ ᠦᠭᠡᠢ ᠬᠥᠭᠵᠢᠯᠲᠡ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠬᠥᠭᠵᠢᠯᠲᠡ ᠵᠢᠨ ᠥᠨᠳᠥᠷᠯᠢᠭ᠎ᠢ ᠪᠠᠢ᠌ᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ᠎ᠢ ᠪᠦᠲᠦᠭᠡᠨ ᠪᠠᠢ᠌ᠭᠤᠯᠬᠤ ᠬᠡᠷᠡᠭᠲᠡᠢ; ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠣᠷᠢᠨ ᠭᠣᠢ᠌ᠳᠠ ᠰᠠᠢ᠌ᠬᠠᠨ᠂ ᠠᠮᠢ ᠠᠬᠤᠢ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠠᠮᠤᠷ ᠲᠦᠪᠰᠢᠨ ᠡᠷᠡᠭᠦᠯ ᠴᠢᠭᠢᠷᠠᠭ᠂ ᠣᠶᠤᠨᠴᠢ ᠪᠥᠭᠡᠳ ᠥᠨᠳᠥᠷ ᠪᠦᠲᠦᠮᠵᠢᠲᠡᠢ ᠪᠠᠶ᠋ᠢᠬᠤ᠎ᠪᠠᠷ ᠤᠳᠤᠷᠢᠳᠤᠮᠵᠢ ᠪᠣᠯᠭ᠋ᠠᠭᠰᠠᠨ ᠦᠵᠡᠰᠬᠦᠯᠡᠩᠲᠦ ᠰᠠᠢ᠌ᠬᠠᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠡᠲᠦ ᠶᠡᠬᠡ ᠣᠨᠴᠠ ᠶᠡᠬᠡ ᠬᠤᠳᠠ ᠵᠢᠨ ᠬᠥᠭᠵᠢᠯᠲᠡ ᠵᠢᠨ ᠠᠷᠭ᠎ᠠ ᠬᠡᠯᠪᠡᠷᠢ ᠵᠢ ᠲᠦᠷᠭᠡᠨ ᠬᠤᠪᠢᠷᠠᠭᠤᠯᠵᠤ᠂ ᠶᠡᠬᠡ ᠳᠤᠮᠳᠠ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠳᠤᠮᠳᠠ ᠪᠠᠭ᠎ᠠ ᠬᠤᠳᠠ ᠪᠣᠯᠣᠨ ᠰᠢᠶᠠᠨ᠎ᠤ ᠬᠤᠳᠠ ᠵᠢᠨ ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ ᠵᠢᠨ ᠲᠡᠰ᠎ᠢ ᠳᠡᠭᠡᠭᠰᠢᠯᠡᠭᠦᠯᠦᠨ ᠴᠢᠳᠠᠪᠤᠷᠢ ᠵᠢ ᠥᠷᠭᠡᠳᠬᠡᠬᠦ ᠵᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ᠌ᠯᠠᠪᠠ᠃ ᠡᠭᠦᠨ᠎ᠠᠴᠠ ᠭᠠᠳᠠᠨ᠎ᠠ᠂ ᠰᠠᠨᠠᠯ᠎ᠳᠤ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠵᠧᠵᠢᠶᠠᠩ᠎ᠤᠨ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠳᠡᠯᠭᠡᠷᠡᠭᠦᠯᠵᠦ᠂ ᠬᠥᠳᠡᠭᠡ ᠲᠣᠰᠬᠤᠨ᠎ᠤ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠠᠬᠤᠢ ᠵᠢ ᠴᠡᠭᠴᠡᠯᠡᠨ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠳᠡᠭᠡ ᠲᠣᠰᠬᠤᠨ᠎ᠤ ᠵᠣᠷᠯᠣᠩ᠎ᠤᠨ ᠬᠤᠪᠢᠰᠬᠠᠯ᠎ᠢ ᠯᠠᠪᠳᠠᠭᠤᠨ ᠵᠶ᠋ᠠᠷ ᠠᠬᠢᠭᠤᠯᠵᠤ᠂ ᠬᠥᠳᠡᠭᠡ ᠲᠣᠰᠬᠤᠨ᠎ᠤ ᠠᠮᠢᠳᠤᠷᠠᠯ᠎ᠤᠨ ᠪᠣᠬᠢᠷ ᠤᠰᠤ᠂ ᠬᠣᠭ ᠨᠣᠪᠰᠢ ᠪᠠ ᠪᠣᠬᠢᠷ ᠦᠮᠡᠬᠡᠢ ᠤᠰᠤᠨ ᠴᠣᠭᠴᠠ ᠵᠢ ᠪᠦᠲᠦᠮᠵᠢᠲᠡᠢ ᠵᠠᠰᠠᠵᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠢ ᠪᠦᠲᠦᠭᠡᠨ ᠪᠠᠢ᠌ᠭᠤᠯᠬᠤ ᠬᠡᠷᠡᠭᠲᠡᠶ ᠭᠡᠵᠦ ᠱᠠᠭ᠋ᠠᠷᠳᠠᠵᠠᠢ᠃

