ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)᠎ᠨᠢ ᠬᠦᠴᠦᠨ᠎ᠲᠠᠢ ᠦᠦ?
ᠨᠡᠶ᠋ᠢᠲᠡᠯᠡᠭᠰᠡᠨ ᠴᠠᠭ᠄ 2024-03-06

      2021 ᠣᠨ᠎ᠤ 12 ᠰᠠᠷ᠎ᠠ ᠵᠢᠨ 13᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠵᠤ᠂ 2023 ᠣᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠳᠥᠴᠢᠨ ᠨᠠᠢ᠍ᠮᠠᠳᠤᠭ᠋ᠠᠷ ᠵᠦᠢ᠍ᠯ᠎ᠳᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ ᠵᠢ ᠲᠣᠳᠣᠷᠬᠠᠢ᠌ᠯᠠᠵᠤ᠂ ᠬᠦᠴᠦᠨ᠎ᠲᠠᠢ ᠬᠤᠭᠤᠴᠠᠭ᠎ᠠ ᠵᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠪᠤᠳᠤᠨ᠎ᠠ᠃ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠰᠡᠨ ᠪᠠᠶ᠋ᠢᠲᠠᠯ᠎ᠠ ᠤᠷᠲᠤᠳᠬᠠᠭᠰᠠᠨ ᠦᠭᠡᠢ ᠪᠠᠢ᠌ᠪᠠᠯ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠨᠢ ᠠᠶᠠᠨᠳᠠᠭ᠋ᠠᠨ ᠬᠦᠴᠦᠨ ᠦᠭᠡᠢ ᠪᠣᠯᠣᠨ᠎ᠠ᠃ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ᠎ᠨᠢ ᠲᠠᠪᠤᠨ ᠵᠢᠯ᠎ᠠᠴᠠ ᠬᠡᠲᠦᠷᠡᠬᠦ ᠦᠭᠡᠢ᠃ ᠨᠡᠷᠡᠢ᠌ᠳᠦᠯ᠎ᠢ᠎ᠨᠢ ᠲᠦᠷ ᠬᠡᠷᠡᠭᠵᠢᠭᠦᠯᠬᠦ᠂ ᠲᠤᠷᠰᠢᠨ ᠬᠡᠷᠡᠭᠵᠢᠭᠦᠯᠬᠦ᠎ᠪᠠᠷ ᠲᠠᠯᠪᠢᠭᠰᠠᠨ ᠪᠠᠢ᠌ᠪᠠᠯ᠂ ᠬᠦᠴᠦᠨ᠎ᠲᠠᠢ ᠬᠤᠭᠤᠴᠠᠭ᠎ᠠ ᠵᠢ᠎ᠨᠢ ᠬᠣᠶᠠᠷ ᠵᠢᠯ᠎ᠠᠴᠠ ᠬᠡᠲᠦᠷᠡᠭᠦᠯᠬᠦ ᠦᠭᠡᠢ᠃ 2023 ᠣᠨ᠎ᠤ 12 ᠰᠠᠷ᠎ᠠ ᠵᠢᠨ 26᠎ᠤ ᠡᠳᠦᠷ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠦᠷᠭᠦᠯᠵᠢᠯᠡᠨ ᠬᠦᠴᠦᠨ᠎ᠲᠠᠢ ᠪᠤᠶᠤ ᠬᠦᠴᠦᠨ ᠦᠭᠡᠢ ᠪᠣᠯᠭ᠋ᠠᠬᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠭᠠᠷᠴᠠᠭ᠎ᠢ ᠨᠡᠢ᠌ᠲᠡᠯᠡᠬᠦ ᠲᠤᠬᠠᠢ ᠠᠯᠪᠠᠨ ᠵᠠᠷ᠎ᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠦᠷᠭᠦᠯᠵᠢᠯᠡᠨ ᠬᠦᠴᠦᠨ᠎ᠲᠠᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠳᠤ ᠣᠷᠣᠭᠤᠯᠪᠠ᠂ ᠲᠡᠭᠡᠪᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠨᠢ ᠣᠳᠣᠬᠠᠨ᠎ᠳᠤ ᠬᠦᠴᠦᠨ᠎ᠲᠠᠢ ᠬᠤᠭᠤᠴᠠᠭ᠎ᠠ᠎ᠨᠢ ᠬᠡᠳᠦᠢ ᠤᠷᠲᠤ ᠪᠤᠢ?