      ᠴᠢᠬᠤᠯᠠ ᠡᠯᠧᠮᠧᠨ᠋ᠲ᠎ᠤᠨ ᠬᠦᠷᠢᠶ᠎ᠡ᠎ᠠᠴᠠ ᠦᠵᠡᠪᠡᠯ᠂ ᠠᠭ᠋ᠠᠷ ᠮᠠᠨᠳᠠᠯ᠂ ᠤᠰᠤ᠂ ᠲᠡᠯᠡᠢ ᠲᠠᠩᠭᠢᠰ ᠵᠡᠷᠭᠡ ᠠᠮᠢ ᠠᠬᠤᠢ ᠣᠷᠴᠢᠨ ᠲᠣᠭᠣᠷᠢᠨ᠎ᠢ ᠦᠨᠳᠦᠰᠦᠨ᠎ᠠᠴᠠ᠎ᠨᠢ ᠰᠠᠢ᠌ᠵᠢᠷᠠᠭᠤᠯᠬᠤ ᠪᠣᠯ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠬᠦ ᠵᠢᠨ ᠵᠠᠩᠭᠢᠯᠠᠭ᠎ᠠ ᠵᠢᠨ ᠪᠡᠯᠭᠡ ᠲᠡᠮᠳᠡᠭ ᠪᠣᠯᠣᠨ᠎ᠠ᠃ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠲᠣᠭᠲᠠᠭᠤᠨ ᠪᠠᠢ᠌ᠯᠭ᠋ᠠᠬᠤ᠎ᠠᠴᠠ ᠰᠠᠢ᠌ᠵᠢᠷᠠᠯᠲᠠ᠎ᠲᠠᠢ ᠳᠠᠰᠢ ᠬᠤᠪᠢᠷᠠᠭᠤᠯᠬᠤ ᠪᠣᠯᠪᠠᠴᠤ ᠰᠠᠭᠤᠷᠢ᠎ᠨᠢ ᠪᠠᠲᠤ ᠪᠡᠬᠢ ᠪᠢᠰᠢ ᠪᠠᠶ᠋ᠢᠬᠤ ᠦᠨᠳᠦᠰᠦᠨ ᠪᠠᠶ᠋ᠢᠳᠠᠯ᠎ᠤᠨ ᠡᠮᠦᠨ᠎ᠡ᠂ ᠰᠠᠨᠠᠯ᠎ᠳᠤ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠬᠡᠷᠡᠭᠲᠡᠶ ᠭᠡᠵᠦ ᠳᠤᠷᠠᠳᠤᠨ ᠭᠠᠷᠭ᠋ᠠᠵᠠᠢ᠃ ᠨᠢᠭᠡ᠎ᠳᠤ᠂ ᠪᠡᠭᠡᠵᠢᠩ ᠲᠢᠶᠠᠨᠵᠢᠨ ᠾᠧᠪᠧᠢ ᠵᠢᠴᠢ ᠡᠷᠬᠢᠨ ᠲᠣᠭᠣᠷᠢᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠪᠠᠷ ᠭᠣᠣᠯ ᠳᠠᠢ᠌ᠯᠠᠯᠳᠤᠭ᠋ᠠᠨ᠎ᠤ ᠲᠠᠯᠠᠪᠤᠷ ᠪᠣᠯᠭ᠋ᠠᠵᠤ᠂ ᠨᠠᠷᠢᠨ ᠮᠥᠬᠥᠯᠢᠭᠲᠦ ᠪᠣᠳᠠᠰ᠎ᠢ ᠡᠵᠡᠮᠳᠡᠬᠦ᠎ᠪᠠᠷ ᠭᠣᠣᠯ ᠱᠤᠭᠤᠮ ᠪᠣᠯᠭ᠋ᠠᠵᠤ᠂ ᠣᠷᠣᠨ ᠪᠦᠰᠡ ᠵᠢᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠵᠢ ᠴᠢᠩᠭ᠋ᠠᠳᠬᠠᠵᠤ᠂ ᠶᠡᠷᠦᠩᠬᠡᠢ᠌ᠯᠡᠭᠰᠡᠨ ᠠᠷᠭ᠎ᠠ ᠬᠡᠮᠵᠢᠶ᠎ᠡ ᠠᠪᠴᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠲᠦᠷᠭᠡᠨ ᠠᠷᠢᠯᠭ᠋ᠠᠵᠤ᠂ ᠦᠵᠡᠰᠬᠦᠯᠡᠩᠲᠦ ᠰᠠᠢ᠌ᠬᠠᠨ ᠬᠥᠬᠡ ᠣᠭᠲᠠᠷᠭᠤᠢ ᠵᠢ ᠰᠠᠶ᠋ᠢᠲᠤᠷ ᠰᠠᠬᠢᠨ ᠬᠠᠮᠠᠭ᠋ᠠᠯᠠᠨ᠎ᠠ᠃ ᠬᠣᠶᠠᠷ᠎ᠲᠤ᠂ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠬᠥᠬᠡᠮᠥ᠋ᠷᠡᠨ᠂ ᠬᠠᠲᠤᠨ ᠭᠣᠣᠯ ᠵᠡᠷᠭᠡ ᠶᠡᠬᠡ ᠭᠣᠣᠯ ᠮᠥᠷᠡᠨ ᠪᠠ ᠴᠢᠬᠤᠯᠠ ᠨᠠᠭᠤᠷ ᠲᠣᠭᠣᠷᠢᠮ᠎ᠢ ᠬᠠᠮᠠᠭ᠋ᠠᠯᠠᠨ ᠵᠠᠰᠠᠬᠤ ᠵᠢ ᠭᠦᠨᠵᠡᠭᠡᠢ ᠠᠬᠢᠭᠤᠯᠵᠤ᠂ ᠭᠣᠣᠯ ᠮᠥᠷᠡᠨ ᠪᠠ ᠲᠡᠯᠡᠢ᠎ᠳᠤ ᠴᠢᠳᠬᠤᠬᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠪᠠᠢ᠌ᠴᠠᠭ᠋ᠠᠨ ᠵᠠᠰᠠᠬᠤ ᠵᠢ ᠠᠬᠢᠭᠤᠯᠵᠤ᠂ ᠬᠣᠲᠠ ᠬᠥᠳᠡᠭᠡ ᠵᠢᠨ ᠪᠣᠬᠢᠷ ᠦᠮᠡᠬᠡᠢ ᠤᠰᠤᠨ ᠴᠣᠭᠴᠠ ᠵᠢ ᠦᠨᠳᠦᠰᠦᠨ᠎ᠳᠡᠭᠡᠨ ᠠᠷᠢᠯᠭ᠋ᠠᠵᠤ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠣᠷᠣᠨ ᠪᠠ ᠠᠮᠢ ᠠᠬᠤᠢ ᠵᠢᠨ ᠰᠡᠯᠭᠦᠬᠦ ᠪᠦᠰᠡ ᠵᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠵᠤ᠂ ᠦᠵᠡᠰᠬᠦᠯᠡᠩᠲᠦ ᠰᠠᠢ᠌ᠬᠠᠨ ᠭᠣᠣᠯ ᠮᠥᠷᠡᠨ ᠨᠠᠭᠤᠷ ᠲᠣᠭᠣᠷᠢᠮ᠎ᠢ ᠪᠦᠲᠦᠭᠡᠨ ᠪᠠᠢ᠌ᠭᠤᠯᠤᠨ᠎ᠠ᠃ ᠭᠤᠷᠪᠠ᠎ᠳᠤ᠂ ᠡᠬᠡ ᠬᠠᠭᠤᠷᠠᠢ ᠪᠠ ᠲᠡᠯᠡᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ᠂ ᠭᠣᠣᠯ ᠮᠥᠷᠡᠨ ᠪᠠ ᠲᠡᠯᠡᠢ ᠲᠠᠩᠭᠢᠰ᠎ᠢ ᠬᠣᠯᠪᠣᠯᠳᠤᠭᠤᠯᠬᠤ ᠵᠢ ᠪᠠᠷᠢᠮᠲᠠᠯᠠᠵᠤ᠂ ᠭᠣᠣᠯᠳᠠᠯᠭ᠎ᠠ᠎ᠲᠠᠢ ᠲᠡᠯᠡᠢ ᠵᠢᠨ ᠣᠷᠣᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠲᠡᠯᠡᠢ ᠵᠢᠨ ᠪᠤᠯᠤᠩ ᠵᠶ᠋ᠠᠷ ᠦᠨᠳᠦᠰᠦᠨ ᠨᠢᠭᠡᠴᠢ ᠪᠣᠯᠭ᠋ᠠᠵᠤ᠂ 《ᠨᠢᠭᠡ ᠪᠤᠯᠤᠩ ᠨᠢᠭᠡ ᠪᠣᠳᠣᠯᠭ᠎ᠠ》᠎ᠪᠠᠷ ᠡᠷᠭᠢ ᠤᠢ᠌ᠷᠠᠯᠴᠠᠭ᠎ᠠ ᠲᠡᠯᠡᠢ ᠵᠢᠨ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠪᠠ ᠲᠡᠯᠡᠢ ᠵᠢᠨ ᠡᠷᠭᠢ ᠲᠠᠩ᠎ᠤᠨ ᠣᠷᠴᠢᠨ ᠠᠬᠤᠢ ᠵᠢ ᠴᠡᠭᠴᠡᠯᠡᠨ ᠵᠠᠰᠠᠬᠤ ᠠᠵᠢᠯ᠎ᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠢ ᠪᠦᠲᠦᠭᠡᠨ ᠪᠠᠢ᠌ᠭᠤᠯᠤᠨ᠎ᠠ᠃ ᠡᠭᠦᠨ᠎ᠠᠴᠠ ᠭᠠᠳᠠᠨ᠎ᠠ᠂ ᠣᠢ ᠰᠢᠭᠤᠢ᠂ ᠲᠠᠯ᠎ᠠ ᠨᠤᠲᠤᠭ᠂ ᠡᠯᠡᠰᠦᠨ ᠴᠥᠯ ᠵᠡᠷᠭᠡ ᠪᠠᠶ᠋ᠢᠭ᠋ᠠᠯᠢ ᠵᠢᠨ ᠠᠮᠢ ᠠᠬᠤᠢ ᠵᠢᠨ ᠰᠢᠰᠲ᠋ᠧᠮ ᠪᠣᠯ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠴᠢᠬᠤᠯᠠ ᠠᠮᠢ ᠠᠬᠤᠢ ᠵᠢᠨ ᠰᠠᠭᠤᠷᠢ ᠮᠥᠨ᠂ ᠰᠠᠨᠠᠯ᠎ᠳᠤ ᠪᠠᠶ᠋ᠢᠭ᠋ᠠᠯᠢ ᠵᠢᠨ ᠠᠮᠢ ᠠᠬᠤᠢ ᠵᠢᠨ ᠬᠠᠯᠬᠠᠪᠴᠢ ᠵᠢ ᠪᠡᠬᠢᠵᠢᠭᠦᠯᠵᠦ᠂ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠡᠭᠦᠷᠭᠡ ᠵᠢ ᠪᠠᠢ᠌ᠷᠢᠯᠠᠭᠤᠯᠵᠤ᠂ ᠦᠵᠡᠰᠬᠦᠯᠡᠩᠲᠦ ᠰᠠᠢ᠌ᠬᠠᠨ ᠠᠭᠤᠯᠠ ᠤᠰᠤᠨ᠎ᠤ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠯᠡᠷᠡᠭᠦᠯᠬᠦ᠎ᠪᠠᠷ ᠴᠢᠷᠮᠠᠢ᠌ᠨ᠎ᠠ᠃