      ᠬᠠᠷᠢᠭᠤ ᠥᠭᠭᠦᠭᠰᠡᠨ ᠨᠢᠭᠡᠴᠢ

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ

      ᠬᠠᠷᠢᠭᠤᠯᠤᠭᠰᠠᠨ ᠠᠭᠤᠯᠭ᠎ᠠ

      ᠰᠦᠯᠵᠢᠶᠡᠨ᠎ᠤ ᠨᠠᠢ᠌ᠵᠠ ᠲᠠ ᠰᠠᠶ᠋ᠢᠨ ᠦᠦ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠳᠦᠷᠢᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠠᠮᠢᠶ᠎ᠠ ᠪᠦᠬᠦᠢ ᠲᠣᠭᠲᠠᠭ᠋ᠠᠯ ᠵᠶ᠋ᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》 (ᠳᠣᠷᠣᠭᠰᠢ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》 ᠭᠡᠵᠦ ᠲᠣᠪᠴᠢᠯᠠᠨ᠎ᠠ)᠎ᠳᠤ ᠵᠠᠰᠠᠪᠤᠷᠢ ᠣᠷᠣᠭᠤᠯᠬᠤ ᠠᠵᠢᠯ᠎ᠢ ᠨᠢᠭᠡᠨᠲᠡ ᠡᠬᠢᠯᠡᠭᠦᠯᠪᠡ᠃ 2024 ᠣᠨ᠎ᠤ ᠳᠡᠭᠡᠷ᠎ᠡ ᠬᠠᠭ᠋ᠠᠰ ᠵᠢᠯ᠎ᠳᠤ ᠨᠡᠢ᠌ᠲᠡᠯᠡᠨ ᠬᠡᠷᠡᠭᠵᠢᠭᠦᠯᠬᠦ᠎ᠪᠠᠷ ᠲᠥᠯᠥᠪᠯᠡᠵᠦ ᠪᠤᠢ᠂ ᠡᠨᠡ ᠬᠤᠭᠤᠴᠠᠭ᠋ᠠᠨ᠎ᠳᠤ ᠬᠣᠯᠪᠣᠭᠳᠠᠯ ᠪᠦᠬᠦᠢ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢ ᠤᠤᠯ᠎ᠤᠨ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》 ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠣᠨ᠎ᠠ᠂ ᠵᠢᠩᠬᠢᠨᠢ ᠪᠢᠴᠢᠭ ᠮᠠᠲ᠋ᠧᠷᠢᠶᠠᠯ᠎ᠢ ᠨᠡᠢ᠌ᠲᠡᠯᠡᠭᠰᠡᠨ᠎ᠤ ᠳᠠᠷᠠᠭ᠎ᠠ 《ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠨᠢ ᠠᠶᠠᠨᠳᠠᠭ᠋ᠠᠨ ᠬᠦᠴᠦᠨ ᠦᠭᠡᠢ ᠪᠣᠯᠣᠨ᠎ᠠ᠃ ᠲᠠᠨ᠎ᠤ ᠠᠵᠢᠯ ᠤᠷᠤᠭᠰᠢᠲᠠᠢ ᠪᠠᠢ᠌ᠬᠤ ᠵᠢ ᠬᠦᠰᠡᠶ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠄ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠨ᠎ᠠ
ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠡᠭᠦᠷᠭᠡ ᠵᠢ ᠪᠠᠢ᠌ᠷᠢᠯᠠᠭᠤᠯᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠪᠠ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠪᠤᠷᠢᠯᠠᠯᠲᠠ ① ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠴᠢᠩᠭ᠎ᠠ ᠬᠠᠤᠯᠢᠵᠢᠯ ᠵᠶ᠋ᠠᠷ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠤᠮᠵᠢ ② ᠳᠦᠷᠢᠮ᠎ᠤᠨ ᠪᠠᠢ᠌ᠭᠤᠯᠤᠯᠲᠠ ᠪᠣᠯᠣᠨ ᠬᠠᠮᠢᠶᠠᠷᠤᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠵᠢᠨ ᠵᠡᠷᠭᠡ᠎ᠪᠠᠷ ᠴᠢᠬᠤᠯᠠᠴᠢᠯᠠᠵᠤ ᠭᠡᠷ᠎ᠡ ᠵᠢ ᠬᠡᠷᠡᠭᠵᠢᠭᠦᠯᠬᠦ ᠰᠢᠨ᠎ᠡ ᠱᠠᠲᠤ ᠵᠢ ᠡᠬᠢᠯᠡᠭᠦᠯᠪᠡ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠤᠮᠵᠢ ③ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ᠎ᠪᠠᠷ ᠳᠠᠮᠵᠢᠭᠤᠯᠤᠨ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ
 
             蒙ICP备05000248号