      ᠳᠥᠷᠪᠡ᠂ ᠵᠥᠪ ᠤᠷᠮᠠᠰᠢᠭᠤᠯᠤᠯ᠎ᠢ ᠴᠢᠩᠭ᠋ᠠᠳᠬᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠳᠣᠲᠣᠭ᠋ᠠᠳᠤ ᠠᠮᠢᠳᠤᠷᠠᠯ᠎ᠤᠨ ᠬᠦᠴᠦᠨ᠎ᠢ ᠬᠥᠭᠵᠢᠭᠡᠨ᠎ᠡ

      ᠰᠠᠨᠠᠯ᠎ᠳᠤ ᠭᠤᠷᠪᠠᠨ ᠲᠠᠯ᠎ᠠ᠎ᠠᠴᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠤᠷᠮᠠᠰᠢᠭᠤᠯᠬᠤ ᠲᠣᠭᠲᠠᠴᠠ ᠵᠢᠨ ᠲᠣᠭᠣᠷᠢᠨ᠎ᠳᠤ ᠡᠭᠦᠷᠭᠡ ᠱᠠᠭ᠋ᠠᠷᠳᠠᠯᠭ᠎ᠠ ᠵᠢ ᠪᠠᠢ᠌ᠷᠢᠯᠠᠭᠤᠯᠵᠤ᠂ ᠡᠯ᠎ᠡ ᠲᠠᠯ᠎ᠠ ᠵᠢᠨ᠎ᠬᠢᠨ᠎ᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ ᠪᠣᠯᠣᠨ ᠪᠦᠲᠦᠭᠡᠯᠴᠢ ᠴᠢᠨᠠᠷ᠎ᠢ ᠭᠦᠢ᠍ᠴᠡᠳ ᠳᠠᠶ᠋ᠢᠴᠢᠯᠠᠵᠤ᠂ ᠬᠥᠮᠥᠨ ᠪᠦᠬᠦᠨ ᠣᠷᠣᠯᠴᠠᠬᠤ᠂ ᠬᠥᠮᠥᠨ ᠪᠦᠬᠦᠨ ᠬᠠᠮᠲᠤ᠎ᠪᠠᠷ ᠡᠳ᠋ᠯᠡᠬᠦ ᠰᠠᠶ᠋ᠢᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ᠎ᠪᠠᠷ ᠴᠢᠷᠮᠠᠢ᠌ᠵᠠᠢ᠃

      ᠣᠷᠣᠨ ᠨᠤᠲᠤᠭ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢᠨ ᠤᠷᠮᠠᠰᠢᠭᠤᠯᠤᠯ᠎ᠢ ᠳᠤᠪᠤᠢ᠍ᠢ᠍ᠯᠭ᠋ᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠥᠯᠢᠭᠡᠷ ᠳᠠᠭᠤᠷᠢᠶᠠᠯ᠎ᠢ ᠡᠭᠦᠳᠴᠦ᠂ ᠡᠯ᠎ᠡ ᠭᠠᠵᠠᠷ ᠣᠷᠣᠨ᠎ᠤ ᠲᠤᠰ ᠪᠡᠶ᠎ᠡ ᠵᠢᠨ ᠣᠨᠴᠠᠯᠢᠭ ᠵᠶ᠋ᠠᠨ ᠪᠠᠳᠠᠷᠠᠭᠤᠯᠬᠤ ᠵᠢ ᠵᠣᠷᠢᠭᠵᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠮᠤᠵᠢ ᠵᠢᠨ ᠬᠡᠪᠴᠢᠶᠡᠨ᠎ᠤ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠳᠤᠷᠠᠳᠪᠠ᠃ ᠵᠢᠱ᠌ᠢᠶᠡᠯᠡᠪᠡᠯ᠂ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠠᠢ᠌ᠭᠤᠯᠤᠯᠲᠠ ᠵᠢ ᠠᠬᠢᠭᠤᠯᠵᠤ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠣᠷᠢᠨ ᠵᠶ᠋ᠠᠷ ᠤᠳᠤᠷᠢᠳᠤᠮᠵᠢ ᠪᠣᠯᠭ᠋ᠠᠭᠰᠠᠨ ᠨᠡᠭᠡᠭᠡᠨ ᠬᠥᠭᠵᠢᠭᠦᠯᠬᠦ ᠵᠠᠭᠪᠤᠷ ᠪᠣᠯᠣᠨ ᠪᠡᠯᠡ ᠣᠷᠣᠭᠤᠯᠵᠤ ᠪᠡᠯᠡ ᠮᠥᠩᠭᠥ ᠴᠤᠭᠯᠠᠭᠤᠯᠬᠤ ᠵᠠᠭᠪᠤᠷ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠠᠮᠢ ᠠᠬᠤᠢ ᠵᠢᠨ ᠶᠡᠷᠦᠩᠬᠡᠢ᠌ᠯᠡᠭᠰᠡᠨ ᠨᠥᠬᠥᠪᠦᠷᠢ ᠵᠢ ᠠᠬᠢᠭᠤᠯᠤᠨ᠎ᠠ᠃

      ᠠᠵᠤ ᠠᠬᠤᠢ᠌ᠯᠠᠯ᠎ᠤᠨ ᠪᠣᠬᠢᠷᠲᠤᠯ ᠦᠭᠡᠢ ᠬᠥᠭᠵᠢᠭᠦᠯᠬᠦ ᠵᠢ ᠳᠣᠪᠣᠶ᠋ᠢᠯᠭ᠋ᠠᠵᠤ᠂ ᠡᠬᠢ ᠪᠠᠶᠠᠯᠢᠭ ᠣᠷᠴᠢᠨ ᠲᠣᠭᠣᠷᠢᠨ᠎ᠤ ᠡᠯᠧᠮᠧᠨ᠋ᠲ᠎ᠢ ᠨᠢᠭᠡ ᠴᠣᠭᠴᠠᠵᠢᠭᠤᠯᠤᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ ᠵᠢᠨ ᠥᠭᠡᠷᠡᠴᠢᠯᠡᠯᠲᠡ ᠵᠢᠨ ᠶᠡᠷᠦᠩᠬᠡᠢ ᠬᠡᠪᠴᠢᠶᠡᠨ᠎ᠳᠤ ᠣᠷᠣᠭᠤᠯᠬᠤ ᠵᠢ ᠠᠬᠢᠭᠤᠯᠵᠤ᠂ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠬᠠᠤᠯᠢ ᠶᠣᠰᠣᠭ᠋ᠠᠷ ᠨᠡᠢ᠌ᠲᠡᠯᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠦᠨᠳᠦ ᠪᠣᠬᠢᠷᠲᠤᠯ᠎ᠲᠠᠢ ᠴᠠᠭ ᠠᠭᠤᠷ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠲᠠᠰ ᠬᠤᠪᠢᠶᠠᠬᠤ ᠵᠢ ᠭᠦᠨᠵᠡᠭᠡᠢ᠌ᠷᠡᠭᠦᠯᠦᠨ᠂ ᠭᠣᠣᠯᠳᠠᠯᠭ᠎ᠠ᠎ᠲᠠᠢ ᠠᠵᠢᠯ ᠲᠥᠷᠥᠯ ᠠᠵᠤ ᠠᠬᠤᠢ᠌ᠯᠠᠯ᠎ᠤᠨ ᠪᠣᠬᠢᠷ ᠤᠰᠤ ᠵᠢ ᠵᠠᠰᠠᠬᠤ ᠪᠠ ᠭᠠᠳᠠᠭᠰᠢᠯᠠᠭᠤᠯᠬᠤ ᠬᠢᠷᠢ ᠲᠦᠪᠰᠢᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠲᠠᠰ ᠬᠤᠪᠢᠶᠠᠬᠤ ᠵᠢ ᠬᠡᠷᠡᠭᠵᠢᠭᠦᠯᠵᠦ᠂ ᠨᠥᠬᠥᠴᠡᠯ᠎ᠳᠤ ᠨᠡᠶ᠋ᠢᠴᠡᠬᠦ ᠠᠵᠤ ᠠᠬᠤᠢ᠌ᠯᠠᠯ᠎ᠤᠨ ᠵᠦᠢ ᠶᠣᠰᠣᠨ᠎ᠤ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠳᠡᠮᠵᠢᠵᠦ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠵᠢᠨ ᠰᠢᠨ᠎ᠡ ᠵᠢ ᠡᠭᠦᠳᠬᠦ ᠵᠢ ᠲᠣᠭᠲᠠᠭᠤᠨ ᠠᠬᠢᠭᠤᠯᠤᠨ᠎ᠠ᠃

      ᠠᠷᠠᠳ ᠢᠷᠭᠡᠳ᠎ᠤᠨ ᠥᠷᠭᠡᠨ ᠵᠶ᠋ᠡᠷ ᠣᠷᠣᠯᠴᠠᠬᠤ ᠵᠢ ᠤᠷᠮᠠᠰᠢᠭᠤᠯᠤᠨ ᠵᠣᠷᠢᠭᠵᠢᠭᠤᠯᠬᠤ ᠵᠢ ᠳᠤᠪᠤᠢ᠍ᠢ᠍ᠯᠭ᠋ᠠᠵᠤ᠂ 《ᠳᠣᠣᠷ᠎ᠠ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ ᠵᠶ᠋ᠠᠷ ᠤᠯᠠᠨ᠎ᠳᠤ ᠠᠰᠢᠭ ᠬᠦᠷᠲᠡᠭᠡᠬᠦ》 ᠵᠡᠷᠭᠡ ᠤᠯᠠᠨ ᠨᠠᠢ᠌ᠳᠠ ᠵᠢᠨ ᠣᠷᠣᠯᠴᠠᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠰᠤᠷᠭ᠋ᠠᠭᠤᠯᠢ ᠵᠡᠷᠭᠡ ᠦᠨᠳᠦᠰᠦᠨ ᠱᠠᠲᠤᠨ᠎ᠤ ᠨᠢᠭᠡᠴᠢ ᠵᠢᠨ ᠪᠣᠬᠢᠷᠲᠤᠯ ᠦᠭᠡᠢ᠂ ᠠᠷᠢᠭᠤᠨ ᠴᠡᠪᠡᠷ᠂ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ ᠦᠭᠡᠢ᠎ᠪᠠᠷ ᠬᠥᠲᠥᠯᠥᠨ ᠳᠠᠭ᠋ᠠᠭᠤᠯᠬᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃

      ᠲᠠᠪᠤ᠂ ᠪᠦᠬᠦ ᠠᠷᠠᠳ᠎ᠤᠨ ᠠᠵᠢᠯᠯᠠᠭ᠎ᠠ ᠵᠢ ᠬᠡᠷᠡᠭᠵᠢᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ

      ᠰᠠᠨᠠᠯ᠎ᠳᠤ ᠭᠤᠷᠪᠠᠨ ᠲᠠᠯ᠎ᠠ᠎ᠠᠴᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠦᠬᠦ ᠠᠷᠠᠳ᠎ᠤᠨ ᠠᠵᠢᠯᠯᠠᠭ᠎ᠠ ᠵᠢ ᠥᠷᠨᠢᠭᠦᠯᠬᠦ ᠪᠣᠳᠠᠲᠠᠢ ᠡᠭᠦᠷᠭᠡ ᠵᠢ ᠪᠠᠢ᠌ᠷᠢᠯᠠᠭᠤᠯᠵᠠᠢ᠃

      ᠨᠢᠭᠡ᠎ᠳᠤ ᠠᠮᠢ ᠠᠬᠤᠢ ᠵᠢᠨ ᠰᠣᠶᠣᠯ᠎ᠢ ᠪᠣᠢ᠌ᠵᠢᠭᠤᠯᠤᠨ ᠪᠠᠳᠠᠷᠠᠭᠤᠯᠬᠤ ᠵᠢ ᠳᠤᠷᠠᠳᠤᠨ ᠭᠠᠷᠭ᠋ᠠᠪᠠ᠃ ᠰᠠᠨᠠᠯ᠎ᠳᠤ ᠠᠮᠢ ᠠᠬᠤᠢ ᠵᠢᠨ ᠥᠷᠲᠡᠭ᠎ᠤᠨ ᠦᠵᠡᠯᠲᠡ᠎ᠪᠠᠷ ᠪᠠᠷᠢᠮᠵᠢᠶ᠎ᠠ ᠪᠣᠯᠭ᠋ᠠᠭᠰᠠᠨ ᠠᠮᠢ ᠠᠬᠤᠢ ᠵᠢᠨ ᠰᠣᠶᠣᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠭᠣᠣᠯ ᠪᠣᠯᠬᠤ ᠥᠷᠲᠡᠭ᠎ᠤᠨ ᠦᠵᠡᠯᠲᠡ ᠵᠢ ᠪᠣᠢ᠌ᠵᠢᠭᠤᠯᠬᠤ ᠬᠡᠷᠡᠭᠲᠡᠢ ᠭᠡᠵᠦ ᠳᠤᠷᠠᠳᠴᠠᠢ᠃

      ᠬᠣᠶᠠᠷ᠎ᠲᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠢ ᠦᠢ᠍ᠯᠡᠳᠦᠯᠭᠡᠵᠢᠭᠦᠯᠦᠨ᠎ᠡ ᠭᠡᠵᠦ ᠳᠤᠷᠠᠳᠪᠠ᠃ ᠢᠳᠡᠵᠦ ᠡᠮᠦᠰᠬᠦ ᠶᠠᠪᠤᠵᠤ ᠰᠠᠭᠤᠬᠤ ᠬᠡᠷᠡᠭᠯᠡᠬᠦ ᠵᠢᠭᠤᠯᠴᠢᠯᠠᠬᠤ ᠵᠡᠷᠭᠡ ᠲᠠᠯ᠎ᠠ᠎ᠪᠠᠷ᠂ ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ᠎ᠤᠨ ᠠᠷᠭ᠎ᠠ ᠮᠠᠶᠢᠭ ᠪᠠ ᠬᠡᠷᠡᠭᠯᠡᠭᠡᠨ᠎ᠤ ᠵᠠᠭᠪᠤᠷ᠎ᠢ ᠰᠠᠨᠠᠭ᠋ᠠᠴᠢᠯᠠᠨ᠎ᠠ᠃

      ᠭᠤᠷᠪᠠ᠎ᠳᠤ᠂ ᠤᠯᠠᠨ ᠲᠠᠯ᠎ᠠ᠎ᠠᠴᠠ ᠤᠷᠤᠯᠴᠠᠭᠰᠠᠨ ᠠᠵᠢᠯᠯᠠᠭ᠎ᠠ ᠵᠢᠨ ᠰᠢᠰᠲ᠋ᠧᠮ᠎ᠢ ᠪᠠᠢ᠌ᠭᠤᠯᠤᠨ᠎ᠠ ᠭᠡᠵᠦ ᠳᠤᠷᠠᠳᠪᠠ᠃ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠬᠥᠭᠥᠷᠭᠡ ᠬᠣᠯᠪᠣᠭ᠋ᠠᠰᠤ ᠪᠠ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠥᠷᠭᠡᠨ ᠳᠡᠯᠭᠡᠷ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠯᠠᠨ ᠨᠠᠢ᠌ᠳᠠ ᠵᠢᠨ ᠠᠮᠢ ᠠᠬᠤᠢ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠵᠦ ᠬᠠᠷᠢᠭᠤ ᠲᠤᠰᠬᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃

      ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ᠂ ᠡᠭᠦᠷᠭᠡ ᠥᠩᠭᠡ ᠭᠡᠷᠡᠯᠲᠡᠢ᠂ ᠡᠭᠦᠷᠭᠡ ᠬᠠᠲᠠᠭᠤ ᠪᠡᠷᠬᠡ᠂ ᠪᠢᠳᠡ ᠰᠠᠨᠠᠯ᠎ᠤᠨ ᠴᠢᠬᠤᠯᠠ ᠬᠠᠷᠠᠯᠲᠠ᠂ ᠴᠢᠬᠤᠯᠠ ᠶᠡᠬᠡ ᠡᠭᠦᠷᠭᠡ᠂ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠰᠠᠨᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠠᠬᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃

      (ᠵᠣᠬᠢᠶᠠᠭᠴᠢ ᠪᠣᠯ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠦᠪᠵᠢᠭᠦᠯᠭᠡ ᠵᠢᠨ ᠬᠦᠷᠢᠶᠡᠯᠡᠩ᠎ᠤᠨ ᠳᠠᠷᠤᠭ᠎ᠠ᠂ ᠨᠠᠮ᠎ᠤᠨ ᠬᠣᠷᠢᠶᠠᠨ᠎ᠤ ᠱᠦᠵᠢ  ᠯᠦ᠍ ᠵᠢᠶᠦ᠋ᠨ)


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠪᠤᠷᠢᠯᠠᠯᠲᠠ ① ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠴᠢᠩᠭ᠎ᠠ ᠬᠠᠤᠯᠢᠵᠢᠯ ᠵᠶ᠋ᠠᠷ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠤᠮᠵᠢ ② ᠳᠦᠷᠢᠮ᠎ᠤᠨ ᠪᠠᠢ᠌ᠭᠤᠯᠤᠯᠲᠠ ᠪᠣᠯᠣᠨ ᠬᠠᠮᠢᠶᠠᠷᠤᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠵᠢᠨ ᠵᠡᠷᠭᠡ᠎ᠪᠠᠷ ᠴᠢᠬᠤᠯᠠᠴᠢᠯᠠᠵᠤ ᠭᠡᠷ᠎ᠡ ᠵᠢ ᠬᠡᠷᠡᠭᠵᠢᠭᠦᠯᠬᠦ ᠰᠢᠨ᠎ᠡ ᠱᠠᠲᠤ ᠵᠢ ᠡᠬᠢᠯᠡᠭᠦᠯᠪᠡ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠤᠮᠵᠢ ③ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ᠎ᠪᠠᠷ ᠳᠠᠮᠵᠢᠭᠤᠯᠤᠨ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠬᠥᠬᠡᠬᠣᠲᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ
 
             蒙ICP备05000248号